ᠨᠡᠶᠢᠲᠡᠯᠢᠭ ᠵᠢᠱᠢᠶ᠎ᠡ ᠪᠠᠷ ᠳᠠᠭᠠᠭᠤᠯᠤᠨ ᠭᠤᠣᠯᠳᠠᠯᠭ᠎ᠠ ᠲᠠᠢ ᠪᠠᠷ ᠳᠥᠯᠭᠢᠨ ᠠᠬᠢᠭᠤᠯᠵᠤ ᠤᠯᠠᠭᠠᠨᠬᠠᠳᠠ  ᠬᠤᠲᠠ  ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠲᠦᠯᠬᠢᠨ ᠠᠬᠢᠭᠤᠯᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠭᠦᠨᠵᠡᠭᠡᠶᠢᠷᠡᠭᠦᠯᠵᠦ ᠪᠤᠢ
ᠨᠡᠶᠢᠲᠡᠯᠡᠭᠰᠡᠨ ᠴᠠᠭ᠄
2015/9/24
 ᠨᠡᠶᠢᠲᠡᠯᠢᠭ ᠵᠢᠱᠢᠶ᠎ᠡ ᠪᠠᠷ ᠳᠠᠭᠠᠭᠤᠯᠤᠨ ᠭᠤᠣᠯᠳᠠᠯᠭ᠎ᠠ ᠲᠠᠢ ᠪᠠᠷ ᠳᠥᠯᠭᠢᠨ ᠠᠬᠢᠭᠤᠯᠵᠤ ᠤᠯᠠᠭᠠᠨᠬᠠᠳᠠ  ᠬᠤᠲᠠ  ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠲᠦᠯᠬᠢᠨ ᠠᠬᠢᠭᠤᠯᠬᠤ ᠪᠠ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠵᠢᠯ ᠢ ᠭᠦᠨᠵᠡᠭᠡᠶᠢᠷᠡᠭᠦᠯᠵᠦ ᠪᠤᠢ           ᠰᠣᠷᠪᠤᠯᠵᠢᠯᠠᠭᠰᠠᠨ ᠴᠠᠭ᠄ 2015 ᠤᠨ ᠤ 7 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ  ᠡᠮᠦᠨ᠎ᠡ ᠶᠢᠨ  10 ᠴᠠᠭ                       ᠰᠣᠷᠪᠤᠯᠵᠢᠯᠠᠭᠰᠠᠨ ᠵᠣᠴᠢᠨ᠄ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ  ᠠᠵᠢᠯ ᠤᠨ  ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ᠂ ᠵᠠᠰᠠᠭ ᠤᠨ ᠣᠷᠳᠣᠨ ᠤ ᠮᠡᠳᠡᠭᠡ  ᠵᠠᠩᠭᠢ ᠶᠢᠨ ᠲᠥᠪ ᠤᠨ  ᠡᠷᠬᠢᠯᠡᠭᠴᠢ ᠹᠧᠩ ᠯᠢ ᠰᠠᠨ       ᠰᠣᠷᠪᠤᠯᠵᠢᠯᠠᠭᠰᠠᠨ ᠲᠣᠪᠴᠢ᠄ ᠣᠶᠢᠷ᠎ᠠ ᠶᠢᠨ ᠵᠢᠯ ᠳᠤ᠂ ᠤᠯᠠᠭᠠᠨᠬᠠᠳᠠ ᠬᠤᠲᠠ ᠵᠠᠰᠠᠭ ᠤᠨ ᠶᠠᠪᠤᠳᠠᠯ ᠢ ᠢᠯᠡ  ᠪᠣᠯᠭᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠠᠵᠢᠯ ᠢ ᠭᠦᠨᠵᠡᠭᠡᠶ ᠳᠥᠯᠭᠢᠨ ᠠᠬᠢᠭᠤᠯᠬᠤ ᠶᠢ ᠵᠠᠰᠠᠭ ᠤᠨ  ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ  ᠴᠢᠩᠭᠠᠳᠬᠠᠬᠤ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠦᠴᠦᠨ  ᠴᠢᠳᠠᠪᠤᠷᠢ ᠶᠢ ᠳᠡᠭᠡᠭᠰᠢᠯᠡᠭᠦᠯᠬᠦ᠂ ᠠᠵᠤ  ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ  ᠪᠣᠯᠭᠠᠵᠤ᠂ ᠵᠠᠰᠠᠭ ᠤᠨ ᠶᠠᠪᠤᠳᠠᠯ ᠢ  ᠢᠯᠡ ᠪᠣᠯᠭᠠᠬᠤ ᠪᠣᠳᠠᠲᠤ ᠦᠷ᠎ᠡ ᠪᠦᠲᠦᠮᠵᠢ ᠪᠠᠨ ᠲᠠᠰᠤᠷᠠᠯᠲᠠ ᠦᠭᠡᠶ ᠨᠡᠮᠡᠭᠳᠡᠭᠦᠯᠵᠦ᠂  ᠵᠠᠰᠠᠭ ᠤᠨ ᠣᠷᠳᠣᠨ ᠤ  ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠬᠠᠤᠯᠢ ᠪᠠᠷ ᠵᠠᠰᠠᠬᠤ  ᠵᠠᠰᠠᠭ ᠤᠨ ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ  ᠣᠷᠳᠣᠨ ᠪᠠ  ᠦᠢᠯᠡᠴᠢᠯᠡᠬᠦ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠪᠠ᠃ ᠬᠤᠯᠪᠣᠭᠳᠠᠯ ᠪᠦᠬᠦᠢ   ᠪᠠᠶᠢᠳᠠᠯ ᠢ ᠭᠦᠨᠵᠡᠭᠡᠶ ᠣᠶᠢᠯᠭᠠᠬᠤ ᠶᠢᠨ ᠲᠤᠰᠠᠳᠠ᠂ ᠣᠶᠢᠷ᠎ᠠ ᠳᠤ᠂ ᠪᠢᠳᠡ ᠤᠯᠠᠭᠠᠨᠬᠠᠳᠠ ᠬᠤᠲᠠ ᠶᠢᠨ ᠵᠠᠰᠠᠭ ᠤᠨ   ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ᠂  ᠤᠯᠠᠭᠠᠨᠬᠠᠳᠠ  ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠥᠪ ᠤᠨ ᠡᠷᠬᠢᠯᠡᠭᠴᠢ  ᠹᠧᠩ ᠯᠢ ᠰᠠᠨ ᠢ ︽ ᠳᠤᠮᠳᠠᠳᠤ ᠤᠯᠤᠰ · ᠥᠪᠥᠷ ᠮᠣᠩᠭᠤᠯ︾ ᠰᠦᠯᠵᠢᠶ᠎ᠡ ᠳᠤ ᠤᠷᠢᠵᠤ᠂ ᠳᠠᠶᠠᠭᠠᠷ ᠣᠯᠠᠨ ᠲᠠᠢ  ᠶᠠᠷᠢᠯᠴᠠᠭᠤᠯᠬᠤ ᠪᠤᠯᠤᠨ᠎ᠠ᠃  ᠥᠷᠭᠡᠨ ᠣᠯᠠᠨ ᠰᠦᠯᠵᠢᠶᠡᠨ ᠠᠨᠳᠠ ᠨᠡᠷ ᠲᠤᠬᠠᠢ ᠶᠢᠨ ᠴᠠᠭ ᠲᠤᠨᠢ ᠢᠳᠡᠪᠬᠢᠲᠡᠶ  ᠣᠷᠣᠯᠴᠠᠬᠤ ᠶᠢ ᠪᠠᠶᠠᠷᠯᠠᠨ ᠤᠭᠲᠤᠵᠤ  ᠪᠠᠶᠢᠨ᠎ᠠ᠃                                ᠬᠥᠲᠥᠯᠥᠭᠴᠢ  ᠄       ᠰᠦᠯᠵᠢᠶᠡᠨ ᠠᠨᠳᠠ ᠨᠡᠷ᠂ ᠰᠠᠶᠢᠨ ᠪᠠᠶᠢᠵᠠᠭᠠᠨ᠎ᠠ ᠦᠦ  ︕ ᠲᠤᠰ  ᠬᠤᠭᠤᠴᠠᠭᠠᠨ ᠤ ︽ᠳᠤᠮᠳᠠᠳᠤ ᠤᠯᠤᠰ · ᠥᠪᠥᠷ  ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ  ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃  ᠣᠶᠢᠷ᠎ᠠ ᠶᠢᠨ ᠵᠢᠯ ᠳᠤ᠂ ᠤᠯᠠᠭᠠᠨᠬᠠᠳᠠ ᠬᠤᠲᠠ  ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠵᠢᠯ ᠢ ᠭᠦᠨᠵᠡᠭᠡᠶ  ᠳᠥᠯᠭᠢᠨ ᠠᠬᠢᠭᠤᠯᠬᠤ ᠶᠢ ᠵᠠᠰᠠᠭ ᠤᠨ ᠣᠷᠳᠣᠨ ᠤ ᠲᠤᠰ ᠪᠡᠶ᠎ᠡ ᠶᠢᠨ  ᠪᠠᠶᠢᠭᠤᠯᠤᠯᠲᠠ ᠶᠢ ᠴᠢᠩᠭᠠᠳᠬᠠᠬᠤ᠂  ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ᠂  ᠠᠵᠤ ᠠᠬᠤᠶ ᠨᠡᠶᠢᠭᠡᠮ ᠤᠨ  ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠵᠠᠰᠠᠭ ᠤᠨ ᠶᠠᠪᠤᠳᠠᠯ ᠢ  ᠢᠯᠡ ᠪᠣᠯᠭᠠᠬᠤ  ᠪᠣᠳᠠᠲᠤ ᠦᠷ᠎ᠡ ᠪᠦᠲᠦᠮᠵᠢ ᠪᠠᠨ ᠲᠠᠰᠤᠷᠠᠯᠲᠠ ᠦᠭᠡᠶ ᠨᠡᠮᠡᠭᠳᠡᠭᠦᠯᠵᠦ᠂ ᠵᠠᠰᠠᠭ ᠤᠨ ᠣᠷᠳᠣᠨ ᠤ ᠣᠯᠠᠨ  ᠨᠡᠶᠢᠲᠡ ᠶᠢ  ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ  ᠂  ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠬᠦ  ᠬᠡᠯᠪᠡᠷᠢ ᠶᠢᠨ  ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠪᠠ᠃ ᠬᠤᠯᠪᠣᠭᠳᠠᠯ ᠪᠦᠬᠦᠢ ᠪᠠᠶᠢᠳᠠᠯ ᠢ  ᠭᠦᠨᠵᠡᠭᠡᠶ ᠣᠶᠢᠯᠭᠠᠬᠤ ᠶᠢᠨ  ᠲᠤᠰᠠᠳᠠ᠂ ᠣᠶᠢᠷ᠎ᠠ ᠳᠤ᠂ ᠪᠢᠳᠡ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠢ  ᠢᠯᠡ ᠪᠣᠯᠭᠠᠬᠤ ᠠᠵᠢᠯ ᠤᠨ  ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ᠂ ᠤᠯᠠᠭᠠᠨᠬᠠᠳᠠ  ᠬᠤᠲᠠ ᠶᠢᠨ ᠠᠷᠠᠳ ᠤᠨ ᠵᠠᠰᠠᠭ ᠤᠨ  ᠣᠷᠳᠣᠨ ᠤ ᠮᠡᠳᠡᠭᠡ ᠵᠠᠩᠭᠢ ᠶᠢᠨ ᠲᠥᠪ ᠤᠨ ᠡᠷᠬᠢᠯᠡᠭᠴᠢ ᠹᠧᠩ ᠯᠢ ᠰᠠᠨ ᠢ  ᠤᠷᠢᠵᠤ ᠥᠷᠭᠡᠨ ᠣᠯᠠᠨ ᠰᠦᠯᠵᠢᠶᠡᠨ ᠠᠨᠳᠠ  ᠨᠡᠷ ᠲᠤ ᠨᠠᠷᠢᠨ ᠲᠣᠳᠣᠷᠬᠠᠶ ᠲᠠᠶᠢᠯᠪᠤᠷᠢᠯᠠᠯᠲᠠ ᠬᠢᠯᠬᠡᠬᠦ ᠪᠠᠷ ᠪᠣᠯᠪᠠ᠃ ᠥᠷᠭᠡᠨ ᠣᠯᠠᠨ ᠰᠦᠯᠵᠢᠶᠡᠨ ᠠᠨᠳᠠ ᠨᠡᠷ ᠶᠢᠨ  ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃  ᠹᠧᠩ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ  ᠪᠠᠶᠢᠨ᠎ᠠ  ︕                    ᠹᠧᠩ ᠯᠢ ᠰᠠᠨ  ᠄       ᠬᠦᠲᠦᠯᠦᠭᠴᠢ ᠰᠠᠶᠢᠨ ᠤᠤ  ︖ ᠰᠦᠯᠵᠢᠶᠡᠨ ᠠᠨᠳᠠ ᠨᠠᠷ ᠰᠠᠶᠢᠨ  ᠪᠠᠶᠢᠵᠠᠭᠠᠨ᠎ᠠ ᠦᠦ  ︖ ︽ᠳᠤᠮᠳᠠᠳᠤ ᠤᠯᠤᠰ ·  ᠥᠪᠥᠷ ᠮᠣᠩᠭᠤᠯ︾ ᠰᠦᠯᠵᠢᠶ᠎ᠡ ᠪᠠᠷ ᠳᠠᠮᠵᠢᠭᠤᠯᠤᠨ ᠲᠠ  ᠪᠦᠬᠦᠨ ᠲᠠᠢ ᠵᠣᠭᠤᠭᠳᠠᠬᠤ ᠪᠣᠯᠣᠭᠰᠠᠨ ᠳᠠᠭᠠᠨ ᠮᠠᠰᠢ ᠪᠠᠶᠠᠷᠯᠠᠵᠤ  ᠪᠠᠶᠢᠨ᠎ᠠ᠃ ᠮᠠᠨ ᠤ ᠤᠯᠠᠭᠠᠨᠬᠠᠳᠠ ᠬᠤᠲᠠ ᠶᠢᠨ  ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠠᠩᠬᠠᠷᠴᠦ ᠳᠡᠮᠵᠢᠭᠰᠡᠭᠡᠷ  ᠢᠷᠡᠭᠰᠡᠨ ᠲᠠ ᠪᠦᠬᠦᠨ ᠳᠤ ᠲᠠᠯᠠᠷᠬᠠᠵᠣ  ᠪᠠᠶᠢᠨ᠎ᠠ  ᠃      ᠬᠥᠲᠥᠯᠥᠭᠴᠢ  ᠄       ᠣᠶᠢᠷ᠎ᠠ ᠶᠢᠨ ᠵᠢᠯ ᠳᠤ᠂ ᠤᠯᠠᠭᠠᠨᠬᠠᠳᠠ ᠬᠤᠲᠠ ᠵᠠᠰᠠᠭ ᠤᠨ ᠶᠠᠪᠤᠳᠠᠯ ᠢ  ᠢᠯᠡ ᠪᠣᠯᠭᠠᠬᠤ ᠠᠵᠢᠯ ᠳᠤ ᠴᠥᠮ ᠶᠠᠮᠠᠷ  ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ  ︖               ᠹᠧᠩ ᠯᠢ ᠰᠠᠨ  ᠄         ᠡᠨᠡ ᠵᠢᠯ ᠤᠨ 5 ᠳ᠋ᠤᠭᠠᠷ ᠰᠠᠷ᠎ᠠ ᠪᠠ 6 ᠳ᠋ᠤᠭᠠᠷ ᠰᠠᠷ᠎ᠠ ᠳᠤ᠂ ᠤᠯᠠᠭᠠᠨᠬᠠᠳᠠ ᠬᠤᠲᠠ ᠶᠢᠨ ᠨᠠᠮ ᠤᠨ  ᠬᠤᠷᠢᠶ᠎ᠠ᠂  ᠵᠠᠰᠠᠭ ᠤᠨ ᠣᠷᠳᠣᠨ ᠤ ᠭᠤᠣᠯ ᠬᠠᠷᠢᠭᠤᠴᠠᠵᠤ ᠪᠠᠶᠢᠭ᠎ᠠ ᠨᠥᠬᠦᠳ ᠲᠤᠰ ᠲᠤᠰ ᠵᠠᠰᠠᠭ ᠤᠨ  ᠶᠠᠪᠤᠳᠠᠯ ᠤᠨ ᠦᠢᠯᠡᠴᠢᠯᠡᠭᠡᠨ ᠤ  ᠲᠥᠪ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠯᠠᠭ᠎ᠠ ᠶᠢᠨ ᠲᠥᠪ ᠲᠤ  ᠪᠠᠶᠢᠴᠠᠭᠠᠨ ᠰᠤᠳᠤᠯᠤᠯᠲᠠ ᠬᠢᠵᠦ᠂  ᠬᠠᠮᠢᠶ᠎ᠠ ᠪᠦᠬᠦᠢ ᠠᠵᠢᠯ ᠢ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠪᠠ᠃  ᠣᠶᠢᠷ᠎ᠠ ᠶᠢᠨ ᠵᠢᠯ ᠤᠨ ᠲᠠᠰᠤᠷᠠᠯᠲᠠ ᠦᠭᠡᠶ  ᠴᠢᠷᠮᠠᠶᠢᠯᠭ᠎ᠠ ᠪᠠᠷ ᠳᠠᠮᠵᠢᠭᠠᠳ᠂ ᠤᠯᠠᠭᠠᠨᠬᠠᠳᠠ ᠬᠤᠲᠠ ᠶᠢᠨ  ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ  ᠲᠣᠭᠲᠠᠴᠠ ᠠᠯᠬᠤᠮ ᠠᠯᠬᠤᠮ ᠢᠶᠠᠷ ᠪᠠᠶᠢᠭᠤᠯᠤᠭᠳᠠᠨ  ᠪᠦᠷᠢᠨᠰᠢᠵᠦ ᠪᠠᠶᠢᠨ᠎ᠠ᠃                       ︵ᠨᠢᠭᠡ︶ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ  ᠤᠳᠤᠷᠢᠳᠬᠤ ᠪᠠᠶᠢᠭᠤᠯᠤᠯ ᠲᠠᠰᠤᠷᠠᠯᠲᠠ ᠦᠭᠡᠶ  ᠰᠢᠯᠤᠭᠤᠳᠪᠠ᠃ ᠮᠠᠨ ᠤ ᠬᠤᠲᠠ ᠵᠠᠰᠠᠭ ᠤᠨ ᠶᠠᠪᠤᠳᠠᠯ ᠢ ᠢᠯᠡ  ᠪᠣᠯᠭᠠᠬᠤ ᠤᠳᠤᠷᠢᠳᠬᠤ ᠳᠤᠭᠤᠶᠢᠯᠠᠩ ᠪᠠᠶᠢᠭᠤᠯᠵᠤ᠂  ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ  ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ  ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ  ᠡᠭᠦᠷᠭᠡᠯᠡᠵᠦ᠂ ᠪᠦᠷᠢᠯᠳᠦᠬᠦᠨ ᠳᠤᠨᠢ ᠬᠤᠲᠠ ᠶᠢᠨ ᠨᠠᠮ ᠤᠨ ᠬᠤᠷᠢᠶ᠎ᠠ ᠶᠢᠨ  ᠠᠯᠪᠠᠨ ᠲᠢᠩᠬᠢᠮ᠂ ᠵᠠᠰᠠᠭ ᠤᠨ  ᠣᠷᠳᠣᠨ ᠤ ᠠᠯᠪᠠᠨ ᠲᠢᠩᠬᠢᠮ᠂ ᠤᠬᠠᠭᠤᠯᠬᠤ ᠬᠡᠯᠲᠡᠰ᠂ ᠵᠣᠬᠢᠶᠠᠨ ᠪᠠᠶᠢᠭᠤᠯᠬᠤ ᠬᠡᠯᠲᠡᠰ᠂  ᠬᠥᠭᠵᠢᠭᠦᠯᠦᠯᠲᠡ  ᠥᠭᠡᠷᠡᠴᠢᠯᠡᠯᠲᠡ ᠶᠢᠨ ᠵᠥᠪᠯᠡᠯ᠂ ᠠᠵᠢᠯᠲᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ  ᠬᠤᠯᠪᠣᠭᠳᠠᠯ  ᠪᠦᠬᠦᠢ ᠬᠡᠯᠲᠡᠰ ᠬᠤᠷᠢᠶ᠎ᠠ ᠠᠯᠪᠠᠨ ᠭᠡᠷ ᠲᠣᠪᠴᠢᠶ᠎ᠠ ᠶᠢᠨ ᠬᠠᠷᠢᠭᠤᠴᠠᠯᠭᠠᠲᠠᠳ ᠪᠤᠢ᠃ ᠵᠠᠰᠠᠭ ᠤᠨ ᠶᠠᠪᠤᠳᠠᠯ ᠢ  ᠢᠯᠡ  ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠵᠠᠰᠠᠭ ᠤᠨ ᠣᠷᠳᠣᠨ ᠤ ᠠᠯᠪᠠᠨ   ᠲᠢᠩᠬᠢᠮ ᠳᠤ ᠲᠣᠬᠢᠷᠠᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠣᠳᠠᠲᠠᠶ ᠵᠣᠬᠢᠶᠠᠨ ᠪᠠᠶᠢᠭᠤᠯᠤᠨ   ᠬᠡᠷᠡᠭᠵᠢᠭᠦᠯᠪᠡ᠃ ᠡᠭᠦᠨ ᠤ ᠬᠠᠮᠲᠤ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠪᠦᠬᠦ ᠬᠤᠲᠠ ᠶᠢᠨ   ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠᠶᠢᠵᠤ᠂ ᠪᠦᠬᠦ   ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠳᠥᠯᠭᠢᠨ ᠠᠬᠢᠭᠤᠯᠬᠤ᠂ ᠵᠢᠯᠣᠭᠤᠳᠬᠤ᠂  ᠵᠣᠬᠢᠴᠠᠭᠤᠯᠬᠤ  ᠪᠠ ᠬᠢᠨᠠᠯᠲᠠ ᠲᠠᠯᠪᠢᠬᠤ ᠶᠢ ᠬᠠᠷᠢᠭᠤᠴᠠᠪᠠ᠃ ᠡᠨᠡ ᠬᠦ ᠠᠵᠢᠯ ᠢ ᠦᠨᠡᠨ ᠬᠦ ᠴᠢᠩᠭᠠᠳᠬᠠᠬᠤ ᠶᠢᠨ  ᠲᠤᠰᠠᠳᠠ᠂ ᠬᠤᠲᠠ ᠶᠢᠨ  ᠵᠠᠰᠠᠭ ᠤᠨ ᠣᠷᠳᠣᠨ ᠤ ᠠᠯᠪᠠᠨ ᠲᠢᠩᠬᠢᠮ ᠵᠠᠰᠠᠭ ᠤᠨ ᠶᠠᠪᠤᠳᠠᠯ ᠢ ᠢᠯᠡ ᠪᠣᠯᠭᠠᠬᠤ  ᠰᠠᠯᠠᠭ᠎ᠠ ᠪᠠᠶᠢᠭᠤᠯᠵᠤ᠂ ᠵᠠᠰᠠᠭ ᠤᠨ  ᠶᠠᠪᠤᠳᠠᠯ ᠢ ᠢᠯᠡ ᠪᠣᠯᠭᠠᠬᠤ ᠠᠵᠢᠯ ᠤᠨ ᠬᠡᠷᠡᠭ ᠡᠷᠬᠢᠯᠡᠬᠦ ᠪᠠᠶᠢᠭᠤᠯᠤᠮᠵᠢ  ᠪᠣᠯᠭᠠᠨ᠂ 3 ᠨᠦᠬᠦᠷ ᠲᠣᠬᠢᠷᠠᠭᠤᠯᠵᠤ  ᠲᠤᠰᠬᠠᠶᠢᠯᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠮᠡᠳᠡᠭᠡ  ᠵᠠᠩᠭᠢ ᠶᠢ ᠢᠯᠡ ᠪᠣᠯᠭᠠᠬᠤ ᠠᠵᠢᠯ ᠢ ᠬᠠᠷᠢᠴᠠᠭᠤᠯᠤᠨ᠂  ᠡᠨᠡᠬᠦ ᠠᠵᠢᠯ ᠢ ᠠᠳᠬᠤᠬᠤ ᠬᠥᠮᠥᠨ ᠲᠠᠢ᠂ ᠬᠠᠮᠢᠶᠠᠷᠬᠤ  ᠬᠥᠮᠦᠨ ᠲᠠᠢ ᠪᠣᠯᠭᠠᠵᠤ᠂ ᠬᠤᠲᠠ ᠶᠢᠨ ᠵᠠᠰᠠᠭ ᠤᠨ ᠣᠷᠳᠣᠨ ᠤ  ᠠᠯᠪᠠᠨ ᠲᠢᠩᠬᠢᠮ ᠤᠨ ᠨᠢᠭᠡᠨ ᠴᠢᠬᠤᠯᠠ ᠠᠵᠢᠯ  ᠪᠣᠯᠭᠠᠪᠠ᠃ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠰᠢᠭᠤᠳ  ᠬᠠᠷᠢᠶ᠎ᠠ ᠡᠯ᠎ᠡ ᠵᠥᠪᠯᠡᠯ ᠠᠯᠪᠠᠨ ᠭᠡᠷ  ᠲᠣᠪᠴᠢᠶ᠎ᠠ ᠨᠤᠭᠤᠳ ᠴᠦ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ  ᠳᠤᠭᠤᠶᠢᠯᠠᠩ ᠢ  ᠵᠣᠬᠢᠴᠠᠩᠭᠤᠢ ᠪᠠᠷ ᠪᠠᠶᠢᠭᠤᠯᠪᠠ᠃ ᠪᠦᠬᠦ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠨᠢ   ᠬᠥᠨᠳᠡᠯᠡᠨ ᠢᠶᠠᠷ ᠡᠯ᠎ᠡ ᠱᠠᠲᠤᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠬᠦᠷᠴᠦ᠂ ᠭᠤᠯᠳᠤ ᠪᠠᠷ ᠰᠤᠮᠤ  ᠰᠢᠶᠠᠩ  ᠪᠠᠯᠭᠠᠰᠤ ᠶᠢᠨ ᠦᠨᠳᠦᠰᠦᠨ ᠱᠠᠲᠤᠨ ᠤ ᠥᠷᠲᠡᠭᠡ ᠭᠠᠵᠠᠷ ᠲᠤ ᠬᠦᠷᠴᠦ᠂ ᠨᠢᠭᠡ ᠱᠠᠲᠤ ᠨᠢ ᠨᠢᠭᠡ  ᠱᠠᠲᠤ ᠪᠠᠨ ᠠᠳᠬᠤᠬᠤ᠂  ᠨᠢᠭᠡ ᠱᠠᠲᠤ ᠨᠢ ᠨᠢᠭᠡ ᠱᠠᠲᠤ ᠪᠠᠨ ᠠᠬᠢᠭᠤᠯᠬᠤ᠂ ᠳᠡᠭᠡᠳᠦ ᠳᠣᠣᠷᠠᠳᠤ ᠱᠠᠲᠤ ᠪᠠᠷ ᠢᠶᠠᠨ  ᠬᠠᠮᠲᠤᠷᠠᠨ ᠬᠥᠳᠡᠯᠦᠯᠴᠡᠬᠦ᠂  ᠴᠤᠭ ᠢᠶᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠳᠠᠯ ᠢ ᠪᠤᠶ ᠪᠣᠯᠭᠠᠪᠠ  ᠃                          ︵ᠬᠤᠶᠠᠷ︶ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠳᠦᠷᠢᠮ ᠲᠠᠰᠤᠷᠠᠯᠲᠠ ᠦᠭᠡᠶ  ᠲᠡᠭᠦᠯᠳᠡᠷᠵᠢᠪᠡ᠃  ᠣᠶᠢᠷ᠎ᠠ ᠶᠢᠨ ᠵᠢᠯ ᠳᠤ᠂ ᠮᠠᠨ ᠤ ᠬᠤᠲᠠ ᠤᠷᠢᠳ ᠬᠤᠵᠢᠳ ︽ᠵᠠᠰᠠᠭ ᠤᠨ ᠣᠷᠳᠣᠨ ᠤ ᠮᠡᠳᠡᠭᠡ  ᠵᠠᠩᠭᠢ ᠶᠢ  ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠ ᠭᠤᠶᠤᠴᠢᠯᠠᠯ ᠶᠣᠰᠣᠭᠠᠷ ᠢᠯᠡ ᠪᠣᠯᠭᠠᠬᠤ ᠳᠦᠷᠢᠮ︾ ᠂  ︽ᠵᠠᠰᠠᠭ ᠤᠨ  ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠠᠬᠢ ᠨᠢᠭᠤᠴᠠ ᠶᠢ ᠬᠠᠮᠠᠭᠠᠯᠠᠬᠤ ᠶᠢᠨ ᠬᠢᠨᠠᠨ  ᠪᠠᠶᠢᠴᠠᠭᠠᠬᠤ ᠳᠦᠷᠢᠮ︾᠂  ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠰᠢᠯᠭᠠᠨ  ᠬᠢᠨᠠᠬᠤ ᠳᠦᠷᠢᠮ︾᠂ ︽ᠵᠠᠰᠠᠭ ᠤᠨ  ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠨᠡᠶᠢᠭᠡᠮ ᠤᠨ  ᠵᠥᠪᠳᠡᠯᠴᠡᠬᠦ ᠳᠦᠷᠢᠮ︾᠂ ︽ᠵᠠᠰᠠᠭ ᠤᠨ  ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠭᠠᠯ ᠢ  ᠵᠥᠷᠢᠴᠡᠭᠰᠡᠨ ᠦᠢᠯᠡ ᠠᠵᠢᠯᠯᠠᠭ᠎ᠠ ᠶᠢᠨ ᠬᠠᠷᠢᠭᠤᠴᠠᠯᠭ᠎ᠠ  ᠨᠡᠬᠡᠮᠵᠢᠯᠡᠬᠦ ᠳᠦᠷᠢᠮ︾᠂ ︽ᠰᠣᠨᠢᠨ ᠮᠡᠳᠡᠭᠡ ᠶᠢᠨ  ᠥᠭᠦᠯᠡᠭᠴᠢ ᠶᠢᠨ ᠳᠦᠷᠢᠮ︾᠂ ︽ᠵᠠᠰᠠᠭ ᠤᠨ ᠣᠷᠳᠣᠨ ᠤ ᠮᠡᠳᠡᠭᠡ  ᠵᠠᠩᠭᠢ ᠨᠡᠶᠢᠲᠡᠯᠡᠬᠦ ᠶᠢᠨ ᠵᠣᠬᠢᠴᠠᠭᠤᠯᠬᠤ  ᠳᠦᠷᠢᠮ︾ ᠵᠡᠷᠭᠡ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠢ ᠣᠯᠠᠨ ᠬᠠᠮᠢᠶ᠎ᠠ  ᠪᠦᠬᠦᠢ ᠳᠦᠷᠢᠮ ᠢ ᠲᠣᠭᠲᠠᠭᠠᠪᠠ  ᠃ ᠡᠭᠦᠨ ᠳᠤ ︽ᠰᠣᠨᠢᠨ ᠮᠡᠳᠡᠭᠡ ᠶᠢᠨ ᠦᠭᠦᠯᠡᠭᠴᠢ ᠶᠢᠨ ᠳᠦᠷᠢᠮ︾ ᠳᠤ ᠰᠣᠨᠢᠨ  ᠮᠡᠳᠡᠭᠡ ᠶᠢᠨ ᠦᠭᠦᠯᠡᠭᠴᠢ ᠶᠢ  ᠶᠠᠮᠠᠷ ᠬᠥᠮᠦᠨ ᠡᠭᠦᠷᠭᠡᠯᠡᠪᠡᠰᠦ ᠵᠣᠬᠢᠬᠤ᠂ ᠰᠣᠨᠢᠨ ᠮᠡᠳᠡᠭᠡ ᠨᠡᠶᠢᠲᠡᠯᠡᠬᠦ ᠡᠭᠦᠷᠭᠡ  ᠬᠠᠷᠢᠭᠤᠴᠠᠯᠭ᠎ᠠ ᠶᠢᠨ ᠬᠤᠪᠢᠶᠠᠷᠢᠯᠠᠯ᠂ ᠰᠣᠨᠢᠨ ᠮᠡᠳᠡᠭᠡ ᠨᠡᠶᠢᠲᠡᠯᠡᠬᠦ ᠠᠭᠤᠯᠭ᠎ᠠ᠂ ᠰᠣᠨᠢᠨ ᠮᠡᠳᠡᠭᠡ ᠨᠡᠶᠢᠲᠡᠯᠡᠬᠦ ᠬᠡᠯᠪᠡᠷᠢ᠂  ᠬᠠᠮᠢᠶᠠᠷᠤᠯᠲᠠ ᠪᠠ  ᠵᠥᠪᠰᠢᠶᠡᠷᠡᠯᠲᠡ ᠵᠡᠷᠭᠡ ᠰᠣᠨᠢᠨ ᠮᠡᠳᠡᠭᠡ ᠦᠭᠦᠯᠡᠬᠦ ᠶᠢᠨ ᠬᠠᠮᠢᠶ᠎ᠠ ᠪᠦᠬᠦᠢ ᠴᠢᠬᠤᠯᠠ ᠬᠦᠴᠦᠨ ᠵᠦᠢᠯ ᠢ   ᠲᠣᠲᠣᠷᠬᠠᠶᠢᠯᠠᠪᠠ  ᠃ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠠᠬᠢ ᠨᠢᠭᠤᠴᠠ ᠶᠢ  ᠬᠠᠮᠠᠭᠠᠯᠠᠬᠤ ᠶᠢᠨ  ᠬᠢᠨᠠᠨ ᠪᠠᠶᠢᠴᠠᠭᠠᠬᠤ ᠳᠦᠷᠢᠮ︾ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ  ᠪᠣᠯᠭᠠᠬᠤ ᠳᠠᠬᠢ ᠨᠢᠭᠤᠴᠠ ᠶᠢ  ᠬᠠᠮᠠᠭᠠᠯᠠᠬᠤ ᠶᠢᠨ ᠬᠢᠨᠠᠨ ᠪᠠᠶᠢᠴᠠᠭᠠᠵᠤ ᠵᠥᠪᠰᠢᠶᠡᠷᠡᠬᠦ ᠳᠠᠷᠠᠭᠠᠯᠠᠯ᠂ ᠢᠯᠡ ᠪᠣᠯᠭᠠᠵᠤ  ᠪᠣᠯᠬᠤ ᠦᠭᠡᠢ ᠵᠠᠰᠠᠭ ᠤᠨ ᠣᠷᠳᠣᠨ ᠤ  ᠮᠡᠳᠡᠭᠡ ᠵᠠᠩᠭᠢ ᠶᠢᠨ ᠲᠥᠷᠥᠯ ᠵᠦᠢᠯ ᠵᠡᠷᠭᠡ ᠠᠭᠤᠯᠭ᠎ᠠ ᠶᠢ  ᠲᠣᠲᠣᠷᠬᠠᠶᠢᠯᠠᠪᠠ  ᠃ ︽ᠵᠠᠰᠠᠭ ᠤᠨ ᠣᠷᠳᠣᠨ ᠤ ᠮᠡᠳᠡᠭᠡ  ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ  ᠪᠠ ᠭᠤᠶᠤᠴᠢᠯᠠᠯ ᠶᠣᠰᠣᠭᠠᠷ ᠢᠯᠡ ᠪᠣᠯᠭᠠᠬᠤ ᠳᠦᠷᠢᠮ︾ ᠳᠤ  ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ  ᠵᠠᠰᠠᠭ ᠤᠨ ᠣᠷᠳᠣᠨ ᠤ ᠮᠡᠳᠡᠭᠡ ᠵᠠᠩᠭᠢ ᠶᠢ ᠲᠥᠷᠥᠯ ᠵᠦᠢᠯ ᠪᠠ ᠢᠯᠡ  ᠪᠣᠯᠭᠠᠬᠤ ᠳᠡᠰ ᠳᠠᠷᠠᠭᠠᠯᠠᠯ ᠵᠢᠴᠢ ᠨᠢᠭᠡᠨᠲᠡ  ᠭᠤᠶᠤᠴᠢᠯᠠᠭᠠᠳ ᠢᠯᠡ ᠪᠣᠯᠭᠠᠵᠤ ᠪᠣᠯᠬᠤ ᠲᠥᠷᠥᠯ ᠵᠦᠢᠯ ᠪᠠ ᠭᠦᠢᠴᠡᠳᠬᠡᠬᠦ  ᠳᠡᠰ ᠳᠠᠷᠠᠭᠠᠯᠠᠯ ᠢ ᠲᠣᠲᠣᠷᠬᠠᠶᠢᠯᠠᠪᠠ  ᠃ ᠪᠣᠳᠠᠲᠠᠶ ᠠᠵᠢᠯ ᠤᠨ ᠳᠤᠮᠳᠠ᠂ ᠮᠠᠨ ᠤ ᠬᠤᠲᠠ ᠡᠳᠡᠭᠡᠷ ᠳᠦᠷᠢᠮ ᠢ ᠬᠢᠨᠠᠮᠠᠭᠠᠶ  ᠲᠤᠤᠱᠯᠠᠭᠤᠯᠤᠨ ᠬᠡᠷᠡᠭᠵᠢᠭᠦᠯᠵᠦ ᠂ ᠮᠡᠳᠡᠭᠡ ᠵᠠᠩᠭᠢ ᠶᠢ ᠢᠯᠡ ᠪᠣᠯᠭᠠᠬᠤ ᠳᠠᠬᠢ ᠨᠢᠭᠤᠴᠠ ᠶᠢ ᠬᠠᠮᠠᠭᠠᠯᠠᠬᠤ ᠶᠢᠨ ᠬᠢᠨᠠᠨ  ᠪᠠᠶᠢᠴᠠᠭᠠᠬᠤ ᠲᠣᠭᠲᠠᠴᠠ ᠶᠢ  ᠠᠯᠪᠠᠨ ᠪᠢᠴᠢᠭ ᠢ ᠡᠷᠭᠢᠯᠳᠦᠭᠦᠯᠬᠦ᠂ ᠮᠡᠳᠡᠭᠡ ᠵᠠᠩᠭᠢ ᠨᠡᠶᠢᠲᠡᠯᠡᠬᠦ ᠳᠡᠰ ᠳᠠᠷᠠᠭᠠᠯᠠᠯ ᠲᠠᠢ  ᠤᠶᠠᠯᠳᠤᠭᠤᠯᠵᠤ᠂  ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠴᠠᠭ ᠲᠤᠬᠠᠶ ᠳᠤᠨᠢ ᠪᠠᠶᠢᠯᠭᠠᠬᠤ ᠶᠢ  ᠪᠠᠲᠤᠯᠠᠭᠰᠠᠨ  ᠮᠥᠷᠲᠡᠭᠡᠨ ᠪᠠᠰᠠ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ᠃                          ︵ᠭᠤᠷᠪᠠ︶ ᠵᠠᠰᠠᠭ ᠤᠨ ᠶᠠᠪᠤᠳᠠᠯ ᠢ ᠢᠯᠡ ᠪᠤᠯᠭᠠᠬᠤ ᠲᠠᠪᠴᠠᠩ ᠤᠨ ᠪᠦᠲᠦᠭᠡᠨ ᠪᠠᠶᠢᠭᠤᠯᠤᠯᠲᠠ  ᠲᠠᠰᠤᠷᠠᠯᠲᠠ  ᠦᠭᠡᠢ ᠴᠢᠩᠭᠠᠳᠬᠠᠭᠳᠠᠪᠠ᠃ ᠨᠢᠭᠡ ᠳᠤ ᠵᠠᠰᠠᠭ ᠤᠨ ᠤᠷᠳᠤᠨ ᠤ ᠰᠦᠯᠵᠢᠶᠡᠨ ᠤ ᠴᠢᠳᠠᠮᠵᠢ ᠶᠢ ᠤᠯᠠᠮ  ᠨᠢᠭᠡ ᠠᠯᠬᠤᠮ  ᠲᠡᠭᠦᠯᠳᠡᠷᠵᠢᠭᠦᠯᠪᠡ᠃ ᠮᠠᠨ ᠤ ᠬᠤᠲᠠ ᠵᠠᠰᠠᠭ ᠤᠨ ᠤᠷᠳᠤᠨ ᠤ ᠰᠦᠯᠵᠢᠶᠡᠨ ᠤ ᠪᠦᠲᠦᠭᠡᠨ  ᠪᠠᠶᠢᠭᠤᠯᠤᠯᠲᠠ ᠪᠤᠯᠤᠨ  ᠬᠠᠮᠢᠶᠠᠷᠤᠯᠲᠠ ᠪᠠᠨ ᠲᠠᠰᠤᠷᠤᠯᠲᠠ ᠦᠭᠡᠢ ᠴᠢᠩᠭᠠᠳᠬᠠᠨ᠂ ᠵᠠᠰᠠᠭ ᠤᠨ ᠤᠷᠳᠤᠨ ᠤ  ᠰᠦᠯᠵᠢᠶ᠎ᠡ ᠶᠢ ᠴᠠᠭ ᠲᠤᠬᠠᠢ ᠳᠤᠨᠢ  ᠤᠨᠤᠪᠴᠢᠲᠠᠢ᠂ ᠢᠯᠡ ᠲᠤᠳᠤ ᠵᠠᠰᠠᠭ ᠤᠨ ᠤᠷᠳᠤᠨ ᠤ ᠮᠡᠳᠡᠭᠡ ᠵᠠᠩᠬᠢ  ᠨᠡᠶᠢᠲᠡᠯᠡᠬᠦ ᠲᠠᠪᠴᠠᠩ ᠪᠤᠯᠭᠠᠨ ᠪᠠᠶᠢᠭᠤᠯᠪᠠ᠃  ᠵᠠᠰᠠᠭ ᠤᠨ ᠣᠷᠳᠣᠨ ᠤ ᠰᠦᠯᠵᠢᠶᠡᠨ ᠤ ᠦᠢᠯᠡᠴᠢᠯᠡᠭᠡᠨ ᠤ ᠬᠢᠷᠢ  ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ 2014  ᠣᠨ ᠳᠤ ᠮᠠᠨ ᠤ ᠬᠤᠲᠠ ᠵᠠᠰᠠᠭ ᠤᠨ ᠣᠷᠳᠣᠨ ᠤ  ᠰᠦᠯᠵᠢᠶ᠎ᠡ ᠶᠢᠨ ᠬᠡᠪ ᠢ ᠦᠭᠡᠷᠡᠴᠢᠯᠡᠵᠣ᠂ ᠰᠦᠯᠵᠢᠶ᠎ᠡ ᠳᠤ ᠬᠠᠤᠯᠢ  ᠶᠣᠰᠣᠭᠠᠷ ᠵᠠᠰᠠᠭ ᠶᠠᠪᠤᠭᠤᠯᠬᠤ᠂ ᠡᠳ᠋ ᠤᠨ  ᠵᠠᠰᠠᠭ ᠤᠨ ᠲᠥᠰᠦᠪ ᠪᠤᠯᠤᠨ ᠲᠥᠰᠦᠪ ᠤᠨ ᠭᠦᠢᠴᠡᠳᠬᠡᠯ ᠬᠢᠭᠡᠳ ︽ᠭᠤᠷᠪᠠᠨ  ᠠᠯᠪᠠᠨ ᠶᠠᠪᠤᠳᠠᠯ ᠤᠨ ᠵᠠᠷᠤᠳᠠᠯ︾  ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠣᠷᠴᠢᠨ ᠲᠤᠭᠤᠷᠢᠨ ᠤ ᠬᠠᠮᠠᠭᠠᠯᠠᠯᠲᠠ  ᠵᠡᠷᠭᠡ ᠭᠤᠣᠯᠳᠠᠯᠭ᠎ᠠ ᠲᠠᠢ  ᠬᠦᠷᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠵᠣᠬᠢᠴᠠᠩᠭᠤᠶ  ᠲᠤᠰᠬᠠᠶ ᠪᠤᠯᠤᠩ  ᠨᠡᠭᠡᠭᠡᠵᠤ᠂ ᠨᠡᠶᠢᠭᠡᠮ ᠤᠨ ᠬᠢᠨ ᠤ ᠠᠩᠬᠠᠷᠤᠯ ᠲᠠᠯᠪᠢᠵᠤ ᠪᠠᠶᠢᠭ᠎ᠠ ᠵᠦᠢᠯ ᠳᠤ ᠢᠳᠡᠪᠬᠢᠲᠡᠶ ᠬᠠᠷᠢᠭᠤᠯᠲᠠ  ᠥᠭᠴᠦ᠂  ᠵᠠᠰᠠᠭ ᠤᠨ ᠣᠷᠳᠣᠨ ᠤ ᠠᠵᠢᠯ ᠤᠨ ᠲᠤᠩᠭᠠᠴᠠ ᠶᠢ ᠳᠡᠭᠡᠭᠰᠢᠯᠡᠭᠦᠯᠪᠡ᠃ ᠤᠯᠠᠭᠠᠨᠬᠠᠳᠠ ᠬᠤᠲᠠ ᠶᠢᠨ ᠵᠠᠰᠠᠭ ᠤᠨ   ᠣᠷᠳᠣᠨ ᠤ ᠰᠦᠯᠵᠢᠶ᠎ᠡ ᠨᠢ ᠳᠤᠮᠳᠠᠳᠤ ᠤᠯᠤᠰ ᠤᠨ ᠮᠡᠳᠡᠭᠡ ᠵᠠᠩᠭᠢ ᠶᠢᠨ ᠨᠡᠶᠢᠭᠡᠮᠯᠢᠭ ᠤᠨ 2014 ᠣᠨ ᠤ  ᠳᠤᠮᠳᠠᠳᠤ  ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠤ ᠰᠢᠨ᠎ᠡ ᠵᠠᠭᠤᠴᠢᠯᠠᠭᠤᠷ ᠤᠨ ᠤᠯᠠᠮᠵᠢᠯᠠᠨ  ᠲᠠᠷᠬᠠᠭᠠᠬᠤ ᠬᠦᠴᠦᠨ ᠤ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠵᠠᠰᠠᠭ ᠤᠨ  ᠣᠷᠳᠣᠨ ᠤ ᠰᠦᠯᠵᠢᠶ᠎ᠡ ᠶᠢᠨ 2 ᠳ᠋ᠤᠭᠠᠷ  ᠨᠡᠷ᠎ᠡ ᠳᠤ ᠤᠷᠤᠵᠤ᠂ ᠴᠠᠬᠢᠮ ᠵᠠᠰᠠᠭ ᠤᠨ ᠶᠠᠪᠤᠳᠠᠯ ᠤᠨ ᠬᠡᠷᠡᠭ  ᠡᠷᠬᠢᠯᠡᠭᠴᠢᠳ ᠤᠨ ᠵᠦᠪᠯᠡᠯ ᠠᠴᠠ ᠰᠦᠯᠵᠢᠶᠡᠨ ᠤ ᠬᠠᠷᠰᠢ  ᠰᠠᠭᠠᠳ ᠦᠭᠡᠶ ᠦᠵᠡᠬᠦ ᠪᠤᠯᠤᠩ ᠢ 2014 ᠣᠨ ᠤ  ᠵᠠᠰᠠᠭ ᠤᠨ ᠣᠷᠳᠣᠨ ᠤ ᠰᠦᠯᠵᠢᠶᠡᠨ ᠤ ᠵᠠᠰᠠᠭ ᠤᠨ ᠣᠷᠳᠣᠨ ᠪᠤᠯᠤᠨ  ᠠᠷᠠᠳ ᠤᠨ ᠬᠠᠮᠲᠤᠷᠠᠨ ᠬᠦᠳᠡᠯᠦᠯᠴᠡᠬᠦ  ᠰᠣᠳᠣᠨ ᠪᠤᠯᠤᠩ ᠢᠶᠠᠷ ᠦᠨᠡᠯᠡᠪᠡ᠃ ᠬᠤᠶᠠᠷ ᠲᠤ ᠮᠡᠳᠡᠭᠡ ᠵᠠᠩᠭᠢ ᠶᠢ ᠢᠯᠡ  ᠪᠣᠯᠭᠠᠬᠤ ᠠᠷᠭ᠎ᠠ ᠵᠠᠮ ᠢ ᠤᠯᠠᠮ ᠨᠢᠭᠡ  ᠠᠯᠬᠤᠮ ᠡᠯᠪᠡᠭ ᠪᠠᠶᠠᠯᠢᠭ ᠪᠤᠯᠭᠠᠪᠠ᠃ ᠰᠦᠯᠵᠢᠶᠡᠨ ᠤ ᠮᠡᠳᠡᠭᠡ ᠵᠠᠩᠭᠢ ᠤᠯᠠᠮᠵᠢᠯᠠᠨ  ᠲᠠᠷᠬᠠᠭᠠᠬᠤ ᠠᠷᠭ᠎ᠠ ᠵᠠᠮ ᠢ  ᠤᠯᠠᠮ ᠨᠢᠭᠡ ᠠᠯᠬᠤᠮ ᠦᠷᠭᠡᠵᠢᠬᠦᠯᠬᠦ ᠶᠢᠨ ᠲᠤᠰᠠᠳᠠ᠂ ᠮᠠᠨ ᠤ ᠬᠤᠲᠠ 2014 ᠤᠨ ᠤ 9  ᠳ᠋ᠤᠭᠡᠷ ᠰᠠᠷ᠎ᠠ ᠳᠤ ︽ ᠳᠤᠮᠳᠠᠳᠤ ᠤᠯᠤᠰ ᠤᠯᠠᠭᠠᠨᠬᠠᠳᠠ︾ ᠸᠢᠴᠠᠲ ᠤᠨ ᠣᠯᠠᠨ ᠨᠡᠶᠢᠲᠡ ᠶᠢᠨ ᠲᠠᠪᠴᠠᠩ ᠢ ᠨᠡᠭᠡᠭᠡᠭᠰᠡᠨ  ᠪᠥᠭᠡᠳ  ᠵᠠᠰᠠᠭ ᠤᠨ ᠣᠷᠳᠣᠨ ᠤ ᠫᠤᠷᠲ᠋ᠧᠯ ᠰᠠᠶᠢᠲ ᠤᠨ ᠲᠡᠷᠢᠭᠦᠨ ᠨᠢᠭᠤᠷ ᠲᠤ ᠬᠤᠶᠠᠷ ᠬᠡᠮᠵᠢᠯᠳᠦ ᠺᠣᠳ᠋ ᠢ ᠨᠡᠶᠢᠲᠡᠯᠡᠪᠡ᠃   ︽ᠳᠤᠮᠳᠠᠳᠤ ᠤᠯᠤᠰ ᠤᠯᠠᠭᠠᠨᠬᠠᠳᠠ︾ ᠸᠢᠴᠠᠲ ᠤᠨ ᠣᠯᠠᠨ ᠨᠡᠶᠢᠲᠡ ᠶᠢᠨ ᠲᠠᠪᠴᠠᠩ ᠨᠢ ᠡᠯ᠎ᠡ ᠲᠥᠷᠥᠯ ᠤᠨ ᠡᠷᠭᠡ   ᠰᠦᠷᠲᠦ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠢᠯᠠᠩᠭᠤᠶ᠎ᠠ ᠣᠯᠠᠨ  ᠨᠡᠶᠢᠲᠡ ᠶᠢᠨ  ᠬᠡᠷᠡᠭ ᠶᠠᠪᠤᠳᠠᠯ ᠪᠣᠯᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠯ᠎ᠠ ᠶᠢᠨ ᠮᠡᠳᠡᠭᠡ  ᠵᠠᠩᠭᠢ ᠶᠢ ᠨᠡᠶᠢᠲᠡᠯᠡᠵᠤ᠂  ᠥᠷᠭᠡᠨ ᠣᠯᠠᠨ ᠬᠤᠲᠠ ᠶᠢᠨ ᠠᠷᠠᠳ ᠰᠢᠯᠵᠢᠮᠡᠯ ᠳᠠᠪᠲᠠᠭ ᠢᠶᠠᠷ ᠳᠠᠮᠵᠢᠨ ᠵᠠᠰᠠᠭ ᠤᠨ  ᠣᠷᠳᠣᠨ ᠤ ᠮᠡᠳᠡᠭᠡ ᠵᠠᠩᠭᠢ ᠪᠤᠯᠤᠨ  ᠦᠢᠯᠡᠴᠢᠯᠡᠭᠡ ᠶᠢ ᠴᠠᠭ ᠲᠤᠬᠠᠶ ᠳᠤᠨᠢ ᠤᠯᠬᠤ ᠳᠤ ᠳᠦᠭᠦᠮ ᠪᠤᠯᠭᠠᠪᠠ᠃                        ︵ᠳᠥᠷᠪᠡ︶ ᠵᠠᠰᠠᠭ ᠤᠨ ᠶᠠᠪᠤᠳᠠᠯ ᠢ ᠢᠯᠡ ᠪᠣᠯᠭᠠᠬᠤ ᠪᠤᠯᠪᠠᠰᠤᠷᠠᠭᠤᠯᠤᠯ ᠤᠨ ᠰᠢᠮᠳᠠᠭᠤᠯᠤᠨ  ᠪᠠᠶᠢᠴᠠᠭᠠᠬᠤ ᠶᠢ  ᠲᠠᠰᠤᠷᠠᠯᠲᠠ ᠦᠭᠡᠶ ᠴᠢᠩᠭᠠᠷᠠᠭᠤᠯᠪᠠ᠃ ᠮᠠᠨ ᠤ ᠬᠤᠲᠠ ᠵᠠᠰᠠᠭ ᠤᠨ ᠶᠠᠪᠤᠳᠠᠯ ᠢ ᠢᠯᠡ ᠪᠤᠯᠭᠠᠬᠤ  ᠪᠤᠯᠪᠠᠰᠤᠷᠠᠭᠤᠯᠤᠯ ᠳᠤ  ᠠᠯᠪᠠᠲᠠᠨ ᠤ ᠪᠤᠯᠪᠠᠰᠤᠷᠠᠭᠤᠯᠤᠯ ᠤᠨ ᠲᠥᠯᠥᠪᠯᠡᠭᠡ ᠶᠢ ᠣᠷᠣᠭᠤᠯᠵᠤ᠂ ᠬᠥᠮᠦᠵᠢᠯ  ᠪᠤᠯᠪᠠᠰᠤᠷᠠᠭᠤᠯᠤᠯ ᠤᠨ ᠲᠥᠯᠥᠪᠯᠡᠭᠡ ᠶᠢ  ᠲᠤᠭᠲᠠᠭᠠᠭᠰᠠᠨ ᠤ ᠬᠠᠮᠲᠤ ᠬᠢᠨᠠᠮᠠᠭᠠᠶ ᠵᠣᠬᠢᠶᠠᠨ ᠪᠠᠶᠢᠭᠤᠯᠤᠨ  ᠬᠡᠷᠡᠭᠵᠢᠬᠦᠯᠪᠡ᠃ 2014 ᠣᠨ ᠳᠤ᠂ ᠬᠤᠲᠠ ᠳᠠᠶᠠᠭᠠᠷ  ᠡᠯ᠎ᠡ ᠲᠥᠷᠥᠯ ᠤᠨ ᠪᠤᠯᠪᠠᠰᠤᠷᠠᠭᠤᠯᠤᠯ ᠤᠨ ᠠᠩᠭᠢ ᠶᠢ  25 ᠬᠤᠭᠤᠴᠠᠭ᠎ᠠ ᠡᠷᠬᠢᠯᠡᠵᠤ᠂ ᠨᠡᠶᠢᠲᠡ 1921 ᠬᠥᠮᠦᠨ ᠤᠳᠠᠭ᠎ᠠ  ᠪᠤᠯᠪᠠᠰᠤᠷᠠᠭᠤᠯᠪᠠ᠃ ᠬᠤᠲᠠ ᠶᠢᠨ  ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ  ᠠᠯᠪᠠᠨ ᠭᠡᠷ ᠡᠳᠦᠷ  ᠲᠤᠲᠤᠮ ᠤᠨ ᠠᠵᠢᠯ ᠢ ᠵᠢᠯᠤᠭᠤᠳᠬᠤ᠂ ᠪᠠᠶᠢᠴᠠᠭᠠᠬᠤ ᠪᠠ ᠰᠢᠯᠭᠠᠨ ᠬᠢᠨᠠᠬᠤ ᠡᠷᠴᠢᠮ ᠢᠶᠠᠨ  ᠴᠢᠩᠭᠠᠷᠠᠭᠤᠯᠵᠤ᠂  ᠮᠡᠳᠡᠭᠡ ᠵᠠᠩᠭᠢ ᠶᠢ ᠢᠯᠡ ᠪᠣᠯᠭᠠᠬᠤ ᠣᠨ ᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ᠂ ᠡᠳ᠋ ᠤᠨ  ᠵᠠᠰᠠᠭ ᠤᠨ  ᠰᠠᠯᠠᠭ᠎ᠠ ᠮᠥᠴᠢᠷ ᠤᠨ ᠲᠥᠰᠦᠪ ᠪᠤᠯᠤᠨ ᠲᠥᠰᠦᠪ ᠤᠨ ᠭᠦᠢᠴᠡᠳᠬᠡᠯ ᠬᠢᠭᠡᠳ ︽ᠭᠤᠷᠪᠠᠨ ᠠᠯᠪᠠᠨ  ᠶᠠᠪᠤᠳᠠᠯ ᠤᠨ  ᠵᠠᠷᠤᠳᠠᠯ︾ ᠤᠨ ᠲᠥᠰᠦᠪ ᠤᠨ ᠭᠦᠢᠴᠡᠳᠬᠡᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ   ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠵᠡᠷᠭᠡ ᠶᠢ ᠰᠢᠮᠳᠠᠭᠤᠯᠤᠨ ᠪᠠᠶᠢᠴᠠᠭᠠᠵᠤ᠂ ᠡᠯ᠎ᠡ   ᠪᠦᠷᠢᠯᠳᠦᠬᠦᠨ ᠨᠢᠭᠡᠴᠡ ᠶᠢ ᠵᠤᠬᠢᠴᠠᠭᠤᠯᠤᠨ ᠵᠤᠬᠢᠴᠠᠩᠭᠤᠢ ᠡᠭᠦᠷᠭᠡ ᠬᠠᠷᠢᠭᠤᠴᠠᠯᠭ᠎ᠠ ᠶᠢ ᠨᠢ ᠬᠢᠨᠠᠮᠠᠭᠠᠶ  ᠭᠦᠢᠴᠡᠳᠭᠡᠯᠭᠡᠨ᠂  ᠨᠡᠪᠲᠡᠷᠡᠯᠴᠡᠭᠡ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠠᠵᠢᠯ ᠤᠨ ᠨᠡᠶᠢᠯᠡᠮᠡᠯ ᠬᠦᠴᠦᠨ ᠢ  ᠪᠤᠢ ᠪᠤᠯᠭᠠᠵᠤ᠂  ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠦᠷᠨᠢᠭᠦᠯᠬᠦ ᠶᠢ ᠪᠦᠲᠦᠮᠵᠢᠲᠡᠶ ᠪᠠᠷ ᠳᠥᠯᠭᠢᠨ  ᠠᠬᠢᠭᠤᠯᠪᠠ᠃                       ᠬᠥᠲᠥᠯᠥᠭᠴᠢ  ᠄       ᠮᠡᠳᠡᠭᠡᠵᠢ ᠪᠠᠷ᠂ ᠣᠶᠢᠷ᠎ᠠ ᠶᠢᠨ ᠵᠢᠯ ᠤᠳ ᠲᠤ᠂ ᠲᠥᠷᠥ ᠶᠢᠨ ᠶᠠᠪᠤᠳᠠᠯ ᠤᠨ  ᠬᠤᠷᠢᠶ᠎ᠠ᠂ ᠥᠪᠡᠷᠲᠡᠭᠡᠨ ᠵᠠᠰᠠᠬᠤ  ᠣᠷᠣᠨ ᠤ ᠵᠠᠰᠠᠭ ᠤᠨ ᠣᠷᠳᠣᠨ ᠴᠥᠮ ᠭᠤᠣᠯᠳᠠᠯᠭ᠎ᠠ ᠲᠠᠢ ᠬᠦᠷᠢᠶᠡᠨ ᠤ ᠮᠡᠳᠡᠭᠡ  ᠵᠠᠩᠭᠢ ᠶᠢ ᠢᠯᠡ ᠪᠣᠯᠭᠠᠬᠤ ᠠᠵᠢᠯ ᠢ  ᠮᠠᠰᠢ ᠴᠢᠬᠤᠯᠠᠴᠢᠯᠠᠨ ᠦᠵᠡᠵᠦ ᠪᠤᠢ᠂ ᠤᠯᠠᠭᠠᠨᠬᠠᠳᠠ ᠬᠤᠲᠠ ᠶᠢᠨ ᠡᠨᠡ  ᠲᠠᠯ᠎ᠠ ᠪᠠᠷ ᠬᠢ ᠠᠵᠢᠯ ᠤᠨ ᠠᠬᠢᠴᠠ ᠶᠠᠮᠠᠷ ᠵᠡᠷᠭᠡ  ᠪᠤᠶ  ︖                        ᠹᠧᠩ ᠯᠢ ᠰᠠᠨ᠄       ᠶᠠᠭ ᠲᠠᠨ ᠤ ᠬᠡᠯᠡᠭᠰᠡᠨ ᠰᠢᠭ ᠢᠶᠠᠷ᠂ ᠭᠤᠣᠯᠳᠠᠯᠭ᠎ᠠ ᠲᠠᠢ ᠬᠦᠷᠢᠶᠡᠨ ᠤ ᠮᠡᠳᠡᠭᠡ  ᠵᠠᠩᠭᠢ ᠶᠢ ᠢᠯᠡ ᠪᠣᠯᠭᠠᠬᠤ ᠶᠢ  ᠳᠥᠯᠭᠢᠨ ᠠᠬᠢᠭᠤᠯᠬᠤ ᠪᠣᠯ ᠤᠯᠤᠰ ᠪᠤᠯᠤᠨ ᠥᠪᠡᠷᠲᠡᠭᠡᠨ ᠵᠠᠰᠠᠬᠤ ᠣᠷᠣᠨ ᠤ  ᠵᠠᠰᠠᠭ ᠤᠨ ᠣᠷᠳᠣᠨ ᠤ ᠮᠡᠳᠡᠭᠡ ᠵᠠᠩᠭᠢ ᠶᠢ  ᠢᠯᠡ ᠪᠣᠯᠭᠠᠬᠤ ᠶᠢᠨ ᠴᠢᠬᠤᠯᠠ ᠠᠵᠢᠯ ᠪᠤᠯᠤᠨ᠎ᠠ᠃ 2014 ᠣᠨ ᠳᠤ  ᠂ ᠮᠠᠨ ᠤ ᠬᠤᠲᠠ ᠵᠠᠰᠠᠭ ᠤᠨ ᠣᠷᠳᠣᠨ ᠤ ᠮᠡᠳᠡᠭᠡ  ᠵᠠᠩᠭᠢ ᠶᠢ ᠢᠯᠡ ᠪᠣᠯᠭᠠᠬᠤ ᠠᠵᠢᠯ ᠢ ᠶᠡᠬᠡᠪᠡᠷ ᠳᠥᠯᠭᠢᠨ  ᠠᠬᠢᠭᠤᠯᠵᠤ᠂ ᠳᠣᠯᠣᠭᠠᠨ ᠭᠤᠣᠯᠳᠠᠯᠭ᠎ᠠ ᠲᠠᠢ ᠬᠦᠷᠢᠶᠡᠨ ᠤ ᠮᠡᠳᠡᠭᠡ  ᠵᠠᠩᠭᠢ ᠶᠢ ᠢᠯᠡ ᠪᠣᠯᠭᠠᠬᠤ ᠠᠵᠢᠯ ᠢ  ᠭᠤᠣᠯᠳᠠᠯᠭ᠎ᠠ ᠲᠠᠢ ᠪᠠᠷ ᠳᠥᠯᠭᠢᠨ ᠠᠬᠢᠭᠤᠯᠵᠤ᠂ ᠢᠯᠡᠳᠲᠡ ᠦᠷ᠎ᠡ ᠪᠦᠲᠦᠮᠵᠢ  ᠣᠯᠤᠭᠰᠠᠨ ᠪᠠᠶᠢᠨ᠎ᠠ᠃ ᠵᠠᠰᠠᠭ  ᠵᠠᠬᠢᠷᠭᠠᠨ ᠤ ᠡᠷᠬᠡ ᠶᠢᠨ ᠠᠵᠢᠯᠯᠠᠭᠠᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠯ᠎ᠠ ᠪᠠᠷ᠂  ᠮᠠᠨ ᠤ ᠬᠤᠲᠠ ᠵᠠᠰᠠᠭ  ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ  ᠭᠦᠨᠵᠡᠭᠡᠶᠢᠷᠡᠭᠦᠯᠵᠦ᠂  ᠲᠤᠰ ᠬᠤᠭᠤᠴᠠᠭᠠᠨ ᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠠᠴᠠ ᠨᠠᠰᠢᠬᠢ ᠬᠤᠶᠠᠳᠤᠭᠠᠷ  ᠤᠳᠠᠭ᠎ᠠ ᠶᠢᠨ  ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ   ᠵᠦᠢᠯᠡᠰ ᠢ ᠢᠯᠭᠠᠷᠠᠭᠤᠯᠤᠨ ᠴᠣᠮᠬᠠᠳᠬᠠᠬᠤ ᠠᠵᠢᠯ ᠢ ᠶᠠᠪᠤᠭᠳᠠᠭᠤᠯᠪᠠ᠃ ᠢᠯᠭᠠᠷᠠᠭᠤᠯᠬᠤ ᠪᠠᠷ ᠳᠠᠮᠵᠢᠭᠠᠳ᠂ ᠣᠳᠣ   ᠦᠯᠡᠳᠡᠭᠡᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ 104 ᠵᠦᠢᠯ ᠪᠠᠶᠢᠵᠤ᠂ ᠳᠣᠷᠣᠭᠰᠢ  ᠪᠠᠭᠤᠯᠭᠠᠭᠰᠠᠨ  ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ 36 ᠵᠦᠢᠯ ᠪᠠᠶᠢᠵᠤ᠂ ᠵᠠᠰᠠᠭ ᠵᠠᠬᠢᠷᠭᠠᠨ ᠤ  ᠦᠢᠯᠡᠴᠢᠯᠡᠭᠡ ᠪᠤᠯᠭᠠᠨ  ᠬᠤᠪᠢᠷᠠᠭᠤᠯᠤᠭᠰᠠᠨ ᠵᠦᠢᠯᠡᠰ 26 ᠵᠦᠢᠯ ᠪᠠᠶᠢᠵᠤ᠂ ᠨᠡᠶᠢᠯᠡᠭᠦᠯᠦᠭᠰᠡᠨ ᠨᠢ 80 ᠵᠦᠢᠯ  ᠪᠠᠶᠢᠵᠤ᠂ 16 ᠵᠦᠢᠯ ᠢ ᠬᠦᠴᠦᠨ  ᠦᠭᠡᠶ ᠪᠤᠯᠭᠠᠪᠠ᠃ ᠢᠯᠭᠠᠷᠠᠭᠤᠯᠤᠭᠰᠠᠨ ᠦᠷ᠎ᠡ ᠳ᠋ᠦᠩ ᠢ ᠬᠤᠲᠠ ᠶᠢᠨ  ᠵᠠᠰᠠᠭ ᠤᠨ ᠣᠷᠳᠣᠨ ᠤ ᠫᠤᠷᠲ᠋ᠧᠯ ᠰᠠᠶᠢᠲ ᠢᠶᠠᠷ  ᠳᠠᠮᠵᠢᠭᠤᠯᠤᠨ ᠨᠡᠶᠢᠭᠡᠮ ᠳᠤ ᠢᠯᠡ ᠪᠤᠯᠭᠠᠨ᠂ ᠡᠭᠦᠨ ᠳᠡᠭᠡᠨ ᠬᠢᠨᠠᠨ  ᠵᠥᠪᠰᠢᠶᠡᠷᠡᠬᠦ ᠰᠠᠯᠠᠭ᠎ᠠ ᠮᠥᠴᠢᠷ᠂ ᠬᠢᠨᠠᠨ ᠵᠥᠪᠰᠢᠶᠡᠷᠡᠬᠦ  ᠲᠥᠷᠥᠯ ᠵᠦᠢᠯ ᠤᠨ ᠨᠡᠷᠡᠶᠢᠳᠦᠯ᠂ ᠪᠠᠶᠢᠭᠤᠯᠤᠭᠰᠠᠨ  ᠦᠨᠳᠦᠰᠦᠯᠡᠯ ᠵᠡᠷᠭᠡ ᠠᠭᠤᠯᠭ᠎ᠠ ᠶᠢ ᠪᠠᠭᠲᠠᠭᠠᠭᠰᠠᠨ ᠪᠠᠶᠢᠨ᠎ᠠ᠃  ᠡᠳ᠋ ᠤᠨ ᠵᠠᠰᠠᠭ ᠤᠨ ᠪᠡᠯᠡ ᠮᠦᠡᠭᠭᠦ ᠶᠢᠨ ᠮᠡᠳᠡᠭᠡ  ᠵᠠᠩᠭᠢ ᠶᠢ ᠢᠯᠡ ᠪᠣᠯᠭᠠᠬᠤ ᠲᠠᠯ᠎ᠠ ᠪᠠᠷ᠂ ᠬᠤᠲᠠ ᠶᠢᠨ ᠲᠤᠰ ᠱᠠᠲᠤ  ᠬᠢᠭᠡᠳ 12 ᠬᠤᠰᠢᠭᠤ ᠰᠢᠶᠠᠨ ᠲᠣᠭᠤᠷᠢᠭ  ᠲᠤᠰ ᠲᠤᠰ ᠦᠪᠡᠷ ᠦᠪᠡᠷᠰᠡᠳ ᠤᠨ ᠢᠶᠠᠨ ᠵᠠᠰᠠᠭ ᠤᠨ ᠣᠷᠳᠣᠨ ᠤ  ᠶᠡᠷᠦᠩᠭᠡᠶᠢᠯᠡᠭᠰᠡᠨ ᠰᠦᠯᠵᠢᠶᠡᠨ ᠳᠤ ᠵᠠᠰᠠᠭ ᠤᠨ  ᠤᠷᠳᠤᠨ ᠤ ᠲᠦᠰᠦᠪ᠂ ︽ᠭᠤᠷᠪᠠᠨ ᠠᠯᠪᠠᠨ ᠶᠠᠪᠤᠳᠠᠯ ᠤᠨ ᠵᠠᠷᠤᠳᠠᠯ︾  ᠤᠨ ᠲᠥᠰᠦᠪ ᠤᠨ ᠬᠢᠭᠡᠳ ᠵᠠᠰᠠᠭ ᠤᠨ  ᠣᠷᠳᠣᠨ ᠤ ᠶᠡᠷᠦᠩᠬᠡᠶ ᠲᠥᠰᠦᠪ ᠤᠨ ᠭᠦᠢᠴᠡᠳᠬᠡᠯ ᠢ ᠢᠯᠡ ᠪᠤᠯᠭᠠᠵᠤ᠂  ᠬᠤᠲᠠ ᠶᠢᠨ ᠲᠤᠰ ᠱᠠᠲᠤᠨ ᠤ 181  ᠲᠥᠰᠦᠪ ᠬᠢᠵᠤ ᠪᠦᠬᠦᠢ ᠨᠢᠭᠡᠴᠡ ᠪᠤᠯᠤᠨ ᠬᠤᠰᠢᠭᠤ ᠰᠢᠶᠠᠨ ᠲᠣᠭᠤᠷᠢᠭ ᠤᠨ  1195 ᠲᠥᠰᠦᠪ ᠬᠢᠵᠤ ᠪᠦᠬᠦᠢ  ᠨᠢᠭᠡᠴᠡ ᠠᠳᠠᠯᠢ ᠪᠤᠰᠤ ᠬᠡᠯᠪᠡᠷᠢ ᠪᠠᠷ ᠰᠠᠯᠠᠭ᠎ᠠ ᠮᠥᠴᠢᠷ ᠤᠨ ᠲᠥᠰᠦᠪ ᠪᠤᠯᠤᠨ ︽ ᠭᠤᠷᠪᠠᠨ ᠠᠯᠪᠠᠨ ᠶᠠᠪᠤᠳᠠᠯ ᠤᠨ  ᠵᠠᠷᠤᠳᠠᠯ︾ ᠤᠨ ᠲᠥᠰᠦᠪ ᠢᠶᠠᠨ ᠢᠯᠡ ᠪᠤᠯᠭᠠᠨ᠂ ᠬᠤᠲᠠ ᠶᠢᠨ ᠲᠤᠰ ᠱᠠᠲᠤᠨ ᠤ 166  ᠨᠢᠭᠡᠴᠡ ᠪᠤᠯᠤᠨ  ᠬᠤᠰᠢᠭᠤ ᠰᠢᠶᠠᠨ ᠲᠣᠭᠤᠷᠢᠭ ᠤᠨ 996 ᠨᠢᠭᠡᠴᠡ ᠠᠳᠠᠯᠢ ᠪᠤᠰᠤ ᠬᠡᠯᠪᠡᠷᠢ ᠪᠠᠷ ᠰᠠᠯᠠᠭ᠎ᠠ ᠮᠥᠴᠢᠷ ᠤᠨ   ᠲᠥᠰᠦᠪ ᠤᠨ ᠭᠦᠢᠴᠡᠳᠬᠡᠯ ᠢᠶᠠᠨ ᠢᠯᠡ ᠪᠤᠯᠭᠠᠭᠰᠠᠨ ᠪᠠᠶᠢᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠤᠨ   ᠲᠤᠬᠢᠷᠠᠭᠤᠯᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠠᠯ᠎ᠠ ᠪᠠᠷ᠂ ᠭᠠᠵᠠᠷ ᠰᠢᠷᠣᠶ ᠲᠠᠲᠠᠪᠤᠷᠢᠯᠠᠭᠰᠠᠨ ᠤ  ᠲᠥᠯᠥᠪᠦᠷᠢ  ᠥᠭᠬᠦ ᠲᠥᠰᠦᠯ ᠢ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨ᠎ᠡ ᠠᠯᠪᠠᠨ ᠵᠠᠷ ᠨᠡᠶᠢᠲᠡᠯᠡᠬᠦ᠂ ᠮᠡᠳᠡᠭᠳᠡᠬᠦ᠂ ᠨᠤᠲᠠᠯᠠᠯᠲᠠ ᠬᠢᠬᠦ᠂  ᠰᠠᠨᠠᠯ ᠰᠣᠨᠣᠰᠬᠤ ᠵᠡᠷᠭᠡ ᠳᠡᠰ ᠳᠠᠷᠠᠭᠠᠯᠠᠯ ᠢ ᠴᠢᠩᠭ᠎ᠠ ᠬᠦᠢᠴᠡᠳᠭᠡᠵᠤ᠂ ᠭᠠᠵᠠᠷ ᠰᠢᠷᠣᠶ  ᠲᠠᠲᠠᠪᠤᠷᠢᠯᠠᠨ ᠨᠤᠷᠠᠭᠠᠵᠤ ᠨᠡᠭᠦᠯᠭᠡᠬᠦ  ᠠᠵᠢᠯ ᠳᠤ ᠨᠡᠶᠢᠭᠡᠮ ᠤᠨ ᠣᠯᠠᠨ ᠨᠡᠶᠢᠲᠡ ᠶᠢᠨ ᠬᠢᠨ ᠤ ᠣᠷᠣᠯᠴᠠᠬᠤ ᠶᠢ  ᠦᠷᠭᠡᠳᠭᠡᠵᠤ᠂ ᠲᠥᠯᠥᠪᠦᠷᠢ ᠥᠭᠬᠦ ᠲᠥᠰᠦᠯ᠂  ᠲᠦᠯᠦᠪᠦᠷᠢ ᠥᠭᠬᠦ ᠪᠠᠷᠢᠮᠵᠢᠶ᠎ᠠ᠂ ᠲᠦᠯᠦᠪᠦᠷᠢ ᠦᠭᠭᠦᠭᠰᠡᠨ ᠦᠷ᠎ᠡ  ᠳ᠋ᠦᠩ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ  ᠠᠵᠢᠯ ᠢ ᠰᠠᠶᠢᠲᠤᠷ ᠬᠢᠪᠡ᠃ ᠤᠯᠤᠰ ᠤᠨ ᠦᠮᠴᠢᠯᠡᠯᠲᠦ ᠭᠠᠵᠠᠷ  ᠰᠢᠷᠣᠶ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠭᠰᠠᠨ ᠪᠠ  ᠲᠥᠯᠥᠪᠦᠷᠢ ᠦᠭᠭᠦᠭᠰᠡᠨ ᠮᠡᠳᠡᠭᠡ ᠵᠠᠩᠭᠢ ᠶᠢ ᠢᠯᠡ  ᠪᠣᠯᠭᠠᠬᠤ ᠶᠢ ᠭᠦᠨᠵᠡᠭᠡᠶᠢᠷᠡᠭᠦᠯᠵᠦ᠂ ᠤᠯᠠᠭᠠᠨᠬᠠᠳᠠ ᠬᠤᠲᠠ ᠶᠢᠨ  ᠵᠠᠰᠠᠭ ᠤᠨ ᠣᠷᠳᠣᠨ ᠤ ᠰᠦᠯᠵᠢᠶ᠎ᠡ ᠪᠤᠯᠤᠨ  ᠤᠯᠠᠭᠠᠨᠬᠠᠳᠠ ᠬᠤᠲᠠ ᠶᠢᠨ ᠭᠡᠷ ᠪᠠᠶᠢᠰᠢᠩ ᠤᠨ ᠬᠠᠮᠢᠶᠠᠷᠤᠯᠲᠠ ᠶᠢᠨ  ᠲᠣᠪᠴᠢᠶᠠᠨ ᠤ ᠰᠦᠯᠵᠢᠶ᠎ᠡ ᠪᠠᠷ ᠳᠠᠮᠵᠢᠭᠤᠯᠤᠨ  ︽ᠤᠯᠠᠭᠠᠨᠬᠠᠳᠠ ᠬᠤᠲᠠ ᠶᠢᠨ ᠭᠡᠷ ᠪᠠᠶᠢᠰᠢᠩ ᠲᠠᠲᠠᠪᠤᠷᠢᠯᠠᠬᠤ ᠪᠠ  ᠲᠥᠯᠥᠪᠦᠷᠢ ᠥᠭᠬᠦ ᠶᠢᠨ ᠲᠦᠷ ᠬᠡᠷᠡᠭᠵᠢᠭᠦᠯᠬᠦ  ᠲᠣᠭᠲᠠᠭᠠᠯ︾ ᠭᠡᠰᠡᠨ ᠪᠢᠴᠢᠭ ᠮᠠᠲ᠋ᠧᠷᠢᠶᠠᠯ ᠢ ᠪᠦᠬᠦ ᠤᠳᠬ᠎ᠠ ᠪᠠᠷ ᠨᠢ  ᠨᠡᠶᠢᠲᠡᠯᠡᠪᠡ᠃ ᠪᠠᠲᠤᠯᠠᠭ᠎ᠠ ᠶᠢᠨ ᠴᠢᠨᠠᠷᠲᠠᠶ  ᠣᠷᠣᠨ ᠰᠠᠭᠤᠴᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠳᠥᠯᠭᠢᠨ  ᠠᠬᠢᠭᠤᠯᠵᠤ ᠂ ᠨᠡᠶᠢᠭᠡᠮ ᠲᠣᠭᠤᠷᠢᠭ ᠤᠨ  ᠤᠬᠠᠭᠤᠯᠭ᠎ᠠ᠂ ᠠᠯᠪᠠᠨ ᠵᠠᠷ ᠨᠠᠭᠠᠬᠤ᠂ ᠲᠧᠯᠸᠢᠰ ᠵᠠᠭᠤᠴᠢ ᠨᠡᠪᠳᠡᠷᠡᠭᠦᠯᠦᠭᠦᠷ  ᠬᠢᠭᠡᠳ ᠤᠬᠠᠭᠤᠯᠭ᠎ᠠ ᠶᠢᠨ ᠲᠡᠷᠭᠡ  ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠲᠤᠯᠠᠭ᠎ᠠ ᠶᠢᠨ ᠴᠢᠨᠠᠷᠲᠠᠶ ᠣᠷᠣᠨ  ᠰᠠᠭᠤᠴᠠ ᠶᠢᠨ ᠪᠦᠲᠦᠭᠡᠨ  ᠪᠠᠶᠢᠭᠤᠯᠤᠯᠲᠠ ᠶᠢᠨ ᠲᠦᠷᠦᠯ ᠵᠦᠢᠯ ᠤᠨ ᠮᠡᠳᠡᠭᠡ ᠵᠠᠩᠭᠢ᠂ ᠭᠡᠷ ᠪᠠᠶᠢᠰᠢᠩ ᠤᠨ ᠮᠡᠳᠡᠭᠡ  ᠵᠠᠩᠭᠢ ᠶᠢ ᠪᠦᠬᠦ  ᠲᠠᠯ᠎ᠠ ᠪᠠᠷ ᠢᠯᠡ ᠪᠤᠯᠭᠠᠨ᠂ ᠣᠷᠣᠨ ᠰᠠᠭᠤᠴᠠ ᠶᠢᠨ ᠪᠠᠲᠤᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ  ᠠᠵᠢᠯ ᠤᠨ  ᠠᠬᠢᠴᠠ ᠶᠢ ᠠᠷᠠᠳ ᠣᠯᠠᠨ ᠤ ᠤᠶᠢᠯᠠᠭᠠᠬᠤ ᠳᠤ ᠳᠥᠭᠦᠮ ᠦᠵᠡᠭᠦᠯᠪᠡ᠃ ᠣᠯᠠᠨ ᠨᠡᠶᠢᠲᠡ ᠶᠢᠨ  ᠦᠢᠯᠡᠴᠢᠯᠡᠭᠡᠨ ᠤ  ᠮᠡᠳᠡᠭᠡ ᠵᠠᠩᠭᠢ ᠶᠢ ᠢᠯᠡ ᠪᠣᠯᠭᠠᠬᠤ ᠲᠠᠯ᠎ᠠ ᠪᠠᠷ᠂ ︽ᠠᠵᠢᠯ ᠣᠯᠭᠤᠯᠲᠠ ᠪᠠ ᠠᠵᠢᠯ ᠠᠯᠳᠠᠯᠲᠠ ᠶᠢ  ᠲᠡᠮᠳᠡᠭᠯᠡᠭᠰᠡᠨ  ᠦᠨᠡᠮᠯᠡᠯ︾ ᠬᠦᠢᠴᠡᠳᠭᠡᠬᠦ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠤᠯᠭᠤᠬᠤ᠂ ᠠᠳᠠᠯ ᠦᠢᠯᠡᠰ   ᠴᠣᠭᠴᠠᠯᠠᠬᠤ ᠪᠣᠯᠪᠠᠰᠤᠷᠠᠭᠤᠯᠤᠯ ᠵᠡᠷᠭᠡ ᠲᠠᠯ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠠᠵᠢᠯ ᠤᠨ ᠴᠤᠪᠤᠷᠠᠯ   ᠪᠤᠯᠤᠨ ᠠᠵᠢᠯ ᠤᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠢᠯᠡ ᠪᠤᠯᠭᠠᠪᠠ  ᠃ ᠮᠠᠨ ᠤ ᠬᠤᠲᠠ ᠬᠤᠲᠠ  ᠪᠠᠯᠭᠠᠰᠤ ᠶᠢᠨ  ᠦᠨᠳᠦᠰᠦᠨ ᠡᠮᠨᠡᠯᠭᠡ ᠶᠢᠨ ᠳᠠᠭᠠᠳᠬᠠᠯ ᠪᠤᠯᠤᠨ ᠠᠵᠢᠯᠲᠠᠨ ᠠᠵᠢᠯᠴᠢᠨ ᠤ ᠦᠷᠡᠵᠢᠯ ᠤᠨ  ᠳᠠᠭᠠᠳᠬᠠᠯ ᠤᠨ ᠤᠯᠭᠤᠮᠵᠢ ᠶᠢᠨ  ᠪᠠᠷᠢᠮᠵᠢᠶ᠎ᠠ ᠶᠢ ᠳᠡᠭᠡᠭᠰᠢᠯᠡᠭᠦᠯᠬᠦ ᠲᠠᠯ᠎ᠠ ᠶᠢᠨ ᠲᠥᠷᠥ ᠶᠢᠨ ᠪᠣᠳᠣᠯᠭ᠎ᠠ ᠶᠢ ︽ ᠤᠯᠠᠭᠠᠨᠬᠠᠳᠠ ᠶᠢᠨ ᠡᠳᠦᠷ ᠤᠨ ᠰᠣᠨᠢᠨ︾᠂ ︽ ᠤᠯᠠᠭᠠᠨᠬᠠᠳᠠ ᠶᠢᠨ ᠣᠷᠣᠶ ᠶᠢᠨ ᠰᠣᠨᠢᠨ︾ ᠵᠡᠷᠭᠡ ᠰᠣᠨᠢᠨ  ᠰᠡᠳᠬᠦᠯ ᠳᠡᠭᠡᠷ᠎ᠡ ᠨᠡᠶᠢᠲᠡᠯᠡᠪᠡ  ᠃ ᠠᠮᠢᠳᠤᠷᠠᠯ ᠤᠨ ᠨᠠᠭᠠᠳᠤ  ᠵᠠᠬ᠎ᠠ ᠶᠢᠨ ᠪᠠᠲᠤᠯᠠᠭ᠎ᠠ ᠶᠢᠨ ᠮᠡᠳᠡᠭᠡ ᠵᠠᠩᠭᠢ ᠶᠢ  ᠰᠦᠯᠵᠢᠶᠡᠨ ᠳᠡᠭᠡᠷ᠎ᠡ ᠨᠡᠶᠢᠲᠡᠯᠡᠵᠦ᠂ ᠠᠮᠢᠳᠤᠷᠠᠯ ᠤᠨ ᠨᠠᠭᠠᠳᠤ ᠵᠠᠬ᠎ᠠ ᠶᠢᠨ  ᠪᠠᠲᠤᠯᠠᠭ᠎ᠠ ᠭᠥᠷᠳᠡᠬᠦ ᠭᠡᠷ ᠪᠦᠯᠢ ᠶᠢᠨ  ᠲᠥᠷᠥᠯ ᠵᠦᠢᠯ᠂ ᠪᠠᠲᠤᠯᠠᠭ᠎ᠠ ᠶᠢᠨ ᠮᠥᠩᠭᠦ ᠶᠢᠨ ᠪᠠᠷᠢᠮᠵᠢᠶ᠎ᠠ ᠵᠡᠷᠭᠡ ᠶᠢ ᠨᠡᠶᠢᠭᠡᠮ ᠳᠤ  ᠢᠯᠡ ᠪᠤᠯᠭᠠᠭᠰᠠᠨ ᠤ ᠬᠠᠮᠲᠤ  ᠢᠯᠡᠴᠢᠯᠡᠨ ᠮᠡᠳᠡᠭᠦᠯᠬᠦ ᠳ᠋ᠢᠶᠠᠩᠬᠤᠸᠠ ᠶᠢ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ  ᠲᠠᠯᠪᠢᠬᠤ ᠶᠢ ᠬᠦᠯᠢᠶᠡᠪᠡ᠃  ᠣᠯᠠᠨ ᠨᠡᠶᠢᠲᠡ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ  ᠲᠠᠯ᠎ᠠ ᠪᠠᠷ᠂ ᠬᠤᠲᠠ ᠶᠢᠨ  ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠰᠦᠯᠵᠢᠶ᠎ᠡ ᠨᠢ ᠪᠣᠬᠢᠷᠲᠤᠯ ᠤᠨ ᠡᠬᠢ  ᠰᠤᠷᠪᠤᠯᠵᠢ ᠶᠢᠨ  ᠣᠷᠴᠢᠨ ᠲᠤᠭᠤᠷᠢᠨ ᠢ ᠬᠢᠨᠠᠨ ᠬᠠᠮᠢᠶᠠᠷᠬᠤ ᠮᠡᠳᠡᠭᠡ ᠵᠠᠩᠭᠢ ᠶᠢ ᠢᠯᠡ ᠪᠤᠯᠭᠠᠬᠤ ᠲᠤᠰᠬᠠᠢ ᠪᠤᠯᠤᠩ  ᠭᠠᠷᠭᠠᠵᠤ᠂  ᠪᠣᠬᠢᠷᠲᠤᠯ ᠤᠨ ᠡᠬᠢ ᠰᠤᠷᠪᠤᠯᠵᠢ ᠶᠢᠨ ᠬᠢᠨᠠᠨ ᠬᠠᠮᠢᠶᠠᠷᠤᠯᠲᠠ ᠶᠢᠨ ᠮᠡᠳᠡᠭᠡ ᠵᠠᠩᠭᠢ ᠶᠢ ᠢᠯᠡ ᠪᠤᠯᠭᠠᠬᠤ ᠶᠢ  ᠤᠯᠠᠮ  ᠨᠢᠭᠡ ᠠᠯᠬᠤᠮ ᠵᠢᠷᠤᠮᠵᠢᠭᠤᠯᠤᠨ ᠳᠥᠯᠭᠢᠨ ᠠᠬᠢᠭᠤᠯᠪᠠ᠃ ᠤᠯᠠᠭᠠᠨᠬᠠᠳᠠ ᠶᠢᠨ ᠣᠷᠴᠢᠨ ᠲᠣᠭᠤᠷᠢᠨ ᠤ ᠬᠢᠨᠠᠨ   ᠬᠡᠮᠵᠢᠯᠲᠡ ᠶᠢᠨ ᠰᠦᠯᠵᠢᠶ᠎ᠡ ᠪᠤᠯᠤᠨ ᠤᠯᠠᠭᠠᠨᠬᠠᠳᠠ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠠᠯᠪᠠᠨ ᠤ  ᠪᠢᠴᠢᠯ  ᠪᠯᠤᠭ ᠪᠠᠷ ᠳᠠᠮᠵᠢᠭᠤᠯᠤᠨ ᠣᠷᠴᠢᠨ ᠲᠤᠭᠤᠷᠢᠨ ᠤ ᠶᠠᠰᠤ ᠴᠢᠨᠠᠷ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ  ᠴᠠᠭ  ᠲᠤᠬᠠᠶ ᠳᠤᠨᠢ ᠨᠡᠶᠢᠲᠡᠯᠡᠪᠡ  ᠃ ᠠᠶᠤᠯ ᠦᠭᠡᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ  ᠲᠤᠪᠴᠢᠶ᠎ᠠ ᠶᠢᠨ  ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠪᠦᠷᠢᠯᠡᠯ ᠤᠨ ᠠᠶᠤᠯ  ᠦᠭᠡᠢ ᠶᠢᠨ ᠡ᠊ᠨᠳᠡᠯ ᠢ  ᠪᠠᠶᠢᠴᠠᠭᠠᠨ ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ  ᠠᠶᠤᠯ ᠦᠭᠡᠢ  ᠦᠢᠯᠡᠳᠪᠦᠷᠢᠯᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠪᠡ᠃                       ᠬᠥᠲᠥᠯᠥᠭᠴᠢ  ᠄       ᠹᠸᠡᠭ ᠡᠷᠬᠢᠯᠡᠭᠴᠢ ᠡ᠂ ᠲᠠ ᠰᠠᠶ᠋ᠢ 2014 ᠣᠨ ᠤ ᠤᠯᠠᠭᠠᠨᠬᠠᠳᠠ  ᠬᠤᠲᠠ ᠶᠢᠨ ᠭᠤᠣᠯᠳᠠᠯᠭ᠎ᠠ ᠲᠠᠢ ᠬᠦᠷᠢᠶᠡᠨ ᠤ  ᠮᠡᠳᠡᠭᠡ ᠵᠠᠩᠭᠢ ᠶᠢ ᠢᠯᠡ ᠪᠤᠯᠭᠠᠭᠰᠠᠨ ᠠᠵᠢᠯ ᠤᠨ ᠲᠤᠬᠠᠢ  ᠳᠤᠷᠠᠳᠪᠠ᠂ 2015 ᠣᠨ ᠬᠠᠭᠠᠰ ᠵᠢᠯ ᠦᠯᠡᠳᠡᠭᠡᠳ ᠪᠠᠶᠢᠨ᠎ᠠ  ᠂ ᠤᠯᠠᠭᠠᠨᠬᠠᠳᠠ ᠬᠤᠲᠠ ᠶᠢᠨ ᠭᠤᠣᠯᠳᠠᠯᠭ᠎ᠠ ᠲᠠᠢ  ᠬᠦᠷᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠶᠠᠮᠠᠷ ᠰᠢᠨ᠎ᠡ  ᠠᠬᠢᠴᠠ ᠪᠤᠯᠤᠨ ᠦᠷ᠎ᠡ ᠪᠦᠲᠦᠮᠵᠢ ᠲᠠᠢ  ᠪᠤᠢ  ︖                    ᠹᠧᠩ ᠯᠢ ᠰᠠᠨ  ᠄       2015 ᠣᠨ ᠳᠤ᠂ ᠮᠠᠨ ᠤ ᠬᠤᠲᠠ ᠭᠤᠣᠯᠳᠠᠯᠭ᠎ᠠ ᠲᠠᠢ  ᠬᠦᠷᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ  ᠦᠷᠭᠦᠯᠵᠢᠯᠡᠨ ᠳᠥᠯᠭᠢᠨ ᠠᠬᠢᠭᠤᠯᠵᠤ᠂ ᠵᠠᠰᠠᠭ  ᠵᠠᠬᠢᠷᠭᠠᠨ ᠤ ᠡᠷᠬᠡ ᠶᠢᠨ ᠠᠵᠢᠯᠯᠠᠭ᠎ᠠ᠂ ᠡᠳ᠋ ᠤᠨ ᠵᠠᠰᠠᠭ ᠤᠨ ᠪᠡᠯᠡ ᠮᠥᠩᠭᠦ᠂  ᠣᠯᠠᠨ ᠨᠡᠶᠢᠲᠡ ᠶᠢᠨ ᠡᠬᠢ  ᠪᠠᠶᠠᠯᠢᠭ ᠤᠨ ᠲᠣᠬᠢᠷᠠᠭᠤᠯᠤᠯᠲᠠ᠂ ᠣᠯᠠᠨ ᠨᠡᠶᠢᠲᠡ ᠶᠢᠨ ᠦᠢᠯᠡᠴᠢᠯᠡᠭᠡ ᠪᠤᠯᠤᠨ ᠣᠯᠠᠨ  ᠨᠡᠶᠢᠲᠡ ᠶᠢᠨ ᠬᠢᠨᠠᠯᠲᠠ  ᠬᠠᠮᠢᠶᠠᠷᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠤ  ᠮᠡᠳᠡᠭᠡ ᠵᠠᠩᠭᠢ ᠶᠢ  ᠢᠯᠡ ᠪᠣᠯᠭᠠᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠤᠯᠭᠠᠬᠤ ᠪᠠᠷ ᠴᠢᠷᠮᠠᠶᠢᠵᠤ ᠪᠠᠶᠢᠨ᠎ᠠ᠃ ᠵᠠᠰᠠᠭ  ᠵᠠᠬᠢᠷᠭᠠᠨ ᠤ  ᠡᠷᠬᠡ ᠶᠢᠨ ᠨᠠᠷᠢᠨ ᠳᠠᠩᠰᠠ ᠶᠢ ᠢᠯᠡ ᠪᠤᠯᠭᠠᠬᠤ ᠲᠠᠯ᠎ᠠ ᠪᠠᠷ᠂ 5 ᠳ᠋ᠤᠭᠠᠷ ᠰᠠᠷ᠎ᠠ ᠶᠢᠨ 25 ᠤ ᠡᠳᠦᠷ᠂   ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠨᠢ ᠬᠤᠲᠠ ᠶᠢᠨ   ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠡᠷᠡᠭᠵᠢᠭᠦᠯᠬᠦ ᠵᠠᠰᠠᠭ ᠵᠠᠬᠢᠷᠭᠠᠨ ᠤ ᠡᠷᠬᠡ ᠶᠢ  ᠬᠤᠷᠢᠶᠠᠩᠭᠤᠶᠢᠯᠠᠵᠤ᠂  ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ  ᠡᠷᠬᠡ ᠶᠢᠨ ᠲᠥᠷᠥᠯ ᠵᠦᠢᠯ ᠤᠨ  ᠬᠤᠷᠢᠶᠠᠩᠭᠤᠶᠢᠯᠠᠭᠰᠠᠨ ᠵᠢᠭᠰᠠᠭᠠᠯᠲᠠ ᠶᠢ ᠪᠤᠶ ᠪᠤᠯᠭᠠᠭᠰᠠᠨ ᠤ ᠬᠠᠮᠲᠤ᠂  ᠬᠤᠲᠠ ᠶᠢᠨ ᠵᠠᠰᠠᠭ ᠤᠨ ᠣᠷᠳᠣᠨ ᠤ ᠫᠤᠷᠲ᠋ᠧᠯ  ᠰᠦᠯᠵᠢᠶᠡᠨ ᠳᠤ ᠲᠤᠰᠬᠠᠶ ᠪᠤᠯᠤᠩ ᠭᠠᠷᠭᠠᠨ ᠨᠠᠶᠢᠲᠡ ᠳᠤ ᠵᠠᠷᠯᠠᠵᠤ᠂ ᠡᠭᠦᠨ ᠤ ᠬᠠᠮᠲᠤ ᠬᠤᠲᠠ ᠶᠢᠨ ᠵᠠᠰᠠᠭ ᠤᠨ  ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠵᠠᠰᠠᠭ  ᠵᠠᠬᠢᠷᠭᠠᠨ ᠤ ᠡᠷᠬᠡ ᠶᠢᠨ ᠲᠦᠷᠦᠯ ᠵᠦᠢᠯ ᠤᠨ ᠨᠠᠷᠢᠨ  ᠳᠠᠩᠰᠠ ᠶᠢᠨ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ  ᠪᠠᠶᠢᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠰᠠᠨᠠᠯ ᠢ  ᠭᠦᠢᠴᠡᠳ ᠰᠤᠨᠤᠰᠤᠭᠰᠠᠨ ᠪᠠ ᠰᠢᠩᠭᠡᠭᠡᠨ  ᠠᠪᠤᠭᠰᠠᠨ ᠰᠠᠭᠤᠷᠢᠨ ᠳᠡᠭᠡᠷ᠎ᠡ᠂ ᠵᠠᠰᠠᠭ ᠵᠠᠬᠢᠷᠭᠠᠨ ᠤ ᠡᠷᠬᠡ ᠶᠢᠨ ᠨᠠᠷᠢᠨ  ᠳᠠᠩᠰᠠ ᠶᠢ ᠲᠣᠬᠢᠷᠠᠭᠤᠯᠬᠤ᠂  ᠰᠢᠯᠢᠳᠡᠭᠵᠢᠭᠦᠯᠬᠦ ᠪᠠ ᠲᠡᠭᠦᠯᠳᠡᠷᠵᠢᠭᠦᠯᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃  ᠡᠳ᠋ ᠤᠨ ᠵᠠᠰᠠᠭ ᠤᠨ  ᠪᠡᠯᠡ ᠮᠦᠡᠭᠭᠦ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠠᠯ᠎ᠠ ᠪᠠᠷ᠂ ᠣᠳᠣᠬᠠᠨ ᠳᠤ᠂ ᠬᠤᠲᠠ ᠶᠢᠨ  ᠲᠤᠰ ᠱᠠᠲᠤ  ᠬᠢᠭᠡᠳ ᠪᠦᠬᠦ ᠬᠤᠲᠠ ᠶᠢᠨ 76 ᠨᠢᠭᠡᠴᠡ ᠶᠢᠨ ᠡᠳ᠋ ᠤᠨ ᠵᠠᠰᠠᠭ ᠤᠨ ᠲᠥᠰᠦᠪ ᠪᠤᠯᠤᠨ ︽ᠭᠤᠷᠪᠠᠨ ᠠᠯᠪᠠᠨ   ᠶᠠᠪᠤᠳᠠᠯ ᠤᠨ ᠵᠠᠷᠤᠳᠠᠯ︾ ᠤᠨ ᠲᠥᠰᠦᠪ ᠢ ᠬᠤᠲᠠ ᠶᠢᠨ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠤ ᠡᠳ᠋ ᠤᠨ   ᠵᠠᠰᠠᠭ ᠤᠨ ᠮᠡᠳᠡᠭᠡ ᠵᠠᠩᠭᠢ ᠪᠤᠯᠤᠩ ᠢᠶᠠᠷ ᠳᠠᠮᠵᠢᠭᠤᠯᠤᠨ ᠨᠡᠶᠢᠭᠡᠮ ᠳᠤ ᠨᠢᠭᠡᠳᠦᠯᠲᠡᠶ ᠢᠯᠡ ᠪᠤᠯᠭᠠᠪᠠ᠃ ᠡᠭᠦᠨ ᠤ  ᠬᠠᠮᠲᠤ᠂  ᠮᠠᠨ ᠤ ᠬᠤᠲᠠ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ  ᠢᠯᠡ ᠪᠣᠯᠭᠠᠬᠤ᠂  ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠮᠡᠳᠡᠭᠡ ᠵᠠᠩᠭᠢ ᠶᠢ ᠢᠯᠡ  ᠪᠣᠯᠭᠠᠬᠤ᠂ ᠣᠯᠠᠨ  ᠨᠡᠶᠢᠲᠡ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢ ᠢᠯᠡ ᠪᠣᠯᠭᠠᠬᠤ᠂ ᠣᠷᠴᠢᠨ ᠲᠣᠭᠤᠷᠢᠨ ᠤ  ᠬᠠᠮᠠᠭᠠᠯᠠᠯᠲᠠ ᠶᠢᠨ ᠮᠡᠳᠡᠭᠡ  ᠵᠠᠩᠭᠢ ᠶᠢ ᠢᠯᠡ ᠪᠣᠯᠭᠠᠬᠤ᠂ ᠢᠳᠡᠭᠡᠨ ᠪᠠ ᠡᠮ ᠤᠨ ᠵᠦᠢᠯ ᠤᠨ ᠠᠶᠤᠯ ᠦᠭᠡᠢ ᠶᠢᠨ  ᠮᠡᠳᠡᠭᠡ ᠵᠠᠩᠭᠢ ᠶᠢ ᠢᠯᠡ ᠪᠣᠯᠭᠠᠬᠤ᠂  ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ  ᠪᠠᠶᠢᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠤᠯᠠᠮ ᠨᠢᠭᠡ  ᠠᠯᠬᠤᠮ ᠳᠥᠯᠭᠢᠨ ᠠᠬᠢᠭᠤᠯᠵᠤ᠂ ᠵᠠᠰᠠᠭ ᠤᠨ  ᠶᠠᠪᠤᠳᠠᠯ ᠢ ᠢᠯᠡ ᠪᠣᠯᠭᠠᠬᠤ ᠪᠣᠳᠠᠲᠤ ᠦᠷ᠎ᠡ ᠪᠦᠲᠦᠮᠵᠢ ᠶᠢ  ᠲᠠᠰᠤᠷᠠᠯᠲᠠ ᠦᠭᠡᠶ ᠨᠡᠮᠡᠭᠳᠡᠭᠦᠯᠦᠨ᠂ ᠵᠠᠰᠠᠭ ᠤᠨ ᠣᠷᠳᠣᠨ ᠤ  ᠣᠯᠠᠨ ᠨᠡᠶᠢᠲᠡ ᠶᠢᠨ ᠢᠲᠡᠭᠡᠭᠦᠯᠬᠦ ᠬᠦᠴᠦᠨ ᠢ  ᠤᠯᠠᠮ ᠨᠢᠭᠡ ᠠᠯᠬᠤᠮ ᠳᠡᠭᠡᠭᠰᠢᠯᠡᠭᠦᠯᠪᠡ᠃                       ᠬᠥᠲᠥᠯᠥᠭᠴᠢ  ᠄       ᠰᠣᠨᠢᠨ ᠮᠡᠳᠡᠭᠡᠨ ᠤ ᠮᠡᠳᠡᠭᠡᠯᠡᠭᠰᠡᠨ ᠢᠶᠠᠷ᠂ ᠣᠶᠢᠷ᠎ᠠ ᠳᠤ ᠤᠯᠠᠭᠠᠨᠬᠠᠳᠠ ᠬᠤᠲᠠ  ᠥᠪᠡᠷᠲᠡᠭᠡᠨ ᠵᠠᠰᠠᠬᠤ ᠣᠷᠣᠨ ᠤ  18 ᠣᠷᠣᠨᠲᠤ ᠺᠣᠳ᠋ ᠪᠦᠬᠦᠢ ︽ᠭᠤᠷᠪᠠᠨ ᠦᠨᠡᠮᠯᠡᠯ ᠢ ᠨᠡᠶᠢᠯᠡᠭᠦᠯᠵᠦ᠂ ᠨᠢᠭᠡ  ᠦᠨᠡᠮᠯᠡᠯ ᠨᠢᠭᠡ ᠨᠣᠮᠧᠷ︾ ᠪᠣᠯᠭᠠᠭᠰᠠᠨ  ᠠᠩᠬᠠᠳᠠᠭᠴᠢ ᠡᠵᠡᠩᠨᠡᠯᠲᠡ ᠶᠢᠨ ᠦᠨᠡᠮᠯᠡᠯ ᠲᠠᠷᠬᠠᠭᠠᠪᠠ᠃ ᠲᠠ ᠪᠢᠳᠡᠨ ᠳᠤ  ᠪᠤᠲᠠᠳᠠᠢ ᠪᠠᠶᠢᠳᠠᠯ ᠢ ᠲᠠᠨᠢᠯᠴᠠᠭᠤᠯᠤᠭᠠᠳ  ᠥᠭᠭᠦᠨ᠎ᠡ ᠤᠤ  ︖                ᠹᠧᠩ ᠯᠢ ᠰᠠᠨ  ᠄       2015  ᠣᠨ ᠤ 6 ᠳ᠋ᠤᠭᠠᠷ ᠰᠠᠷ᠎ᠠ ᠶᠢᠨ 2 ᠤᠨ ᠡᠳᠦᠷ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ  ᠬᠢᠨᠠᠯᠲᠠ  ᠬᠠᠮᠢᠶᠠᠷᠤᠯᠲᠠ ᠶᠢᠨ ᠵᠥᠪᠯᠡᠯ ᠨᠢ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ   ᠲᠥᠪ ᠲᠤ ᠪᠦᠬᠦ ᠣᠷᠣᠨ ᠤ 18 ᠣᠷᠣᠨᠲᠤ ᠺᠣᠳ᠋ ᠪᠦᠬᠦᠢ ︽ᠭᠤᠷᠪᠠᠨ ᠦᠨᠡᠮᠯᠡᠯ ᠢ ᠨᠡᠶᠢᠯᠡᠭᠦᠯᠵᠦ᠂ ᠨᠢᠭᠡ ᠦᠨᠡᠮᠯᠡᠯ  ᠨᠢᠭᠡ  ᠨᠣᠮᠧᠷ︾ ᠤᠨ ᠠᠩᠬᠠᠨ ᠤ ᠡᠵᠡᠩᠨᠡᠯᠲᠡ ᠶᠢᠨ ᠦᠨᠡᠮᠯᠡᠯ ᠢ ᠲᠠᠷᠬᠠᠭᠠᠪᠠ᠃ ᠡᠨᠡ ᠪᠣᠯ ᠤᠯᠠᠭᠠᠨᠬᠠᠳᠠ ᠬᠤᠲᠠ  ᠶᠡᠷᠦᠩᠬᠡᠶ  ᠰᠠᠶᠢᠳ ᠯᠢ ᠺᠧ ᠴᠢᠶᠠᠩ ᠤᠨ ︽ᠭᠤᠷᠪᠠᠨ ᠦᠨᠡᠮᠯᠡᠯ ᠢ ᠨᠡᠶᠢᠯᠡᠭᠦᠯᠵᠦ᠂ ᠨᠢᠭᠡ ᠦᠨᠡᠮᠯᠡᠯ ᠨᠢᠭᠡ ᠨᠣᠮᠧᠷ︾  ᠪᠦᠬᠦᠢ  ᠪᠦᠷᠢᠳᠬᠡᠭᠦᠯᠬᠦ ᠳᠦᠷᠢᠮ ᠤᠨ ᠥᠭᠡᠷᠡᠴᠢᠯᠡᠯᠲᠡ ᠶᠢᠨ ᠲᠣᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ  ᠲᠤᠤᠱᠯᠠᠭᠤᠯᠤᠨ  ᠨᠠᠶᠢᠳᠠᠪᠤᠷᠢᠵᠢᠭᠤᠯᠤᠭᠰᠠᠨ ᠪᠣᠳᠠᠲᠠᠶ ᠠᠷᠭ᠎ᠠ ᠬᠡᠮᠵᠢᠶ᠎ᠡ ᠪᠣᠯᠣᠨ ᠠᠮᠵᠢᠯᠲᠠ ᠣᠯᠤᠭᠰᠠᠨ  ᠦᠢᠯᠡᠳᠦᠯᠭᠡ ᠪᠣᠯᠬᠤ ᠪᠦᠭᠡᠳ  ᠡᠨᠡ ᠨᠢ ᠬᠠᠤᠯᠢ ᠶᠢᠨ ᠡᠷᠬᠡᠲᠡᠨ ᠪᠣᠯᠣᠨ ᠪᠤᠰᠤᠳ ᠨᠡᠶᠢᠭᠡᠮ ᠤᠨ ᠵᠣᠬᠢᠶᠠᠨ  ᠪᠠᠶᠢᠭᠤᠯᠤᠯᠲᠠ ᠶᠢᠨ ᠨᠢᠭᠡᠳᠦᠯᠲᠡᠶ ᠨᠡᠶᠢᠭᠡᠮ ᠤᠨ  ᠢᠲᠡᠭᠡᠮᠵᠢ ᠶᠢᠨ ᠣᠷᠣᠯᠠᠬᠤ ᠨᠣᠮᠧᠷ ᠤᠨ ᠳᠦᠷᠢᠮ ᠤᠨ ᠮᠠᠨ ᠤ  ᠬᠤᠲᠠ ᠳᠤ ᠦᠨᠳᠦᠰᠦᠨ ᠳᠡᠭᠡᠨ ᠪᠠᠶᠢᠭᠤᠯᠤᠭᠳᠠᠭᠰᠠᠨ ᠢ  ᠬᠠᠷᠠᠭᠤᠯᠵᠤ᠂ ᠪᠦᠬᠦ ᠤᠷᠤᠨ ᠴᠢᠨᠠᠭᠰᠢᠯᠠᠪᠠᠯ ᠪᠦᠬᠦ  ᠤᠯᠤᠰ ᠤᠨ ᠬᠤᠳᠠᠯᠳᠤᠭᠠᠨ ᠤ ᠶᠠᠪᠤᠳᠠᠯ ᠪᠣᠯᠣᠨ ᠬᠤᠳᠠᠯᠳᠤᠭᠠᠨ ᠤ  ᠪᠤᠰᠤ ᠶᠠᠪᠤᠳᠠᠯ ᠤᠨ ᠪᠡᠶᠡᠴᠢ ᠴᠣᠭᠴᠠ ᠶᠢᠨ  ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠺᠣᠳ᠋ ᠤᠨ ᠥᠭᠡᠷᠡᠴᠢᠯᠡᠯᠲᠡ ᠳᠤ  ᠲᠤᠷᠰᠢᠯᠭ᠎ᠠ ᠬᠤᠷᠠᠮᠳᠤᠭᠤᠯᠤᠨ᠂  ᠦᠯᠢᠭᠡᠷ ᠵᠢᠱᠢᠶ᠎ᠡ ᠬᠠᠩᠭᠠᠭᠰᠠᠨ ᠶᠠᠪᠤᠳᠠᠯ ᠪᠣᠯᠣᠨ᠎ᠠ᠃                        ᠬᠥᠲᠥᠯᠥᠭᠴᠢ  ᠄       ︽ᠭᠤᠷᠪᠠᠨ ᠦᠨᠡᠮᠯᠡᠯ ᠢ ᠨᠡᠶᠢᠯᠡᠭᠦᠯᠵᠦ᠂ ᠨᠢᠭᠡ ᠦᠨᠡᠮᠯᠡᠯ ᠨᠢᠭᠡ ᠨᠣᠮᠧᠷ︾  ᠪᠦᠬᠦᠢ ᠪᠦᠷᠢᠳᠬᠡᠭᠦᠯᠬᠦ ᠳᠦᠷᠢᠮ ᠤᠨ  ᠳᠠᠪᠠᠭᠤᠯᠢᠭ ᠲᠠᠯ᠎ᠠ ᠨᠢ ᠶᠠᠭᠤ ᠪᠤᠶ  ︖                ᠹᠧᠩ ᠯᠢ ᠰᠠᠨ  ᠄       ︽ᠭᠤᠷᠪᠠᠨ ᠦᠨᠡᠮᠯᠡᠯ ᠢ ᠨᠡᠶᠢᠯᠡᠭᠦᠯᠵᠦ᠂ ᠨᠢᠭᠡ ᠦᠨᠡᠮᠯᠡᠯ ᠨᠢᠭᠡ ᠨᠣᠮᠧᠷ︾  ᠪᠦᠬᠦᠢ ᠪᠦᠷᠢᠳᠬᠡᠭᠦᠯᠬᠦ ᠳᠦᠷᠢᠮ ᠨᠢ  ᠳᠣᠣᠷᠠᠬᠢ ᠮᠡᠲᠦ ᠶᠢᠨ ᠳᠠᠪᠠᠭᠤᠯᠢᠭ ᠲᠠᠯ᠎ᠠ ᠲᠠᠢ ᠪᠠᠶᠢᠳᠠᠭ᠄ ᠨᠢᠭᠡ ᠳᠤ  ᠭᠤᠶᠤᠴᠢᠯᠠᠬᠤ ᠴᠤᠪᠤᠷᠠᠯ ᠢ ᠨᠢᠭᠡᠳᠬᠡᠪᠡ᠃ ᠤᠤᠯ ᠨᠢ  ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ᠂ ᠶᠠᠰᠤ ᠴᠢᠨᠠᠷ ᠲᠤ  ᠮᠡᠷᠭᠡᠵᠢᠯ ᠢᠶᠠᠷ ᠬᠢᠨᠠᠯᠲᠠ ᠲᠠᠯᠪᠢᠬᠤ᠂ ᠭᠠᠶᠢᠯᠢ ᠶᠢᠨ  ᠶᠠᠪᠤᠳᠠᠯ ᠤᠨ ᠰᠠᠯᠠᠭ᠎ᠠ ᠮᠥᠴᠢᠷ ᠲᠤ ᠳᠡᠰ ᠳᠠᠷᠠᠭᠠᠯᠠᠨ  ᠭᠤᠶᠤᠴᠢᠯᠠᠯ ᠭᠠᠷᠭᠠᠳᠠᠭ ᠪᠠᠶᠢᠭᠰᠠᠨ ᠪᠣᠯ ᠣᠳᠣ ᠶᠡᠷᠦᠩᠬᠡᠶᠢᠯᠡᠭᠰᠡᠨ  ᠬᠦᠯᠢᠶᠡᠨ ᠠᠪᠬᠤ ᠴᠣᠩᠬᠤ ᠳᠤ ᠨᠢᠭᠡᠳᠦᠯᠲᠡᠶ  ᠬᠤᠷᠢᠶᠠᠵᠤ ᠠᠪᠤᠨ᠎ᠠ᠃ ᠬᠤᠶᠠᠷ ᠲᠤ ᠲᠤᠰᠢᠶᠠᠬᠤ ᠮᠠᠲ᠋ᠧᠷᠢᠶᠠᠯ ᠢᠯᠡᠳᠲᠡ  ᠪᠠᠭᠠᠰᠴᠤ᠂ ᠤᠤᠯ ᠨᠢ 26 ᠬᠤᠪᠢ  ᠮᠠᠲ᠋ᠧᠷᠢᠶᠠᠯ ᠲᠤᠰᠢᠶᠠᠳᠠᠭ ᠪᠠᠶᠢᠭᠰᠠᠨ ᠪᠣᠯ ᠣᠳᠣ ᠵᠥᠪᠬᠡᠨ 13 ᠬᠤᠪᠢ ᠲᠤᠰᠢᠶᠠᠬᠤ  ᠪᠣᠯᠵᠤ᠂ ᠬᠠᠭᠠᠰ ᠢᠶᠠᠷ  ᠪᠠᠭᠠᠰᠪᠠ᠃ ᠭᠤᠷᠪᠠ ᠳᠤ ᠲᠠᠭᠯᠠᠵᠤ ᠪᠢᠴᠢᠬᠦ ᠠᠭᠤᠯᠭ᠎ᠠ ᠶᠡᠭᠡ ᠬᠡᠮᠵᠢᠶ᠎ᠡ ᠪᠠᠷ ᠪᠠᠭᠠᠰᠴᠤ᠂ ᠤᠤᠯ ᠨᠢ  166 ᠲᠤᠭ᠎ᠠ  ᠪᠠᠷᠢᠮᠲᠠ ᠶᠢᠨ ᠵᠦᠢᠯ ᠢ ᠲᠠᠭᠯᠠᠬᠤ ᠪᠠᠶᠢᠭᠰᠠᠨ ᠪᠣᠯ ᠣᠳᠣ ᠵᠥᠪᠬᠡᠨ 74 ᠲᠤᠭ᠎ᠠ ᠪᠠᠷᠢᠮᠲᠠ ᠶᠢᠨ ᠵᠦᠢᠯ  ᠲᠠᠭᠯᠠᠬᠤ  ᠪᠣᠯᠵᠤ᠂ ᠬᠠᠭᠠᠰ ᠢᠯᠡᠭᠦᠦ ᠶᠢ ᠬᠠᠰᠤᠭᠳᠠᠪᠠ᠃ ᠳᠥᠷᠪᠡ ᠳᠤ ᠬᠢᠨᠠᠨ ᠵᠥᠪᠰᠢᠶᠡᠷᠡᠬᠦ ᠠᠭᠤᠯᠭ᠎ᠠ  ᠴᠤᠮᠬᠠᠳᠬᠠᠭᠳᠠᠵᠤ᠂ ᠤᠤᠯ ᠨᠢ ᠡᠯ᠎ᠡ ᠰᠠᠯᠠᠭ᠎ᠠ ᠮᠥᠴᠢᠷ ᠮᠡᠳᠡᠭᠦᠯᠦᠭᠰᠡᠨ ᠵᠦᠢᠯᠡᠰ ᠢ ᠥᠪᠡᠷ ᠥᠪᠡᠷᠰᠡᠳ ᠢᠶᠠᠨ ᠬᠢᠨᠠᠨ  ᠪᠠᠶᠢᠴᠠᠭᠠᠳᠠᠭ  ᠪᠠᠶᠢᠭᠰᠠᠨ ᠪᠣᠯ ᠣᠳᠣ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠨᠠᠨ   ᠪᠠᠶᠢᠴᠠᠭᠠᠭᠰᠠᠨ ᠢ ᠨᠢ ᠪᠤᠰᠤᠳ ᠰᠠᠯᠠᠭ᠎ᠠ ᠮᠥᠴᠢᠷ ᠳᠠᠪᠬᠤᠷᠳᠠᠭᠤᠯᠤᠨ ᠬᠢᠨᠠᠨ ᠪᠠᠶᠢᠴᠠᠭᠠᠬᠤ ᠦᠭᠡᠢ ᠪᠣᠯᠪᠠ᠃  ᠲᠠᠪᠤ ᠳᠤ  ᠭᠡᠷᠡᠴᠢ ᠲᠡᠮᠳᠡᠭ ᠤᠨ ᠲᠤᠭ᠎ᠠ ᠬᠡᠮᠵᠢᠶ᠎ᠡ ᠶᠢᠨ ᠲᠠᠯ᠎ᠠ ᠪᠠᠷ ᠭᠤᠷᠪᠠ ᠶᠢ ᠨᠡᠶᠢᠯᠡᠭᠦᠯᠵᠦ᠂ ᠤᠤᠯ ᠨᠢ  ᠡᠵᠡᠩᠨᠡᠯᠲᠡ ᠶᠢᠨ ᠦᠨᠡᠮᠯᠡᠯ᠂  ᠵᠣᠬᠢᠶᠠᠨ ᠪᠠᠶᠢᠭᠤᠯᠤᠯᠲᠠ ᠪᠣᠯᠤᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ  ᠦᠨᠡᠮᠯᠡᠯ᠂ ᠭᠠᠶᠢᠯᠢ ᠶᠢᠨ ᠶᠠᠪᠤᠳᠠᠯ ᠤᠨ  ᠪᠦᠷᠢᠳᠬᠡᠭᠦᠯᠦᠭᠰᠡᠨ ᠦᠨᠡᠮᠯᠡᠯ ᠵᠡᠷᠭᠡ 3 ᠦᠨᠡᠮᠯᠡᠯ ᠣᠯᠭᠤᠳᠠᠭ  ᠪᠠᠶᠢᠭᠰᠠᠨ ᠢ ᠣᠳᠣ 1 ᠯᠡ ᠡᠵᠡᠩᠨᠡᠯᠲᠡ ᠶᠢᠨ ᠦᠨᠡᠮᠯᠡᠯ  ᠤᠯᠭᠤᠬᠤ ᠪᠣᠯᠭᠠᠪᠠ᠃                         ᠬᠥᠲᠥᠯᠥᠭᠴᠢ  ᠄       ︽ᠭᠤᠷᠪᠠᠨ ᠦᠨᠡᠮᠯᠡᠯ ᠢ ᠨᠡᠶᠢᠯᠡᠭᠦᠯᠵᠦ᠂ ᠨᠢᠭᠡ ᠦᠨᠡᠮᠯᠡᠯ ᠨᠢᠭᠡ ᠨᠣᠮᠧᠷ︾  ᠪᠦᠬᠦᠢ ᠪᠦᠷᠢᠳᠬᠡᠭᠦᠯᠬᠦ ᠳᠦᠷᠢᠮ ᠤᠨ  ᠦᠷ᠎ᠡ ᠪᠦᠲᠦᠮᠵᠢ ᠨᠢ ᠶᠠᠮᠠᠷ ᠪᠤᠶ  ︖                 ᠹᠧᠩ ᠯᠢ ᠰᠠᠨ  ᠄       ︽ᠭᠤᠷᠪᠠᠨ ᠦᠨᠡᠮᠯᠡᠯ ᠢ ᠨᠡᠶᠢᠯᠡᠭᠦᠯᠵᠦ᠂ ᠨᠢᠭᠡ ᠦᠨᠡᠮᠯᠡᠯ ᠨᠢᠭᠡ ᠨᠣᠮᠧᠷ︾  ᠤᠨ ᠪᠦᠷᠢᠳᠬᠡᠭᠦᠯᠬᠦ ᠳᠦᠷᠢᠮ ᠤᠨ ᠦᠷ᠎ᠡ  ᠪᠦᠲᠦᠮᠵᠢ ᠨᠢ ᠭᠤᠣᠯᠳᠠᠭᠤ ᠳᠣᠣᠷᠠᠬᠢ ᠮᠡᠲᠦ ᠬᠡᠳᠦᠨ ᠵᠦᠢᠯ ᠪᠤᠶ᠄  ᠨᠢᠭᠡ ᠳᠤ ᠭᠤᠶᠤᠴᠢᠯᠠᠭᠴᠢ ᠳᠤ ᠲᠥᠭᠦᠮ ᠦᠵᠡᠭᠦᠯᠪᠡ᠂  ᠭᠤᠶᠤᠴᠢᠯᠠᠭᠴᠢ ᠵᠥᠪᠬᠡᠨ ᠱᠠᠭᠠᠷᠳᠠᠯᠭ᠎ᠠ ᠶᠣᠰᠣᠭᠠᠷ  ᠬᠦᠯᠢᠶᠡᠨ ᠠᠪᠬᠤ ᠴᠣᠩᠬᠤᠨ ᠳᠤ ᠭᠤᠶᠤᠴᠢᠯᠠᠯ ᠤᠨ ᠬᠦᠰᠦᠨᠦᠭᠲᠦ  ᠲᠠᠭᠯᠠᠵᠤ᠂ ᠪᠦᠬᠦ ᠮᠠᠲ᠋ᠧᠷᠢᠶᠠᠯ ᠢ ᠨᠢᠭᠡ ᠯᠡ  ᠤᠳᠠᠭ᠎ᠠ ᠳᠤ ᠲᠤᠰᠢᠶᠠᠪᠠᠯ᠂ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠤ  ᠡᠵᠡᠩᠨᠡᠯᠲᠡ ᠶᠢᠨ ᠦᠨᠡᠮᠯᠡᠯ ᠢᠶᠠᠨ  ᠠᠪᠴᠤ ᠪᠣᠯᠬᠤ ᠲᠤᠯᠠ᠂ ᠭᠤᠶᠤᠴᠢᠯᠠᠭᠴᠢ ᠶᠢᠨ ᠬᠥᠮᠦᠨ ᠤ ᠬᠦᠴᠦ ᠪᠣᠯᠣᠨ ᠴᠠᠭ  ᠬᠤᠭᠤᠴᠠᠭ᠎ᠠ ᠥᠪᠡᠷ ᠤᠨ  ᠥᠷᠲᠡᠭ ᠢ ᠪᠦᠲᠦᠮᠵᠢᠲᠠᠢ ᠪᠠᠷ ᠠᠷᠪᠢᠯᠠᠪᠠ᠃ ᠬᠤᠶᠠᠷ ᠲᠤ ᠠᠵᠤ ᠠᠬᠤᠶᠢᠯᠠᠯ ᠪᠠᠶᠢᠭᠤᠯᠬᠤ  ᠥᠪᠡᠷ ᠤᠨ ᠥᠷᠲᠡᠭ ᠢ  ᠪᠠᠭᠤᠷᠠᠭᠤᠯᠪᠠ᠂ ᠪᠦᠷᠢᠳᠬᠡᠭᠦᠯᠬᠦ ᠳᠦᠷᠢᠮ ᠤᠨ ᠦᠭᠡᠷᠡᠴᠢᠯᠡᠯᠲᠡ ᠶᠢ ᠬᠡᠷᠡᠭᠵᠢᠭᠦᠯᠬᠦ ᠪᠠᠷ  ᠳᠠᠮᠵᠢᠭᠤᠯᠤᠨ᠂ ᠵᠣᠬᠢᠶᠠᠨ  ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠰᠦᠢᠳᠬᠡᠯ ᠬᠤᠷᠢᠶᠠᠬᠤ  ᠳᠦᠷᠢᠮ᠂ ᠣᠨ ᠤ  ᠪᠠᠶᠢᠴᠠᠭᠠᠯᠲᠠ ᠶᠢᠨ ᠳᠦᠷᠢᠮ᠂ 4 ᠵᠢᠯ ᠤᠨ ᠬᠦᠴᠦᠨ ᠪᠦᠬᠦᠢ ᠬᠤᠭᠤᠴᠠᠭᠠᠨ ᠤ ᠳᠦᠷᠢᠮ ᠢ ᠬᠦᠴᠦᠨ  ᠦᠭᠡᠢ  ᠪᠣᠯᠭᠠᠵᠤ᠂ ᠺᠣᠮᠫᠠᠨᠢ ᠶᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠪᠡᠯᠡ ᠰᠢᠯᠭᠠᠭᠰᠠᠨ ᠮᠡᠳᠡᠭᠦᠯᠦᠯᠲᠡ ᠪᠣᠯᠣᠨ   ᠦᠨᠡᠯᠡᠨ ᠵᠢᠱᠢᠭᠰᠡᠨ ᠮᠡᠳᠡᠭᠦᠯᠦᠯᠲᠡ ᠪᠠᠨ ᠲᠤᠰᠢᠶᠠᠬᠤ ᠶᠢ ᠱᠠᠭᠠᠷᠳᠠᠬᠤ ᠪᠠᠨ ᠪᠣᠯᠢᠭᠰᠠᠨ ᠠᠴᠠ ᠠᠵᠤ ᠠᠬᠤᠶᠢᠯᠠᠯ ᠤᠨ   ᠥᠪᠡᠷ ᠤᠨ ᠥᠷᠲᠡᠭ ᠢ ᠪᠠᠭᠤᠷᠠᠭᠤᠯᠤᠨ᠂ ᠥᠭᠡᠷᠡᠴᠢᠯᠡᠯᠲᠡ ᠶᠢᠨ ᠠᠰᠢᠭ ᠲᠤᠰᠠ ᠶᠢ ᠪᠡᠯᠡ ᠣᠷᠣᠭᠤᠯᠤᠭᠴᠢ ᠳᠤ  ᠦᠨᠡᠨ  ᠪᠣᠳᠠᠲᠠᠶ ᠬᠦᠷᠲᠡᠭᠡᠪᠡ᠃ ᠭᠤᠷᠪᠠ ᠳᠤ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠢ  ᠳᠡᠭᠡᠭᠰᠢᠯᠡᠭᠦᠯᠪᠡ᠂  ᠣᠯᠠᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠦᠢᠯᠡᠴᠢᠯᠡᠭᠡᠨ ᠤ  ᠡᠬᠢ ᠪᠠᠶᠠᠯᠢᠭ ᠢ ᠡᠮᠬᠢᠯᠡᠨ  ᠨᠡᠶᠢᠯᠡᠭᠦᠯᠵᠦ᠂ ᠣᠯᠠᠨ ᠦᠨᠡᠮᠯᠡᠯ ᠢ ᠬᠠᠮᠲᠤᠷᠠᠨ ᠭᠦᠢᠴᠡᠳᠬᠡᠬᠦ ᠶᠡᠷᠦᠩᠬᠡᠶᠢᠯᠡᠭᠰᠡᠨ  ᠬᠠᠮᠢᠶᠠᠷᠤᠯᠲᠠ ᠶᠢᠨ ᠰᠢᠰᠲ᠋ᠧᠮ ᠢ  ᠪᠠᠶᠢᠭᠤᠯᠵᠤ᠂ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠬᠡᠨ᠂ ᠵᠠᠰᠠᠭ ᠤᠨ  ᠣᠷᠳᠣᠨ ᠤ ᠣᠯᠠᠨ ᠨᠡᠶᠢᠲᠡ ᠶᠢᠨ  ᠦᠢᠯᠡᠴᠢᠯᠡᠭᠡᠨ ᠤ ᠬᠢᠷᠢ ᠬᠡᠮᠵᠢᠶ᠎ᠡ ᠪᠣᠯᠣᠨ ᠨᠡᠶᠢᠲᠡ ᠳᠤ ᠢᠲᠡᠭᠡᠭᠦᠯᠬᠦ ᠬᠦᠴᠦᠨ ᠢ  ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠪᠡ᠃  ᠳᠦᠷᠪᠡ ᠳᠤ ᠪᠦᠷᠢᠳᠬᠡᠭᠦᠯᠬᠦ ᠪᠠ ᠬᠠᠮᠢᠶᠠᠷᠬᠤ ᠶᠢᠨ ᠬᠠᠷᠢᠴᠠᠭ᠎ᠠ ᠶᠢ  ᠲᠣᠲᠤᠷᠬᠠᠶᠢᠯᠠᠵᠤ᠂ ︽ᠭᠤᠷᠪᠠᠨ ᠦᠨᠡᠮᠯᠡᠯ ᠢ  ᠨᠡᠶᠢᠯᠡᠭᠦᠯᠦᠭᠰᠡᠨ︾ ᠪᠦᠷᠢᠳᠬᠡᠭᠦᠯᠬᠦ ᠳᠦᠷᠢᠮ ᠤᠨ  ᠦᠭᠡᠷᠡᠴᠢᠯᠡᠯᠲᠡ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ  ᠬᠠᠮᠢᠶᠠᠷᠤᠯᠲᠠ᠂ ᠤᠯᠤᠰ ᠤᠨ ᠭᠠᠶᠢᠯᠢ ᠶᠢᠨ  ᠶᠠᠪᠤᠳᠠᠯ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ᠂ ᠵᠣᠬᠢᠶᠠᠨ  ᠪᠠᠶᠢᠭᠤᠯᠤᠯᠲᠠ ᠶᠢᠨ ᠪᠠᠶᠢᠭᠤᠯᠤᠮᠵᠢ ᠶᠢᠨ  ᠣᠷᠣᠯᠠᠬᠤ ᠨᠣᠮᠧᠷ ᠤᠨ ᠲᠥᠪ ᠭᠠᠵᠠᠷ ᠲᠠᠬᠢ ᠠᠵᠤ ᠠᠬᠤᠶᠢᠯᠠᠯ ᠤᠨ  ᠳᠠᠩᠰᠠᠯᠠᠭᠤᠯᠤᠭᠰᠠᠨ ᠮᠡᠳᠡᠭᠡ ᠵᠠᠩᠭᠢ ᠶᠢ  ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠭᠠᠶᠢᠯᠢ ᠲᠠᠲᠠᠪᠤᠷᠢᠯᠠᠨ ᠬᠠᠮᠢᠶᠠᠷᠬᠤ ᠶᠢ  ᠴᠢᠩᠭᠠᠳᠬᠠᠬᠤ᠂ ᠢᠲᠡᠭᠡᠮᠵᠢ ᠶᠢᠨ  ᠲᠠᠯ᠎ᠠ ᠶᠢᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ᠂ ᠵᠠᠬ᠎ᠠ ᠳᠡᠯᠭᠡᠭᠦᠷ ᠠᠴᠠ  ᠪᠤᠴᠠᠭᠠᠵᠤ ᠭᠠᠷᠭᠠᠬᠤ ᠶᠢ  ᠴᠢᠩᠳᠠᠯᠠᠬᠤ ᠵᠡᠷᠭᠡ ᠲᠠᠯ᠎ᠠ ᠪᠠᠷ ᠬᠢ ᠰᠠᠯᠠᠭ᠎ᠠ ᠮᠦᠴᠢᠷ ᠤᠳ ᠤᠨ ᠬᠠᠮᠲᠤᠷᠠᠨ ᠬᠦᠳᠡᠯᠦᠯᠴᠡᠬᠦ ᠶᠢ  ᠴᠢᠩᠭᠠᠷᠠᠭᠤᠯᠵᠤ᠂  ᠬᠢᠨᠠᠯᠲᠠ ᠬᠠᠮᠢᠶᠠᠷᠤᠯᠲᠠ ᠳᠤ ᠦᠷᠲᠦᠭᠳᠡᠬᠦ ᠦᠭᠡᠢ ᠣᠷᠣᠨ ᠭᠠᠷᠬᠤ ᠶᠢ ᠲᠠᠰᠤ ᠬᠤᠷᠢᠭᠯᠠᠵᠤ᠂ ᠬᠢᠨᠠᠯᠲᠠ   ᠬᠠᠮᠢᠶᠠᠷᠤᠯᠲᠠ ᠶᠢᠨ ᠨᠡᠶᠢᠯᠡᠮᠡᠯ ᠬᠦᠴᠦᠨ ᠪᠣᠯᠣᠨ ᠨᠡᠶᠢᠭᠡᠮ ᠤᠨ ᠬᠢᠨ ᠤ ᠬᠠᠮᠲᠤ ᠪᠠᠷ ᠵᠠᠰᠠᠬᠤ ᠶᠢ ᠪᠣᠢ ᠪᠣᠯᠭᠠᠪᠠ᠃                        ᠬᠥᠲᠥᠯᠥᠭᠴᠢ  ᠄       ᠮᠠᠨ ᠤ ᠰᠠᠶ᠋ᠢ ᠶᠢᠨ ᠳᠤᠷᠠᠳᠤᠭᠰᠠᠨ᠂ ︽ᠭᠤᠷᠪᠠᠨ ᠦᠨᠡᠮᠯᠡᠯ ᠢ ᠨᠡᠶᠢᠯᠡᠭᠦᠯᠵᠦ᠂  ᠨᠢᠭᠡ ᠦᠨᠡᠮᠯᠡᠯ ᠨᠢᠭᠡ ᠨᠣᠮᠧᠷ︾  ᠪᠦᠬᠦᠢ ᠠᠩᠬᠠᠳᠠᠭᠴᠢ ᠡᠵᠡᠩᠨᠡᠯᠲᠡ ᠶᠢᠨ ᠦᠨᠡᠮᠯᠡᠯ ᠢ ᠪᠣᠯ ᠤᠯᠠᠭᠠᠨᠬᠠᠳᠠ  ᠬᠤᠲᠠ ᠶᠢᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ ᠠᠴᠠ ᠣᠯᠭᠤᠭᠰᠠᠨ ᠪᠠᠶᠢᠨ᠎ᠠ᠂ ᠲᠠ ᠪᠢᠳᠡᠨ ᠳᠤ  ᠤᠯᠠᠭᠠᠨᠬᠠᠳᠠ ᠬᠤᠲᠠ ᠶᠢᠨ ᠵᠠᠰᠠᠭ ᠤᠨ  ᠣᠷᠳᠣᠨ ᠤ ᠦᠢᠯᠡᠴᠢᠯᠡᠭᠡᠨ ᠤ ᠲᠥᠪ ᠤᠨ ᠮᠡᠳᠡᠭᠡ ᠵᠠᠩᠭᠢ ᠶᠢ ᠢᠯᠡ  ᠪᠣᠯᠭᠠᠬᠤ ᠲᠠᠯ᠎ᠠ ᠪᠠᠷ᠂ ᠠᠷᠠᠳ ᠲᠤ ᠳᠥᠭᠦᠮ  ᠦᠵᠡᠭᠦᠯᠬᠦ ᠦᠢᠯᠡᠴᠢᠯᠡᠭᠡᠨ ᠤ ᠲᠠᠯ᠎ᠠ ᠪᠠᠷ ᠶᠠᠮᠠᠷ ᠶᠠᠮᠠᠷ ᠠᠵᠢᠯ  ᠬᠢᠭᠰᠡᠨ ᠢ ᠲᠠᠨᠢᠯᠴᠠᠭᠤᠯᠤᠭᠠᠳ ᠦᠭᠭᠦᠨ᠎ᠡ ᠤᠤ  ︖                        ᠬᠥᠲᠥᠯᠥᠭᠴᠢ  ᠄      ᠨᠡᠶᠢᠲᠡᠯᠢᠭ ᠵᠢᠱᠢᠶ᠎ᠡ ᠪᠠᠷ ᠬᠦᠲᠦᠯᠦᠨ ᠳᠠᠭᠠᠭᠤᠯᠵᠤ ᠭᠤᠣᠯᠳᠠᠯᠭ᠎ᠠ ᠲᠠᠢ ᠪᠠᠷ  ᠳᠥᠯᠭᠢᠨ ᠠᠬᠢᠭᠤᠯᠬᠤ ᠪᠣᠯ ᠮᠠᠨ ᠤ  ᠲᠤᠰ ᠤᠳᠠᠭᠠᠨ ᠤ ᠰᠤᠷᠪᠤᠯᠵᠢᠯᠠᠭ᠎ᠠ ᠶᠢᠨ ᠭᠤᠣᠯ ᠰᠡᠳᠦᠪ ᠪᠣᠯᠣᠨ᠎ᠠ᠂  ᠤᠯᠠᠭᠠᠨᠬᠠᠳᠠ ᠬᠤᠲᠠ ᠵᠠᠰᠠᠭ ᠤᠨ ᠶᠠᠪᠤᠳᠠᠯ ᠢ ᠢᠯᠡ  ᠪᠣᠯᠭᠠᠬᠤ ᠠᠵᠢᠯ ᠤᠨ ᠨᠡᠶᠢᠲᠡᠯᠢᠭ ᠵᠢᠱᠢᠶ᠎ᠡ ᠶᠢ ᠪᠣᠢ ᠪᠣᠯᠭᠠᠬᠤ  ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠢ  ︖                        ᠹᠧᠩ ᠯᠢ ᠰᠠᠨ  ᠄       ᠣᠶᠢᠷ᠎ᠠ ᠶᠢᠨ ᠵᠢᠯ ᠤᠳ ᠲᠤ᠂ ᠤᠯᠠᠭᠠᠨᠬᠠᠳᠠ ᠬᠤᠲᠠ ᠵᠠᠰᠠᠭ ᠤᠨ ᠶᠠᠪᠤᠳᠠᠯ ᠢ  ᠢᠯᠡ ᠪᠣᠯᠭᠠᠬᠤ ᠠᠵᠢᠯ ᠤᠨ  ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠤᠩᠭᠤᠨ ᠪᠣᠢ ᠪᠣᠯᠭᠠᠬᠤ ᠠᠵᠢᠯ ᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂  ᠨᠡᠶᠢᠲᠡᠯᠢᠭ ᠵᠢᠱᠢᠶ᠎ᠡ ᠪᠠᠷ ᠳᠠᠭᠠᠭᠤᠯᠬᠤ ᠠᠷᠭ᠎ᠠ ᠶᠢ ᠠᠪᠴᠤ᠂ ᠪᠦᠬᠦ ᠤᠯᠤᠰ᠂  ᠪᠦᠬᠦ ᠣᠷᠣᠨ᠂ ᠪᠦᠬᠦ ᠬᠤᠲᠠ ᠶᠢᠨ  ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠨᠢᠭᠡ ᠪᠦᠯᠦᠭ  ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠤᠶᠢᠵᠢᠭᠤᠯᠵᠤ᠂  ᠣᠩᠨᠢᠭᠤᠳ ᠬᠤᠰᠢᠭᠤ ᠶᠢ ᠪᠦᠬᠦ ᠤᠯᠤᠰ ᠤᠨ ᠡᠯᠧᠺᠳ᠋ᠷᠤᠨ  ᠵᠠᠰᠠᠭ ᠤᠨ ᠶᠠᠪᠤᠳᠠᠯ ᠤᠨ ᠲᠠᠪᠴᠠᠩ ᠢᠶᠠᠷ ᠲᠦᠰᠢᠭ ᠪᠣᠯᠭᠠᠨ  ᠰᠢᠶᠠᠨ ᠤ ᠱᠠᠲᠤᠨ ᠤ ᠵᠠᠰᠠᠭ ᠤᠨ ᠶᠠᠪᠤᠳᠠᠯ ᠢ ᠢᠯᠡ  ᠪᠣᠯᠭᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ  ᠴᠢᠩᠭᠠᠳᠬᠠᠬᠤ ᠨᠡᠶᠢᠲᠡᠯᠢᠭ ᠵᠢᠱᠢᠶ᠎ᠡ ᠪᠣᠯᠭᠠᠬᠤ ᠪᠠᠷ  ᠪᠤᠶᠢᠵᠢᠭᠤᠯᠪᠠ᠂ ᠠᠤᠬᠠᠨ ᠬᠤᠰᠢᠭᠤ ᠪᠣᠯ ᠪᠦᠬᠦ ᠤᠯᠤᠰ ᠤᠨ ᠵᠠᠰᠠᠭ ᠤᠨ  ᠶᠠᠪᠤᠳᠠᠯ ᠢ ᠢᠯᠡ ᠪᠣᠯᠭᠠᠬᠤ ᠠᠵᠢᠯ ᠤᠨ  ᠲᠡᠷᠢᠭᠦᠨ ᠤ ᠨᠢᠭᠡᠴᠡ᠂ ᠪᠦᠬᠦ ᠤᠯᠤᠰ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ  ᠵᠢᠱᠢᠶ᠎ᠡ ᠦᠵᠡᠭᠦᠯᠬᠦ ᠴᠢᠭ᠋  ᠪᠠᠶᠢᠵᠤ᠂ ᠬᠠᠷᠠᠴᠢᠨ ᠬᠤᠰᠢᠭᠤ ᠪᠦᠬᠦ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ  ᠵᠢᠱᠢᠶ᠎ᠡ ᠦᠵᠡᠭᠦᠯᠬᠦ  ᠴᠢᠭ᠋ ᠪᠣᠯᠣᠭᠰᠠᠨ ᠤ ᠬᠤᠪᠢ ᠳᠤ᠂ ᠪᠢᠳᠡ ᠡᠳᠡᠭᠡᠷ ᠲᠡᠷᠢᠭᠦᠨ ᠤ ᠨᠡᠶᠢᠲᠡᠯᠢᠭ ᠵᠢᠱᠢᠶ᠎ᠡ ᠨᠦᠭᠦᠳ ᠤᠨ  ᠤᠷᠮᠠᠰᠢᠭᠤᠯᠬᠤ᠂  ᠦᠯᠢᠭᠡᠷ ᠵᠢᠱᠢᠶ᠎ᠡ ᠦᠵᠡᠭᠦᠯᠬᠦ ᠪᠠ ᠤᠳᠤᠷᠢᠳᠤᠮᠵᠢ ᠶᠢᠨ ᠦᠢᠯᠡᠳᠦᠯ ᠢ ᠢᠳᠡᠪᠬᠢᠲᠡᠢ ᠪᠠᠷ ᠪᠠᠳᠠᠷᠠᠭᠤᠯᠵᠤ᠂  ᠴᠢᠭ᠋ ᠢᠶᠠᠷ  ᠨᠡᠶᠢᠳᠡᠮ ᠢ ᠳᠠᠶᠢᠴᠢᠯᠠᠨ᠂ ᠴᠢᠭ᠋ ᠬᠢᠭᠡᠳ ᠨᠡᠶᠢᠳᠡᠮ ᠢ ᠤᠶᠠᠯᠳᠤᠭᠤᠯᠵᠤ᠂ ᠪᠦᠬᠦ ᠬᠤᠲᠠ ᠶᠢᠨ ᠵᠠᠰᠠᠭ ᠤᠨ  ᠶᠠᠪᠤᠳᠠᠯ ᠢ  ᠢᠯᠡ ᠪᠣᠯᠭᠠᠬᠤ ᠠᠵᠢᠯ ᠦᠷᠨᠢᠭᠦᠯᠬᠦ ᠶᠢ ᠲᠦᠯᠬᠢᠨ ᠠᠬᠢᠭᠤᠯᠪᠠ᠃                 ᠬᠥᠲᠥᠯᠥᠭᠴᠢ  ᠄      ᠪᠢᠳᠡᠨ ᠳᠤ ᠡᠳᠡᠭᠡᠷ ᠨᠡᠶᠢᠲᠡᠯᠢᠭ ᠵᠢᠱᠢᠶ᠎ᠡ ᠨᠦᠭᠦᠳ ᠤᠨ ᠰᠠᠶᠢᠨ ᠲᠤᠷᠰᠢᠯᠭ᠎ᠠ᠂  ᠰᠠᠶᠢᠨ ᠠᠷᠭ᠎ᠠ ᠪᠠᠷᠢᠯ ᠢ ᠪᠣᠳᠠᠲᠠᠶ ᠪᠠᠷ  ᠲᠠᠨᠢᠯᠴᠠᠭᠤᠯᠵᠤ ᠥᠭᠭᠦᠨ᠎ᠡ ᠤᠤ  ︖                ᠹᠧᠩ ᠯᠢ ᠰᠠᠨ  ᠄       ᠣᠩᠨᠢᠭᠤᠳ ᠬᠤᠰᠢᠭᠤ ᠪᠦᠬᠦ ᠤᠯᠤᠰ ᠤᠨ ᠡᠯᠧᠺᠳ᠋ᠷᠤᠨ ᠵᠠᠰᠠᠭ ᠤᠨ  ᠶᠠᠪᠤᠳᠠᠯ ᠤᠨ ᠲᠠᠪᠴᠠᠩ ᠢᠶᠠᠷ ᠲᠦᠰᠢᠭ ᠪᠣᠯᠭᠠᠨ  ᠰᠢᠶᠠᠨ ᠤ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ  ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ  ᠴᠢᠩᠭᠠᠳᠬᠠᠬᠤ ᠲᠤᠷᠰᠢᠯᠲᠠ ᠶᠢᠨ ᠴᠢᠭ᠋ ᠪᠣᠯᠣᠭᠰᠠᠨ ᠤ ᠬᠤᠪᠢ ᠳᠤ᠂  ᠣᠶᠢᠷ᠎ᠠ ᠶᠢᠨ ᠵᠢᠯ ᠤᠳ ᠲᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠᠨ  ᠲᠠᠰᠤᠷᠠᠯᠲᠠ ᠦᠭᠡᠶ ᠴᠢᠩᠭᠠᠳᠬᠠᠨ᠂ ᠵᠠᠰᠠᠭ ᠢ ᠴᠤᠮᠬᠠᠳᠬᠠᠨ  ᠡᠷᠬᠡ ᠶᠢ ᠳᠣᠷᠣᠭᠰᠢ ᠪᠠᠭᠤᠯᠭᠠᠬᠤ ᠶᠢ  ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠣᠯᠠᠨ ᠲᠦᠮᠡᠨ ᠳᠤ ᠳᠥᠭᠦᠮ ᠳᠥᠲᠡ  ᠪᠥᠭᠡᠳ ᠦᠨᠳᠦᠷ ᠦᠷ᠎ᠡ  ᠪᠦᠲᠦᠮᠵᠢᠲᠠᠢ᠂ ᠢᠯᠡ ᠲᠤᠲᠤᠷᠬᠠᠢ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ  ᠲᠠᠯ᠎ᠠ ᠪᠠᠷ ᠬᠦᠴᠦ  ᠲᠠᠯᠪᠢᠨ᠂ ᠪᠤᠲᠠᠲᠠᠢ ᠦᠷ᠎ᠡ ᠪᠦᠲᠦᠮᠵᠢ ᠶᠢ ᠡᠷᠬᠢᠮᠯᠡᠵᠦ ᠂ ᠠᠷᠠᠳ ᠲᠤ ᠳᠥᠭᠦᠮ ᠦᠵᠡᠭᠦᠯᠵᠦ ᠠᠷᠠᠳ ᠲᠤ  ᠲᠤᠰᠠᠲᠠᠢ  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠴᠢᠷᠮᠠᠶᠢᠨ ᠪᠠᠶᠢᠭᠤᠯᠵᠤ᠂ ᠨᠡᠶᠢᠭᠡᠮ ᠤᠨ ᠡᠯ᠎ᠡ   ᠡᠲᠡᠭᠡᠳ ᠤᠨ ᠬᠢᠨ ᠤ ᠥᠷᠭᠡᠨ ᠳᠡᠯᠭᠡᠷ ᠨᠣᠲᠠᠯᠠᠯᠲᠠ ᠪᠠ ᠳᠡᠭᠡᠳᠦ ᠬᠡᠮᠵᠢᠶᠡᠨ ᠤ ᠦᠨᠡᠯᠡᠯᠲᠡ ᠶᠢ ᠣᠯᠣᠭᠰᠠᠨ ᠪᠠᠶᠢᠨ᠎ᠠ᠃  ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ︽ᠵᠠᠰᠠᠭ ᠤᠨ ᠣᠷᠳᠣᠨ ᠢᠯᠡ ᠮᠡᠳᠡᠭᠡ  ᠵᠠᠩᠭᠢ︾  ᠪᠠ ︽ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠤᠰᠬᠠᠶ ᠪᠤᠯᠤᠩ ᠢ ᠨᠡᠭᠡᠭᠡᠭᠰᠡᠨ ᠪᠥᠭᠡᠳ ᠵᠠᠰᠠᠭ ᠤᠨ  ᠣᠷᠳᠣᠨ ᠤ  ᠮᠡᠳᠡᠭᠡ ᠵᠠᠩᠭᠢ ᠶᠢᠨ ᠢᠯᠡ ᠪᠣᠯᠭᠠᠭᠰᠠᠨ ᠶᠢ ᠪᠦᠷᠢᠳᠬᠡᠬᠦ ᠪᠠ ᠵᠠᠰᠠᠭ ᠵᠠᠬᠢᠷᠭᠠᠨ ᠤ ᠡᠷᠬᠡ ᠲᠤᠰᠢᠶᠠᠯ ᠤᠨ  ᠵᠦᠢᠯᠡᠰ ᠢ  ᠵᠢᠷᠤᠮᠵᠢᠭᠤᠯᠬᠤ ᠠᠵᠢᠯ ᠢ ᠪᠡᠶᠡᠯᠡᠭᠦᠯᠵᠦ᠂ 2014 ᠣᠨ ᠳᠤ ᠪᠦᠬᠦ ᠬᠤᠰᠢᠭᠤᠨ ᠤ  ᠰᠠᠨᠠᠭᠠᠴᠢᠯᠠᠭ᠎ᠠ ᠠᠴᠠ ᠪᠠᠨ ᠢᠯᠡ  ᠪᠣᠯᠭᠠᠭᠰᠠᠨ ᠮᠡᠳᠡᠭᠡ ᠵᠠᠩᠭᠢ 4130 ᠵᠣᠷᠪᠤᠰ᠂ ᠲᠤᠬᠠᠶᠢᠯᠠᠭᠰᠠᠨ ᠠᠵᠢᠯ ᠤᠨ  ᠬᠥᠳᠡᠯᠦᠩᠭᠦᠶ ᠪᠠᠶᠢᠳᠠᠯ ᠤᠨ ᠲᠥᠷᠥᠯ ᠤᠨ  ᠮᠡᠳᠡᠭᠡ ᠵᠠᠩᠭᠢ 2000 ᠭᠠᠷᠤᠶ ᠵᠣᠷᠪᠤᠰ᠂ ᠵᠠᠰᠠᠭ ᠤᠨ ᠣᠷᠳᠣᠨ  ᠬᠤᠳᠠᠯᠳᠤᠨ ᠠᠪᠬᠤ ᠲᠥᠷᠥᠯ ᠤᠨ ᠮᠡᠳᠡᠭᠡ ᠵᠠᠩᠭᠢ  160 ᠵᠦᠢᠯ ᠪᠠᠶᠢᠵᠤ᠂ ᠵᠠᠰᠠᠭ ᠤᠨ ᠣᠷᠳᠣᠨ ᠤ ᠫᠣᠷᠲ᠋ᠧᠯ  ᠰᠦᠯᠵᠢᠶ᠎ᠡ᠂ ᠣᠯᠠᠨ ᠨᠡᠶᠢᠲᠡ ᠶᠢᠨ ᠡᠷᠢᠵᠦ ᠦᠵᠡᠬᠦ  ᠲᠠᠯᠠᠪᠤᠷ ᠤᠨ ᠰᠤᠷᠪᠤᠯᠵᠢᠯᠠᠭᠰᠠᠨ ᠲᠤᠭ᠎ᠠ 10 ᠭᠠᠷᠤᠢ ᠲᠦᠮᠡᠨ  ᠤᠳᠠᠭ᠎ᠠ ᠳᠤ ᠬᠦᠷᠦᠭᠰᠡᠨ ᠪᠠᠶᠢᠨ᠎ᠠ᠃ ︽ᠬᠠᠰᠤᠬᠤ ᠶᠢ ᠨᠢ  ᠵᠠᠪᠠᠯ ᠬᠠᠰᠤᠵᠤ᠂ ᠳᠤᠷᠤᠭᠰᠢ ᠪᠠᠭᠤᠯᠭᠠᠬᠤ ᠶᠢ ᠨᠢ  ᠵᠠᠪᠠᠯ ᠳᠣᠷᠣᠭᠰᠢ ᠪᠠᠭᠤᠯᠭᠠᠬᠤ︾ ᠵᠠᠷᠴᠢᠮ ᠤᠨ ᠶᠤᠰᠤᠭᠠᠷ᠂ ᠪᠦᠬᠦ  ᠬᠤᠰᠢᠭᠤᠨ ᠤ ᠵᠠᠰᠠᠭ ᠵᠠᠬᠢᠷᠭᠠᠨ ᠤ ᠬᠢᠨᠠᠨ  ᠵᠥᠪᠰᠢᠶᠡᠷᠡᠬᠦ ᠵᠦᠢᠯᠡᠰ ᠢ ᠲᠠᠰᠤᠷᠠᠯᠲᠠ ᠦᠭᠡᠶ ᠵᠢᠷᠤᠮᠵᠢᠭᠤᠯᠤᠨ᠂ ᠬᠦᠴᠦᠨ  ᠦᠭᠡᠶ ᠪᠣᠯᠭᠠᠬᠤ᠂ ᠨᠡᠶᠢᠯᠡᠭᠦᠯᠬᠦ᠂  ᠳᠤᠷᠤᠭᠰᠢ ᠪᠠᠭᠤᠯᠭᠠᠵᠤ᠂ ᠬᠢᠨᠠᠨ ᠵᠥᠪᠰᠢᠶᠡᠷᠡᠬᠦ ᠪᠠᠨ ᠲᠦᠷ ᠵᠣᠭᠰᠤᠭᠠᠬᠤ᠂  ᠦᠢᠯᠡᠴᠢᠯᠡᠭᠡᠨ ᠤ ᠵᠦᠢᠯᠡᠰ ᠢ ᠪᠣᠯᠭᠠᠨ  ᠬᠤᠪᠢᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ  ᠬᠢᠨᠠᠨ ᠵᠥᠪᠰᠢᠶᠡᠷᠡᠬᠦ ᠵᠦᠢᠯᠡᠰ  ᠤᠤᠯ ᠤᠨ 307 ᠵᠦᠢᠯ ᠠᠴᠠ ᠨᠢ 85 ᠵᠦᠢᠯ ᠪᠣᠯᠭᠠᠨ ᠪᠠᠭᠠᠰᠬᠠᠵᠤ᠂ ᠬᠢᠨᠠᠨ  ᠵᠥᠪᠰᠢᠶᠡᠷᠡᠬᠦ ᠡᠭᠦᠷᠭᠡ ᠴᠢᠳᠠᠪᠤᠷᠢ  ᠡᠭᠦᠷᠭᠡᠯᠡᠵᠦ ᠪᠠᠶᠢᠭᠰᠠᠨ ᠰᠠᠯᠠᠭ᠎ᠠ ᠮᠥᠴᠢᠷ ᠤᠤᠯ ᠤᠨ 35 ᠪᠠᠶᠢᠭᠰᠠᠨ ᠠᠴᠠ ᠨᠢ 27  ᠪᠣᠯᠲᠠᠯ᠎ᠠ ᠪᠠᠭᠠᠰᠬᠠᠭᠰᠠᠨ ᠤ  ᠬᠠᠮᠲᠤ 2356 ᠵᠦᠢᠯ ᠡᠷᠬᠡ ᠶᠢᠨ ᠨᠠᠷᠢᠨ ᠳᠠᠩᠰᠠ ᠶᠢ ᠪᠦᠬᠦ ᠨᠡᠶᠢᠭᠡᠮ ᠳᠤ ᠨᠡᠶᠢᠲᠡᠯᠡᠪᠡ᠃  2014 ᠣᠨ ᠤ 3  ᠳ᠋ᠤᠭᠠᠷ ᠰᠠᠷ᠎ᠠ ᠶᠢᠨ 28 ᠤ ᠡᠳᠦᠷ᠂ ᠯᠢ ᠺᠧ ᠴᠢᠶᠠᠩ ᠶᠡᠷᠦᠩᠬᠡᠶ ᠰᠠᠶᠢᠳ ᠣᠩᠨᠢᠭᠤᠳ ᠬᠤᠰᠢᠭᠤᠨ ᠤ  ᠵᠠᠰᠠᠭ ᠤᠨ  ᠶᠠᠪᠤᠳᠠᠯ ᠤᠨ ᠦᠢᠯᠡᠴᠢᠯᠡᠭᠡᠨ ᠤ ᠲᠥᠪ ᠢ ᠪᠠᠶᠢᠴᠠᠭᠠᠨ ᠦᠵᠡᠬᠦ ᠳᠡᠭᠡᠨ᠂ ᠣᠩᠨᠢᠭᠤᠳ ᠬᠤᠰᠢᠭᠤᠨ ᠤ ᠵᠠᠰᠠᠭ ᠢ   ᠴᠤᠮᠬᠠᠳᠬᠠᠨ ᠡᠷᠬᠡ ᠶᠢ ᠳᠣᠷᠣᠭᠰᠢ ᠪᠠᠭᠤᠯᠭᠠᠭᠰᠠᠨ ᠠᠵᠢᠯ ᠢ ᠭᠦᠢᠴᠡᠳ ᠨᠣᠲᠠᠯᠠᠵᠠᠢ᠃ ᠡᠭᠦᠨ ᠠᠴᠠ ᠭᠠᠳᠠᠨ᠎ᠠ᠂   ᠣᠩᠨᠢᠭᠤᠳ ᠬᠤᠰᠢᠭᠤᠨ ᠤ ᠭᠠᠵᠠᠷ ᠨᠤᠲᠤᠭ ᠦᠷᠭᠡᠨ ᠠᠭᠤᠳᠠᠮ ᠬᠥᠮᠦᠨ ᠠᠮᠠ ᠴᠥᠭᠡᠨ ᠪᠠᠶᠢᠭ᠎ᠠ ᠪᠣᠳᠠᠲᠠᠶ  ᠪᠠᠶᠢᠳᠠᠯ ᠢ  ᠦᠨᠳᠦᠰᠦᠯᠡᠨ᠂ ᠣᠯᠠᠨ ᠲᠦᠮᠡᠨ ᠣᠶᠢᠷ᠎ᠠ ᠬᠠᠪᠢ ᠳᠠᠭᠠᠨ ᠠᠵᠢᠯ ᠶᠠᠪᠤᠳᠠᠯ ᠭᠦᠢᠴᠡᠳᠬᠡᠬᠦ ᠳᠤ ᠳᠦᠭᠦᠮ  ᠪᠣᠯᠭᠠᠬᠤ ᠶᠢᠨ  ᠲᠤᠰᠠᠳᠠ᠂ ᠤᠷᠢᠳ ᠬᠤᠵᠢᠳ ᠰᠣᠮᠣ ᠶᠢᠨ ᠱᠠᠲᠤᠨ ᠤ ᠠᠷᠠᠳ ᠲᠤ ᠳᠥᠭᠦᠮ ᠦᠵᠡᠭᠦᠯᠬᠦ 13  ᠦᠢᠯᠡᠴᠢᠯᠡᠭᠡᠨ ᠤ ᠲᠥᠪ᠂  ᠭᠠᠴᠠᠭᠠᠨ ᠤ ᠱᠠᠲᠤᠨ ᠤ ᠣᠯᠠᠨ ᠲᠦᠮᠡᠨ ᠳᠤ ᠳᠥᠭᠦᠮ ᠦᠵᠡᠭᠦᠯᠬᠦ 160  ᠦᠢᠯᠡᠴᠢᠯᠡᠬᠦ ᠴᠢᠭ᠋ ᠪᠠᠶᠢᠭᠤᠯᠵᠤ᠂ ︽ ᠬᠦᠨᠳᠡᠯᠡᠨ ᠭᠤᠯᠳᠤ ᠨᠡᠶᠢᠳᠡᠮ ᠳᠤᠨᠢ ᠬᠠᠮᠤᠷᠤᠭᠰᠠᠨ︾ ᠲᠣᠣᠷᠴᠢᠯᠠᠭᠰᠠᠨ  ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ  ᠪᠡᠶᠡᠯᠡᠭᠦᠯᠵᠦ᠂ ᠣᠯᠠᠨ ᠲᠦᠮᠡᠨ ᠠᠵᠢᠯ ᠶᠠᠪᠤᠳᠠᠯ ᠰᠢᠢᠳᠪᠦᠷᠢᠯᠡᠬᠦ ᠳᠤ  ᠳᠤᠮᠳᠠᠴᠢ ᠪᠠᠷ 50% ᠠᠴᠠ ᠳᠡᠭᠡᠭᠰᠢᠬᠢ ᠴᠠᠭ  ᠠᠷᠪᠢᠯᠠᠵᠤ᠂ ᠠᠵᠢᠯ ᠶᠠᠪᠤᠳᠠᠯ ᠰᠢᠢᠳᠪᠦᠷᠢᠯᠡᠬᠦ ᠵᠠᠮ ᠤᠨ  ᠥᠪᠡᠷ ᠤᠨ ᠥᠷᠲᠡᠭ ᠢ 80% ᠣᠷᠴᠢᠮ ᠠᠷᠪᠢᠯᠠᠵᠠᠢ᠃ ᠹᠧᠩ ᠯᠢ  ᠰᠠᠨ᠄ ᠠᠤᠬᠠᠨ ᠬᠤᠰᠢᠭᠤ ᠪᠣᠯ ᠪᠦᠬᠦ  ᠤᠯᠤᠰ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠡᠷᠢᠭᠦᠨ ᠤ  ᠨᠢᠭᠡᠴᠡ᠂ ᠪᠦᠬᠦ ᠤᠯᠤᠰ ᠤᠨ  ᠵᠠᠰᠠᠭ ᠤᠨ ᠶᠠᠪᠤᠳᠠᠯ ᠢ ᠢᠯᠡ ᠪᠣᠯᠭᠠᠬᠤ ᠵᠢᠱᠢᠶ᠎ᠡ ᠦᠵᠡᠭᠦᠯᠬᠦ ᠴᠢᠭ᠋ ᠪᠠᠶᠢᠵᠤ᠂ ᠣᠯᠠᠨ  ᠵᠢᠯ ᠤᠨ ᠲᠤᠷᠰᠢ ᠪᠣᠳᠠᠲᠠᠶ  ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠳᠤᠮᠳᠠ᠂ ᠭᠤᠣᠯᠳᠠᠯᠭ᠎ᠠ ᠶᠢ ᠳᠣᠪᠤᠶᠢᠯᠭᠠᠨ᠂  ᠳᠦᠷᠢᠮ ᠤᠨ  ᠪᠠᠲᠤᠯᠠᠭ᠎ᠠ ᠲᠠᠢ ᠲᠠᠪᠴᠠᠩ ᠤᠨ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠪᠠᠶᠢᠭᠤᠯᠵᠤ᠂ ᠵᠠᠰᠠᠭ  ᠵᠠᠬᠢᠷᠭᠠᠨ ᠤ  ᠠᠵᠢᠯᠯᠠᠭ᠎ᠠ ᠶᠢ ᠵᠢᠷᠤᠮᠵᠢᠭᠤᠯᠤᠨ᠂ ᠬᠠᠤᠯᠢ ᠶᠣᠰᠣᠭᠠᠷ ᠢᠯᠡ ᠪᠣᠯᠭᠠᠬᠤ ᠶᠢ ᠴᠢᠩᠳᠠᠯᠠᠵᠤ᠂ ᠠᠷᠠᠳ ᠲᠤ  ᠳᠥᠭᠦᠮ  ᠦᠵᠡᠭᠦᠯᠦᠨ ᠠᠷᠠᠳ ᠲᠤ ᠠᠰᠢᠭ ᠬᠦᠷᠲᠡᠭᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠦᠢᠯᠡᠴᠢᠯᠡᠭᠡᠨ ᠤ   ᠴᠣᠩᠬᠤ ᠶᠢᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠦᠨᠡᠨᠴᠢ ᠢᠲᠡᠭᠡᠮᠵᠢᠲᠡᠶ᠂ ᠵᠢᠷᠤᠮᠵᠢᠭᠰᠠᠨ᠂ ᠠᠷᠢᠭᠤᠨ  ᠴᠢᠬᠡᠴᠢ᠂  ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠷ ᠰᠢᠨ᠎ᠡ ᠬᠡᠪ ᠪᠠᠶᠢᠳᠠᠯ ᠢ ᠪᠣᠢ  ᠪᠣᠯᠭᠠᠵᠤ᠂ ᠣᠯᠠᠨ  ᠲᠦᠮᠡᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ ᠨᠢᠭᠡ ᠳᠤ ᠬᠠᠲᠠᠭᠤ ᠵᠥᠭᠡᠯᠡᠨ  ᠬᠡᠷᠡᠭᠰᠡᠯ ᠤᠨ ᠪᠦᠲᠦᠭᠡᠨ  ᠪᠠᠶᠢᠭᠤᠯᠤᠯᠲᠠ ᠶᠢ ᠴᠢᠬᠤᠯᠠᠴᠢᠯᠠᠨ᠂ ᠰᠠᠭᠤᠷᠢ ᠪᠡᠯᠡᠳᠬᠡᠮᠵᠢ ᠶᠢᠨ ᠲᠠᠯ᠎ᠠ ᠶᠢᠨ ᠬᠥᠮᠥᠡᠯᠢᠭ  ᠴᠢᠨᠠᠷ ᠢ ᠪᠡᠶᠡᠯᠡᠭᠦᠯᠪᠡ᠃ ᠵᠠᠰᠠᠭ  ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ᠂ ᠡᠯᠧᠺᠳ᠋ᠷᠣᠨ ᠬᠢᠨᠠᠨ ᠪᠠᠶᠢᠴᠠᠭᠠᠬᠤ  ᠰᠢᠰᠲ᠋ᠧᠮ᠂ ᠵᠠᠰᠠᠭ ᠵᠠᠬᠢᠷᠭᠠᠨ ᠤ ᠬᠢᠨᠠᠨ  ᠵᠥᠪᠰᠢᠶᠡᠷᠡᠬᠦ ᠰᠦᠯᠵᠢᠶᠡᠨ ᠤ ᠰᠢᠰᠲ᠋ᠧᠮ᠂ ᠦᠨᠡᠯᠡᠯᠲᠡ ᠢᠶᠠᠷ ᠰᠢᠰᠲ᠋ᠧᠮ  ᠵᠡᠷᠭᠡ ᠢᠨᠵᠧᠨᠧᠷᠢᠩ ᠢ ᠪᠠᠶᠢᠭᠤᠯᠵᠤ᠂ ᠮᠡᠳᠡᠭᠡ  ᠵᠠᠩᠭᠢᠴᠢᠯᠠᠭᠰᠠᠨ ᠦᠢᠯᠡᠴᠢᠯᠡᠭᠡ ᠶᠢ ᠣᠷᠣᠨ ᠪᠠᠶᠢᠷᠢ ᠳᠤᠨᠢ  ᠬᠦᠷᠦᠭᠦᠯᠪᠡ  ᠃ 2 ᠲᠦᠮᠡᠨ ︽ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠵᠦᠭᠯᠡᠭᠦᠷ︾ ᠤᠨ ᠭᠠᠷ ᠳᠡᠪᠲᠡᠷ  ᠳᠠᠷᠤᠮᠠᠯᠯᠠᠨ᠂ ᠪᠦᠬᠦ ᠬᠤᠰᠢᠭᠤᠨ ᠤ ᠰᠤᠮᠤ᠂ ᠭᠠᠴᠠᠭ᠎ᠠ᠂ ᠳᠤᠭᠤᠶᠢᠯᠠᠩ  ᠂ ᠠᠵᠤ ᠠᠬᠤᠶᠢᠯᠠᠯ ᠪᠣᠯᠣᠨ ᠬᠤᠪᠢ ᠶᠢᠨ  ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠦᠷᠲᠡᠯ᠎ᠡ ᠲᠠᠷᠬᠠᠭᠠᠵᠤ᠂  ᠦᠢᠯᠡᠴᠢᠯᠡᠭᠡᠨ ᠤ ᠴᠣᠩᠬᠤ ᠵᠢᠯ  ᠪᠦᠷᠢ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠪᠢᠴᠢᠭ ᠢ ᠲᠦᠮᠡ ᠰᠢᠬᠠᠮ ᠬᠤᠪᠢ  ᠲᠠᠷᠬᠠᠭᠠᠵᠤ ᠪᠤᠢ  ᠃ ᠠᠤᠬᠠᠨ  ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠰᠦᠯᠵᠢᠶ᠎ᠡ ᠶᠢ ᠠᠤᠬᠠᠨ  ᠬᠤᠰᠢᠭᠤᠨ ᠤ  ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠯᠦᠭᠡ ᠪᠦᠬᠦ ᠱᠤᠭᠤᠮ ᠢᠶᠠᠷ ᠴᠦᠷᠬᠡᠯᠡᠵᠦ᠂ ᠰᠦᠯᠵᠢᠶᠡᠨ  ᠳᠡᠭᠡᠷ᠎ᠡ  ᠤᠷᠢᠳᠴᠢᠯᠠᠨ ᠬᠢᠨᠠᠬᠤ᠂ ᠭᠦᠢᠴᠡᠳᠬᠡᠭᠰᠡᠨ ᠵᠦᠢᠯ ᠢ ᠠᠰᠠᠭᠤᠨ ᠯᠠᠪᠯᠠᠬᠤ᠂ ᠬᠢᠨᠠᠨ ᠵᠥᠪᠰᠢᠶᠡᠷᠡᠯ ᠤᠨ ᠬᠦᠳᠡᠯᠦᠩᠭᠦᠢ   ᠪᠠᠶᠢᠳᠠᠯ᠂ ᠰᠦᠯᠵᠢᠶᠡᠨ ᠳᠡᠭᠡᠷ᠎ᠡ ᠵᠥᠪᠯᠡᠯᠭᠡ ᠠᠪᠤᠨ ᠵᠠᠭᠠᠯᠳᠤᠯᠭ᠎ᠠ ᠬᠢᠬᠦ᠂ ᠣᠯᠠᠨ ᠲᠦᠮᠡᠨ ᠤ ᠬᠠᠨᠤᠮᠵᠢ ᠶᠢᠨ  ᠬᠡᠮᠵᠢᠶ᠎ᠡ ᠶᠢ  ᠰᠢᠯᠭᠠᠨ ᠬᠡᠮᠵᠢᠬᠦ᠂ ᠣᠯᠠᠨ ᠲᠦᠮᠡᠨ ᠳᠤ ᠳᠥᠭᠦᠮ ᠦᠵᠡᠭᠦᠯᠬᠦ ᠦᠢᠯᠡᠴᠢᠯᠡᠭᠡ ᠶᠢ ᠡᠷᠢᠨ ᠯᠠᠪᠯᠠᠬᠤ᠂  ᠮᠡᠳᠡᠭᠡ ᠵᠠᠩᠭᠢ  ᠨᠡᠶᠢᠲᠡᠯᠡᠬᠦ ᠪᠠ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠴᠢᠳᠠᠮᠵᠢ ᠶᠢ ᠪᠡᠶᠡᠯᠡᠭᠦᠯᠪᠡ᠃  ᠬᠤᠶᠠᠷ ᠲᠤ ᠴᠢᠭ᠋ ᠱᠤᠭᠤᠮ  ᠲᠠᠯ᠎ᠠ ᠶᠢᠨ ᠦᠢᠯᠡᠴᠢᠯᠡᠭᠡ ᠶᠢ ᠳᠣᠪᠤᠶᠢᠯᠭᠠᠨ᠂ ᠵᠠᠰᠠᠭ ᠤᠨ ᠶᠠᠪᠤᠳᠠᠯ ᠤᠨ ᠬᠢᠨᠠᠨ  ᠵᠥᠪᠰᠢᠶᠡᠷᠡᠯ ᠢ ᠴᠢᠨᠠᠷ ᠰᠠᠶᠢᠲᠠᠢ  ᠪᠣᠯᠭᠠᠬᠤ ᠶᠢ ᠪᠡᠶᠡᠯᠡᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ᠂  ᠠᠤᠬᠠᠨ ᠬᠤᠰᠢᠭᠤ ᠴᠤᠪᠤᠷᠠᠯ ᠢ  ᠰᠢᠯᠢᠳᠡᠭᠵᠢᠬᠦᠯᠬᠦ᠂ ᠳᠡᠰ ᠳᠠᠷᠠᠭᠠᠯᠠᠯ ᠢ ᠳᠦᠭᠦᠮᠴᠢᠯᠡᠬᠦ᠂ ᠬᠤᠭᠤᠴᠠᠭ᠎ᠠ ᠬᠢᠵᠠᠭᠠᠷ ᠢ  ᠪᠣᠭᠤᠨᠢᠰᠬᠠᠬᠤ ᠲᠠᠯ᠎ᠠ ᠪᠠᠷ ᠬᠦᠴᠦᠯᠡᠵᠦ᠂  ᠠᠷᠠᠳ ᠲᠤ ᠳᠥᠭᠦᠮ ᠦᠵᠡᠭᠦᠯᠵᠦ ᠠᠷᠠᠳ ᠲᠤ ᠲᠤᠰᠠ ᠬᠦᠷᠭᠡᠬᠦ ᠶᠢ  ᠪᠡᠶᠡᠯᠡᠭᠦᠯᠦᠨ᠂ ᠭᠡᠷᠡᠴᠢ ᠦᠨᠡᠮᠯᠡᠯ ᠢ ︽ᠤᠷᠢᠳᠠᠪᠡᠷ  ᠨᠡᠮᠡᠵᠦ ᠬᠡᠪᠯᠡᠭᠦ︾ ᠳᠡᠰ ᠳᠠᠷᠠᠭᠠᠯᠠᠯ ᠢ ᠶᠠᠪᠤᠭᠤᠯᠵᠤ᠂ ᠬᠢᠨᠠᠨ  ᠵᠥᠪᠰᠢᠶᠡᠷᠡᠬᠦ ᠨᠢᠭᠡᠴᠡ ᠤᠷᠢᠳᠠᠪᠠᠷ ᠲᠠᠮᠠᠭ᠎ᠠ ᠳᠠᠷᠤᠭᠰᠠᠨ  ᠭᠡᠷᠡᠴᠢ ᠦᠨᠡᠮᠯᠡᠯ ᠢ ᠦᠢᠯᠡᠴᠢᠯᠡᠭᠡᠨ ᠤ ᠴᠣᠩᠬᠤᠨ ᠳᠤ  ᠬᠠᠳᠠᠭᠠᠯᠠᠨ ᠲᠠᠯᠪᠢᠵᠤ᠂ ︽ᠬᠢᠨᠠᠵᠤ ᠬᠠᠷᠭᠤᠭᠤᠯᠬᠤ︾ ᠪᠠᠷ  ᠳᠠᠮᠵᠢᠭᠠᠳ ᠬᠢᠨᠠᠨ ᠵᠥᠪᠰᠢᠶᠡᠷᠡᠬᠦ ᠱᠠᠭᠠᠷᠳᠠᠯᠭ᠎ᠠ ᠲᠠᠢ  ᠨᠡᠶᠢᠴᠡᠵᠦ ᠪᠠᠶᠢᠪᠠᠯ᠂ ᠠᠵᠢᠯ ᠶᠠᠪᠤᠳᠠᠯ ᠰᠢᠢᠳᠪᠦᠷᠢᠯᠡᠬᠦ ᠣᠯᠠᠨ ᠲᠦᠮᠡᠨ  ᠡᠯ᠎ᠡ ᠲᠥᠷᠥᠯ ᠤᠨ ᠡᠵᠡᠩᠨᠡᠯᠲᠡ ᠶᠢᠨ  ᠦᠨᠡᠮᠯᠡᠯ ᠢ ᠰᠢᠭᠤᠳ ᠠᠪᠴᠤ ᠪᠣᠯᠤᠨ᠎ᠠ᠃ ᠭᠤᠷᠪᠠ ᠳᠤ ᠬᠠᠮᠢᠶᠠᠷᠬᠤ ᠬᠢᠨᠠᠵᠤ  ᠡᠵᠡᠮᠳᠡᠬᠦ ᠵᠠᠭᠪᠤᠷ ᠤᠨ ᠰᠢᠨ᠎ᠡ ᠶᠢ  ᠡᠭᠦᠳᠴᠦ᠂ ᠬᠢᠵᠦ ᠠᠵᠢᠯᠯᠠᠭᠤᠯᠬᠤ ᠶᠢᠨ ᠵᠢᠷᠤᠮᠵᠢᠭᠤᠯᠤᠯᠲᠠ ᠶᠢ ᠪᠡᠶᠡᠯᠡᠭᠦᠯᠪᠡ᠃  ᠬᠠᠮᠢᠶᠠᠷᠤᠯᠲᠠ ᠶᠢᠨ ᠪᠠᠶᠢᠭᠤᠯᠤᠯ᠂  ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ ᠤᠨ  ᠰᠤᠷᠲᠠᠯ ᠢᠶᠠᠨ  ᠲᠠᠰᠤᠷᠠᠯᠲᠠ ᠦᠭᠡᠶ ᠬᠠᠯᠠᠨ ᠰᠠᠶᠢᠵᠢᠷᠠᠭᠤᠯᠵᠤ᠂ ᠴᠣᠩᠬᠤᠪᠴᠢ ᠦᠢᠯᠡᠴᠢᠯᠡᠭᠡᠨ ᠢ ᠵᠢᠷᠤᠮᠵᠢᠭᠤᠯᠪᠠ᠃    ᠬᠥᠲᠥᠯᠥᠭᠴᠢ  ᠄ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠶᠠᠮᠠᠷ ᠶᠠᠮᠠᠷ   ᠲᠡᠭᠦᠯᠳᠡᠷᠵᠢᠭᠦᠯᠬᠦ ᠴᠢᠬᠤᠯᠠᠲᠠᠢ ᠠᠵᠢᠯ ᠪᠠᠶᠢᠭ᠎ᠠ ᠪᠤᠶ︖                      ᠹᠧᠩ ᠯᠢ ᠰᠠᠨ᠄       ᠮᠠᠨ ᠤ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠵᠣᠬᠢᠬᠤ  ᠠᠮᠵᠢᠯᠲᠠ ᠣᠯᠪᠠ᠂ ᠭᠡᠪᠡᠴᠦ  ᠪᠤᠳᠠᠲᠠᠢ ᠠᠵᠢᠯ ᠤᠨ ᠳᠤᠮᠳᠠ ᠪᠠᠰᠠ ᠠᠰᠠᠭᠤᠳᠠᠯ ᠤᠳ ᠣᠷᠣᠰᠢᠵᠤ ᠪᠤᠢ᠂ ᠭᠤᠣᠯ  ᠢᠯᠡᠷᠡᠯ ᠨᠢ ᠭᠡᠪᠡᠯ᠄ ᠨᠢᠭᠡ ᠳᠤ  ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠦᠷᠨᠢᠯᠲᠡ ᠨᠢ ᠲᠡᠩᠴᠡᠭᠦᠷᠢ  ᠦᠭᠡᠶ᠂ ᠲᠦᠷᠦᠭᠦᠯᠡᠬᠦ ᠰᠠᠯᠠᠭ᠎ᠠ ᠮᠥᠴᠢᠷ  ᠬᠢᠭᠡᠳ ᠬᠠᠮᠵᠢᠯᠴᠠᠬᠤ ᠰᠠᠯᠠᠭ᠎ᠠ ᠮᠥᠴᠢᠷ᠂ ᠲᠦᠷᠦᠭᠦᠯᠡᠬᠦ ᠰᠠᠯᠠᠭ᠎ᠠ  ᠮᠥᠴᠢᠷ ᠬᠢᠭᠡᠳ ᠦᠨᠳᠦᠰᠦᠨ ᠱᠠᠲᠤᠨ ᠤ ᠨᠢᠭᠡᠴᠡ ᠶᠢᠨ  ᠬᠤᠭᠤᠷᠣᠨᠳᠣᠬᠢ ᠬᠠᠮᠵᠢᠯᠴᠠᠨ ᠵᠣᠬᠢᠴᠠᠭᠤᠯᠬᠤ ᠶᠢ  ᠴᠢᠩᠭᠠᠳᠬᠠᠬᠤ ᠴᠢᠬᠤᠯᠠᠲᠠᠶ ᠪᠠᠶᠢᠨ᠎ᠠ ︔ ᠬᠤᠶᠠᠷ ᠲᠤ ᠵᠠᠰᠠᠭ ᠤᠨ  ᠶᠠᠪᠤᠳᠠᠯ ᠢ ᠢᠯᠡ ᠪᠣᠯᠭᠠᠬᠤ ᠠᠵᠢᠯ ᠤᠨ  ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠᠲᠠᠢ ᠪᠠᠶᠢᠨ᠎ᠠ᠃ ᠡᠯ᠎ᠡ  ᠭᠠᠵᠠᠷ ᠣᠷᠣᠨ ᠪᠣᠯᠤᠨ ᠰᠠᠯᠠᠭ᠎ᠠ  ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠡᠭᠦᠷᠭᠡᠯᠡᠵᠦ ᠪᠠᠶᠢᠭ᠎ᠠ  ᠬᠥᠮᠦᠰ ᠤᠨ ᠣᠯᠠᠩᠬᠢ ᠨᠢ  ᠲᠤᠰᠢᠶᠠᠯ ᠬᠠᠪᠰᠤᠷᠭᠠᠵᠤ᠂ ᠠᠵᠢᠯᠲᠠᠨ ᠨᠢ ᠦᠷᠭᠦᠯᠵᠢ ᠬᠤᠪᠢᠷᠠᠨ᠂ ᠠᠵᠢᠯ ᠦᠷᠨᠢᠭᠦᠯᠬᠦ ᠳᠤ  ᠵᠣᠬᠢᠬᠤ ᠬᠦᠴᠢᠷᠳᠡᠯ  ᠣᠷᠣᠰᠢᠵᠤ ᠪᠠᠶᠢᠨ᠎ᠠ  ᠃ ᠭᠤᠷᠪᠠ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠳᠠᠬᠢ ᠬᠢᠨᠠᠯᠲᠠ  ᠲᠠᠯᠪᠢᠵᠤ  ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠬᠦ ᠴᠢᠬᠤᠯᠠᠲᠠᠢ ᠪᠠᠶᠢᠵᠤ᠂ ᠰᠢᠯᠭᠠᠨ ᠬᠢᠨᠠᠵᠤ ᠦᠨᠡᠯᠡᠯᠲᠡ ᠬᠢᠬᠦ   ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠬᠦ ᠴᠢᠬᠤᠯᠠᠲᠠᠢ ᠪᠠᠶᠢᠨ᠎ᠠ᠃ ᠳᠥᠷᠪᠡ ᠳᠤ ᠭᠤᠶᠤᠴᠢᠯᠠᠯ  ᠶᠣᠰᠣᠭᠠᠷ  ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠴᠢᠬᠤᠯᠠᠲᠠᠶ ᠪᠠᠶᠢᠨ᠎ᠠ᠃  ᠳᠠᠷᠠᠭᠠᠴᠢ ᠶᠢᠨ ᠠᠯᠬᠤᠮ ᠳᠤ᠂  ᠮᠠᠨ ᠤ ᠬᠤᠲᠠ ᠭᠤᠣᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ ᠢᠯᠡ  ᠪᠣᠯᠭᠠᠬᠤ ᠶᠢ ᠴᠢᠩᠭᠠᠳᠬᠠᠬᠤ᠂ ᠭᠤᠶᠤᠴᠢᠯᠠᠯ  ᠶᠣᠰᠣᠭᠠᠷ ᠢᠯᠡ ᠪᠣᠯᠭᠠᠬᠤ ᠶᠢ ᠰᠠᠶᠢᠲᠤᠷ ᠬᠢᠬᠦ᠂ ᠵᠠᠰᠠᠭ ᠤᠨ  ᠶᠠᠪᠤᠳᠠᠯ ᠢ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢ  ᠴᠢᠩᠭᠠᠳᠬᠠᠬᠤ ᠵᠢᠴᠢ ᠳᠦᠷᠢᠮ ᠤᠨ ᠪᠠᠶᠢᠭᠤᠯᠤᠯᠲᠠ  ᠪᠣᠯᠣᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ  ᠲᠠᠯ᠎ᠠ ᠠᠴᠠ ᠪᠦᠬᠦ ᠬᠤᠲᠠ ᠶᠢᠨ ᠵᠠᠰᠠᠭ ᠤᠨ  ᠶᠠᠪᠤᠳᠠᠯ ᠢ ᠢᠯᠡ ᠪᠣᠯᠭᠠᠬᠤ ᠠᠵᠢᠯ ᠢ ᠳᠥᠯᠭᠢᠨ ᠠᠬᠢᠭᠤᠯᠵᠤ᠂ ᠳᠠᠬᠢᠨ ᠰᠢᠨ᠎ᠡ  ᠳᠡᠭᠲᠡᠷ ᠲᠤ ᠭᠠᠷᠭᠠᠬᠤ ᠪᠣᠯᠣᠨ᠎ᠠ᠃                        ᠬᠥᠲᠥᠯᠥᠭᠴᠢ᠄       ᠹᠧᠩ ᠡᠷᠬᠢᠯᠡᠭᠴᠢ ᠶᠢᠨ ᠲᠠᠨᠢᠯᠴᠠᠭᠤᠯᠭ᠎ᠠ ᠪᠠᠷ ᠳᠠᠮᠵᠢᠭᠠᠳ᠂ ᠪᠢᠳᠠ  ᠤᠯᠠᠭᠠᠨᠬᠠᠳᠠ ᠬᠤᠲᠠ ᠶᠢᠨ ᠵᠠᠰᠠᠭ ᠤᠨ  ᠶᠠᠪᠤᠳᠠᠯ ᠢ ᠢᠯᠡ ᠪᠣᠯᠭᠠᠬᠤ ᠠᠵᠢᠯ ᠳᠤ ᠪᠦᠬᠦ ᠲᠠᠯ᠎ᠠ ᠶᠢᠨ  ᠣᠶᠢᠯᠠᠭᠠᠯᠲᠠ ᠲᠠᠢ ᠪᠣᠯᠵᠤ᠂ ᠪᠠᠰᠠ ᠤᠯᠠᠭᠠᠨᠬᠠᠳᠠ ᠬᠤᠲᠠ  ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ  ᠬᠢᠷᠢ ᠬᠡᠮᠵᠢᠶ᠎ᠡ ᠶᠢ ᠲᠠᠰᠤᠷᠠᠯᠲᠠ ᠦᠭᠡᠶ ᠳᠡᠭᠡᠭᠰᠢᠯᠡᠭᠦᠯᠬᠦ ᠶᠢᠨ  ᠲᠣᠭᠤᠷᠢᠨ ᠳᠤ᠂ ᠣᠯᠠᠨ ᠲᠦᠮᠡᠨ ᠳᠤ ᠴᠠᠭ  ᠲᠤᠬᠠᠶ ᠳᠤᠨᠢ᠂ ᠳᠥᠭᠦᠮ ᠳᠦᠳᠡ᠂ ᠣᠨᠣᠪᠴᠢᠲᠠᠶ ᠦᠢᠯᠡᠴᠢᠯᠡᠭᠡ ᠶᠢ ᠦᠨᠡᠨᠬᠦ  ᠬᠠᠩᠭᠠᠵᠤ᠂ ᠦᠨᠡᠨᠬᠦ ᠠᠷᠠᠳ ᠲᠤ  ᠳᠣᠲᠣᠨᠣ ᠪᠠᠶᠢᠬᠤ᠂ ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ  ᠬᠦᠷᠲᠡᠭᠡᠭᠰᠡᠨ ᠢ ᠣᠯᠵᠣ ᠬᠠᠷᠠᠯ᠎ᠠ᠃  ᠹᠧᠩ ᠡᠷᠬᠢᠯᠡᠭᠴᠢ ᠶᠢᠨ ᠬᠠᠯᠠᠰᠢᠷᠠᠯ ᠦᠭᠡᠢ ᠲᠠᠶᠢᠯᠪᠤᠷᠢᠯᠠᠭᠰᠠᠨ ᠳᠤ ᠲᠠᠯᠠᠷᠬᠠᠵᠤ  ᠪᠠᠶᠢᠨ᠎ᠠ᠂ ᠮᠦᠨᠴᠦ ᠰᠦᠯᠵᠢᠶᠡᠨ  ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠃ ᠴᠠᠭ ᠤᠨ  ᠬᠠᠷᠠᠭ᠎ᠠ ᠪᠠᠷ᠂ ᠲᠤᠰ  ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠫᠷᠦᠭᠷᠠᠮ ᠳᠤ  ᠪᠠᠶᠠᠷᠲᠠᠶ  ᠵᠣᠯᠭᠠᠶ᠎ᠠ  ︕    
 
ᠢᠷᠡᠯᠲᠡ᠄ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号