ᠵᠠᠰᠠᠭ ᠤᠨ ᠣᠷᠳᠣᠨ ᠤ ᠣᠷᠤᠯᠠᠭᠴᠢ ᠳᠠᠷᠤᠭ᠎ᠠ᠄ ᠮᠦᠩᠬᠡᠳᠠᠯᠠᠢ
ᠨᠡᠶᠢᠲᠡᠯᠡᠭᠰᠡᠨ ᠴᠠᠭ᠄
2015/9/25
ᠵᠠᠰᠠᠭ ᠤᠨ ᠣᠷᠳᠣᠨ ᠤ ᠣᠷᠤᠯᠠᠭᠴᠢ ᠳᠠᠷᠤᠭ᠎ᠠ᠄ ᠮᠦᠩᠬᠡᠳᠠᠯᠠᠢᠠᠵᠢᠯ ᠤᠨ ᠬᠤᠪᠢᠶᠠᠷᠢ         ᠬᠤᠰᠢᠭᠤ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠬᠠᠷᠢᠭᠤᠴᠠᠨ᠎ᠠ᠃ᠲᠣᠪᠴᠢ ᠨᠠᠮᠲᠠᠷ         ᠮᠦᠩᠬᠡᠳᠠᠯᠠᠢ᠂ ᠡᠷᠡᠭᠲᠡᠢ᠂ ᠮᠣᠩᠭᠤᠯ ᠦᠨᠳᠦᠰᠦᠲᠡᠨ᠂ 1967 ᠣᠨ ᠤ 1 ᠰᠠᠷ᠎ᠠ ᠳᠤ ᠥᠪᠥᠷ ᠮᠣᠩᠭᠤᠯ ᠤᠨ ᠪᠠᠭᠠᠷᠢᠨ ᠪᠠᠷᠠᠭᠤᠨ ᠬᠤᠰᠢᠭᠤᠨ ᠳᠤ ᠲᠥᠷᠥᠪᠡ᠃ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠃ 1989 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠪᠡ᠃ ᠣᠳᠣ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠤᠷᠢᠶ᠎ᠠ ᠶᠢᠨ ᠳᠡᠳ᠋ ᠱᠦᠵᠢ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠣᠷᠤᠯᠠᠭᠴᠢ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠢ᠃         1985 ᠣᠨ ᠤ 9 ᠰᠠᠷ᠎ᠠ — 1989 ᠣᠨ ᠤ 7 ᠰᠠᠷ᠎ᠠ ᠪᠣᠯᠲᠠᠯ᠎ᠠ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠮᠣᠩᠭᠤᠯ ᠬᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠢᠶᠠᠷ ᠰᠤᠷᠤᠯᠴᠠᠪᠠ︔         1989 ᠣᠨ ᠤ 7 ᠰᠠᠷ᠎ᠠ — 1995 ᠣᠨ ᠤ 3 ᠰᠠᠷ᠎ᠠ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠡᠷᠡᠭᠦᠯ ᠬᠠᠮᠠᠭᠠᠯᠠᠯ ᠤᠨ ᠵᠦᠪᠯᠡᠯ ᠤᠨ ᠠᠵᠢᠯᠲᠠᠨ᠂ ᠠᠯᠪᠠᠨ ᠭᠡᠷ ᠤᠨ ᠨᠠᠷᠢᠨ ᠪᠢᠴᠢᠭᠡᠴᠢ︔         1995 ᠣᠨ ᠤ 3 ᠰᠠᠷ᠎ᠠ — 1996 ᠣᠨ ᠤ 12 ᠰᠠᠷ᠎ᠠ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠢᠷᠭᠡᠨ ᠤ ᠬᠠᠤᠯᠢ ᠶᠢᠨ ᠵᠦᠪᠯᠡᠯ ᠤᠨ ᠳᠡᠳ᠋ ᠡᠷᠬᠢᠯᠡᠭᠴᠢ︔         1996 ᠣᠨ ᠤ 12 ᠰᠠᠷ᠎ᠠ — 1999 ᠣᠨ ᠤ 11 ᠰᠠᠷ᠎ᠠ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ︔         1999 ᠣᠨ ᠤ 11 ᠰᠠᠷ᠎ᠠ — 2000 ᠣᠨ ᠤ 10 ᠰᠠᠷ᠎ᠠ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ ᠴᠠᠭᠠᠨᠨᠠᠭᠤᠷ ᠰᠤᠮᠤ ᠶᠢᠨ ᠨᠠᠮ ᠤᠨ ᠬᠤᠷᠢᠶᠠᠨ ᠤ ᠱᠦᠵᠢ︔         2000 ᠣᠨ ᠤ 10 ᠰᠠᠷ᠎ᠠ — 2003 ᠣᠨ ᠤ 12 ᠰᠠᠷ᠎ᠠ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ︔         2003 ᠣᠨ ᠤ 12 ᠰᠠᠷ᠎ᠠ — 2006 ᠣᠨ ᠤ 6 ᠰᠠᠷ᠎ᠠ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ︵ᠡᠨᠡᠬᠦ ᠬᠤᠭᠤᠴᠠᠭᠠᠨ ᠳᠤ 2005 ᠣᠨ ᠤ 5 ᠰᠠᠷ᠎ᠠ — 2005 ᠣᠨ ᠤ 8 ᠰᠠᠷ᠎ᠠ ᠪᠣᠯᠲᠠᠯ᠎ᠠ ᠵᠧᠵᠢᠶᠠᠩ ᠮᠤᠵᠢ ᠶᠢᠨ ᠸᠧᠨᠵᠸᠦ ᠬᠤᠲᠠ ᠶᠢᠨ ᠼᠠᠩᠨᠠᠨ ᠰᠢᠶᠠᠨ ᠤ ᠳᠠᠷᠤᠭ᠎ᠠ ᠶᠢᠨ ᠲᠤᠰᠠᠯᠠᠭᠴᠢ ᠪᠠᠷ ᠲᠦᠷ ᠴᠠᠭ ᠠᠵᠢᠯᠯᠠᠪᠠ︶︔         2006 ᠣᠨ ᠤ 6 ᠰᠠᠷ᠎ᠠ — 2007 ᠣᠨ ᠤ 10 ᠰᠠᠷ᠎ᠠ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ︔         2007 ᠣᠨ ᠤ 10 ᠰᠠᠷ᠎ᠠ — 2011 ᠣᠨ ᠤ 5 ᠰᠠᠷ᠎ᠠ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ  ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ︵ᠡᠨᠡᠬᠦ ᠬᠤᠭᠤᠴᠠᠭᠠᠨ ᠳᠤ 2007 ᠣᠨ ᠤ 3 ᠰᠠᠷ᠎ᠠ — 2008 ᠣᠨ ᠤ 2 ᠰᠠᠷ᠎ᠠ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠮᠠᠯ ᠠᠵᠤ ᠠᠬᠤᠢ ᠶᠢᠨ ᠭᠠᠵᠠᠷ ᠤᠨ ᠳᠡᠳ᠋ ᠳᠠᠷᠤᠭ᠎ᠠ ᠪᠠᠷ ᠲᠦᠷ ᠴᠠᠭ ᠠᠵᠢᠯᠯᠠᠪᠠ︶︔         2011 ᠣᠨ ᠤ 5 ᠰᠠᠷ᠎ᠠ — 2013 ᠣᠨ ᠤ 1 ᠰᠠᠷ᠎ᠠ ᠪᠣᠯᠲᠠᠯ᠎ᠠ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ︔         2013 ᠣᠨ ᠤ 1 ᠰᠠᠷ᠎ᠠ — 2013 ᠣᠨ ᠤ 4 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ︔         2013 ᠣᠨ ᠤ 4 ᠰᠠᠷ᠎ᠠ — 2015 ᠣᠨ ᠤ 8 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ︵ᠭᠠᠵᠠᠷ ᠤᠨ ᠳᠡᠰ︶         2015 ᠣᠨ ᠤ 8 ᠰᠠᠷ᠎ᠠ ᠠᠴᠠ ᠣᠳᠣᠬᠢ ᠲᠤᠰᠢᠶᠠᠯ ᠳᠤ ᠪᠣᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号