| | | ᠳᠡᠳ᠋ ᠬᠤᠰᠢᠭᠤ ᠳᠠᠷᠤᠭ᠎ᠠ᠄ ᠵᠦ ᠶᠦᠩ | ᠲᠣᠪᠴᠢ ᠨᠠᠮᠲᠠᠷ | ᠵᠦ ᠶᠦᠩ᠂ ᠡᠷᠡᠭᠲᠡᠢ᠂ ᠬᠢᠲᠠᠳ ᠦᠨᠳᠦᠰᠦᠲᠡᠨ᠂ 1966 ᠣᠨ ᠤ 10 ᠰᠠᠷ᠎ᠠ ᠳᠤ ᠲᠥᠷᠥᠵᠡᠢ᠃ | 1983 ᠣᠨ ᠤ 10 ᠰᠠᠷ᠎ᠠ ᠳᠤ ᠠᠵᠢᠯ ᠳᠤ ᠣᠷᠣᠯᠴᠠᠪᠠ᠂ ᠡᠪ ᠬᠠᠮᠲᠤ ᠨᠠᠮ ᠤᠨ ᠭᠡᠰᠢᠭᠦᠨ᠂ ᠶᠡᠭᠡ | ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠳᠡᠭᠡᠳᠦ ᠵᠡᠷᠭᠡ ᠶᠢᠨ ᠠᠵᠤ ᠠᠬᠤᠶᠢᠴᠢ᠃ | ᠣᠳᠣ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠢ | ᠡᠭᠦᠷᠭᠡᠯᠡᠵᠦ ᠪᠣᠢ᠃ | 1983 ᠣᠨ ᠤ 10 ᠰᠠᠷ᠎ᠠ — 1986 ᠣᠨ ᠤ 10 ᠪᠣᠯᠲᠠᠯ᠎ᠠ ᠥᠪᠥᠷ ᠮᠣᠩᠭᠤᠯ ᠤᠨ ᠵᠡᠪᠰᠡᠭᠲᠦ | ᠴᠠᠭᠳᠠᠭᠠᠨ ᠤ ᠨᠢᠭᠡᠳᠦᠭᠡᠷ ᠰᠠᠯᠪᠤᠷᠢ ᠠᠩᠭᠢ ᠳᠤ ᠠᠯᠪᠠ ᠬᠠᠭᠠᠵᠠᠢ︔ | 1987 ᠣᠨ ᠤ 1 ᠰᠠᠷ᠎ᠠ — 2000 ᠣᠨ ᠤ 4 ᠪᠣᠯᠲᠠᠯ᠎ᠠ ᠠᠷᠠᠳ ᠤᠨ ᠪᠠᠩᠬᠢ ᠶᠢᠨ ᠳᠠᠯᠠᠶᠢᠳ | ᠬᠤᠰᠢᠭᠤᠨ ᠤ ᠰᠠᠯᠪᠦᠷᠢ ᠪᠠᠩᠬᠢ ᠳᠤ ᠠᠵᠢᠯᠲᠠᠨ᠂ ᠲᠦᠯᠦᠪᠯᠡᠭᠡᠨ ᠤ ᠰᠠᠯᠠᠭ᠎ᠠ ᠶᠢᠨ ᠳᠡᠳ᠋ ᠳᠠᠷᠤᠭ᠎ᠠ᠂ ᠰᠠᠯᠠᠭᠠᠨ | ᠳᠠᠷᠤᠭ᠎ᠠ᠂ ᠠᠯᠪᠠᠨ ᠭᠡᠷ ᠤᠨ ᠡᠷᠭᠢᠯᠡᠭᠴᠢ᠂ ᠮᠦᠩᠭᠦᠨ ᠭᠦᠢᠯᠭᠡᠭᠡᠨ ᠤ ᠰᠢᠰᠲ᠋ᠧᠮ ᠤᠨ ᠬᠢᠨᠠᠨ ᠪᠠᠶᠢᠴᠠᠭᠠᠬᠤ | ᠲᠠᠰᠤᠭ ᠤᠨ ᠡᠷᠬᠢᠯᠡᠭᠴᠢ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠡᠷᠭᠡ ᠲᠤᠰᠢᠶᠠᠯ | ᠡᠭᠦᠷᠭᠡᠯᠡᠵᠦ ᠪᠠᠶᠢᠵᠠᠢ ︵ᠡᠨᠡᠬᠦ ᠬᠤᠭᠤᠴᠠᠭᠠᠨ ᠳᠤ 1989 ᠣᠨ ᠤ 8 ᠰᠠᠷ᠎ᠠ — 1991 ᠣᠨ ᠤ 5 ᠰᠠᠷ᠎ᠠ | ᠪᠣᠯᠲᠠᠯ᠎ᠠ ᠾᠧᠨᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠳᠤ᠂ 1999 ᠣᠨ ᠤ | 9 ᠰᠠᠷ᠎ᠠ — 2001 ᠣᠨ ᠤ 12 ᠰᠠᠷ᠎ᠠ ᠪᠣᠯᠲᠠᠯ᠎ᠠ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠰᠤᠷᠤᠯᠴᠠᠪᠠ︶ | ︔ | 2000 ᠣᠨ ᠤ 4 ᠰᠠᠷ᠎ᠠ — 2007 ᠣᠨ ᠤ 7 ᠪᠣᠯᠲᠠᠯ᠎ᠠ ᠳ᠋ᠦᠩᠱᠧᠩ ᠤᠨ ᠬᠦᠳᠡᠭᠡ ᠲᠤᠰᠬᠤᠨ ᠤ | ᠢᠲᠡᠭᠡᠮᠵᠢ ᠶᠢᠨ ᠬᠤᠯᠪᠤᠭᠠᠲᠤ ᠬᠤᠷᠰᠢᠶ᠎ᠠ ᠶᠢᠨ ᠳᠡᠳ᠋ ᠡᠷᠬᠢᠯᠡᠭᠴᠢ︔ | 2007 ᠣᠨ ᠤ 7 ᠰᠠᠷ᠎ᠠ — 2011 ᠣᠨ ᠤ 6 ᠪᠣᠯᠲᠠᠯ᠎ᠠ ᠣᠷᠳᠣᠰ ᠤᠨ ᠬᠦᠳᠡᠭᠡ ᠲᠤᠰᠬᠤᠨ ᠤ | ᠬᠤᠳᠠᠯᠳᠤᠭᠠᠨ ᠤ ᠪᠠᠩᠬᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠯᠲᠠ ᠲᠠᠯᠪᠢᠭᠴᠢ ︵ᠡᠨᠡᠬᠦ | ᠬᠤᠭᠤᠴᠠᠭᠠᠨ ᠳᠤ 2009 ᠣᠨ ᠤ 8 ᠰᠠᠷ᠎ᠠ — 2011 ᠣᠨ ᠤ 6 ᠰᠠᠷ᠎ᠠ ᠪᠣᠯᠲᠠᠯ᠎ᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠦᠳᠡᠭᠡ ᠲᠤᠰᠬᠤᠨ ᠤ ᠢᠲᠡᠭᠡᠮᠵᠢ ᠶᠢᠨ ᠬᠤᠯᠪᠤᠭᠠᠲᠤ ᠬᠤᠷᠰᠢᠶ᠎ᠠ ᠶᠢᠨ | ᠣᠷᠳᠣᠰ ᠲᠠᠬᠢ ᠪᠠᠶᠢᠴᠠᠭᠠᠬᠤ ᠳᠤᠮᠳᠠ ᠠᠩᠭᠢ ᠶᠢᠨ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠪᠠ︶ | 2011 ᠣᠨ ᠤ 6 ᠰᠠᠷ᠎ᠠ — 2014 ᠣᠨ ᠤ 3 ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠦᠳᠡᠭᠡ ᠲᠤᠰᠬᠤᠨ ᠤ ᠢᠲᠡᠭᠡᠮᠵᠢ ᠶᠢᠨ ᠬᠤᠯᠪᠤᠭᠠᠲᠤ ᠬᠤᠷᠰᠢᠶ᠎ᠠ ᠶᠢᠨ ᠣᠷᠳᠣᠰ ᠲᠤ ᠰᠠᠭᠤᠭ᠎ᠠ | ᠪᠠᠶᠢᠴᠠᠭᠠᠬᠤ ᠭᠠᠵᠠᠷ ᠤᠨ ᠡᠷᠬᠢᠯᠡᠭᠴᠢ ᠶᠢᠨ ᠲᠤᠰᠠᠯᠠᠭᠴᠢ︔ | 2014 ᠣᠨ ᠤ 3 ᠰᠠᠷ᠎ᠠ — 2015 ᠣᠨ ᠤ 6 ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠦᠳᠡᠭᠡ ᠲᠤᠰᠬᠤᠨ ᠤ ᠢᠲᠡᠭᠡᠮᠵᠢ ᠶᠢᠨ ᠬᠤᠯᠪᠤᠭᠠᠲᠤ ᠬᠤᠷᠰᠢᠶ᠎ᠠ ᠶᠢᠨ ᠣᠷᠳᠣᠰ ᠲᠤ ᠰᠠᠭᠤᠭ᠎ᠠ | ᠪᠠᠶᠢᠴᠠᠭᠠᠬᠤ ᠭᠠᠵᠠᠷ ᠤᠨ ᠳᠡᠳ᠋ ᠡᠷᠬᠢᠯᠡᠭᠴᠢ︔ | 2015 ᠣᠨ ᠤ 6 ᠰᠠᠷ᠎ᠠ ᠠᠴᠠ ᠣᠳᠣᠬᠢ ᠲᠤᠰᠢᠶᠠᠯ ᠳᠤ ᠪᠣᠢ᠃ | |