ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠠᠵᠢᠯᠴᠢᠨ ᠤ ᠦᠨᠳᠦᠰᠦᠨ ᠴᠠᠯᠢᠩ ᠤᠨ ᠪᠠᠷᠢᠮᠵᠢᠶ᠎ᠠ ᠳᠤ  ᠳᠤᠬᠢᠷᠠᠭᠤᠯᠤᠯᠳᠠ ᠬᠢᠬᠦ ᠲᠣᠬᠠᠢ ᠭᠡᠷᠡᠭᠵᠢᠭᠦᠯᠬᠦ ᠳᠦᠰᠦᠯ
ᠨᠡᠶᠢᠲᠡᠯᠡᠭᠰᠡᠨ ᠴᠠᠭ᠄
2015/9/6
          ᠦᠨᠳᠦᠰᠦᠨ ᠴᠠᠯᠢᠩ ᠤᠨ ᠪᠠᠷᠢᠮᠵᠢᠶ᠎ᠠ ᠳᠤ ᠳᠤᠬᠢᠷᠠᠭᠤᠯᠤᠯᠳᠠ ᠬᠢᠬᠦ ᠠᠷᠭ᠎ᠠ              ᠡᠬᠢᠯᠡᠵᠦ ᠬᠡᠷᠡᠭᠵᠢᠭᠦᠯᠬᠦ ᠴᠠᠭ᠄ 2014 ᠤᠨ ᠤ 10 ᠰᠠᠷ᠎ᠠ ᠶᠢᠨ 1 ᠠᠴᠠ ᠡᠬᠢᠯᠡᠵᠦ᠂ ᠠᠵᠢᠯ  ᠦᠢᠯᠡᠰ ᠤᠨ ᠨᠢᠭᠡᠴᠡ ᠶᠢᠨ ᠠᠵᠢᠯᠳᠠᠨ ᠤ ᠦᠨᠳᠦᠰᠦᠨ ᠴᠠᠯᠢᠩ ᠤᠨ ᠪᠠᠷᠢᠮᠵᠢᠶ᠎ᠠ ᠳᠤ ᠳᠤᠬᠢᠷᠠᠭᠤᠯᠤᠯᠳᠠ ᠬᠢᠵᠦ᠂  ᠡᠭᠦᠨ ᠤ ᠬᠠᠮᠳᠤ᠂ ᠭᠡᠰᠡᠭ ᠦᠷ᠎ᠡ ᠪᠦᠲᠦᠮᠵᠢ ᠶᠢᠨ ᠴᠠᠯᠢᠩ ᠢ ᠦᠨᠳᠦᠰᠦᠨ ᠴᠠᠯᠢᠩ ᠳᠤ ᠨᠡᠶᠢᠯᠡᠭᠦᠯᠦᠨ᠎ᠠ︔ ᠦᠷ᠎ᠡ  ᠪᠦᠲᠦᠮᠵᠢ ᠶᠢᠨ ᠴᠠᠯᠢᠩ ᠤᠨ ᠲᠦᠷᠢᠮ ᠢ ᠬᠡᠷᠡᠭᠵᠢᠭᠦᠯᠦᠭᠡᠳᠦᠢ ᠪᠤᠯ ᠭᠡᠷᠡᠭᠵᠢᠭᠦᠯᠦᠭᠰᠡᠨ ᠳᠦᠷᠦᠯ ᠵᠦᠢᠯ ᠠᠴᠠ ᠳᠠᠳᠠᠵᠤ  ᠨᠡᠶᠢᠯᠡᠭᠦᠯᠦᠨ᠎ᠠ᠃               ᠠᠵᠢᠯ ᠤᠨ ᠪᠠᠶᠢᠷᠢ ᠶᠢᠨ ᠴᠠᠯᠢᠩ ᠤᠨ ᠪᠠᠷᠢᠮᠵᠢᠶ᠎ᠠ᠄               ᠠᠵᠢᠯ ᠮᠡᠷᠭᠡᠵᠢᠯ ᠤᠨ ᠠᠵᠢᠯᠳᠠᠨ᠄ 550 — 2800 ᠲᠦᠭᠦᠷᠢᠭ ᠠᠴᠠ 1150 — 3810  ᠲᠦᠭᠦᠷᠢᠭ ᠪᠤᠯᠭᠠᠨ ᠨᠡᠮᠡᠭᠳᠡᠭᠦᠯᠦᠨ᠎ᠠ       ᠬᠠᠮᠢᠶᠠᠷᠤᠯᠳᠠ ᠶᠢᠨ ᠠᠵᠢᠯᠳᠠᠨ᠄ 550 — 2750 ᠲᠦᠭᠦᠷᠢᠭ ᠠᠴᠠ 1150 — 3770  ᠲᠦᠭᠦᠷᠢᠭ ᠪᠤᠯᠭᠠᠨ ᠨᠡᠮᠡᠭᠳᠡᠭᠦᠯᠦᠨ᠎ᠠ     ᠠᠵᠢᠯᠴᠢᠨ᠄ 540 — 830 ᠲᠦᠭᠦᠷᠢᠭ ᠠᠴᠠ 1130 — 1640 ᠲᠦᠭᠦᠷᠢᠭ ᠪᠤᠯᠭᠠᠨ  ᠨᠡᠮᠡᠭᠳᠡᠭᠦᠯᠦᠨ᠎ᠠ              ᠴᠠᠯᠢᠩ ᠤᠨ ᠳᠡᠰ ᠤᠨ ᠴᠠᠯᠢᠩ ᠤᠨ ᠪᠠᠷᠢᠮᠵᠢᠶ᠎ᠠ᠄       ᠠᠵᠢᠯ ᠮᠡᠷᠭᠡᠵᠢᠯ ᠤᠨ ᠠᠵᠢᠯᠳᠠᠨ᠂ ᠬᠠᠮᠢᠶᠠᠷᠤᠯᠳᠠ ᠶᠢᠨ ᠠᠵᠢᠯᠳᠠᠨ᠄ 80 — 2600 ᠲᠦᠭᠦᠷᠢᠭ ᠠᠴᠠ  170 — 5795 ᠲᠦᠭᠦᠷᠢᠭ ᠪᠤᠯᠭᠠᠨ ᠨᠡᠮᠡᠭᠳᠡᠭᠦᠯᠦᠨ᠎ᠠ       ᠠᠵᠢᠯᠴᠢᠨ᠄ 70 — 915 ᠲᠦᠭᠦᠷᠢᠭ ᠠᠴᠠ 150 — 1855 ᠲᠦᠭᠦᠷᠢᠭ ᠪᠤᠯᠭᠠᠨ  ᠨᠡᠮᠡᠭᠳᠡᠭᠦᠯᠦᠨ᠎ᠠ       ᠦᠷ᠎ᠡ ᠪᠦᠲᠦᠮᠵᠢ ᠶᠢᠨ ᠴᠠᠯᠢᠩ᠄ ᠬᠡᠰᠡᠭ ᠦᠷ᠎ᠡ ᠪᠦᠲᠦᠮᠵᠢ ᠶᠢᠨ ᠴᠠᠯᠢᠩ ᠢ ᠦᠨᠳᠦᠰᠦᠨ ᠴᠠᠯᠢᠩ ᠳᠤ  ᠨᠡᠶᠢᠯᠡᠭᠦᠯᠦᠨ᠎ᠠ︔ ᠦᠷ᠎ᠡ ᠪᠦᠲᠦᠮᠵᠢ ᠶᠢᠨ ᠴᠠᠯᠢᠩ ᠬᠠᠷᠢᠴᠠᠩᠭᠤᠢ ᠪᠠᠷ ᠬᠠᠰᠤᠭᠳᠠᠨ᠎ᠠ᠃                         ᠠᠵᠢᠯ ᠦᠢᠯᠡᠰ ᠤᠨ ᠨᠢᠭᠡᠴᠡ ᠶᠢᠨ ᠠᠵᠢᠯ ᠮᠡᠷᠭᠡᠵᠢᠯ ᠤᠨ ᠠᠵᠢᠯᠳᠠᠨ ᠤ  ᠦᠨᠳᠦᠰᠦᠨ ᠴᠠᠯᠢᠩ ᠤᠨ ᠪᠠᠷᠢᠮᠵᠢᠶ᠎ᠠ ᠶᠢᠨ ᠬᠦᠰᠦᠨᠦᠭᠳᠦ
         ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠳᠠ ᠶᠢᠨ ᠦᠨᠳᠦᠰᠦᠨ ᠴᠠᠯᠢᠩ ᠤᠨ ᠪᠠᠷᠢᠮᠵᠢᠶ᠎ᠠ ᠶᠢᠨ ᠬᠦᠰᠦᠨᠦᠭᠳᠦ
        ᠠᠵᠢᠯ ᠦᠢᠯᠡᠰ ᠤᠨ ᠨᠢᠭᠡᠴᠡ ᠶᠢᠨ ᠠᠵᠢᠯᠴᠢᠨ ᠤ  ᠦᠨᠳᠦᠰᠦᠨ ᠴᠠᠯᠢᠩ ᠶᠢᠨ ᠪᠠᠷᠢᠮᠵᠢᠶ᠎ᠠ ᠶᠢᠨ ᠬᠦᠰᠦᠨᠦᠭᠳᠦ
        ᠪᠤᠰᠤᠳ ᠳᠦᠷᠦ ᠶᠢᠨ ᠪᠤᠳᠤᠯᠭ᠎ᠠ ᠶᠢᠨ ᠠᠰᠠᠭᠤᠳᠠᠯ       ᠡᠯ᠎ᠠ ᠲᠦᠷᠦᠯ ᠤᠨ ᠰᠤᠷᠭᠠᠭᠤᠯᠢ ᠠᠴᠠ ᠳᠡᠭᠦᠰᠦᠭᠰᠡᠨ ᠰᠤᠷᠤᠭᠴᠢᠳ ᠠᠴᠠ ᠡᠯᠰᠡᠭᠰᠡᠨ ᠠᠵᠢᠯ ᠦᠢᠯᠡᠰ ᠤᠨ  ᠨᠢᠭᠡᠴᠡ ᠶᠢᠨ ᠠᠵᠢᠯᠳᠠᠨ ᠤ ᠳᠠᠳᠤᠯᠭ᠎ᠠ ᠪᠠ ᠠᠩᠬᠠᠨ ᠤ ᠬᠤᠭᠤᠴᠠᠭᠠᠨ ᠤ ᠴᠠᠯᠢᠩ ᠤᠨ ᠪᠠᠷᠢᠮᠵᠢᠶ᠎ᠠ ︵ ᠨᠡᠮᠡᠭᠳᠡᠭᠦᠯᠦᠭᠰᠡᠨ ᠤ ᠳᠠᠷᠠᠭ᠎ᠠ︶᠄              ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠡᠭᠦᠰᠦᠭᠰᠡᠳ᠄ 1190 ᠲᠦᠭᠦᠷᠢᠭ              ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ  ᠳᠡᠭᠦᠰᠦᠭᠰᠡᠳ᠄ 1220 ᠲᠦᠭᠦᠷᠢᠭ               ᠶᠡᠭᠡ ᠰᠤᠷᠭᠠᠭᠤᠯᠢ ᠶᠢᠨ ᠳᠤᠰᠬᠠᠢ ᠮᠡᠷᠭᠡᠵᠢᠯ ᠤᠨ ᠠᠩᠬᠢ ᠠᠴᠠ ᠳᠡᠭᠦᠰᠦᠭᠰᠡᠳ᠄ 1345 ᠲᠦᠭᠦᠷᠢᠭ              ᠶᠡᠭᠡ ᠰᠤᠷᠭᠠᠭᠤᠯᠢ ᠶᠢᠨ ᠦᠨᠳᠦᠰᠦᠨ ᠠᠩᠬᠢ ᠠᠴᠠ ᠳᠡᠭᠦᠰᠦᠭᠰᠡᠳ᠄ 1390 ᠲᠦᠭᠦᠷᠢᠭ       ᠬᠤᠤᠰ ᠴᠤᠯᠠ ᠲᠠᠢ ︵6 ᠵᠢᠯ ᠠᠴᠠ ᠳᠡᠭᠡᠭᠰᠢ ᠰᠤᠷᠤᠯᠭ᠎ᠠ ᠶᠢᠨ ᠳᠦᠷᠢᠮ ᠢ ᠪᠠᠭᠳᠠᠭᠠᠨ᠎ᠠ︶ ᠤᠶᠤᠳᠠᠨ᠂  ᠰᠤᠳᠤᠯᠬᠤ ᠰᠤᠷᠤᠭᠴᠢ ᠶᠢᠨ ᠠᠩᠬᠢ ᠠᠴᠠ ᠳᠡᠭᠦᠰᠦᠭᠰᠡᠳ ᠪᠠ ᠠᠰᠫᠢᠷᠠᠨᠲ ᠤᠨ ᠴᠤᠯᠠ ᠬᠠᠮᠠᠭᠠᠯᠠᠭᠰᠠᠨ ᠦᠭᠡᠢ  ᠰᠤᠳᠤᠯᠬᠤ ᠰᠤᠷᠤᠭᠴᠢ᠄ 1435 ᠲᠦᠭᠦᠷᠢᠭ              ᠠᠰᠫᠢᠷᠠᠨᠲ ᠤᠨ ᠴᠤᠯᠠ ᠬᠠᠮᠠᠭᠠᠯᠠᠭᠰᠠᠨ ᠰᠤᠳᠤᠯᠬᠤ ᠰᠤᠷᠤᠭᠴᠢ᠄ 1580 ᠲᠦᠭᠦᠷᠢᠭ               ᠳ᠋ᠤᠺᠲ᠋ᠤᠷ ᠴᠤᠯᠠ ᠬᠠᠮᠠᠭᠠᠯᠠᠭᠰᠠᠨ ᠰᠤᠳᠤᠯᠬᠤ ᠰᠤᠷᠤᠭᠴᠢ᠄ 1720 ᠲᠦᠭᠦᠷᠢᠭ       ᠦᠷ᠎ᠡ ᠪᠦᠲᠦᠮᠵᠢ ᠶᠢᠨ ᠴᠠᠯᠢᠩ᠄ ᠦᠷ᠎ᠡ ᠪᠦᠲᠦᠮᠵᠢ ᠶᠢᠨ ᠴᠠᠯᠢᠩ ᠨᠢ ᠬᠠᠷᠢᠴᠠᠩᠭᠤᠢ ᠪᠠᠷ ᠬᠠᠰᠤᠭᠳᠠᠬᠤ  ᠳᠤᠬᠠᠢ ᠪᠤᠳᠠᠳᠠᠢ ᠠᠷᠭ᠎ᠠ ᠶᠢ ᠡᠯ᠎ᠠ ᠭᠠᠵᠠᠷ ᠤᠷᠤᠨ ᠪᠤᠳᠠᠳᠠᠢ ᠪᠠᠶᠢᠳᠠᠯ ᠢᠶᠠᠨ ᠦᠨᠳᠦᠰᠦᠯᠡᠨ ᠳᠤᠭᠳᠠᠭᠠᠨ᠎ᠠ᠃              ᠠᠵᠢᠯ ᠦᠢᠯᠡᠰ ᠤᠨ ᠨᠢᠭᠡᠴᠡ ᠶᠢᠨ ᠰᠢᠨ᠎ᠡ ᠪᠠᠷ ᠠᠵᠢᠯ ᠳᠤ ᠭᠠᠷᠣᠭᠰᠠᠨ ᠠᠵᠢᠯᠴᠢᠨ ᠤ ᠱᠠᠪᠢ ᠠᠵᠢᠯᠴᠢᠨ ᠤ  ᠬᠤᠭᠤᠴᠠᠭ᠎ᠠ᠂ ᠳᠠᠳᠤᠯᠭ᠎ᠠ ᠶᠢᠨ ᠬᠤᠭᠤᠴᠠᠭᠠᠨ ᠤ ᠴᠠᠯᠢᠩ ᠤᠨ ᠪᠠᠷᠢᠮᠵᠢᠶ᠎ᠠ᠄ ᠡᠯ᠎ᠠ ᠮᠤᠵᠢ᠂ ᠦᠪᠡᠷᠳᠡᠭᠡᠨ ᠵᠠᠰᠠᠬᠤ  ᠤᠷᠤᠨ᠂ ᠰᠢᠭᠤᠳ ᠬᠠᠷᠢᠶ᠎ᠠ ᠬᠤᠳᠠ ᠶᠢᠨ ᠵᠠᠰᠠᠭ ᠤᠨ ᠤᠷᠳᠤᠨ ᠪᠤᠳᠠᠳᠠᠢ ᠪᠠᠶᠢᠳᠠᠯ ᠢᠶᠠᠨ ᠦᠨᠳᠦᠰᠦᠯᠡᠨ  ᠳᠤᠭᠳᠠᠭᠠᠨ᠎ᠠ᠃              ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ᠂ ᠰᠤᠪᠢᠯᠠᠭᠴᠢ ᠶᠢᠨ ᠠᠵᠢᠯ ᠤᠨ ᠪᠠᠶᠢᠷᠢ ᠵᠢᠨ‌‍ᠴᠠᠯᠢᠩ ᠪᠠ ᠴᠠᠯᠢᠩ   ᠤᠨ ᠳᠡᠰ ᠤᠨ ᠴᠠᠯᠢᠩ ᠤᠨ ᠪᠠᠷᠢᠮᠵᠢᠶ᠎ᠡ ᠶᠢ 10% ᠦᠨᠳᠦᠷ ᠪᠠᠶᠢᠯᠭᠠᠨ᠎ᠠ᠃                          ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠦᠷ᠎ᠡ ᠪᠦᠲᠦᠮᠵᠢ ᠶᠢᠨ ᠴᠠᠯᠢᠩ ᠤᠨ ᠬᠠᠰᠤᠭᠳᠠᠭᠰᠠᠨ ᠬᠡᠮᠵᠢᠶ᠎ᠡ
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号