ᠶᠡᠭᠡ ᠰᠤᠷᠭᠠᠭᠤᠯᠢ ᠶᠢᠨ ᠤᠶᠤᠲᠠᠨ ᠲᠦᠷᠦᠭᠰᠡᠨ ᠨᠤᠲᠤᠭ ᠠᠴᠠ ᠪᠠᠨ ᠰᠤᠷᠤᠯᠭ᠎ᠠ ᠲᠡᠳᠬᠦᠬᠦ ᠢᠲᠡᠭᠡᠮᠵᠢᠲᠦ ᠵᠢᠭᠡᠯᠡᠯᠭᠡ ᠵᠢᠭᠡᠯᠡᠬᠦ ᠵᠦᠭᠯᠡᠭᠦᠷ
ᠨᠡᠶᠢᠲᠡᠯᠡᠭᠰᠡᠨ ᠴᠠᠭ᠄
2016/3/30
              ᠶᠡᠭᠡ ᠰᠤᠷᠭᠠᠭᠤᠯᠢ ᠶᠢᠨ ᠤᠶᠤᠲᠠᠨ ᠲᠦᠷᠦᠭᠰᠡᠨ ᠨᠤᠲᠤᠭ ᠠᠴᠠ ᠪᠠᠨ               ᠰᠤᠷᠤᠯᠭ᠎ᠠ ᠲᠡᠳᠬᠦᠬᠦ ᠢᠲᠡᠭᠡᠮᠵᠢᠲᠦ ᠵᠢᠭᠡᠯᠡᠯᠭᠡ ᠵᠢᠭᠡᠯᠡᠬᠦ ᠵᠦᠭᠯᠡᠭᠦᠷ                ᠨᠢᠭᠡ᠂ ᠠᠩᠬ᠎ᠠ ᠤᠳᠠᠭ᠎ᠠ ᠵᠢᠭᠡᠯᠡᠯᠭᠡ ᠵᠢᠭᠡᠯᠡᠬᠦ      ᠠᠩᠬ᠎ᠠ ᠤᠳᠠᠭ᠎ᠠ ᠵᠢᠭᠡᠯᠡᠯᠭᠡ ᠵᠢᠭᠡᠯᠡᠬᠦ ᠳᠤ᠂ ᠵᠢᠭᠡᠯᠡᠯᠭᠡ ᠵᠢᠭᠡᠯᠡᠬᠦ ᠰᠤᠷᠤᠭᠴᠢ ᠪᠣᠯᠤᠨ ᠬᠠᠮᠲᠤ ᠵᠢᠭᠡᠯᠡᠭᠴᠢ ᠴᠤᠭᠭᠠᠷ ᠬᠤᠶᠠᠭᠤᠯᠠ ᠶᠢᠨ ᠡᠷᠦᠬᠡ ᠠᠮᠠ ᠪᠠᠶᠢᠭ᠎ᠠ ᠬᠤᠰᠢᠭᠤ ᠰᠢᠶᠠᠨ ᠤ ᠲᠤᠰᠠᠯᠠᠮᠵᠢ ᠦᠵᠡᠭᠦᠯᠬᠦ ᠬᠠᠮᠢᠶᠠᠷᠤᠯᠲᠠ ᠎ ᠶᠢᠨ ᠲᠥᠪ ︵ᠬᠤᠰᠢᠭᠤ ᠰᠤᠷᠭᠠᠨ ᠬᠦᠮᠦᠵᠢᠯ ᠤᠨ ᠲᠣᠪᠴᠢᠶ᠎ᠠ︶᠎ ᠳᠤ ᠬᠦᠷᠴᠦ᠂ ᠵᠢᠭᠡᠯᠡᠯᠭᠡ ᠵᠢᠭᠡᠯᠡᠬᠦ ᠭᠠᠷ ᠭᠦᠢᠴᠡᠳᠬᠡᠯ ᠬᠢᠨ᠎ᠡ᠃      1. ᠳᠠᠩᠰᠠᠯᠠᠭᠤᠯᠬᠤ᠄ ᠰᠤᠷᠤᠭᠴᠢ ᠰᠦᠯᠵᠢᠶᠡᠨ ᠤ ᠦᠢᠯᠡᠴᠢᠯᠡᠬᠦ ᠰᠢᠰᠲ᠋ᠧᠮ ᠳᠤ ᠤᠷᠤᠵᠤ ︵ᠰᠦᠯᠵᠢᠶᠡᠨ ᠬᠠᠶ᠋ᠢᠭ ww.csls.cdb.com.cnttp://www.csls.cdb.com.cn︶᠂ ᠬᠤᠪᠢ ᠶᠢᠨ ᠪᠠ ᠬᠠᠮᠲᠤ ᠵᠢᠭᠡᠯᠡᠭᠴᠢ ᠶᠢᠨ ᠦᠨᠳᠦᠰᠦᠨ ᠪᠠᠶᠢᠳᠠᠯ ᠢ ᠲᠠᠭᠯᠠᠨ᠂ ᠳᠠᠩᠰᠠᠯᠠᠭᠤᠯᠵᠤ ᠪᠠᠷᠠᠭᠰᠠᠨ ᠤ ᠳᠠᠷᠠᠭ᠎ᠠ᠂ ᠵᠢᠭᠡᠯᠡᠯᠭᠡ ᠵᠢᠭᠡᠯᠡᠬᠦ ᠭᠤᠶᠤᠴᠢᠯᠠᠯ ᠳᠡᠪᠰᠢᠭᠦᠯᠵᠦ ︽ᠭᠤᠶᠤᠴᠢᠯᠠᠯ ᠤᠨ ᠬᠦᠰᠦᠨᠦᠭᠲᠦ︾᠎ ᠶᠢ ᠳᠠᠷᠤᠮᠠᠯᠯᠠᠵᠤ ᠠᠪᠤᠨ᠎ᠠ᠃      2. ᠳᠡᠭᠡᠳᠦ ᠳᠤᠮᠳᠠᠳᠤ ᠳᠠᠭᠠᠨ ᠤᠷᠢᠳᠴᠢᠯᠠᠨ ᠭᠤᠶᠤᠴᠢᠯᠠᠭᠰᠠᠨ ᠰᠤᠷᠤᠭᠴᠢ ᠭᠡᠷ ᠪᠦᠯᠢ ᠶᠢᠨ ᠠᠵᠤ ᠠᠬᠤᠢ ᠎ ᠶᠢᠨ ᠬᠦᠴᠢᠷᠳᠡᠯ ᠤᠨ ᠬᠢᠨᠠᠨ ᠲᠣᠭᠲᠠᠭᠠᠯᠲᠠ ᠬᠢᠬᠦ ᠴᠢᠬᠤᠯᠠ ᠦᠭᠡᠢ︔ ᠳᠡᠭᠡᠳᠦ ᠳᠤᠮᠳᠠᠳᠤ ᠳᠠᠭᠠᠨ ᠤᠷᠢᠳᠴᠢᠯᠠᠨ ᠭᠤᠶᠤᠴᠢᠯᠠᠭᠰᠠᠨ ᠦᠭᠡᠢ ᠨᠢ ᠤᠷᠢᠳᠠᠪᠠᠷ ᠭᠡᠷ ᠪᠦᠯᠢ ᠶᠢᠨ ᠠᠵᠤ ᠠᠬᠤᠢ ᠶᠢᠨ ᠬᠦᠴᠢᠷᠳᠡᠯ ᠤᠨ ᠬᠢᠨᠠᠨ ᠲᠣᠭᠲᠠᠭᠠᠯᠲᠠ ᠬᠢᠨ᠎ᠡ ︵︽ᠭᠤᠶᠤᠴᠢᠯᠠᠯ ᠤᠨ ᠬᠦᠰᠦᠨᠦᠭᠲᠦ︾ ᠳᠡᠭᠡᠷᠡᠬᠢ ᠬᠢᠷᠢ ᠭᠡᠮ ᠢ ᠬᠢᠨᠠᠨ ᠪᠠᠶᠢᠴᠠᠭᠠᠭᠰᠠᠨ ᠪᠠᠶᠢᠳᠠᠯ ᠭᠡᠬᠦ ᠬᠦᠰᠦᠨᠦᠭ ᠲᠤ ᠳᠡᠭᠡᠳᠦ ᠳᠤᠮᠳᠠᠳᠤ ᠡᠰᠡᠭᠦᠯ᠎ᠡ ᠭᠠᠴᠠᠭ᠎ᠠ ᠲᠤᠰᠬᠤᠨ ᠤ ᠵᠦᠪᠯᠡᠯ ︵ᠰᠠᠭᠤᠭᠠᠯᠢ ᠠᠷᠠᠳ ᠤᠨ ᠵᠦᠪᠯᠡᠯ︶ ᠡᠰᠡᠭᠦᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠠᠯᠢ ᠨᠢᠭᠡ ᠠᠴᠠ ᠨᠢ ᠰᠠᠨᠠᠯ ᠳᠤᠷᠠᠳᠴᠤ᠂ ᠲᠠᠮᠠᠭ᠎ᠠ ᠳᠠᠷᠤᠨ᠎ᠠ︶᠃      3. ᠵᠢᠭᠡᠯᠡᠯᠭᠡ ᠭᠤᠶᠤᠴᠢᠯᠠᠬᠤ ᠮᠠᠲ᠋ᠧᠷᠢᠶᠠᠯ      ● ᠵᠢᠭᠡᠯᠡᠯᠭᠡ ᠵᠢᠭᠡᠯᠡᠬᠦ ᠰᠤᠷᠤᠭᠴᠢ ᠶᠢᠨ ᠭᠠᠷ ᠤᠨ ᠦᠰᠦᠭ ᠲᠠᠢ ︽ᠭᠤᠶᠤᠴᠢᠯᠠᠯ ᠤᠨ ᠬᠦᠰᠦᠨᠦᠭᠲᠦ︾ ᠎ ᠶᠢᠨ ᠤᠭ ᠬᠡᠪ      ● ᠵᠢᠭᠡᠯᠡᠯᠬᠡ ᠵᠢᠭᠡᠯᠡᠬᠦ ᠰᠤᠷᠤᠭᠴᠢ ᠪᠣᠯᠤᠨ ᠬᠠᠮᠲᠤ ᠵᠢᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠤᠭ ᠬᠡᠪ ᠪᠣᠯᠤᠨ ᠳᠠᠷᠤᠮᠠᠯᠯᠠᠭᠰᠠᠨ ᠬᠡᠪ ᠨᠢᠭᠡ ᠬᠤᠪᠢ      ● ᠰᠤᠷᠭᠠᠭᠤᠯᠢ ᠳᠤ ᠡᠯᠰᠡᠭᠰᠡᠨ ᠮᠡᠳᠡᠭᠳᠡᠯ ᠤᠨ ᠪᠢᠴᠢᠭ ︵ᠪᠣᠶᠤ ᠰᠤᠷᠤᠭᠴᠢ ᠶᠢᠨ ᠦᠨᠡᠮᠯᠡᠯ︶᠎ ᠤᠨ ᠤᠭ ᠬᠡᠪ ᠪᠣᠯᠤᠨ ᠳᠠᠷᠤᠮᠠᠯᠯᠠᠭᠰᠠᠨ ᠬᠡᠪ ᠨᠢᠭᠡ ᠬᠤᠪᠢ      ● ᠡᠷᠦᠬᠡ ᠠᠮᠠ ᠶᠢᠨ ᠳᠡᠪᠲᠡᠷ ᠤᠨ ᠤᠭ ᠬᠡᠪ ︵ᠬᠡᠷᠪᠡ ᠵᠢᠭᠡᠯᠡᠯᠭᠡ ᠵᠢᠭᠡᠯᠡᠬᠦ ᠰᠤᠷᠤᠭᠴᠢ ᠪᠣᠯᠤᠨ ᠬᠠᠮᠲᠤ ᠵᠢᠭᠡᠯᠡᠭᠴᠢ ᠨᠢᠭᠡ ᠡᠷᠦᠬᠡ ᠠᠮᠠ ᠶᠢᠨ ᠳᠡᠪᠲᠡᠷ ᠳᠡᠭᠡᠷ᠎ᠡ ᠪᠠᠶᠢᠬᠤ ᠦᠭᠡᠢ ᠪᠣᠯ᠂ ᠲᠤᠰ ᠲᠤᠰ ᠤᠨ ᠡᠷᠦᠬᠡ ᠠᠮᠠ ᠶᠢᠨ ᠳᠡᠪᠲᠡᠷ ᠤᠨ ᠤᠭ ᠬᠡᠪ ᠢ ᠠᠪᠴᠢᠷᠠᠨ᠎ᠠ︶      4. ᠳᠡᠭᠡᠳᠦ ᠰᠤᠷᠭᠠᠭᠤᠯᠢ ᠡᠯᠧᠺᠲᠷᠤᠨ ᠬᠠᠷᠢᠭᠤ ᠪᠠᠷᠢᠮᠲᠠ ᠪᠢᠴᠢᠨ᠎ᠡ᠃ ᠵᠢᠭᠡᠯᠡᠯᠭᠡ ᠵᠢᠭᠡᠯᠡᠬᠦ ᠰᠤᠷᠤᠭᠴᠢ ᠵᠢᠭᠡᠯᠡᠯᠭᠡ ᠶᠢᠨ ᠭᠡᠷ᠎ᠡ ᠲᠣᠭᠲᠠᠭᠰᠠᠨ ᠤ ᠳᠠᠷᠠᠭ᠎ᠠ᠂ ᠰᠤᠷᠭᠠᠭᠤᠯᠢ ᠳᠠᠭᠠᠨ ᠬᠦᠷᠴᠦ ᠨᠡᠷ᠎ᠡ ᠮᠡᠳᠡᠭᠦᠯᠦᠨ ︽ᠬᠦᠯᠢᠶᠡᠨ ᠰᠢᠢᠳᠪᠦᠷᠢᠯᠡᠭᠰᠡᠨ ᠭᠡᠷᠡᠴᠢ ᠪᠢᠴᠢᠭ︾᠎ ᠢᠶᠠᠨ ᠰᠤᠷᠭᠠᠭᠤᠯᠢ ᠳᠠᠭᠠᠨ ᠲᠤᠰᠢᠶᠠᠵᠤ᠂ ᠰᠤᠷᠭᠠᠭᠤᠯᠢ ᠶᠢᠨ ᠪᠠᠭᠰᠢ ᠠᠴᠠ ᠲᠤᠰ ᠵᠢᠯ ᠤᠨ 10 ᠰᠠᠷ᠎ᠠ ᠶᠢᠨ 10᠎ ᠠᠴᠠ ᠡᠮᠦᠨ᠎ᠡ ᠡᠯᠧᠺᠲᠷᠤᠨ ᠬᠠᠷᠢᠭᠤ ᠪᠠᠷᠢᠮᠲᠠ ᠪᠢᠴᠢᠵᠦ ᠣᠷᠤᠭᠤᠯᠤᠨ᠎ᠠ᠃         ᠬᠤᠶᠠᠷ᠂ ᠵᠠᠯᠭᠠᠵᠤ ᠵᠢᠭᠡᠯᠡᠬᠦ      1. ᠵᠢᠭᠡᠯᠡᠯᠭᠡ ᠵᠢᠭᠡᠯᠡᠭᠰᠡᠨ ᠰᠤᠷᠤᠭᠴᠢ ᠪᠣᠶᠣ ᠬᠠᠮᠲᠤ ᠵᠢᠭᠡᠯᠡᠭᠴᠢ ᠶᠢᠨ ᠠᠯᠢ ᠨᠢᠭᠡ ᠨᠢ ᠬᠤᠰᠢᠭᠤ ᠰᠢᠶᠠᠨ ᠤ ᠲᠤᠰᠠᠯᠠᠮᠵᠢ ᠦᠵᠡᠭᠦᠯᠬᠦ ᠲᠥᠪ ᠲᠤ ᠬᠦᠷᠴᠦ ᠵᠠᠯᠭᠠᠵᠤ ᠵᠢᠭᠡᠯᠡᠯᠭᠡ ᠵᠢᠭᠡᠯᠡᠬᠦ ᠭᠠᠷ ᠭᠦᠢᠴᠡᠳᠬᠡᠯ ᠬᠢᠵᠦ ᠪᠣᠯᠤᠨ᠎ᠠ᠃      2. ᠬᠤᠰᠢᠭᠤ ᠰᠢᠶᠠᠨ ᠤ ᠲᠤᠰᠠᠯᠠᠮᠵᠢ ᠦᠵᠡᠭᠦᠯᠬᠦ ᠲᠥᠪ ᠲᠤ ᠬᠦᠷᠴᠦ ᠭᠠᠷ ᠭᠦᠢᠴᠡᠳᠬᠡᠯ ᠬᠢᠬᠦ ᠠᠴᠠ ᠡᠮᠦᠨ᠎ᠡ᠂ ᠰᠤᠷᠤᠭᠴᠢ ᠶᠢᠨ ᠰᠦᠯᠵᠢᠶᠡᠨ ᠤ ᠦᠢᠯᠡᠴᠢᠯᠡᠬᠦ ᠰᠢᠰᠲ᠋ᠧᠮ ᠳᠤ ᠣᠷᠤᠵᠤ᠂ ᠬᠤᠪᠢ ᠬᠦᠮᠦᠨ ᠤ ᠪᠠ ᠬᠠᠮᠲᠤ ᠵᠢᠭᠡᠯᠡᠭᠴᠢ ᠶᠢᠨ ᠦᠨᠳᠦᠰᠦᠨ ᠪᠠᠶᠢᠳᠠᠯ ᠢ ᠰᠢᠨᠡᠳᠬᠡᠨ᠂ ᠵᠢᠭᠡᠯᠡᠯᠭᠡ ᠵᠠᠯᠭᠠᠵᠤ ᠵᠢᠭᠡᠯᠡᠬᠦ ᠭᠤᠶᠤᠴᠢᠯᠠᠯ ᠳᠡᠪᠰᠢᠭᠦᠯᠵᠦ᠂ ᠰᠢᠰᠲ᠋ᠧᠮ ᠤᠨ ᠰᠠᠨᠠᠭᠤᠯᠤᠮᠵᠢ ᠶᠢ ᠦᠨᠳᠦᠰᠦᠯᠡᠨ᠂ ᠵᠠᠯᠭᠠᠵᠤ ᠵᠢᠭᠡᠯᠡᠯᠭᠡ ᠵᠢᠭᠡᠯᠡᠬᠦ ᠢᠯᠡᠷᠬᠡᠶᠢᠯᠡᠯᠲᠡ ᠎ ᠶᠢ ᠲᠠᠭᠯᠠᠵᠤ᠂ ᠬᠤᠰᠢᠭᠤ ᠰᠤᠷᠭᠠᠨ ᠬᠦᠮᠦᠵᠢᠯ ᠤᠨ ᠲᠣᠪᠴᠢᠶ᠎ᠠ ︽ᠭᠤᠶᠤᠴᠢᠯᠠᠯ ᠤᠨ ᠬᠦᠰᠦᠨᠦᠭᠲᠦ︾᠎ ᠶᠢ ᠳᠠᠷᠤᠮᠠᠯᠯᠠᠵᠤ ᠠᠪᠤᠨ᠎ᠠ᠃      3. ᠵᠠᠯᠭᠠᠵᠤ ᠵᠢᠭᠡᠯᠡᠯᠭᠡ ᠵᠢᠭᠡᠯᠡᠬᠦ ᠮᠠᠲ᠋ᠧᠷᠢᠶᠠᠯ      ● ᠭᠤᠶᠤᠴᠢᠯᠠᠭᠴᠢ ᠶᠢᠨ ᠲᠤᠰ ᠬᠦᠮᠦᠨ ᠤ ᠪᠡᠶ᠎ᠡ ᠶᠢᠨ ᠦᠨᠡᠮᠯᠡᠯ ᠤᠨ ᠤᠭ ᠬᠡᠪ      ● ᠵᠢᠭᠡᠯᠡᠯᠭᠡ ᠵᠢᠭᠡᠯᠡᠬᠦ ᠰᠤᠷᠤᠭᠴᠢ ᠶᠢᠨ ᠭᠠᠷ ᠤᠨ ᠦᠰᠦᠭ ᠵᠢᠷᠤᠭᠰᠠᠨ ︽ᠭᠤᠶᠤᠴᠢᠯᠠᠯ ᠤᠨ ᠬᠦᠰᠦᠨᠦᠭᠲᠦ ︾᠎ ᠶᠢᠨ ᠤᠭ ᠬᠡᠪ      ᠠᠩᠬᠠᠷᠬᠤ ᠴᠢᠬᠤᠯᠠ ᠲᠠᠢ ᠵᠦᠢᠯᠡᠰ᠄ ᠬᠡᠷᠪᠡ ᠬᠠᠮᠲᠤ ᠵᠢᠭᠡᠯᠡᠭᠴᠢ ᠨᠢ ᠬᠤᠪᠢᠷᠠᠭᠰᠠᠨ ᠪᠠᠶᠢᠪᠠᠯ᠂ ᠤᠷᠢᠳᠠᠪᠠᠷ ᠬᠤᠰᠢᠭᠤ ᠰᠢᠶᠠᠨ ᠤ ᠲᠤᠰᠠᠯᠠᠮᠵᠢ ᠦᠵᠡᠭᠦᠯᠬᠦ ᠲᠥᠪ ︵ᠬᠤᠰᠢᠭᠤ ᠰᠤᠷᠭᠠᠨ ᠬᠦᠮᠦᠵᠢᠯ ᠤᠨ ᠲᠣᠪᠴᠢᠶ᠎ᠠ︶᠎ ᠲᠤ ᠬᠦᠷᠴᠦ᠂ ᠬᠠᠮᠲᠤ ᠵᠢᠭᠡᠯᠡᠭᠴᠢ ᠦᠭᠡᠷᠡᠴᠢᠯᠡᠬᠦ ᠭᠠᠷ ᠭᠦᠢᠴᠡᠳᠬᠡᠯ ᠬᠢᠪᠡᠯ ᠰᠠᠶ᠋ᠢ ᠵᠠᠯᠭᠠᠵᠤ ᠵᠢᠭᠡᠯᠡᠯᠭᠡ ᠵᠢᠭᠡᠯᠡᠬᠦ ᠭᠤᠶᠤᠴᠢᠯᠠᠯ ᠳᠡᠪᠰᠢᠭᠦᠯᠵᠦ ᠪᠣᠯᠣᠨ᠎ᠠ᠃      ︽ᠬᠦᠯᠢᠶᠡᠨ ᠰᠢᠢᠳᠪᠦᠷᠢᠯᠡᠭᠰᠡᠨ ᠭᠡᠷᠡᠴᠢ ᠪᠢᠴᠢᠭ︾᠎ ᠢᠶᠠᠨ ᠠᠪᠴᠤ ᠰᠤᠷᠭᠠᠭᠤᠯᠢ ᠳᠠᠭᠠᠨ ᠬᠦᠷᠴᠦ ᠨᠡᠷ᠎ᠡ ᠮᠡᠳᠡᠭᠦᠯᠦᠨ᠂ ᠰᠤᠷᠭᠠᠭᠤᠯᠢ ᠶᠢᠨ ᠪᠠᠭᠰᠢ ᠠᠴᠠ ᠲᠤᠰ ᠵᠢᠯ ᠤᠨ 10 ᠰᠠᠷ᠎ᠠ ᠶᠢᠨ 10᠎ ᠠᠴᠠ ᠡᠮᠦᠨ᠎ᠡ ᠡᠯᠧᠺᠲᠷᠤᠨ ᠬᠠᠷᠢᠭᠤ ᠪᠠᠷᠢᠮᠲᠠ ᠪᠢᠴᠢᠵᠦ ᠣᠷᠤᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号