ᠲᠦᠷᠦ ᠶᠢᠨ ᠪᠣᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2016/3/30
             ᠲᠦᠷᠦ ᠶᠢᠨ ᠪᠣᠳᠤᠯᠭ᠎ᠠ ᠶᠢᠨ ᠲᠠᠶᠢᠯᠤᠮᠵᠢ      ᠨᠢᠭᠡ᠂ ᠲᠦᠷᠦᠭᠰᠡᠨ ᠨᠤᠲᠤᠭ ᠤᠨ ᠰᠤᠷᠤᠯᠭ᠎ᠠ ᠲᠡᠳᠬᠦᠬᠦ ᠢᠲᠡᠭᠡᠮᠵᠢᠲᠦ ᠵᠢᠭᠡᠯᠡᠯᠭᠡ ᠭᠡᠳᠡᠭ ᠨᠢ ᠤᠯᠤᠰ ᠤᠨ ᠨᠡᠭᠡᠭᠡᠯᠲᠡ ᠶᠢᠨ ᠪᠠᠩᠬᠢ ᠵᠡᠷᠭᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠨᠦᠬᠦᠴᠡᠯ ᠳᠤ ᠨᠡᠶᠢᠴᠡᠬᠦ ᠭᠡᠷ ᠪᠦᠯᠢ ᠎ ᠶᠢᠨ ᠠᠵᠤ ᠠᠬᠤᠢ ᠨᠢ ᠬᠦᠴᠢᠷᠳᠡᠯᠲᠡᠢ ᠡᠩ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠤᠭᠴᠢ ᠪᠣᠯᠤᠨ ᠰᠤᠷᠭᠠᠭᠤᠯᠢ ᠳᠤ ᠪᠠᠶᠢᠭ᠎ᠠ ᠰᠤᠷᠤᠭᠴᠢ ᠳᠤ ᠲᠠᠷᠬᠠᠭᠠᠭᠰᠠᠨ᠂ ᠰᠤᠷᠤᠭᠴᠢ ᠰᠤᠷᠭᠠᠭᠤᠯᠢ ᠳᠤ ᠣᠷᠤᠬᠤ ᠠᠴᠠ ᠡᠮᠦᠨ᠎ᠡ ᠡᠷᠦᠬᠡ ᠠᠮᠠ ᠪᠠᠶᠢᠭ᠎ᠠ ᠬᠤᠰᠢᠭᠤ ᠰᠢᠶᠠᠨ ︵ᠬᠤᠲᠠ᠂ ᠣᠷᠣᠨ︶᠎ ᠳᠤ ᠭᠦᠢᠴᠡᠳᠬᠡᠭᠰᠡᠨ ᠰᠤᠷᠤᠯᠭ᠎ᠠ ᠲᠡᠳᠬᠦᠬᠦ ᠵᠢᠭᠡᠯᠡᠯᠭᠡ ᠶᠢ ᠬᠡᠯᠡᠨ᠎ᠡ᠃ ᠲᠦᠷᠦᠭᠰᠡᠨ ᠨᠤᠲᠤᠭ ᠤᠨ ᠵᠢᠭᠡᠯᠡᠯᠭᠡ ᠪᠣᠯ ᠢᠲᠡᠭᠡᠮᠵᠢᠲᠦ ᠵᠢᠭᠡᠯᠡᠯᠭᠡ ᠮᠦᠨ᠂ ᠰᠤᠷᠤᠭᠴᠢ ᠪᠣᠯᠤᠨ ᠭᠡᠷ ᠤᠨ ᠠᠬᠠᠮᠠᠳ ︵ᠪᠣᠶᠤ ᠪᠣᠰᠤᠳ ᠬᠠᠤᠯᠢ ᠳᠤ ᠲᠣᠭᠲᠠᠭᠰᠠᠨ ᠬᠢᠨᠠᠨ ᠬᠠᠮᠢᠶᠠᠷᠤᠭᠴᠢ︶ ᠪᠣᠯ ᠬᠠᠮᠲᠤ ᠵᠢᠭᠡᠯᠡᠭᠴᠢ᠂ ᠵᠢᠭᠡᠯᠡᠯᠭᠡ ᠪᠤᠴᠠᠭᠠᠬᠤ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃      ᠬᠤᠶᠠᠷ᠂ ᠲᠦᠷᠦᠭᠰᠡᠨ ᠨᠤᠲᠤᠭ ᠤᠨ ᠰᠤᠷᠤᠯᠭ᠎ᠠ ᠲᠡᠳᠬᠦᠬᠦ ᠢᠲᠡᠭᠡᠮᠵᠢᠲᠦ ᠵᠢᠭᠡᠯᠡᠯᠭᠡ ᠶᠢᠨ ᠬᠡᠮᠵᠢᠶ᠎ᠡ      ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢ ︵ᠬᠤᠶᠠᠳᠤᠭᠠᠷ ᠡᠷᠳᠡᠮ ᠤᠨ ᠴᠤᠯᠠ ᠲᠠᠢ ᠤᠶᠤᠲᠠᠨ᠂ ᠳᠡᠭᠡᠳᠦ ᠴᠤᠯᠠ ᠲᠠᠢ ᠰᠤᠷᠤᠭᠴᠢ ᠶᠢ ᠪᠠᠭᠲᠠᠭᠠᠨ᠎ᠠ︶ ᠬᠦᠮᠦᠨ ᠪᠣᠯᠭᠠᠨ ᠵᠢᠯ ᠪᠦᠷᠢ 1000 ᠲᠦᠭᠦᠷᠢᠭ — 8000 ᠲᠦᠭᠦᠷᠢᠭ ᠤᠨ ᠢᠲᠡᠭᠡᠮᠵᠢᠲᠦ ᠵᠢᠭᠡᠯᠡᠯᠭᠡ ᠵᠢᠭᠡᠯᠡᠵᠦ ᠪᠣᠯᠤᠨ᠎ᠠ︔ ᠨᠢᠭᠡ ᠵᠢᠯ ᠤᠨ ᠰᠤᠷᠤᠯᠭ᠎ᠠ ᠶᠢᠨ ᠰᠦᠢᠳᠬᠡᠯ ᠪᠠ ᠪᠠᠶᠢᠷᠢ ᠶᠢᠨ ᠰᠦᠢᠳᠬᠡᠯ ᠨᠢ ᠨᠡᠶᠢᠯᠡᠭᠡᠳ 8000 ᠲᠦᠭᠦᠷᠢᠭ ᠠᠴᠠ ᠳᠣᠣᠷ᠎ᠠ ᠪᠠᠶᠢᠪᠠᠯ᠂ ᠵᠢᠭᠡᠯᠡᠯᠭᠡ ᠵᠢᠭᠡᠯᠡᠬᠦ ᠭᠡᠮᠵᠢᠶ᠎ᠡ ᠶᠢ ᠡᠨᠡ ᠬᠤᠶᠠᠷ ᠰᠦᠢᠳᠬᠡᠯ ᠤᠨ ᠪᠠᠷᠢᠮᠵᠢᠶ᠎ᠠ ᠎ ᠶᠢᠨ ᠨᠡᠶᠢᠯᠡᠪᠦᠷᠢ ᠪᠠᠷ ᠲᠣᠭᠲᠠᠭᠠᠨ᠎ᠠ᠃ ᠬᠡᠷᠪᠡ 8000 ᠲᠦᠭᠦᠷᠢᠭ ᠠᠴᠠ ᠦᠨᠳᠦᠷ ᠪᠠᠶᠢᠪᠠᠯ᠂ 8000 ᠲᠦᠭᠦᠷᠢᠭ ᠎ ᠢᠶᠠᠷ ᠲᠣᠭᠲᠠᠭᠠᠨ᠎ᠠ᠃ ᠪᠦᠬᠦᠯᠢ ᠡᠳᠦᠷ ᠤᠨ ᠳᠦᠷᠢᠮᠲᠦ ᠰᠣᠳᠤᠯᠬᠤ ᠰᠤᠷᠤᠭᠴᠢ ︵ᠮᠠᠰᠲ᠋ᠧᠷ ᠴᠤᠯᠠᠲᠤ ᠰᠣᠳᠤᠯᠬᠤ ᠰᠤᠷᠤᠭᠴᠢ᠂ ᠳ᠋ᠣᠺᠲ᠋ᠤᠷ ᠴᠤᠯᠠᠲᠤ ᠰᠤᠳᠤᠯᠬᠤ ᠰᠤᠷᠤᠭᠴᠢ ᠶᠢ ᠪᠠᠭᠲᠠᠭᠠᠨ᠎ᠠ︶ 12000 ᠲᠦᠭᠦᠷᠢᠭ ᠤᠨ ᠢᠲᠡᠭᠡᠮᠵᠢᠲᠦ ᠵᠢᠭᠡᠯᠡᠯᠭᠡ ᠵᠢᠭᠡᠯᠡᠵᠦ ᠪᠣᠯᠤᠨ᠎ᠠ᠂ ᠪᠣᠰᠤᠳ ᠲᠣᠭᠲᠠᠭᠠᠯ ᠨᠢ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢ ᠲᠠᠢ ᠠᠳᠠᠯᠢ᠃      ᠭᠤᠷᠪᠠ᠂ ᠵᠢᠭᠡᠯᠡᠯᠭᠡ ᠶᠢᠨ ᠵᠢᠯ ᠤᠨ ᠬᠢᠵᠠᠭᠠᠷᠯᠠᠯ᠂ ᠪᠣᠴᠠᠭᠠᠬᠤ ᠬᠤᠭᠤᠴᠠᠭ᠎ᠠ      ᠵᠢᠭᠡᠯᠡᠯᠭᠡ ᠶᠢᠨ ᠬᠤᠭᠤᠴᠠᠭ᠎ᠠ ᠶᠢ ᠰᠤᠷᠭᠠᠭᠤᠯᠢ ᠳᠤ ᠪᠠᠶᠢᠭ᠎ᠠ ᠬᠤᠭᠤᠴᠠᠭ᠎ᠠ + 13 ᠵᠢᠯ ᠤᠨ ᠵᠠᠷᠴᠢᠮ ᠢᠶᠠᠷ ᠶᠠᠪᠤᠭᠳᠠᠵᠤ᠂ ᠬᠠᠮᠤᠭ ᠣᠬᠤᠷ ᠳᠠᠭᠠᠨ 6 ᠵᠢᠯ᠂ ᠬᠠᠮᠤᠭ ᠤᠷᠲᠤ ᠳᠠᠭᠠᠨ 20 ᠵᠢᠯ᠃  ᠰᠤᠷᠤᠭᠴᠢ ᠰᠤᠷᠭᠠᠭᠤᠯᠢ ᠎ ᠳᠤ ᠪᠠᠶᠢᠭ᠎ᠠ ᠬᠤᠭᠤᠴᠠᠭᠠᠨ ᠳᠤ ᠤᠯᠤᠰ ᠤᠨ ᠡᠳ᠋ ᠤᠨ ᠵᠠᠰᠠᠭ ᠠᠴᠠ ᠬᠦᠦ ᠮᠦᠩᠭᠦ ᠶᠢ ᠣᠷᠤᠯᠠᠨ ᠦᠭᠭᠦᠨ᠎ᠡ᠃ ᠲᠡᠭᠦᠰᠦᠭᠰᠡᠨ ᠤ ᠳᠠᠷᠠᠭᠠᠬᠢ ᠭᠤᠷᠪᠠᠨ ᠵᠢᠯ ᠪᠣᠯ ᠬᠤᠶᠢᠰᠢᠯᠠᠭᠤᠯᠬᠤ ᠬᠤᠭᠤᠴᠠᠭ᠎ᠠ᠂ ᠡᠨᠡᠬᠦ ᠬᠤᠭᠤᠴᠠᠭᠠᠨ ᠳᠤ ᠵᠢᠭᠡᠯᠡᠯᠭᠡ ᠵᠢᠭᠡᠯᠡᠭᠴᠢ ᠠᠴᠠ ᠵᠢᠭᠡᠯᠡᠯᠭᠡ ᠶᠢᠨ ᠬᠦᠦ ᠮᠦᠩᠭᠦ ᠶᠢ ᠪᠤᠴᠠᠭᠠᠵᠤ᠂ ᠭᠤᠷᠪᠠᠨ ᠵᠢᠯ ᠥᠩᠭᠡᠷᠡᠭᠰᠡᠨ ᠤ ᠳᠠᠷᠠᠭ᠎ᠠ᠂ ᠵᠢᠭᠡᠯᠡᠭᠴᠢ ᠵᠢᠭᠡᠯᠡᠭᠰᠡᠨ ᠡᠬᠡ ᠮᠦᠩᠭᠦ ᠪᠠ ᠬᠦᠥ ᠮᠦᠩᠭᠦ ᠶᠢ ᠵᠢᠯ ᠬᠤᠪᠢᠶᠠᠨ ᠪᠤᠴᠠᠭᠠᠨ᠎ᠠ᠃      ᠳᠥᠷᠪᠡ᠂ ᠬᠦᠥ ᠮᠦᠩᠭᠦ ᠶᠢᠨ ᠨᠣᠷᠮ᠎ᠠ ᠶᠢ ᠲᠣᠭᠲᠠᠭᠠᠬᠤ      ᠲᠦᠷᠦᠭᠰᠡᠨ ᠨᠤᠲᠤᠭ ᠤᠨ ᠰᠤᠷᠤᠯᠭ᠎ᠠ ᠲᠡᠳᠬᠦᠬᠦ ᠢᠲᠡᠭᠡᠮᠵᠢᠲᠦ ᠵᠢᠭᠡᠯᠡᠯᠭᠡ ᠶᠢᠨ ᠬᠦᠥ ᠮᠦᠩᠭᠦ ᠶᠢᠨ ᠨᠣᠷᠮ᠎ᠠ ᠎ ᠶᠢ ᠳᠤᠮᠳᠠᠳᠤ ᠤᠯᠤᠰ ᠤᠨ ᠠᠷᠠᠳ ᠤᠨ ᠪᠠᠩᠬᠢ ᠠᠴᠠ ᠨᠡᠶᠢᠲᠡᠯᠡᠭᠰᠡᠨ ᠠᠳᠠᠯᠢ ᠬᠤᠭᠤᠴᠠᠭᠠᠨ ᠤ ᠠᠳᠠᠯᠢ ᠳᠡᠰ ᠤᠨ ᠪᠠᠷᠢᠮᠵᠢᠶ᠎ᠠ ᠪᠠᠷ ᠶᠠᠪᠤᠭᠳᠠᠭᠤᠯᠤᠨ᠎ᠠ᠃ ᠵᠢᠭᠡᠯᠡᠯᠭᠡ ᠶᠢᠨ ᠬᠦᠥ ᠮᠦᠩᠭᠦ ᠶᠢᠨ ᠨᠣᠷᠮ᠎ᠠ ᠶᠢ ᠵᠢᠯ ᠪᠦᠷᠢ ᠶᠢᠨ 12 ᠰᠠᠷ᠎ᠠ ᠎ ᠶᠢᠨ 21᠎ ᠳᠤ ᠬᠠᠮᠤᠭ ᠰᠢᠨ᠎ᠡ ᠪᠠᠷᠢᠮᠵᠢᠶ᠎ᠠ ᠪᠠᠷ ᠨᠢᠭᠡ ᠤᠳᠠᠭ᠎ᠠ ᠳᠤᠬᠢᠷᠠᠭᠤᠯᠤᠯᠲᠠ ᠬᠢᠨ᠎ᠡ᠃      ᠲᠠᠪᠤ᠂ ᠵᠢᠭᠡᠯᠡᠯᠭᠡ ᠵᠢᠭᠡᠯᠡᠬᠦ ᠪᠠᠷ ᠭᠤᠶᠤᠴᠢᠯᠠᠭᠴᠢ ᠶᠢᠨ ᠨᠦᠬᠦᠴᠡᠯ      ᠭᠤᠶᠤᠴᠢᠯᠠᠬᠤ ᠰᠤᠷᠤᠭᠴᠢ ᠳᠣᠣᠷᠠᠬᠢ ᠬᠡᠳᠦᠨ ᠨᠦᠬᠦᠴᠡᠯ ᠢ ᠵᠡᠷᠭᠡ ᠪᠠᠷ ᠪᠦᠷᠢᠯᠳᠦᠭᠦᠯᠬᠦ ᠬᠡᠷᠡᠭᠲᠡᠢ᠄      1. ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠬᠡᠲᠦ ᠠᠷᠠᠳ︔      2. ᠰᠤᠷᠤᠭᠴᠢ ᠶᠢᠨ ᠰᠤᠷᠭᠠᠭᠤᠯᠢ ᠳᠤ ᠣᠷᠤᠬᠤ ᠠᠴᠠ ᠡᠮᠦᠨᠡᠬᠢ ᠡᠷᠦᠬᠡ ᠠᠮᠠ ᠪᠣᠯᠤᠨ ᠬᠠᠮᠲᠤ ᠵᠢᠭᠡᠯᠡᠭᠴᠢ ᠎ ᠶᠢᠨ ᠡᠷᠦᠬᠡ ᠠᠮᠠ ᠨᠢ ᠴᠦᠮ ᠲᠤᠰ ᠬᠤᠰᠢᠭᠤ ︵ᠬᠤᠲᠠ᠂ ᠣᠷᠣᠨ︶᠎ ᠳᠤ ᠪᠠᠶᠢᠬᠤ︔      3. ᠤᠯᠤᠰ ᠤᠨ ᠬᠠᠮᠢᠶ᠎ᠠ ᠪᠦᠬᠦᠢ ᠲᠣᠭᠲᠠᠭᠠᠯ ᠢᠶᠠᠷ ᠵᠦᠪᠰᠢᠶᠡᠷᠡᠭᠳᠡᠨ ᠪᠠᠶᠢᠭᠤᠯᠤᠭᠳᠠᠭᠰᠠᠨ᠂ ᠳᠡᠭᠡᠳᠦ ᠵᠡᠷᠭᠡ ᠎ ᠶᠢᠨ ᠰᠤᠷᠤᠯᠭ᠎ᠠ ᠶᠢᠨ ᠨᠠᠮᠲᠠᠷᠲᠤ ᠰᠤᠷᠭᠠᠨ ᠬᠦᠮᠦᠵᠢᠯ ᠢ ᠬᠡᠷᠡᠭᠵᠢᠭᠦᠯᠵᠦ ᠪᠠᠶᠢᠭ᠎ᠠ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠵᠢᠴᠢ ᠲᠤᠰᠬᠠᠢ ᠮᠡᠷᠭᠡᠵᠢᠯ ᠤᠨ ᠰᠤᠷᠭᠠᠭᠤᠯᠢ ︵ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠪᠠ ᠪᠡᠶ᠎ᠡ ᠪᠠᠨ ᠳᠠᠭᠠᠭᠠᠭᠰᠠᠨ ᠳᠡᠭᠡᠳᠦ ᠰᠤᠷᠭᠠᠭᠤᠯᠢ ᠶᠢ ᠪᠠᠭᠲᠠᠭᠠᠵᠤ᠂ ᠰᠤᠷᠭᠠᠭᠤᠯᠢ ᠶᠢᠨ ᠨᠡᠷᠡᠰ ᠢ ᠰᠤᠷᠭᠠᠨ ᠬᠦᠮᠦᠵᠢᠯ ᠤᠨ ᠶᠠᠮᠤᠨ ᠤ ᠨᠡᠶᠢᠲᠡᠯᠡᠯ ᠎ ᠢᠶᠠᠷ ᠪᠠᠷᠢᠮᠵᠢᠶ᠎ᠠ ᠪᠣᠯᠭᠠᠨ᠎ᠠ︶᠎ ᠳᠤ ᠵᠢᠩᠬᠢᠨᠢ ᠪᠠᠷ ᠡᠯᠰᠡᠭᠳᠡᠵᠦ᠂ ᠦᠨᠡᠨ ᠪᠣᠳᠠᠲᠠᠢ᠂ ᠬᠠᠤᠯᠢ ᠳᠤ ᠨᠡᠶᠢᠴᠡᠭᠰᠡᠨ᠂ ᠬᠦᠴᠦᠨ ᠲᠠᠢ ᠰᠤᠷᠭᠠᠭᠤᠯᠢ ᠳᠤ ᠡᠯᠰᠡᠭᠰᠡᠨ ᠮᠡᠳᠡᠭᠳᠡᠯ ᠤᠨ ᠪᠢᠴᠢᠭ ᠭᠠᠷᠳᠠᠭᠰᠠᠨ ᠪᠦᠬᠦᠯᠢ ᠡᠳᠦᠷ ᠤᠨ ᠳᠦᠷᠢᠮᠲᠦ ᠰᠢᠨ᠎ᠡ ᠰᠤᠷᠤᠭᠴᠢ ᠪᠣᠶᠤ ᠳᠡᠭᠡᠳᠦ ᠰᠤᠷᠭᠠᠭᠤᠯᠢ ᠳᠤ ᠪᠠᠶᠢᠭ᠎ᠠ ᠵᠢᠩᠬᠢᠨᠢ ᠪᠠ ᠲᠤᠰᠬᠠᠢ ᠮᠡᠷᠭᠡᠵᠢᠯ ᠤᠨ ᠠᠩᠬᠢ ᠶᠢᠨ ᠰᠤᠷᠤᠭᠴᠢ᠂ ᠰᠤᠳᠤᠯᠬᠤ ᠰᠤᠷᠤᠭᠴᠢ ᠵᠢᠴᠢ ᠬᠤᠶᠠᠳᠤᠭᠠᠷ ᠡᠷᠳᠡᠮ ᠤᠨ ᠴᠤᠯᠠ ᠲᠠᠢ ᠰᠤᠷᠤᠭᠴᠢ︔      4. ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨᠠᠨ ᠲᠣᠭᠲᠠᠭᠠᠯᠲᠠ ᠳᠠᠮᠵᠢᠭᠰᠠᠨ ᠭᠡᠷ ᠪᠦᠯᠢ ᠶᠢᠨ ᠠᠵᠤ ᠠᠬᠤᠢ ᠬᠦᠴᠢᠷᠳᠡᠯᠲᠡᠢ ᠪᠠ ᠠᠵᠤ ᠠᠬᠤᠢ ᠶᠢᠨ ᠣᠷᠤᠯᠭ᠎ᠠ ᠨᠢ ᠰᠤᠷᠤᠭᠴᠢ ᠶᠢᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠬᠡᠷᠡᠭᠰᠡᠬᠦ ᠰᠤᠷᠤᠯᠭ᠎ᠠ ᠶᠢᠨ ᠦᠨᠳᠦᠰᠦᠨ ᠵᠠᠷᠤᠳᠠᠯ ᠢ ᠬᠠᠩᠭᠠᠵᠤ ᠳᠡᠶᠢᠯᠬᠦ ᠦᠭᠡᠢ︔      5. ᠲᠤᠬᠠᠢ ᠶᠢᠨ ᠵᠢᠯ ᠪᠤᠰᠤᠳ ᠰᠤᠷᠤᠯᠭ᠎ᠠ ᠲᠡᠳᠬᠦᠬᠦ ᠵᠢᠭᠡᠯᠡᠯᠭᠡ ᠣᠯᠤᠭᠰᠠᠨ ᠦᠭᠡᠢ︔      6. ᠦᠨᠡᠨᠴᠢ ᠢᠲᠡᠭᠡᠮᠵᠢᠲᠡᠢ᠂ ᠬᠠᠤᠯᠢ ᠰᠠᠬᠢᠯᠭ᠎ᠠ ᠶᠢ ᠵᠢᠷᠦᠮᠯᠡᠵᠦ ᠰᠠᠬᠢᠭᠰᠠᠨ ᠪᠠᠶᠢᠬᠤ᠃ᠬᠠᠮᠲᠤ ᠵᠢᠭᠡᠯᠡᠭᠴᠢ ᠶᠢᠨ ᠪᠦᠷᠢᠯᠳᠦᠭᠦᠯᠬᠦ ᠨᠦᠬᠦᠴᠡᠯ᠄      1. ᠵᠠᠷᠴᠢᠮ ᠳᠡᠭᠡᠷ᠎ᠡ ᠪᠠᠨ ᠵᠢᠭᠡᠯᠡᠯᠭᠡ ᠵᠢᠭᠡᠯᠡᠬᠦ ᠰᠤᠷᠤᠭᠴᠢ ᠶᠢᠨ ᠠᠪᠤ ᠡᠵᠢ ᠨᠢ ᠪᠠᠶᠢᠬᠤ ᠬᠡᠷᠡᠭᠲᠡᠢ︔      2. ᠵᠢᠭᠡᠯᠡᠯᠭᠡ ᠵᠢᠭᠡᠯᠡᠬᠦ ᠰᠤᠷᠤᠭᠴᠢ ᠶᠢᠨ ᠠᠪᠤ ᠡᠵᠢ ᠨᠢ ᠪᠡᠶ᠎ᠡ ᠵᠡᠮᠳᠡᠭ ᠪᠠ ᠡᠪᠡᠳᠴᠢᠨ ᠲᠠᠢ ᠵᠡᠷᠭᠡ ᠣᠨᠴᠠᠭᠠᠢ ᠪᠠᠶᠢᠳᠠᠯ ᠠᠴᠠ ᠪᠣᠯᠵᠤ ᠬᠦᠳᠡᠯᠮᠦᠷᠢᠯᠡᠬᠦ ᠴᠢᠳᠠᠪᠦᠷᠢ ᠪᠣᠶᠤ ᠢᠷᠭᠡᠨ ᠤ ᠠᠵᠢᠯᠯᠠᠭᠠᠨ ᠤ ᠴᠢᠳᠠᠪᠦᠷᠢ ᠪᠠᠨ ᠠᠯᠳᠠᠭᠰᠠᠨ ᠪᠠᠶᠢᠪᠠᠯ᠂ ᠰᠤᠷᠤᠭᠴᠢ ᠶᠢᠨ ᠪᠤᠰᠤᠳ ᠣᠶᠢᠷ᠎ᠠ ᠲᠦᠷᠦᠯ ᠨᠢ ᠬᠠᠮᠲᠤ ᠵᠢᠭᠡᠯᠡᠭᠴᠢ ᠪᠣᠯᠵᠤ ᠪᠤᠯᠤᠨ᠎ᠠ᠃      3. ᠬᠡᠷᠪᠡ ᠵᠢᠭᠡᠯᠡᠯᠭᠡ ᠵᠢᠭᠡᠯᠡᠬᠦ ᠰᠤᠷᠤᠭᠴᠢ ᠦᠨᠦᠴᠢᠨ ᠬᠡᠥᠬᠡᠳ ᠪᠣᠯ᠂ ᠬᠠᠮᠲᠤ ᠵᠢᠭᠡᠯᠡᠭᠴᠢ ᠨᠢ ᠲᠡᠭᠦᠨ ᠤ ᠬᠠᠤᠯᠢ ᠳᠤ ᠲᠣᠭᠲᠠᠭᠰᠠᠨ ᠬᠢᠨᠠᠨ ᠬᠠᠮᠢᠶᠠᠷᠤᠭᠴᠢ ᠪᠠᠶᠢᠵᠤ᠂ ᠡᠰᠡᠭᠦᠯ᠎ᠡ ᠵᠢᠭᠡᠯᠡᠯᠭᠡ ᠵᠢᠭᠡᠯᠡᠬᠦ ᠰᠤᠷᠤᠭᠴᠢ ᠲᠠᠢ ᠬᠠᠮᠲᠤ ᠎ ᠪᠠᠷ ᠵᠢᠭᠡᠯᠡᠯᠭᠡ ᠪᠤᠴᠠᠭᠠᠬᠤ ᠬᠠᠷᠢᠭᠤᠴᠠᠯᠭ᠎ᠠ ᠶᠢ ᠰᠠᠶᠢᠨ ᠳᠤᠷ᠎ᠠ ᠠᠴᠠ ᠪᠠᠨ ᠡᠭᠦᠷᠭᠡᠯᠡᠬᠦ  ᠪᠦᠷᠢᠮᠦᠰᠦᠨ ᠢᠷᠭᠡᠨ ᠤ ᠠᠵᠢᠯᠯᠠᠭᠠᠨ ᠤ ᠴᠢᠳᠠᠪᠦᠷᠢ ᠲᠠᠢ ᠬᠦᠮᠦᠨ ᠪᠠᠶᠢᠵᠤ ᠪᠣᠯᠤᠨ᠎ᠠ᠃      4. ᠬᠠᠮᠲᠤ ᠵᠢᠭᠡᠯᠡᠭᠴᠢ ᠶᠢᠨ ᠡᠷᠦᠬᠡ ᠠᠮᠠ ᠪᠠ ᠵᠢᠭᠡᠯᠡᠯᠭᠡ ᠵᠢᠭᠡᠯᠡᠬᠦ ᠰᠤᠷᠤᠭᠴᠢ ᠶᠢᠨ ᠰᠤᠷᠭᠠᠭᠤᠯᠢ ᠳᠤ ᠣᠷᠤᠬᠤ ᠠᠴᠠ ᠡᠮᠦᠨᠡᠬᠢ ᠡᠷᠦᠬᠡ ᠠᠮᠠ ᠨᠢ ᠴᠦᠮ ᠠᠳᠠᠯᠢ ᠬᠤᠰᠢᠭᠤ ︵ᠬᠤᠲᠠ᠂ ᠣᠷᠣᠨ︶᠎ ᠳᠤ ᠪᠠᠶᠢᠬᠤ ᠬᠡᠷᠡᠭᠲᠡᠢ      5. ᠬᠠᠮᠲᠤ ᠵᠢᠭᠡᠯᠡᠭᠴᠢ ᠨᠢ ᠬᠡᠷᠪᠡ ᠵᠢᠭᠡᠯᠡᠯᠭᠡ ᠵᠢᠭᠡᠯᠡᠬᠦ ᠰᠤᠷᠤᠭᠴᠢ ᠶᠢᠨ ᠠᠪᠤ ᠡᠵᠢ ᠨᠢ ᠪᠢᠰᠢ ᠪᠠᠶᠢᠪᠠᠯ᠂ ᠲᠡᠭᠦᠨ ᠤ ᠨᠠᠰᠤᠨ ᠤ ᠬᠢᠵᠠᠭᠠᠷ ᠨᠢ 25 ᠪᠦᠬᠦᠯᠢ ᠨᠠᠰᠤ ︵ᠪᠠᠭᠲᠠᠭᠠᠭᠰᠠᠨ︶᠎ ᠠᠴᠠ ᠳᠡᠭᠡᠭᠰᠢ 60 ᠪᠦᠬᠦᠯᠢ ᠨᠠᠰᠤ ︵ᠪᠠᠭᠲᠠᠭᠠᠭᠰᠠᠨ︶᠎ ᠠᠴᠠ ᠳᠣᠷᠤᠭᠰᠢ ᠪᠠᠶᠢᠬᠤ ᠬᠡᠷᠡᠭᠲᠡᠢ᠃      6. ᠲᠦᠷᠦᠭᠰᠡᠨ ᠨᠤᠲᠤᠭ ᠤᠨ ᠰᠤᠷᠤᠯᠭ᠎ᠠ ᠲᠡᠳᠬᠦᠬᠦ ᠢᠲᠡᠭᠡᠮᠵᠢᠲᠦ ᠵᠢᠭᠡᠯᠡᠯᠭᠡ ︵ᠪᠣᠶᠤ ᠳᠡᠭᠡᠳᠦ ᠰᠤᠷᠭᠠᠭᠤᠯᠢ ᠶᠢᠨ ᠰᠤᠷᠤᠯᠭ᠎ᠠ ᠲᠡᠳᠬᠦᠬᠦ ᠵᠢᠭᠡᠯᠡᠯᠭᠡ︶᠎ ᠶᠢ ᠪᠤᠴᠠᠭᠠᠵᠤ ᠳᠠᠭᠤᠰᠬᠠᠭᠠᠳᠤᠢ ᠰᠤᠷᠤᠭᠴᠢ ᠪᠤᠰᠤᠳ ᠰᠤᠷᠤᠭᠴᠢ ᠶᠢᠨ ᠬᠠᠮᠲᠤ ᠵᠢᠭᠡᠯᠡᠭᠴᠢ ᠪᠣᠯᠵᠤ ᠪᠣᠯᠬᠤ ᠦᠭᠡᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号