ᠶᠡᠭᠡ ᠰᠤᠷᠭᠠᠭᠤᠯᠢ ᠶᠢᠨ ᠤᠶᠤᠲᠠᠨ ᠲᠦᠷᠦᠭᠰᠡᠨ ᠨᠤᠲᠤᠭ ᠠᠴᠠ ᠪᠠᠨ ᠰᠤᠷᠤᠯᠭ᠎ᠠ ᠲᠡᠳᠬᠦᠬᠦ ᠢᠲᠡᠭᠡᠮᠵᠢᠲᠦ ᠵᠢᠭᠡᠯᠡᠯᠭᠡ ᠵᠢᠭᠡᠯᠡᠬᠦ ᠵᠦᠭᠯᠡᠭᠦᠷ
ᠨᠡᠶᠢᠲᠡᠯᠡᠭᠰᠡᠨ ᠴᠠᠭ᠄
2016/3/30
              ᠶᠡᠭᠡ ᠰᠤᠷᠭᠠᠭᠤᠯᠢ ᠶᠢᠨ ᠤᠶᠤᠲᠠᠨ ᠲᠦᠷᠦᠭᠰᠡᠨ ᠨᠤᠲᠤᠭ ᠠᠴᠠ ᠪᠠᠨ               ᠰᠤᠷᠤᠯᠭ᠎ᠠ ᠲᠡᠳᠬᠦᠬᠦ ᠢᠲᠡᠭᠡᠮᠵᠢᠲᠦ ᠵᠢᠭᠡᠯᠡᠯᠭᠡ ᠵᠢᠭᠡᠯᠡᠬᠦ ᠵᠦᠭᠯᠡᠭᠦᠷ                ᠨᠢᠭᠡ᠂ ᠠᠩᠬ᠎ᠠ ᠤᠳᠠᠭ᠎ᠠ ᠵᠢᠭᠡᠯᠡᠯᠭᠡ ᠵᠢᠭᠡᠯᠡᠬᠦ      ᠠᠩᠬ᠎ᠠ ᠤᠳᠠᠭ᠎ᠠ ᠵᠢᠭᠡᠯᠡᠯᠭᠡ ᠵᠢᠭᠡᠯᠡᠬᠦ ᠳᠤ᠂ ᠵᠢᠭᠡᠯᠡᠯᠭᠡ ᠵᠢᠭᠡᠯᠡᠬᠦ ᠰᠤᠷᠤᠭᠴᠢ ᠪᠣᠯᠤᠨ ᠬᠠᠮᠲᠤ ᠵᠢᠭᠡᠯᠡᠭᠴᠢ ᠴᠤᠭᠭᠠᠷ ᠬᠤᠶᠠᠭᠤᠯᠠ ᠶᠢᠨ ᠡᠷᠦᠬᠡ ᠠᠮᠠ ᠪᠠᠶᠢᠭ᠎ᠠ ᠬᠤᠰᠢᠭᠤ ᠰᠢᠶᠠᠨ ᠤ ᠲᠤᠰᠠᠯᠠᠮᠵᠢ ᠦᠵᠡᠭᠦᠯᠬᠦ ᠬᠠᠮᠢᠶᠠᠷᠤᠯᠲᠠ  ᠶᠢᠨ ᠲᠥᠪ ︵ᠬᠤᠰᠢᠭᠤ ᠰᠤᠷᠭᠠᠨ ᠬᠦᠮᠦᠵᠢᠯ ᠤᠨ ᠲᠣᠪᠴᠢᠶ᠎ᠠ︶ ᠳᠤ ᠬᠦᠷᠴᠦ᠂ ᠵᠢᠭᠡᠯᠡᠯᠭᠡ ᠵᠢᠭᠡᠯᠡᠬᠦ ᠭᠠᠷ ᠭᠦᠢᠴᠡᠳᠬᠡᠯ ᠬᠢᠨ᠎ᠡ᠃      1. ᠳᠠᠩᠰᠠᠯᠠᠭᠤᠯᠬᠤ᠄ ᠰᠤᠷᠤᠭᠴᠢ ᠰᠦᠯᠵᠢᠶᠡᠨ ᠤ ᠦᠢᠯᠡᠴᠢᠯᠡᠬᠦ ᠰᠢᠰᠲ᠋ᠧᠮ ᠳᠤ ᠤᠷᠤᠵᠤ ︵ᠰᠦᠯᠵᠢᠶᠡᠨ ᠬᠠᠶ᠋ᠢᠭ ww.csls.cdb.com.cnttp://www.csls.cdb.com.cn︶᠂ ᠬᠤᠪᠢ ᠶᠢᠨ ᠪᠠ ᠬᠠᠮᠲᠤ ᠵᠢᠭᠡᠯᠡᠭᠴᠢ ᠶᠢᠨ ᠦᠨᠳᠦᠰᠦᠨ ᠪᠠᠶᠢᠳᠠᠯ ᠢ ᠲᠠᠭᠯᠠᠨ᠂ ᠳᠠᠩᠰᠠᠯᠠᠭᠤᠯᠵᠤ ᠪᠠᠷᠠᠭᠰᠠᠨ ᠤ ᠳᠠᠷᠠᠭ᠎ᠠ᠂ ᠵᠢᠭᠡᠯᠡᠯᠭᠡ ᠵᠢᠭᠡᠯᠡᠬᠦ ᠭᠤᠶᠤᠴᠢᠯᠠᠯ ᠳᠡᠪᠰᠢᠭᠦᠯᠵᠦ ︽ᠭᠤᠶᠤᠴᠢᠯᠠᠯ ᠤᠨ ᠬᠦᠰᠦᠨᠦᠭᠲᠦ︾ ᠶᠢ ᠳᠠᠷᠤᠮᠠᠯᠯᠠᠵᠤ ᠠᠪᠤᠨ᠎ᠠ᠃      2. ᠳᠡᠭᠡᠳᠦ ᠳᠤᠮᠳᠠᠳᠤ ᠳᠠᠭᠠᠨ ᠤᠷᠢᠳᠴᠢᠯᠠᠨ ᠭᠤᠶᠤᠴᠢᠯᠠᠭᠰᠠᠨ ᠰᠤᠷᠤᠭᠴᠢ ᠭᠡᠷ ᠪᠦᠯᠢ ᠶᠢᠨ ᠠᠵᠤ ᠠᠬᠤᠢ  ᠶᠢᠨ ᠬᠦᠴᠢᠷᠳᠡᠯ ᠤᠨ ᠬᠢᠨᠠᠨ ᠲᠣᠭᠲᠠᠭᠠᠯᠲᠠ ᠬᠢᠬᠦ ᠴᠢᠬᠤᠯᠠ ᠦᠭᠡᠢ︔ ᠳᠡᠭᠡᠳᠦ ᠳᠤᠮᠳᠠᠳᠤ ᠳᠠᠭᠠᠨ ᠤᠷᠢᠳᠴᠢᠯᠠᠨ ᠭᠤᠶᠤᠴᠢᠯᠠᠭᠰᠠᠨ ᠦᠭᠡᠢ ᠨᠢ ᠤᠷᠢᠳᠠᠪᠠᠷ ᠭᠡᠷ ᠪᠦᠯᠢ ᠶᠢᠨ ᠠᠵᠤ ᠠᠬᠤᠢ ᠶᠢᠨ ᠬᠦᠴᠢᠷᠳᠡᠯ ᠤᠨ ᠬᠢᠨᠠᠨ ᠲᠣᠭᠲᠠᠭᠠᠯᠲᠠ ᠬᠢᠨ᠎ᠡ ︵︽ᠭᠤᠶᠤᠴᠢᠯᠠᠯ ᠤᠨ ᠬᠦᠰᠦᠨᠦᠭᠲᠦ︾ ᠳᠡᠭᠡᠷᠡᠬᠢ ᠬᠢᠷᠢ ᠭᠡᠮ ᠢ ᠬᠢᠨᠠᠨ ᠪᠠᠶᠢᠴᠠᠭᠠᠭᠰᠠᠨ ᠪᠠᠶᠢᠳᠠᠯ ᠭᠡᠬᠦ ᠬᠦᠰᠦᠨᠦᠭ ᠲᠤ ᠳᠡᠭᠡᠳᠦ ᠳᠤᠮᠳᠠᠳᠤ ᠡᠰᠡᠭᠦᠯ᠎ᠡ ᠭᠠᠴᠠᠭ᠎ᠠ ᠲᠤᠰᠬᠤᠨ ᠤ ᠵᠦᠪᠯᠡᠯ ︵ᠰᠠᠭᠤᠭᠠᠯᠢ ᠠᠷᠠᠳ ᠤᠨ ᠵᠦᠪᠯᠡᠯ︶ ᠡᠰᠡᠭᠦᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠠᠯᠢ ᠨᠢᠭᠡ ᠠᠴᠠ ᠨᠢ ᠰᠠᠨᠠᠯ ᠳᠤᠷᠠᠳᠴᠤ᠂ ᠲᠠᠮᠠᠭ᠎ᠠ ᠳᠠᠷᠤᠨ᠎ᠠ︶᠃      3. ᠵᠢᠭᠡᠯᠡᠯᠭᠡ ᠭᠤᠶᠤᠴᠢᠯᠠᠬᠤ ᠮᠠᠲ᠋ᠧᠷᠢᠶᠠᠯ      ● ᠵᠢᠭᠡᠯᠡᠯᠭᠡ ᠵᠢᠭᠡᠯᠡᠬᠦ ᠰᠤᠷᠤᠭᠴᠢ ᠶᠢᠨ ᠭᠠᠷ ᠤᠨ ᠦᠰᠦᠭ ᠲᠠᠢ ︽ᠭᠤᠶᠤᠴᠢᠯᠠᠯ ᠤᠨ ᠬᠦᠰᠦᠨᠦᠭᠲᠦ︾  ᠶᠢᠨ ᠤᠭ ᠬᠡᠪ      ● ᠵᠢᠭᠡᠯᠡᠯᠬᠡ ᠵᠢᠭᠡᠯᠡᠬᠦ ᠰᠤᠷᠤᠭᠴᠢ ᠪᠣᠯᠤᠨ ᠬᠠᠮᠲᠤ ᠵᠢᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠤᠭ ᠬᠡᠪ ᠪᠣᠯᠤᠨ ᠳᠠᠷᠤᠮᠠᠯᠯᠠᠭᠰᠠᠨ ᠬᠡᠪ ᠨᠢᠭᠡ ᠬᠤᠪᠢ      ● ᠰᠤᠷᠭᠠᠭᠤᠯᠢ ᠳᠤ ᠡᠯᠰᠡᠭᠰᠡᠨ ᠮᠡᠳᠡᠭᠳᠡᠯ ᠤᠨ ᠪᠢᠴᠢᠭ ︵ᠪᠣᠶᠤ ᠰᠤᠷᠤᠭᠴᠢ ᠶᠢᠨ ᠦᠨᠡᠮᠯᠡᠯ︶ ᠤᠨ ᠤᠭ ᠬᠡᠪ ᠪᠣᠯᠤᠨ ᠳᠠᠷᠤᠮᠠᠯᠯᠠᠭᠰᠠᠨ ᠬᠡᠪ ᠨᠢᠭᠡ ᠬᠤᠪᠢ      ● ᠡᠷᠦᠬᠡ ᠠᠮᠠ ᠶᠢᠨ ᠳᠡᠪᠲᠡᠷ ᠤᠨ ᠤᠭ ᠬᠡᠪ ︵ᠬᠡᠷᠪᠡ ᠵᠢᠭᠡᠯᠡᠯᠭᠡ ᠵᠢᠭᠡᠯᠡᠬᠦ ᠰᠤᠷᠤᠭᠴᠢ ᠪᠣᠯᠤᠨ ᠬᠠᠮᠲᠤ ᠵᠢᠭᠡᠯᠡᠭᠴᠢ ᠨᠢᠭᠡ ᠡᠷᠦᠬᠡ ᠠᠮᠠ ᠶᠢᠨ ᠳᠡᠪᠲᠡᠷ ᠳᠡᠭᠡᠷ᠎ᠡ ᠪᠠᠶᠢᠬᠤ ᠦᠭᠡᠢ ᠪᠣᠯ᠂ ᠲᠤᠰ ᠲᠤᠰ ᠤᠨ ᠡᠷᠦᠬᠡ ᠠᠮᠠ ᠶᠢᠨ ᠳᠡᠪᠲᠡᠷ ᠤᠨ ᠤᠭ ᠬᠡᠪ ᠢ ᠠᠪᠴᠢᠷᠠᠨ᠎ᠠ︶      4. ᠳᠡᠭᠡᠳᠦ ᠰᠤᠷᠭᠠᠭᠤᠯᠢ ᠡᠯᠧᠺᠲᠷᠤᠨ ᠬᠠᠷᠢᠭᠤ ᠪᠠᠷᠢᠮᠲᠠ ᠪᠢᠴᠢᠨ᠎ᠡ᠃ ᠵᠢᠭᠡᠯᠡᠯᠭᠡ ᠵᠢᠭᠡᠯᠡᠬᠦ ᠰᠤᠷᠤᠭᠴᠢ ᠵᠢᠭᠡᠯᠡᠯᠭᠡ ᠶᠢᠨ ᠭᠡᠷ᠎ᠡ ᠲᠣᠭᠲᠠᠭᠰᠠᠨ ᠤ ᠳᠠᠷᠠᠭ᠎ᠠ᠂ ᠰᠤᠷᠭᠠᠭᠤᠯᠢ ᠳᠠᠭᠠᠨ ᠬᠦᠷᠴᠦ ᠨᠡᠷ᠎ᠡ ᠮᠡᠳᠡᠭᠦᠯᠦᠨ ︽ᠬᠦᠯᠢᠶᠡᠨ ᠰᠢᠢᠳᠪᠦᠷᠢᠯᠡᠭᠰᠡᠨ ᠭᠡᠷᠡᠴᠢ ᠪᠢᠴᠢᠭ︾ ᠢᠶᠠᠨ ᠰᠤᠷᠭᠠᠭᠤᠯᠢ ᠳᠠᠭᠠᠨ ᠲᠤᠰᠢᠶᠠᠵᠤ᠂ ᠰᠤᠷᠭᠠᠭᠤᠯᠢ ᠶᠢᠨ ᠪᠠᠭᠰᠢ ᠠᠴᠠ ᠲᠤᠰ ᠵᠢᠯ ᠤᠨ 10 ᠰᠠᠷ᠎ᠠ ᠶᠢᠨ 10 ᠠᠴᠠ ᠡᠮᠦᠨ᠎ᠡ ᠡᠯᠧᠺᠲᠷᠤᠨ ᠬᠠᠷᠢᠭᠤ ᠪᠠᠷᠢᠮᠲᠠ ᠪᠢᠴᠢᠵᠦ ᠣᠷᠤᠭᠤᠯᠤᠨ᠎ᠠ᠃         ᠬᠤᠶᠠᠷ᠂ ᠵᠠᠯᠭᠠᠵᠤ ᠵᠢᠭᠡᠯᠡᠬᠦ      1. ᠵᠢᠭᠡᠯᠡᠯᠭᠡ ᠵᠢᠭᠡᠯᠡᠭᠰᠡᠨ ᠰᠤᠷᠤᠭᠴᠢ ᠪᠣᠶᠣ ᠬᠠᠮᠲᠤ ᠵᠢᠭᠡᠯᠡᠭᠴᠢ ᠶᠢᠨ ᠠᠯᠢ ᠨᠢᠭᠡ ᠨᠢ ᠬᠤᠰᠢᠭᠤ ᠰᠢᠶᠠᠨ ᠤ ᠲᠤᠰᠠᠯᠠᠮᠵᠢ ᠦᠵᠡᠭᠦᠯᠬᠦ ᠲᠥᠪ ᠲᠤ ᠬᠦᠷᠴᠦ ᠵᠠᠯᠭᠠᠵᠤ ᠵᠢᠭᠡᠯᠡᠯᠭᠡ ᠵᠢᠭᠡᠯᠡᠬᠦ ᠭᠠᠷ ᠭᠦᠢᠴᠡᠳᠬᠡᠯ ᠬᠢᠵᠦ ᠪᠣᠯᠤᠨ᠎ᠠ᠃      2. ᠬᠤᠰᠢᠭᠤ ᠰᠢᠶᠠᠨ ᠤ ᠲᠤᠰᠠᠯᠠᠮᠵᠢ ᠦᠵᠡᠭᠦᠯᠬᠦ ᠲᠥᠪ ᠲᠤ ᠬᠦᠷᠴᠦ ᠭᠠᠷ ᠭᠦᠢᠴᠡᠳᠬᠡᠯ ᠬᠢᠬᠦ ᠠᠴᠠ ᠡᠮᠦᠨ᠎ᠡ᠂ ᠰᠤᠷᠤᠭᠴᠢ ᠶᠢᠨ ᠰᠦᠯᠵᠢᠶᠡᠨ ᠤ ᠦᠢᠯᠡᠴᠢᠯᠡᠬᠦ ᠰᠢᠰᠲ᠋ᠧᠮ ᠳᠤ ᠣᠷᠤᠵᠤ᠂ ᠬᠤᠪᠢ ᠬᠦᠮᠦᠨ ᠤ ᠪᠠ ᠬᠠᠮᠲᠤ ᠵᠢᠭᠡᠯᠡᠭᠴᠢ ᠶᠢᠨ ᠦᠨᠳᠦᠰᠦᠨ ᠪᠠᠶᠢᠳᠠᠯ ᠢ ᠰᠢᠨᠡᠳᠬᠡᠨ᠂ ᠵᠢᠭᠡᠯᠡᠯᠭᠡ ᠵᠠᠯᠭᠠᠵᠤ ᠵᠢᠭᠡᠯᠡᠬᠦ ᠭᠤᠶᠤᠴᠢᠯᠠᠯ ᠳᠡᠪᠰᠢᠭᠦᠯᠵᠦ᠂ ᠰᠢᠰᠲ᠋ᠧᠮ ᠤᠨ ᠰᠠᠨᠠᠭᠤᠯᠤᠮᠵᠢ ᠶᠢ ᠦᠨᠳᠦᠰᠦᠯᠡᠨ᠂ ᠵᠠᠯᠭᠠᠵᠤ ᠵᠢᠭᠡᠯᠡᠯᠭᠡ ᠵᠢᠭᠡᠯᠡᠬᠦ ᠢᠯᠡᠷᠬᠡᠶᠢᠯᠡᠯᠲᠡ  ᠶᠢ ᠲᠠᠭᠯᠠᠵᠤ᠂ ᠬᠤᠰᠢᠭᠤ ᠰᠤᠷᠭᠠᠨ ᠬᠦᠮᠦᠵᠢᠯ ᠤᠨ ᠲᠣᠪᠴᠢᠶ᠎ᠠ ︽ᠭᠤᠶᠤᠴᠢᠯᠠᠯ ᠤᠨ ᠬᠦᠰᠦᠨᠦᠭᠲᠦ︾ ᠶᠢ ᠳᠠᠷᠤᠮᠠᠯᠯᠠᠵᠤ ᠠᠪᠤᠨ᠎ᠠ᠃      3. ᠵᠠᠯᠭᠠᠵᠤ ᠵᠢᠭᠡᠯᠡᠯᠭᠡ ᠵᠢᠭᠡᠯᠡᠬᠦ ᠮᠠᠲ᠋ᠧᠷᠢᠶᠠᠯ      ● ᠭᠤᠶᠤᠴᠢᠯᠠᠭᠴᠢ ᠶᠢᠨ ᠲᠤᠰ ᠬᠦᠮᠦᠨ ᠤ ᠪᠡᠶ᠎ᠡ ᠶᠢᠨ ᠦᠨᠡᠮᠯᠡᠯ ᠤᠨ ᠤᠭ ᠬᠡᠪ      ● ᠵᠢᠭᠡᠯᠡᠯᠭᠡ ᠵᠢᠭᠡᠯᠡᠬᠦ ᠰᠤᠷᠤᠭᠴᠢ ᠶᠢᠨ ᠭᠠᠷ ᠤᠨ ᠦᠰᠦᠭ ᠵᠢᠷᠤᠭᠰᠠᠨ ︽ᠭᠤᠶᠤᠴᠢᠯᠠᠯ ᠤᠨ ᠬᠦᠰᠦᠨᠦᠭᠲᠦ ︾ ᠶᠢᠨ ᠤᠭ ᠬᠡᠪ      ᠠᠩᠬᠠᠷᠬᠤ ᠴᠢᠬᠤᠯᠠ ᠲᠠᠢ ᠵᠦᠢᠯᠡᠰ᠄ ᠬᠡᠷᠪᠡ ᠬᠠᠮᠲᠤ ᠵᠢᠭᠡᠯᠡᠭᠴᠢ ᠨᠢ ᠬᠤᠪᠢᠷᠠᠭᠰᠠᠨ ᠪᠠᠶᠢᠪᠠᠯ᠂ ᠤᠷᠢᠳᠠᠪᠠᠷ ᠬᠤᠰᠢᠭᠤ ᠰᠢᠶᠠᠨ ᠤ ᠲᠤᠰᠠᠯᠠᠮᠵᠢ ᠦᠵᠡᠭᠦᠯᠬᠦ ᠲᠥᠪ ︵ᠬᠤᠰᠢᠭᠤ ᠰᠤᠷᠭᠠᠨ ᠬᠦᠮᠦᠵᠢᠯ ᠤᠨ ᠲᠣᠪᠴᠢᠶ᠎ᠠ︶ ᠲᠤ ᠬᠦᠷᠴᠦ᠂ ᠬᠠᠮᠲᠤ ᠵᠢᠭᠡᠯᠡᠭᠴᠢ ᠦᠭᠡᠷᠡᠴᠢᠯᠡᠬᠦ ᠭᠠᠷ ᠭᠦᠢᠴᠡᠳᠬᠡᠯ ᠬᠢᠪᠡᠯ ᠰᠠᠶ᠋ᠢ ᠵᠠᠯᠭᠠᠵᠤ ᠵᠢᠭᠡᠯᠡᠯᠭᠡ ᠵᠢᠭᠡᠯᠡᠬᠦ ᠭᠤᠶᠤᠴᠢᠯᠠᠯ ᠳᠡᠪᠰᠢᠭᠦᠯᠵᠦ ᠪᠣᠯᠣᠨ᠎ᠠ᠃      ︽ᠬᠦᠯᠢᠶᠡᠨ ᠰᠢᠢᠳᠪᠦᠷᠢᠯᠡᠭᠰᠡᠨ ᠭᠡᠷᠡᠴᠢ ᠪᠢᠴᠢᠭ︾ ᠢᠶᠠᠨ ᠠᠪᠴᠤ ᠰᠤᠷᠭᠠᠭᠤᠯᠢ ᠳᠠᠭᠠᠨ ᠬᠦᠷᠴᠦ ᠨᠡᠷ᠎ᠡ ᠮᠡᠳᠡᠭᠦᠯᠦᠨ᠂ ᠰᠤᠷᠭᠠᠭᠤᠯᠢ ᠶᠢᠨ ᠪᠠᠭᠰᠢ ᠠᠴᠠ ᠲᠤᠰ ᠵᠢᠯ ᠤᠨ 10 ᠰᠠᠷ᠎ᠠ ᠶᠢᠨ 10 ᠠᠴᠠ ᠡᠮᠦᠨ᠎ᠡ ᠡᠯᠧᠺᠲᠷᠤᠨ ᠬᠠᠷᠢᠭᠤ ᠪᠠᠷᠢᠮᠲᠠ ᠪᠢᠴᠢᠵᠦ ᠣᠷᠤᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号