ᠲᠦᠷᠦ ᠶᠢᠨ ᠪᠣᠳᠤᠯᠭ᠎ᠠ ᠶᠢᠨ ᠲᠠᠶᠢᠯᠤᠮᠵᠢ | ᠨᠢᠭᠡ᠂ ᠲᠦᠷᠦᠭᠰᠡᠨ ᠨᠤᠲᠤᠭ ᠤᠨ ᠰᠤᠷᠤᠯᠭ᠎ᠠ ᠲᠡᠳᠬᠦᠬᠦ ᠢᠲᠡᠭᠡᠮᠵᠢᠲᠦ ᠵᠢᠭᠡᠯᠡᠯᠭᠡ ᠭᠡᠳᠡᠭ ᠨᠢ ᠤᠯᠤᠰ ᠤᠨ | ᠨᠡᠭᠡᠭᠡᠯᠲᠡ ᠶᠢᠨ ᠪᠠᠩᠬᠢ ᠵᠡᠷᠭᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠨᠦᠬᠦᠴᠡᠯ ᠳᠤ ᠨᠡᠶᠢᠴᠡᠬᠦ ᠭᠡᠷ ᠪᠦᠯᠢ | ᠶᠢᠨ ᠠᠵᠤ ᠠᠬᠤᠢ ᠨᠢ ᠬᠦᠴᠢᠷᠳᠡᠯᠲᠡᠢ ᠡᠩ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠤᠭᠴᠢ ᠪᠣᠯᠤᠨ | ᠰᠤᠷᠭᠠᠭᠤᠯᠢ ᠳᠤ ᠪᠠᠶᠢᠭ᠎ᠠ ᠰᠤᠷᠤᠭᠴᠢ ᠳᠤ ᠲᠠᠷᠬᠠᠭᠠᠭᠰᠠᠨ᠂ ᠰᠤᠷᠤᠭᠴᠢ ᠰᠤᠷᠭᠠᠭᠤᠯᠢ ᠳᠤ ᠣᠷᠤᠬᠤ ᠠᠴᠠ ᠡᠮᠦᠨ᠎ᠡ | ᠡᠷᠦᠬᠡ ᠠᠮᠠ ᠪᠠᠶᠢᠭ᠎ᠠ ᠬᠤᠰᠢᠭᠤ ᠰᠢᠶᠠᠨ ︵ᠬᠤᠲᠠ᠂ ᠣᠷᠣᠨ︶ ᠳᠤ ᠭᠦᠢᠴᠡᠳᠬᠡᠭᠰᠡᠨ ᠰᠤᠷᠤᠯᠭ᠎ᠠ ᠲᠡᠳᠬᠦᠬᠦ | ᠵᠢᠭᠡᠯᠡᠯᠭᠡ ᠶᠢ ᠬᠡᠯᠡᠨ᠎ᠡ᠃ ᠲᠦᠷᠦᠭᠰᠡᠨ ᠨᠤᠲᠤᠭ ᠤᠨ ᠵᠢᠭᠡᠯᠡᠯᠭᠡ ᠪᠣᠯ ᠢᠲᠡᠭᠡᠮᠵᠢᠲᠦ ᠵᠢᠭᠡᠯᠡᠯᠭᠡ ᠮᠦᠨ᠂ ᠰᠤᠷᠤᠭᠴᠢ | ᠪᠣᠯᠤᠨ ᠭᠡᠷ ᠤᠨ ᠠᠬᠠᠮᠠᠳ ︵ᠪᠣᠶᠤ ᠪᠣᠰᠤᠳ ᠬᠠᠤᠯᠢ ᠳᠤ ᠲᠣᠭᠲᠠᠭᠰᠠᠨ ᠬᠢᠨᠠᠨ ᠬᠠᠮᠢᠶᠠᠷᠤᠭᠴᠢ︶ ᠪᠣᠯ ᠬᠠᠮᠲᠤ | ᠵᠢᠭᠡᠯᠡᠭᠴᠢ᠂ ᠵᠢᠭᠡᠯᠡᠯᠭᠡ ᠪᠤᠴᠠᠭᠠᠬᠤ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃ | ᠬᠤᠶᠠᠷ᠂ ᠲᠦᠷᠦᠭᠰᠡᠨ ᠨᠤᠲᠤᠭ ᠤᠨ ᠰᠤᠷᠤᠯᠭ᠎ᠠ ᠲᠡᠳᠬᠦᠬᠦ ᠢᠲᠡᠭᠡᠮᠵᠢᠲᠦ ᠵᠢᠭᠡᠯᠡᠯᠭᠡ ᠶᠢᠨ ᠬᠡᠮᠵᠢᠶ᠎ᠡ | ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢ ︵ | ᠬᠤᠶᠠᠳᠤᠭᠠᠷ ᠡᠷᠳᠡᠮ ᠤᠨ ᠴᠤᠯᠠ ᠲᠠᠢ ᠤᠶᠤᠲᠠᠨ᠂ ᠳᠡᠭᠡᠳᠦ ᠴᠤᠯᠠ ᠲᠠᠢ ᠰᠤᠷᠤᠭᠴᠢ ᠶᠢ ᠪᠠᠭᠲᠠᠭᠠᠨ᠎ᠠ︶ ᠬᠦᠮᠦᠨ | ᠪᠣᠯᠭᠠᠨ ᠵᠢᠯ ᠪᠦᠷᠢ 1000 ᠲᠦᠭᠦᠷᠢᠭ — 8000 ᠲᠦᠭᠦᠷᠢᠭ ᠤᠨ ᠢᠲᠡᠭᠡᠮᠵᠢᠲᠦ ᠵᠢᠭᠡᠯᠡᠯᠭᠡ ᠵᠢᠭᠡᠯᠡᠵᠦ | ᠪᠣᠯᠤᠨ᠎ᠠ︔ ᠨᠢᠭᠡ ᠵᠢᠯ ᠤᠨ ᠰᠤᠷᠤᠯᠭ᠎ᠠ ᠶᠢᠨ ᠰᠦᠢᠳᠬᠡᠯ ᠪᠠ ᠪᠠᠶᠢᠷᠢ ᠶᠢᠨ ᠰᠦᠢᠳᠬᠡᠯ ᠨᠢ ᠨᠡᠶᠢᠯᠡᠭᠡᠳ 8000 | ᠲᠦᠭᠦᠷᠢᠭ ᠠᠴᠠ ᠳᠣᠣᠷ᠎ᠠ ᠪᠠᠶᠢᠪᠠᠯ᠂ ᠵᠢᠭᠡᠯᠡᠯᠭᠡ ᠵᠢᠭᠡᠯᠡᠬᠦ ᠭᠡᠮᠵᠢᠶ᠎ᠡ ᠶᠢ ᠡᠨᠡ ᠬᠤᠶᠠᠷ ᠰᠦᠢᠳᠬᠡᠯ ᠤᠨ ᠪᠠᠷᠢᠮᠵᠢᠶ᠎ᠠ | ᠶᠢᠨ ᠨᠡᠶᠢᠯᠡᠪᠦᠷᠢ ᠪᠠᠷ ᠲᠣᠭᠲᠠᠭᠠᠨ᠎ᠠ᠃ ᠬᠡᠷᠪᠡ 8000 ᠲᠦᠭᠦᠷᠢᠭ ᠠᠴᠠ ᠦᠨᠳᠦᠷ ᠪᠠᠶᠢᠪᠠᠯ᠂ 8000 ᠲᠦᠭᠦᠷᠢᠭ | ᠢᠶᠠᠷ ᠲᠣᠭᠲᠠᠭᠠᠨ᠎ᠠ᠃ ᠪᠦᠬᠦᠯᠢ ᠡᠳᠦᠷ ᠤᠨ ᠳᠦᠷᠢᠮᠲᠦ ᠰᠣᠳᠤᠯᠬᠤ ᠰᠤᠷᠤᠭᠴᠢ ︵ᠮᠠᠰᠲ᠋ᠧᠷ ᠴᠤᠯᠠᠲᠤ ᠰᠣᠳᠤᠯᠬᠤ | ᠰᠤᠷᠤᠭᠴᠢ᠂ ᠳ᠋ᠣᠺᠲ᠋ᠤᠷ ᠴᠤᠯᠠᠲᠤ ᠰᠤᠳᠤᠯᠬᠤ ᠰᠤᠷᠤᠭᠴᠢ ᠶᠢ ᠪᠠᠭᠲᠠᠭᠠᠨ᠎ᠠ︶ 12000 ᠲᠦᠭᠦᠷᠢᠭ ᠤᠨ | ᠢᠲᠡᠭᠡᠮᠵᠢᠲᠦ ᠵᠢᠭᠡᠯᠡᠯᠭᠡ ᠵᠢᠭᠡᠯᠡᠵᠦ ᠪᠣᠯᠤᠨ᠎ᠠ᠂ ᠪᠣᠰᠤᠳ ᠲᠣᠭᠲᠠᠭᠠᠯ ᠨᠢ ᠪᠦᠬᠦᠯᠢ ᠡᠳᠦᠷ ᠤᠨ ᠳᠦᠷᠢᠮᠲᠦ ᠡᠩ ᠤᠨ | ᠵᠢᠩᠬᠢᠨᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢ ᠲᠠᠢ ᠠᠳᠠᠯᠢ᠃ | ᠭᠤᠷᠪᠠ᠂ ᠵᠢᠭᠡᠯᠡᠯᠭᠡ ᠶᠢᠨ ᠵᠢᠯ ᠤᠨ ᠬᠢᠵᠠᠭᠠᠷᠯᠠᠯ᠂ ᠪᠣᠴᠠᠭᠠᠬᠤ ᠬᠤᠭᠤᠴᠠᠭ᠎ᠠ | ᠵᠢᠭᠡᠯᠡᠯᠭᠡ ᠶᠢᠨ ᠬᠤᠭᠤᠴᠠᠭ᠎ᠠ ᠶᠢ ᠰᠤᠷᠭᠠᠭᠤᠯᠢ ᠳᠤ ᠪᠠᠶᠢᠭ᠎ᠠ ᠬᠤᠭᠤᠴᠠᠭ᠎ᠠ + 13 ᠵᠢᠯ ᠤᠨ ᠵᠠᠷᠴᠢᠮ ᠢᠶᠠᠷ | ᠶᠠᠪᠤᠭᠳᠠᠵᠤ᠂ ᠬᠠᠮᠤᠭ ᠣᠬᠤᠷ ᠳᠠᠭᠠᠨ 6 ᠵᠢᠯ᠂ ᠬᠠᠮᠤᠭ ᠤᠷᠲᠤ ᠳᠠᠭᠠᠨ 20 ᠵᠢᠯ᠃ ᠰᠤᠷᠤᠭᠴᠢ ᠰᠤᠷᠭᠠᠭᠤᠯᠢ | ᠳᠤ ᠪᠠᠶᠢᠭ᠎ᠠ ᠬᠤᠭᠤᠴᠠᠭᠠᠨ ᠳᠤ ᠤᠯᠤᠰ ᠤᠨ ᠡᠳ᠋ ᠤᠨ ᠵᠠᠰᠠᠭ ᠠᠴᠠ ᠬᠦᠦ ᠮᠦᠩᠭᠦ ᠶᠢ ᠣᠷᠤᠯᠠᠨ ᠦᠭᠭᠦᠨ᠎ᠡ᠃ | ᠲᠡᠭᠦᠰᠦᠭᠰᠡᠨ ᠤ ᠳᠠᠷᠠᠭᠠᠬᠢ ᠭᠤᠷᠪᠠᠨ ᠵᠢᠯ ᠪᠣᠯ ᠬᠤᠶᠢᠰᠢᠯᠠᠭᠤᠯᠬᠤ ᠬᠤᠭᠤᠴᠠᠭ᠎ᠠ᠂ ᠡᠨᠡᠬᠦ ᠬᠤᠭᠤᠴᠠᠭᠠᠨ ᠳᠤ | ᠵᠢᠭᠡᠯᠡᠯᠭᠡ ᠵᠢᠭᠡᠯᠡᠭᠴᠢ ᠠᠴᠠ ᠵᠢᠭᠡᠯᠡᠯᠭᠡ ᠶᠢᠨ ᠬᠦᠦ ᠮᠦᠩᠭᠦ ᠶᠢ ᠪᠤᠴᠠᠭᠠᠵᠤ᠂ ᠭᠤᠷᠪᠠᠨ ᠵᠢᠯ ᠥᠩᠭᠡᠷᠡᠭᠰᠡᠨ ᠤ | ᠳᠠᠷᠠᠭ᠎ᠠ᠂ ᠵᠢᠭᠡᠯᠡᠭᠴᠢ ᠵᠢᠭᠡᠯᠡᠭᠰᠡᠨ ᠡᠬᠡ ᠮᠦᠩᠭᠦ ᠪᠠ ᠬᠦᠥ ᠮᠦᠩᠭᠦ ᠶᠢ ᠵᠢᠯ ᠬᠤᠪᠢᠶᠠᠨ ᠪᠤᠴᠠᠭᠠᠨ᠎ᠠ᠃ | ᠳᠥᠷᠪᠡ᠂ ᠬᠦᠥ ᠮᠦᠩᠭᠦ ᠶᠢᠨ ᠨᠣᠷᠮ᠎ᠠ ᠶᠢ ᠲᠣᠭᠲᠠᠭᠠᠬᠤ | ᠲᠦᠷᠦᠭᠰᠡᠨ ᠨᠤᠲᠤᠭ ᠤᠨ ᠰᠤᠷᠤᠯᠭ᠎ᠠ ᠲᠡᠳᠬᠦᠬᠦ ᠢᠲᠡᠭᠡᠮᠵᠢᠲᠦ ᠵᠢᠭᠡᠯᠡᠯᠭᠡ ᠶᠢᠨ ᠬᠦᠥ ᠮᠦᠩᠭᠦ ᠶᠢᠨ ᠨᠣᠷᠮ᠎ᠠ | ᠶᠢ ᠳᠤᠮᠳᠠᠳᠤ ᠤᠯᠤᠰ ᠤᠨ ᠠᠷᠠᠳ ᠤᠨ ᠪᠠᠩᠬᠢ ᠠᠴᠠ ᠨᠡᠶᠢᠲᠡᠯᠡᠭᠰᠡᠨ ᠠᠳᠠᠯᠢ ᠬᠤᠭᠤᠴᠠᠭᠠᠨ ᠤ ᠠᠳᠠᠯᠢ ᠳᠡᠰ ᠤᠨ | ᠪᠠᠷᠢᠮᠵᠢᠶ᠎ᠠ ᠪᠠᠷ ᠶᠠᠪᠤᠭᠳᠠᠭᠤᠯᠤᠨ᠎ᠠ᠃ ᠵᠢᠭᠡᠯᠡᠯᠭᠡ ᠶᠢᠨ ᠬᠦᠥ ᠮᠦᠩᠭᠦ ᠶᠢᠨ ᠨᠣᠷᠮ᠎ᠠ ᠶᠢ ᠵᠢᠯ ᠪᠦᠷᠢ ᠶᠢᠨ 12 ᠰᠠᠷ᠎ᠠ | ᠶᠢᠨ 21 ᠳᠤ ᠬᠠᠮᠤᠭ ᠰᠢᠨ᠎ᠡ ᠪᠠᠷᠢᠮᠵᠢᠶ᠎ᠠ ᠪᠠᠷ ᠨᠢᠭᠡ ᠤᠳᠠᠭ᠎ᠠ ᠳᠤᠬᠢᠷᠠᠭᠤᠯᠤᠯᠲᠠ ᠬᠢᠨ᠎ᠡ᠃ | ᠲᠠᠪᠤ᠂ ᠵᠢᠭᠡᠯᠡᠯᠭᠡ ᠵᠢᠭᠡᠯᠡᠬᠦ ᠪᠠᠷ ᠭᠤᠶᠤᠴᠢᠯᠠᠭᠴᠢ ᠶᠢᠨ ᠨᠦᠬᠦᠴᠡᠯ | ᠭᠤᠶᠤᠴᠢᠯᠠᠬᠤ ᠰᠤᠷᠤᠭᠴᠢ ᠳᠣᠣᠷᠠᠬᠢ ᠬᠡᠳᠦᠨ ᠨᠦᠬᠦᠴᠡᠯ ᠢ ᠵᠡᠷᠭᠡ ᠪᠠᠷ ᠪᠦᠷᠢᠯᠳᠦᠭᠦᠯᠬᠦ ᠬᠡᠷᠡᠭᠲᠡᠢ᠄ | 1. ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠬᠡᠲᠦ ᠠᠷᠠᠳ︔ | 2. ᠰᠤᠷᠤᠭᠴᠢ ᠶᠢᠨ ᠰᠤᠷᠭᠠᠭᠤᠯᠢ ᠳᠤ ᠣᠷᠤᠬᠤ ᠠᠴᠠ ᠡᠮᠦᠨᠡᠬᠢ ᠡᠷᠦᠬᠡ ᠠᠮᠠ ᠪᠣᠯᠤᠨ ᠬᠠᠮᠲᠤ ᠵᠢᠭᠡᠯᠡᠭᠴᠢ | ᠶᠢᠨ ᠡᠷᠦᠬᠡ ᠠᠮᠠ ᠨᠢ ᠴᠦᠮ ᠲᠤᠰ ᠬᠤᠰᠢᠭᠤ ︵ᠬᠤᠲᠠ᠂ ᠣᠷᠣᠨ︶ ᠳᠤ ᠪᠠᠶᠢᠬᠤ︔ | 3. ᠤᠯᠤᠰ ᠤᠨ ᠬᠠᠮᠢᠶ᠎ᠠ ᠪᠦᠬᠦᠢ ᠲᠣᠭᠲᠠᠭᠠᠯ ᠢᠶᠠᠷ ᠵᠦᠪᠰᠢᠶᠡᠷᠡᠭᠳᠡᠨ ᠪᠠᠶᠢᠭᠤᠯᠤᠭᠳᠠᠭᠰᠠᠨ᠂ ᠳᠡᠭᠡᠳᠦ ᠵᠡᠷᠭᠡ | ᠶᠢᠨ ᠰᠤᠷᠤᠯᠭ᠎ᠠ ᠶᠢᠨ ᠨᠠᠮᠲᠠᠷᠲᠤ ᠰᠤᠷᠭᠠᠨ ᠬᠦᠮᠦᠵᠢᠯ ᠢ ᠬᠡᠷᠡᠭᠵᠢᠭᠦᠯᠵᠦ ᠪᠠᠶᠢᠭ᠎ᠠ ᠪᠦᠬᠦᠯᠢ ᠡᠳᠦᠷ ᠤᠨ ᠳᠦᠷᠢᠮᠲᠦ | ᠡᠩ ᠤᠨ ᠵᠢᠩᠬᠢᠨᠢ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠵᠢᠴᠢ ᠲᠤᠰᠬᠠᠢ | ᠮᠡᠷᠭᠡᠵᠢᠯ ᠤᠨ ᠰᠤᠷᠭᠠᠭᠤᠯᠢ ︵ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠪᠠ ᠪᠡᠶ᠎ᠡ ᠪᠠᠨ ᠳᠠᠭᠠᠭᠠᠭᠰᠠᠨ | ᠳᠡᠭᠡᠳᠦ ᠰᠤᠷᠭᠠᠭᠤᠯᠢ ᠶᠢ ᠪᠠᠭᠲᠠᠭᠠᠵᠤ᠂ ᠰᠤᠷᠭᠠᠭᠤᠯᠢ ᠶᠢᠨ ᠨᠡᠷᠡᠰ ᠢ ᠰᠤᠷᠭᠠᠨ ᠬᠦᠮᠦᠵᠢᠯ ᠤᠨ ᠶᠠᠮᠤᠨ ᠤ ᠨᠡᠶᠢᠲᠡᠯᠡᠯ | ᠢᠶᠠᠷ ᠪᠠᠷᠢᠮᠵᠢᠶ᠎ᠠ ᠪᠣᠯᠭᠠᠨ᠎ᠠ︶ ᠳᠤ ᠵᠢᠩᠬᠢᠨᠢ ᠪᠠᠷ ᠡᠯᠰᠡᠭᠳᠡᠵᠦ᠂ ᠦᠨᠡᠨ ᠪᠣᠳᠠᠲᠠᠢ᠂ ᠬᠠᠤᠯᠢ ᠳᠤ ᠨᠡᠶᠢᠴᠡᠭᠰᠡᠨ᠂ | ᠬᠦᠴᠦᠨ ᠲᠠᠢ ᠰᠤᠷᠭᠠᠭᠤᠯᠢ ᠳᠤ ᠡᠯᠰᠡᠭᠰᠡᠨ ᠮᠡᠳᠡᠭᠳᠡᠯ ᠤᠨ ᠪᠢᠴᠢᠭ ᠭᠠᠷᠳᠠᠭᠰᠠᠨ ᠪᠦᠬᠦᠯᠢ ᠡᠳᠦᠷ ᠤᠨ ᠳᠦᠷᠢᠮᠲᠦ | ᠰᠢᠨ᠎ᠡ ᠰᠤᠷᠤᠭᠴᠢ ᠪᠣᠶᠤ ᠳᠡᠭᠡᠳᠦ ᠰᠤᠷᠭᠠᠭᠤᠯᠢ ᠳᠤ ᠪᠠᠶᠢᠭ᠎ᠠ ᠵᠢᠩᠬᠢᠨᠢ ᠪᠠ ᠲᠤᠰᠬᠠᠢ ᠮᠡᠷᠭᠡᠵᠢᠯ ᠤᠨ ᠠᠩᠬᠢ ᠶᠢᠨ | ᠰᠤᠷᠤᠭᠴᠢ᠂ ᠰᠤᠳᠤᠯᠬᠤ ᠰᠤᠷᠤᠭᠴᠢ ᠵᠢᠴᠢ ᠬᠤᠶᠠᠳᠤᠭᠠᠷ ᠡᠷᠳᠡᠮ ᠤᠨ ᠴᠤᠯᠠ ᠲᠠᠢ ᠰᠤᠷᠤᠭᠴᠢ︔ | 4. ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨᠠᠨ ᠲᠣᠭᠲᠠᠭᠠᠯᠲᠠ ᠳᠠᠮᠵᠢᠭᠰᠠᠨ ᠭᠡᠷ ᠪᠦᠯᠢ ᠶᠢᠨ ᠠᠵᠤ | ᠠᠬᠤᠢ ᠬᠦᠴᠢᠷᠳᠡᠯᠲᠡᠢ ᠪᠠ ᠠᠵᠤ ᠠᠬᠤᠢ ᠶᠢᠨ ᠣᠷᠤᠯᠭ᠎ᠠ ᠨᠢ ᠰᠤᠷᠤᠭᠴᠢ ᠶᠢᠨ ᠰᠤᠷᠭᠠᠭᠤᠯᠢ ᠳᠤ ᠪᠠᠶᠢᠬᠤ | ᠬᠤᠭᠤᠴᠠᠭᠠᠨ ᠳᠠᠭᠠᠨ ᠬᠡᠷᠡᠭᠰᠡᠬᠦ ᠰᠤᠷᠤᠯᠭ᠎ᠠ ᠶᠢᠨ ᠦᠨᠳᠦᠰᠦᠨ ᠵᠠᠷᠤᠳᠠᠯ ᠢ ᠬᠠᠩᠭᠠᠵᠤ ᠳᠡᠶᠢᠯᠬᠦ ᠦᠭᠡᠢ︔ | 5. ᠲᠤᠬᠠᠢ ᠶᠢᠨ ᠵᠢᠯ ᠪᠤᠰᠤᠳ ᠰᠤᠷᠤᠯᠭ᠎ᠠ ᠲᠡᠳᠬᠦᠬᠦ ᠵᠢᠭᠡᠯᠡᠯᠭᠡ ᠣᠯᠤᠭᠰᠠᠨ ᠦᠭᠡᠢ︔ | 6. ᠦᠨᠡᠨᠴᠢ ᠢᠲᠡᠭᠡᠮᠵᠢᠲᠡᠢ᠂ ᠬᠠᠤᠯᠢ ᠰᠠᠬᠢᠯᠭ᠎ᠠ ᠶᠢ ᠵᠢᠷᠦᠮᠯᠡᠵᠦ ᠰᠠᠬᠢᠭᠰᠠᠨ ᠪᠠᠶᠢᠬᠤ᠃ | ᠬᠠᠮᠲᠤ ᠵᠢᠭᠡᠯᠡᠭᠴᠢ ᠶᠢᠨ ᠪᠦᠷᠢᠯᠳᠦᠭᠦᠯᠬᠦ ᠨᠦᠬᠦᠴᠡᠯ᠄ | 1. ᠵᠠᠷᠴᠢᠮ ᠳᠡᠭᠡᠷ᠎ᠡ ᠪᠠᠨ ᠵᠢᠭᠡᠯᠡᠯᠭᠡ ᠵᠢᠭᠡᠯᠡᠬᠦ ᠰᠤᠷᠤᠭᠴᠢ ᠶᠢᠨ ᠠᠪᠤ ᠡᠵᠢ ᠨᠢ ᠪᠠᠶᠢᠬᠤ ᠬᠡᠷᠡᠭᠲᠡᠢ︔ | 2. ᠵᠢᠭᠡᠯᠡᠯᠭᠡ ᠵᠢᠭᠡᠯᠡᠬᠦ ᠰᠤᠷᠤᠭᠴᠢ ᠶᠢᠨ ᠠᠪᠤ ᠡᠵᠢ ᠨᠢ ᠪᠡᠶ᠎ᠡ ᠵᠡᠮᠳᠡᠭ ᠪᠠ ᠡᠪᠡᠳᠴᠢᠨ ᠲᠠᠢ ᠵᠡᠷᠭᠡ | ᠣᠨᠴᠠᠭᠠᠢ ᠪᠠᠶᠢᠳᠠᠯ ᠠᠴᠠ ᠪᠣᠯᠵᠤ ᠬᠦᠳᠡᠯᠮᠦᠷᠢᠯᠡᠬᠦ ᠴᠢᠳᠠᠪᠦᠷᠢ ᠪᠣᠶᠤ ᠢᠷᠭᠡᠨ ᠤ ᠠᠵᠢᠯᠯᠠᠭᠠᠨ ᠤ ᠴᠢᠳᠠᠪᠦᠷᠢ ᠪᠠᠨ | ᠠᠯᠳᠠᠭᠰᠠᠨ ᠪᠠᠶᠢᠪᠠᠯ᠂ ᠰᠤᠷᠤᠭᠴᠢ ᠶᠢᠨ ᠪᠤᠰᠤᠳ ᠣᠶᠢᠷ᠎ᠠ ᠲᠦᠷᠦᠯ ᠨᠢ ᠬᠠᠮᠲᠤ ᠵᠢᠭᠡᠯᠡᠭᠴᠢ ᠪᠣᠯᠵᠤ ᠪᠤᠯᠤᠨ᠎ᠠ᠃ | 3. ᠬᠡᠷᠪᠡ ᠵᠢᠭᠡᠯᠡᠯᠭᠡ ᠵᠢᠭᠡᠯᠡᠬᠦ ᠰᠤᠷᠤᠭᠴᠢ ᠦᠨᠦᠴᠢᠨ ᠬᠡᠥᠬᠡᠳ ᠪᠣᠯ᠂ ᠬᠠᠮᠲᠤ ᠵᠢᠭᠡᠯᠡᠭᠴᠢ ᠨᠢ ᠲᠡᠭᠦᠨ ᠤ | ᠬᠠᠤᠯᠢ ᠳᠤ ᠲᠣᠭᠲᠠᠭᠰᠠᠨ ᠬᠢᠨᠠᠨ ᠬᠠᠮᠢᠶᠠᠷᠤᠭᠴᠢ ᠪᠠᠶᠢᠵᠤ᠂ ᠡᠰᠡᠭᠦᠯ᠎ᠡ ᠵᠢᠭᠡᠯᠡᠯᠭᠡ ᠵᠢᠭᠡᠯᠡᠬᠦ ᠰᠤᠷᠤᠭᠴᠢ ᠲᠠᠢ ᠬᠠᠮᠲᠤ | ᠪᠠᠷ ᠵᠢᠭᠡᠯᠡᠯᠭᠡ ᠪᠤᠴᠠᠭᠠᠬᠤ ᠬᠠᠷᠢᠭᠤᠴᠠᠯᠭ᠎ᠠ ᠶᠢ ᠰᠠᠶᠢᠨ ᠳᠤᠷ᠎ᠠ ᠠᠴᠠ ᠪᠠᠨ ᠡᠭᠦᠷᠭᠡᠯᠡᠬᠦ ᠪᠦᠷᠢᠮᠦᠰᠦᠨ ᠢᠷᠭᠡᠨ ᠤ | ᠠᠵᠢᠯᠯᠠᠭᠠᠨ ᠤ ᠴᠢᠳᠠᠪᠦᠷᠢ ᠲᠠᠢ ᠬᠦᠮᠦᠨ ᠪᠠᠶᠢᠵᠤ ᠪᠣᠯᠤᠨ᠎ᠠ᠃ | 4. ᠬᠠᠮᠲᠤ ᠵᠢᠭᠡᠯᠡᠭᠴᠢ ᠶᠢᠨ ᠡᠷᠦᠬᠡ ᠠᠮᠠ ᠪᠠ ᠵᠢᠭᠡᠯᠡᠯᠭᠡ ᠵᠢᠭᠡᠯᠡᠬᠦ ᠰᠤᠷᠤᠭᠴᠢ ᠶᠢᠨ ᠰᠤᠷᠭᠠᠭᠤᠯᠢ ᠳᠤ | ᠣᠷᠤᠬᠤ ᠠᠴᠠ ᠡᠮᠦᠨᠡᠬᠢ ᠡᠷᠦᠬᠡ ᠠᠮᠠ ᠨᠢ ᠴᠦᠮ ᠠᠳᠠᠯᠢ ᠬᠤᠰᠢᠭᠤ ︵ᠬᠤᠲᠠ᠂ ᠣᠷᠣᠨ︶ ᠳᠤ ᠪᠠᠶᠢᠬᠤ ᠬᠡᠷᠡᠭᠲᠡᠢ | ᠃ | 5. ᠬᠠᠮᠲᠤ ᠵᠢᠭᠡᠯᠡᠭᠴᠢ ᠨᠢ ᠬᠡᠷᠪᠡ ᠵᠢᠭᠡᠯᠡᠯᠭᠡ ᠵᠢᠭᠡᠯᠡᠬᠦ ᠰᠤᠷᠤᠭᠴᠢ ᠶᠢᠨ ᠠᠪᠤ ᠡᠵᠢ ᠨᠢ ᠪᠢᠰᠢ ᠪᠠᠶᠢᠪᠠᠯ᠂ | ᠲᠡᠭᠦᠨ ᠤ ᠨᠠᠰᠤᠨ ᠤ ᠬᠢᠵᠠᠭᠠᠷ ᠨᠢ 25 ᠪᠦᠬᠦᠯᠢ ᠨᠠᠰᠤ ︵ᠪᠠᠭᠲᠠᠭᠠᠭᠰᠠᠨ︶ ᠠᠴᠠ ᠳᠡᠭᠡᠭᠰᠢ 60 ᠪᠦᠬᠦᠯᠢ ᠨᠠᠰᠤ | ︵ᠪᠠᠭᠲᠠᠭᠠᠭᠰᠠᠨ︶ ᠠᠴᠠ ᠳᠣᠷᠤᠭᠰᠢ ᠪᠠᠶᠢᠬᠤ ᠬᠡᠷᠡᠭᠲᠡᠢ᠃ | 6. ᠲᠦᠷᠦᠭᠰᠡᠨ ᠨᠤᠲᠤᠭ ᠤᠨ ᠰᠤᠷᠤᠯᠭ᠎ᠠ ᠲᠡᠳᠬᠦᠬᠦ ᠢᠲᠡᠭᠡᠮᠵᠢᠲᠦ ᠵᠢᠭᠡᠯᠡᠯᠭᠡ ︵ᠪᠣᠶᠤ ᠳᠡᠭᠡᠳᠦ | ᠰᠤᠷᠭᠠᠭᠤᠯᠢ ᠶᠢᠨ ᠰᠤᠷᠤᠯᠭ᠎ᠠ ᠲᠡᠳᠬᠦᠬᠦ ᠵᠢᠭᠡᠯᠡᠯᠭᠡ︶ ᠶᠢ ᠪᠤᠴᠠᠭᠠᠵᠤ ᠳᠠᠭᠤᠰᠬᠠᠭᠠᠳᠤᠢ ᠰᠤᠷᠤᠭᠴᠢ ᠪᠤᠰᠤᠳ | ᠰᠤᠷᠤᠭᠴᠢ ᠶᠢᠨ ᠬᠠᠮᠲᠤ ᠵᠢᠭᠡᠯᠡᠭᠴᠢ ᠪᠣᠯᠵᠤ ᠪᠣᠯᠬᠤ ᠦᠭᠡᠢ᠃ |