ᠪᠠᠭᠰᠢ ᠶᠢᠨ ᠬᠢᠷᠢ ᠭᠡᠮ ᠤᠨ ᠦᠨᠡᠮᠯᠡᠯ ᠭᠤᠶᠤᠴᠢᠯᠠᠬᠤ ᠵᠦᠭᠯᠡᠭᠦᠷ
ᠨᠡᠶᠢᠲᠡᠯᠡᠭᠰᠡᠨ ᠴᠠᠭ᠄
2016/3/30
           ᠪᠠᠭᠰᠢ ᠶᠢᠨ ᠬᠢᠷᠢ ᠭᠡᠮ ᠤᠨ ᠦᠨᠡᠮᠯᠡᠯ ᠭᠤᠶᠤᠴᠢᠯᠠᠬᠤ ᠵᠦᠭᠯᠡᠭᠦᠷ      ᠠᠯᠬᠤᠮ ᠳᠠᠷᠠᠭ᠎ᠠ᠄ ᠰᠦᠯᠵᠢᠶᠡᠨ ᠳᠡᠭᠡᠷ᠎ᠡ ᠳᠠᠩᠰᠠᠯᠠᠬᠤ᠂ ᠲᠤᠬᠠᠢ ᠶᠢᠨ ᠲᠠᠯᠠᠪᠤᠷ ᠲᠤ ᠨᠣᠲᠠᠯᠠᠬᠤ᠂ ᠪᠡᠶ᠎ᠡ ᠪᠠᠶᠢᠴᠠᠭᠠᠬᠤ᠂ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠴᠢᠳᠠᠪᠦᠷᠢ ᠶᠢᠨ ᠰᠣᠷᠢᠯᠲᠠ᠂ ᠦᠨᠡᠮᠯᠡᠯ ᠣᠯᠭᠤᠬᠤ      ᠨᠢᠭᠡ᠂ ᠲᠤᠬᠠᠢ ᠶᠢᠨ ᠲᠠᠯᠠᠪᠤᠷ ᠲᠤ ᠨᠣᠲᠠᠯᠠᠬᠤ ᠦᠶ᠎ᠡ ᠳᠤ ᠠᠪᠴᠢᠷᠠᠬᠤ ᠮᠠᠲ᠋ᠧᠷᠢᠶᠠᠯ            1. ︽ᠪᠠᠭᠰᠢ ᠶᠢᠨ ᠬᠢᠷᠢ ᠭᠡᠮ ᠢ ᠭᠤᠶᠤᠴᠢᠯᠠᠯ ᠤᠨ ᠬᠦᠰᠥᠨᠥᠭᠲᠦ︾ ᠨᠢᠭᠡ ᠶᠠᠩᠵᠦ ᠶᠢᠨ ᠬᠢ ᠶᠢ ᠬᠤᠶᠠᠷ ᠬᠤᠪᠢ  ᠂ A4 ᠴᠠᠭᠠᠰᠤ ᠶᠢᠨ ᠬᠤᠶᠠᠷ ᠲᠠᠯ᠎ᠠ ᠳᠤ ᠳᠠᠷᠤᠮᠠᠯᠯᠠᠵᠤ᠂ ᠭᠠᠷ ᠤᠨ ᠦᠰᠦᠭ ᠵᠢᠷᠤᠨ᠎ᠠ︔      2. ︽ ᠭᠤᠶᠤᠴᠢᠯᠠᠭᠴᠢ ᠶᠢᠨ ᠦᠵᠡᠯ ᠰᠠᠨᠠᠭ᠎ᠠ ᠶᠣᠰᠦ ᠮᠤᠷᠠᠯ ᠢ ᠬᠢᠨᠠᠨ ᠲᠣᠭᠲᠠᠭᠠᠬᠤ ᠬᠦᠰᠥᠨᠥᠭᠲᠦ︾ ᠨᠢᠭᠡ ᠬᠤᠪᠢ᠂ ᠠᠯᠪᠠᠨ ᠲᠠᠮᠠᠭ᠎ᠠ ᠳᠠᠷᠤᠨ᠎ᠠ︔      3. ᠰᠤᠷᠤᠯᠭ᠎ᠠ ᠶᠢᠨ ᠨᠠᠮᠲᠠᠷ ᠪᠣᠯᠤᠨ ᠬᠢᠷᠢ ᠪᠦᠲᠦᠮᠵᠢ ᠶᠢᠨ ᠤᠭ ᠬᠡᠪ ᠪᠣᠯᠤᠨ ᠳᠠᠷᠤᠮᠠᠯᠯᠠᠭᠰᠠᠨ ᠭᠡᠪ︔      4. ᠰᠤᠷᠤᠯᠭ᠎ᠠ ᠶᠢᠨ ᠨᠠᠮᠲᠠᠷ ᠢ ᠭᠡᠷᠡᠴᠢᠯᠡᠬᠦ ᠳᠠᠩᠰᠠᠯᠠᠬᠤ ᠬᠦᠰᠦᠨᠦᠭᠲᠦ᠂ ᠰᠤᠷᠤᠯᠭ᠎ᠠ ᠶᠢᠨ ᠨᠠᠮᠲᠠᠷ ᠤᠨ ᠰᠤᠷᠠᠭ ᠵᠠᠩᠭᠢ ᠶᠢᠨ ᠰᠦᠯᠵᠢᠶᠡᠨ ᠠᠴᠠ ᠡᠷᠢᠵᠤ ᠪᠠᠭᠤᠯᠭᠠᠨ᠎ᠠ︔      5. ᠪᠠᠭᠰᠢ ᠶᠢᠨ ᠰᠤᠷᠭᠠᠨ ᠬᠦᠮᠦᠵᠢᠯ ᠤᠨ ᠪᠤᠰᠤ ᠲᠤᠰᠬᠠᠢ ᠮᠡᠷᠭᠡᠵᠢᠯ ᠢᠶᠠᠷ ᠲᠡᠭᠦᠰᠦᠭᠰᠡᠳ ᠡᠷᠬᠡᠪᠰᠢ ᠵᠣᠬᠢᠴᠠᠩᠭᠤᠢ ᠳᠡᠰ ᠳᠠᠪᠬᠤᠷᠭ᠎ᠠ ᠪᠦᠬᠦᠢ ᠰᠤᠷᠭᠠᠨ ᠬᠦᠮᠦᠵᠢᠯ ᠤᠨ ᠤᠬᠠᠭᠠᠨ᠂ ᠰᠡᠳᠬᠢᠴᠡ ᠵᠦᠢ ᠶᠢᠨ  ᠪᠣᠯᠪᠠᠰᠤᠷᠠᠭᠤᠯᠤᠯ ᠠᠴᠠ ᠰᠤᠷᠤᠯᠭ᠎ᠠ ᠲᠡᠭᠦᠰᠦᠭᠰᠡᠨ ᠦᠨᠡᠮᠯᠡᠯ ᠬᠠᠩᠭᠠᠬᠤ ᠬᠡᠷᠡᠭᠲᠡᠢ︔        6. ︽ᠪᠠᠷᠢᠮᠵᠢᠶ᠎ᠡ ᠬᠡᠯᠡᠨ ᠤ ᠬᠢᠷᠢ ᠬᠡᠮᠵᠢᠶ᠎ᠡ ᠶᠢᠨ ᠰᠢᠯᠭᠠᠯᠲᠠ ᠶᠢᠨ ᠳᠡᠰ ᠤᠨ ᠦᠨᠡᠮᠯᠡᠯ︾ ᠤᠨ ᠤᠭ ᠬᠡᠪ ᠪᠣᠯᠤᠨ ᠳᠠᠷᠤᠮᠠᠯᠯᠠᠭᠰᠠᠨ ᠬᠡᠪ︔          7. ᠪᠡᠶ᠎ᠡ ᠶᠢᠨ ᠦᠨᠡᠮᠯᠡᠯ ᠤᠨ ᠤᠭ ᠬᠡᠪ ᠪᠣᠯᠤᠨ ᠳᠠᠷᠤᠮᠠᠯᠯᠠᠭᠰᠠᠨ ᠬᠡᠪ︔      8. ᠴᠡᠩᠬᠡᠷ ᠳᠡᠪᠢᠰᠬᠡᠷ ᠲᠠᠢ ᠮᠠᠯᠠᠭᠠᠢ ᠦᠭᠡᠢ 2 ᠢᠮᠠᠬᠤ ᠶᠢᠨ ᠪᠣᠳᠤᠭᠲᠤ ᠰᠡᠭᠦᠳᠡᠷ 30×40MM ︵ᠶᠡᠭᠡ 1 ᠢᠮᠠᠬᠤ︶1 ᠬᠤᠪᠢ︔      ᠭᠠᠭᠴᠠ ᠲᠠᠯ᠎ᠠ ᠳᠤ ᠳᠠᠷᠤᠮᠠᠯᠯᠠᠭᠰᠠᠨ ᠬᠡᠪ ᠠᠪᠤᠨ᠎ᠠ᠃      ᠬᠤᠶᠠᠷ᠂ ᠪᠡᠶ᠎ᠡ ᠶᠢᠨ ᠪᠠᠶᠢᠴᠠᠭᠠᠯᠲᠠ      ᠲᠣᠭᠲᠠᠭᠰᠠᠨ ᠴᠠᠭ ᠲᠤ ᠪᠠᠭᠠᠷᠢᠨ ᠵᠡᠭᠦᠨ ᠬᠤᠰᠢᠭᠤᠨ ᠤ ᠬᠤᠰᠢᠭᠤ ᠡᠮᠨᠡᠯᠭᠡ ᠶᠢᠨ ᠬᠤᠷᠢᠶᠠᠨ ᠳᠤ ᠨᠢᠭᠡᠲᠦᠯᠲᠡᠢ ᠪᠡᠶ᠎ᠡ ᠶᠢᠨ ᠪᠠᠶᠢᠴᠠᠭᠠᠯᠲᠠ ᠬᠢᠨ᠎ᠡ᠃      ᠭᠤᠷᠪᠠ᠂ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠴᠢᠳᠠᠪᠦᠷᠢ ᠶᠢᠨ ᠰᠣᠷᠢᠯᠲᠠ      ᠭᠤᠶᠤᠴᠢᠯᠠᠭᠰᠠᠨ ᠬᠢᠷᠢ ᠭᠡᠮ ᠤᠨ ᠲᠦᠷᠦᠯ ᠵᠦᠢᠯ ᠢᠶᠠᠷ ᠠᠭᠤᠯᠭ᠎ᠠ ᠶᠢ ᠲᠣᠭᠲᠠᠭᠠᠵᠤ᠂ 10  — 12 ᠮᠢᠨᠦ᠋ᠲ ᠤᠨ ᠬᠢᠴᠢᠶᠡᠯ ᠶᠠᠷᠢᠵᠤ᠂ ᠵᠢᠭᠠᠬᠤ ᠲᠦᠰᠦᠪ ᠨᠢᠭᠡ ᠶᠠᠩᠵᠤ ᠶᠢᠨ ᠬᠢ ᠶᠢ ᠭᠤᠷᠪᠠᠨ ᠬᠤᠪᠢ ᠲᠤᠰᠢᠶᠠᠨ᠎ᠠ᠃      ᠴᠠᠭ ᠤᠨ ᠬᠢᠵᠠᠭᠠᠷᠯᠠᠯ᠄       ᠪᠠᠭᠠᠷᠢᠨ ᠵᠡᠭᠦᠨ ᠬᠤᠰᠢᠭᠤᠨ ᠤ ᠰᠤᠷᠭᠠᠨ ᠬᠦᠮᠦᠵᠢᠯ ᠤᠨ ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ ᠲᠠᠰᠤᠭ ᠬᠦᠯᠢᠶᠡᠨ ᠠᠪᠴᠤ ᠰᠢᠢᠳᠪᠦᠷᠢᠯᠡᠭᠰᠡᠨ ᠡᠳᠦᠷ ᠠᠴᠠ ᠡᠬᠢᠯᠡᠵᠦ ᠠᠷᠪᠠᠨ ᠠᠵᠢᠯᠯᠠᠬᠤ ᠡᠳᠦᠷ ᠤᠨ ᠳᠣᠲᠤᠷ᠎ᠠ ᠰᠢᠢᠳᠪᠦᠷᠢ ᠭᠠᠷᠭᠠᠨ᠎ᠠ᠃ ᠬᠡᠷᠪᠡ ᠠᠷᠪᠠᠨ ᠡᠳᠦᠷ ᠤᠨ ᠳᠣᠲᠤᠷ᠎ᠠ ᠰᠢᠢᠳᠪᠦᠷᠢ ᠭᠠᠷᠭᠠᠵᠤ ᠳᠡᠶᠢᠯᠬᠦ ᠦᠭᠡᠢ ᠪᠣᠯ᠂ ᠲᠤᠰ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠵᠦᠪᠰᠢᠶᠡᠷᠡᠯ ᠢᠶᠠᠷ ᠳᠠᠬᠢᠨ ᠳᠣᠯᠤᠭᠠᠨ ᠠᠵᠢᠯᠯᠠᠬᠤ ᠡᠳᠦᠷ ᠤᠷᠲᠤᠳᠬᠠᠵᠤ ᠪᠣᠯᠤᠨ᠎ᠠ᠃       ᠰᠦᠢᠳᠬᠡᠯ ᠬᠤᠷᠢᠶᠠᠬᠤ ᠲᠦᠷᠥᠯ ᠵᠦᠢᠯ ᠤᠨ ᠰᠦᠢᠳᠬᠡᠯ ᠬᠤᠷᠢᠶᠠᠬᠤ ᠪᠠᠷᠢᠮᠵᠢᠶ᠎ᠠ᠄  ᠬᠢᠴᠢᠶᠡᠯᠯᠡᠬᠦ ᠰᠦᠢᠳᠬᠡᠯ 300 ᠲᠦᠭᠦᠷᠢᠭ ︵ᠥᠪᠥᠷ ᠲᠦᠯᠦᠪᠯᠡᠭᠡ ᠰᠦᠢᠳᠬᠡᠯ ᠦᠰᠦᠭ [2003]231 ᠲᠣᠭᠠᠲᠤ︶       ᠭᠤᠶᠤᠴᠢᠯᠠᠬᠤ ᠬᠦᠰᠦᠨᠦᠭᠲᠦ ᠶᠢᠨ ᠨᠡᠷᠡᠶᠢᠳᠦᠯ ᠵᠢᠴᠢ ᠣᠯᠬᠤ ᠠᠷᠭ᠎ᠠ᠄ ᠪᠠᠭᠰᠢ ᠶᠢᠨ ᠬᠢᠷᠢ ᠭᠡᠮ ᠤᠨ ᠬᠢᠨᠠᠨ ᠲᠣᠭᠲᠠᠭᠠᠯᠲᠠ ᠶᠢᠨ ᠭᠤᠶᠤᠴᠢᠯᠠᠬᠤ ᠬᠦᠰᠦᠨᠦᠭᠲᠦ᠂ ᠰᠦᠯᠵᠢᠶᠡᠨ ᠳᠡᠭᠡᠷ᠎ᠡ ᠳᠠᠩᠰᠠᠯᠠᠭᠤᠯᠵᠤ᠂ ᠳᠠᠷᠤᠮᠠᠯᠯᠠᠨ᠎ᠠ᠃       ᠠᠰᠠᠭᠤᠨ ᠯᠠᠪᠯᠠᠬᠤ ᠤᠲᠠᠰᠤ᠄ 0476-7862696       ᠵᠠᠭᠠᠯᠳᠤᠬᠤ ᠤᠲᠠᠰᠤ᠄ 0476-7861315       ᠬᠦᠯᠢᠶᠡᠨ ᠰᠢᠢᠳᠪᠦᠷᠢᠯᠡᠬᠦ ᠬᠠᠶ᠋ᠢᠭ᠄ ᠪᠠᠭᠠᠷᠢᠨ ᠵᠡᠭᠦᠨ ᠬᠤᠰᠢᠭᠤᠨ ᠤ ᠰᠤᠷᠭᠠᠨ ᠬᠦᠮᠦᠵᠢᠯ ᠤᠨ ᠲᠣᠪᠴᠢᠶ᠎ᠠ
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号