ᠪᠠᠭᠠᠷᠢᠨ ᠵᠡᠭᠦᠨ ᠬᠤᠰᠢᠭᠤᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ | ᠶᠢᠨ ᠰᠤᠷᠭᠠᠭᠤᠯᠢ ᠰᠢᠯᠵᠢᠬᠦ᠂ ᠰᠤᠷᠤᠯᠭ᠎ᠠ ᠲᠦᠷ ᠵᠣᠭᠰᠤᠬᠤ ᠵᠢᠴᠢ ᠰᠤᠷᠤᠯᠭ᠎ᠠ ᠪᠠᠨ ᠰᠡᠷᠭᠦᠭᠡᠬᠦ ᠲᠤᠬᠠᠢ | ᠬᠠᠮᠢᠶᠠᠷᠤᠯᠲᠠ ᠶᠢᠨ ᠠᠷᠭ᠎ᠠ | ᠤᠯᠠᠭᠠᠨᠬᠠᠳᠠ ᠬᠤᠲᠠ ᠶᠢᠨ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠠᠷᠢᠶᠠᠯᠠᠯ ᠤᠨ | ᠬᠠᠮᠢᠶᠠᠷᠤᠯᠲᠠ ᠶᠢᠨ ᠠᠷᠭ᠎ᠠ ︵ᠤᠯᠠᠭᠠᠨᠬᠠᠳᠠ ᠰᠤᠷᠭᠠᠨ ᠲᠠᠷᠬᠠᠭᠠᠭᠰᠠᠨ [2013] 7 ᠲᠣᠭᠠᠲᠤ︶ ᠶᠢ | ᠦᠨᠳᠦᠰᠦᠯᠡᠵᠦ᠂ ᠲᠤᠰ ᠠᠷᠭ᠎ᠠ ᠶᠢ ᠲᠣᠭᠲᠠᠭᠠᠪᠠ᠄ | ᠰᠤᠷᠭᠠᠭᠤᠯᠢ ᠰᠢᠯᠵᠢᠬᠦ | ᠨᠢᠭᠡ᠂ ᠭᠡᠷ ᠪᠦᠯᠢ ᠶᠢᠨ ᠨᠡᠭᠦᠬᠦ ᠪᠠ ᠠᠪᠤ ᠡᠵᠢ ᠶᠢᠨ ᠬᠢᠨ ᠠᠵᠢᠯ ᠰᠢᠯᠵᠢᠬᠦ ᠠᠴᠠ ᠪᠣᠯᠵᠤ ᠳᠡᠭᠡᠳᠦ | ᠳᠤᠮᠳᠠᠳᠤ ᠶᠢᠨ ᠰᠤᠷᠭᠠᠭᠤᠯᠢ ᠰᠢᠯᠵᠢᠬᠦ ᠰᠤᠷᠤᠭᠴᠢ ᠰᠤᠷᠭᠠᠭᠤᠯᠢ ᠠᠴᠠ ᠦᠭᠭᠦᠭᠰᠡᠨ ᠰᠤᠷᠭᠠᠭᠤᠯᠢ ᠰᠢᠯᠵᠢᠬᠦ ᠭᠡᠷᠡᠴᠢ | ᠶᠢ ᠠᠪᠴᠤ᠂ ᠬᠤᠲᠠ ᠶᠢᠨ ᠰᠤᠷᠭᠠᠨ ᠬᠦᠮᠦᠵᠢᠯ ᠤᠨ ᠲᠣᠪᠴᠢᠶ᠎ᠠ ᠶᠢᠨ ᠰᠠᠭᠤᠷᠢ ᠰᠤᠷᠭᠠᠨ ᠬᠦᠮᠦᠵᠢᠯ ᠤᠨ | ᠬᠤᠶᠠᠳᠤᠭᠠᠷ ᠰᠠᠯᠠᠭ᠎ᠠ ᠪᠠᠷ ᠵᠦᠪᠰᠢᠶᠡᠷᠡᠭᠦᠯᠪᠡᠯ ᠰᠠᠶ᠋ᠢ ᠬᠦᠴᠦᠨ ᠲᠠᠢ ᠪᠣᠯᠤᠨ᠎ᠠ᠃ | ᠬᠤᠶᠠᠷ᠂ ᠥᠪᠡᠷᠲᠡᠭᠡᠨ ᠵᠠᠰᠠᠬᠤ ᠣᠷᠣᠨ ᠤ ᠪᠤᠰᠤᠳ ᠠᠶᠢᠮᠠᠭ ᠬᠤᠲᠠ ᠶᠢᠨ ᠳᠡᠭᠡᠳᠦ ᠳᠤᠮᠳᠠᠳᠤ ᠶᠢᠨ | ᠰᠤᠷᠤᠭᠴᠢ ᠮᠠᠨ ᠤ ᠬᠤᠰᠢᠭᠤᠨ ᠳᠤ ᠰᠢᠯᠵᠢᠬᠦ ᠳᠤ᠂ ᠰᠢᠯᠵᠢᠭᠦᠯᠦᠭᠰᠡᠨ ᠰᠤᠷᠭᠠᠭᠤᠯᠢ ᠶᠢᠨ ᠰᠤᠷᠭᠠᠭᠤᠯᠢ ᠰᠢᠯᠵᠢᠬᠦ | ᠭᠡᠷᠡᠴᠢ ᠠᠴᠠ ᠭᠠᠳᠠᠨ᠎ᠠ ᠪᠠᠰᠠ ᠶᠡᠷᠦᠩᠬᠡᠢ ᠰᠢᠯᠭᠠᠯᠲᠠ ᠶᠢᠨ ᠬᠤᠪᠢ ︵ᠰᠤᠷᠤᠯᠭ᠎ᠠ ᠶᠢᠨ ᠬᠢᠷᠢ ᠲᠥᠪᠰᠢᠨ ᠤ | ᠰᠢᠯᠭᠠᠯᠲᠠ ᠶᠢᠨ ᠬᠢᠷᠢ ᠪᠦᠲᠦᠮᠵᠢ︶ ᠵᠢᠴᠢ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢᠨ | ᠭᠡᠷᠡᠴᠢ ᠢᠶᠠᠨ ᠲᠤᠰᠢᠶᠠᠨ᠎ᠡ᠃ | ᠭᠤᠷᠪᠠ᠂ ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠬᠦᠯᠦᠰᠦᠨ ᠠᠵᠢᠯᠴᠢᠨ ᠦᠷ᠎ᠡ ᠬᠡᠥᠬᠡᠳ ᠢᠶᠠᠨ | ᠳᠠᠭᠠᠵᠤ ᠰᠢᠯᠵᠢᠬᠦ ᠵᠢᠴᠢ ᠮᠠᠨ ᠤ ᠬᠤᠰᠢᠭᠤᠨ ᠤ ᠳᠡᠭᠡᠳᠦ ᠳᠤᠮᠳᠠᠳᠤ ᠳᠤ ᠰᠢᠯᠵᠢᠵᠦ ᠰᠤᠷᠤᠯᠴᠠᠭᠰᠠᠳ ᠳᠣᠣᠷᠠᠬᠢ | ᠭᠠᠷ ᠭᠦᠢᠴᠡᠳᠬᠡᠯ ᠢ ᠬᠢᠬᠦ ᠬᠡᠷᠡᠭᠲᠡᠢ᠄ | 1. ᠠᠩᠬ᠎ᠠ ᠳᠤᠮᠳᠠᠳᠤ ᠶᠢᠨ ᠰᠤᠷᠤᠯᠭ᠎ᠠ ᠶᠢᠨ ᠬᠠᠷᠢᠶᠠᠯᠠᠯ ᠤᠨ ᠭᠡᠷᠡᠴᠢ᠂ ᠳᠤᠮᠳᠠᠳᠤ ᠰᠤᠷᠭᠠᠭᠤᠯᠢ ᠶᠢᠨ | ᠰᠢᠯᠭᠠᠯᠲᠠ ᠶᠢᠨ ᠬᠢᠷᠢ ᠪᠦᠲᠦᠮᠵᠢ᠂ ᠳᠡᠭᠡᠳᠦ ᠳᠤᠮᠳᠠᠳᠤ ᠳᠤ ᠡᠯᠰᠡᠭᠰᠡᠨ ᠮᠡᠳᠡᠭᠳᠡᠯ ᠤᠨ ᠪᠢᠴᠢᠭ᠃ | 2. ᠭᠡᠷ ᠤᠨ ᠡᠷᠦᠬᠡ ᠠᠮᠠ ᠰᠢᠯᠵᠢᠭᠦᠯᠦᠭᠰᠡᠨ ᠭᠡᠷᠡᠴᠢ᠂ ᠭᠡᠷ ᠬᠦᠷᠦᠩᠭᠡ ᠶᠢᠨ ᠭᠡᠷᠡᠴᠢ᠂ ᠭᠡᠷ ᠤᠨ ᠠᠬᠠᠮᠠᠳ | ᠤᠨ ᠬᠠᠤᠯᠢ ᠶᠣᠰᠤᠨ ᠤ ᠠᠵᠢᠯ ᠤᠨ ᠭᠡᠷᠡᠴᠢ᠂ ᠭᠠᠶᠢᠯᠢ ᠲᠤᠰᠢᠶᠠᠭᠰᠠᠨ ᠭᠡᠷᠡᠴᠢ ᠪᠣᠶᠤ ᠨᠡᠶᠢᠭᠡᠮ ᠤᠨ ᠳᠠᠭᠠᠳᠬᠠᠯ ᠤᠨ | ᠵᠠᠷᠤᠳᠠᠯ ᠲᠤᠰᠢᠶᠠᠭᠰᠠᠨ ᠭᠠᠷ ᠭᠦᠢᠴᠡᠳᠬᠡᠯ ᠵᠡᠷᠭᠡ ᠶᠢᠨ ᠤᠭ ᠬᠡᠪ ᠪᠣᠯᠤᠨ ᠳᠠᠷᠤᠮᠠᠯᠯᠠᠭᠰᠠᠨ ᠬᠡᠪ᠃ | 3. ᠮᠣᠵᠢ ᠶᠢᠨ ᠳᠡᠰ ᠤᠨ ᠶᠡᠷᠦᠩᠬᠡᠢ ᠰᠢᠯᠭᠠᠯᠲᠠ ᠶᠢᠨ ᠬᠢᠷᠢ ᠪᠦᠲᠦᠮᠵᠢ ︵ᠰᠤᠷᠤᠯᠭ᠎ᠠ ᠶᠢᠨ ᠬᠢᠷᠢ | ᠲᠥᠪᠰᠢᠨ ᠤ ᠰᠢᠯᠭᠠᠯᠲᠠ ᠶᠢᠨ ᠬᠢᠷᠢ ᠪᠦᠲᠦᠮᠵᠢ︶ ᠶᠢᠨ ᠭᠡᠷᠡᠴᠢ᠃ | ᠳᠥᠷᠪᠡ᠂ ᠬᠠᠮᠢᠶ᠎ᠠ ᠪᠦᠬᠦᠢ ᠱᠠᠭᠠᠷᠳᠠᠯᠭ᠎ᠠ | 1. ᠳᠡᠭᠡᠳᠦ ᠳᠤᠮᠳᠠᠳᠤ ᠶᠢᠨ ᠰᠤᠷᠤᠭᠴᠢ ᠲᠤᠰ ᠬᠤᠰᠢᠭᠤᠨ ᠳᠣᠲᠤᠷ᠎ᠠ ᠪᠠᠨ ᠰᠤᠷᠭᠠᠭᠤᠯᠢ ᠰᠢᠯᠵᠢᠵᠦ ᠪᠣᠯᠬᠤ | ᠦᠭᠡᠢ︔ ᠲᠡᠭᠦᠰᠬᠦ ᠠᠩᠭᠢ ᠶᠢᠨ ᠰᠤᠷᠤᠭᠴᠢ ᠰᠤᠷᠭᠠᠭᠤᠯᠢ ᠰᠢᠯᠵᠢᠵᠦ ᠪᠣᠯᠬᠤ ᠦᠭᠡᠢ︔ ᠰᠤᠷᠤᠯᠭ᠎ᠠ ᠲᠦᠷ | ᠵᠣᠭᠰᠤᠭᠰᠠᠨ ᠬᠤᠭᠤᠴᠠᠭᠠᠨ ᠳᠤ ᠰᠤᠷᠭᠠᠭᠤᠯᠢ ᠰᠢᠯᠵᠢᠵᠦ ᠪᠣᠯᠬᠤ ᠦᠭᠡᠢ︔ ᠣᠨ ᠠᠯᠤᠰᠯᠠᠨ ᠰᠤᠷᠭᠠᠭᠤᠯᠢ | ᠰᠢᠯᠵᠢᠵᠦ ᠪᠣᠯᠬᠤ ᠦᠭᠡᠢ᠃ | 2. ᠡᠩ ᠤᠨ ᠳᠡᠭᠡᠳᠦ ᠳᠤᠮᠳᠠᠳᠤ ᠰᠤᠷᠭᠠᠭᠤᠯᠢ ᠠᠵᠢᠯ ᠮᠡᠷᠭᠡᠵᠢᠯ ᠤᠨ ᠳᠡᠭᠡᠳᠦ ᠳᠤᠮᠳᠠᠳᠤ ᠠᠴᠠ ᠰᠢᠯᠵᠢᠵᠦ | ᠢᠷᠡᠭᠰᠡᠨ ᠰᠤᠷᠤᠭᠴᠢ ᠶᠢ ᠬᠦᠯᠢᠶᠡᠨ ᠠᠪᠴᠤ ᠪᠣᠯᠬᠤ ᠦᠭᠡᠢ᠃ | 3. ᠳᠡᠭᠡᠳᠦ ᠳᠤᠮᠳᠠᠳᠤ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠲᠤᠭ᠎ᠠ ︵ᠣᠨ ᠪᠠᠷ ᠨᠢᠭᠡᠴᠡ | ᠪᠣᠯᠭᠠᠭᠰᠠᠨ︶ ᠨᠢ ᠬᠤᠲᠠ ᠶᠢᠨ ᠰᠤᠷᠭᠠᠨ ᠬᠦᠮᠦᠵᠢᠯ ᠤᠨ ᠲᠣᠪᠴᠢᠶ᠎ᠠ ᠪᠠᠷ ᠵᠦᠪᠰᠢᠶᠡᠷᠡᠭᠦᠯᠦᠭᠰᠡᠨ ᠲᠤᠰ | ᠬᠤᠭᠤᠴᠠᠭᠠᠨ ᠤ ᠰᠤᠷᠤᠭᠴᠢ ᠡᠯᠰᠡᠬᠦ ᠲᠦᠯᠦᠪᠯᠡᠭᠡ ᠶᠢᠨ ᠲᠤᠭ᠎ᠠ ᠠᠴᠠ ᠪᠠᠭ᠎ᠠ ᠪᠠᠶᠢᠪᠠᠯ᠂ ᠰᠤᠷᠭᠠᠭᠤᠯᠢ ᠰᠢᠯᠵᠢᠬᠦ | ᠰᠤᠷᠤᠭᠴᠢ ᠰᠤᠷᠭᠠᠭᠤᠯᠢ ᠰᠢᠯᠵᠢᠬᠦ ᠨᠦᠬᠦᠴᠡᠯ ᠳᠤ ᠨᠡᠶᠢᠴᠡᠭᠰᠡᠨ ᠪᠠᠶᠢᠬᠤ ᠮᠦᠷᠲᠡᠭᠡᠨ ᠳᠤᠮᠳᠠᠳᠤ ᠰᠤᠷᠭᠠᠭᠤᠯᠢ ᠶᠢᠨ | ᠰᠢᠯᠭᠠᠯᠲᠠ ᠶᠢᠨ ᠬᠢᠷᠢ ᠪᠦᠲᠦᠮᠵᠢ ᠨᠢ ᠡᠷᠬᠡᠪᠰᠢ ᠯᠢᠨᠳᠦ᠋ᠩ ᠤᠨ ᠨᠢᠭᠡᠳᠦᠭᠡᠷ ᠳᠤᠮᠳᠠᠳᠤ ᠰᠤᠷᠭᠠᠭᠤᠯᠢ ᠪᠣᠶᠤ | ᠬᠤᠸᠠᠰᠢᠶᠠ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰ ᠬᠤᠭᠤᠴᠠᠭᠠᠨ ᠤ ᠡᠩ ᠤᠨ ᠠᠩᠭᠢ ᠶᠢᠨ ᠵᠢᠩᠬᠢᠨᠢ ᠪᠠᠷ | ᠡᠯᠰᠡᠭᠰᠡᠨ ᠰᠤᠷᠤᠭᠴᠢ ᠶᠢᠨ ᠬᠠᠮᠤᠭ ᠳᠣᠣᠷ᠎ᠠ ᠬᠢᠵᠠᠭᠠᠷᠯᠠᠬᠤ ᠬᠤᠪᠢ ︵ᠰᠤᠷᠭᠠᠭᠤᠯᠢ ᠰᠤᠩᠭᠤᠬᠤ ᠰᠤᠷᠤᠭᠴᠢ ᠶᠢ | ᠪᠠᠭᠲᠠᠭᠠᠬᠤ ᠦᠭᠡᠢ︶ ᠳᠤ ᠬᠦᠷᠦᠭᠰᠡᠨ ᠪᠠᠶᠢᠪᠠᠯ ᠲᠤᠰ ᠬᠤᠶᠠᠷ ᠰᠤᠷᠭᠠᠭᠤᠯᠢ ᠶᠢᠨ ᠡᠩ ᠤᠨ ᠠᠩᠬᠢ ᠳᠤ ᠰᠢᠯᠵᠢᠵᠦ | ᠪᠣᠯᠤᠨ᠎ᠠ᠃ ᠬᠡᠷᠪᠡ ᠬᠠᠮᠤᠭ ᠳᠣᠣᠷ᠎ᠠ ᠬᠢᠵᠠᠭᠠᠷᠯᠠᠬᠤ ᠬᠤᠪᠢ ︵ᠰᠤᠷᠭᠠᠭᠤᠯᠢ ᠰᠤᠩᠭᠤᠬᠤ ᠰᠤᠷᠤᠭᠴᠢ ᠶᠢ | ᠪᠠᠭᠲᠠᠭᠠᠬᠤ ᠦᠭᠡᠢ︶ ᠳᠤ ᠬᠦᠷᠦᠭᠰᠡᠨ ᠦᠭᠡᠢ ᠪᠠᠶᠢᠪᠠᠯ᠂ ᠬᠤᠸᠠᠰᠢᠶᠠ ᠠᠵᠢᠯ ᠮᠡᠷᠭᠡᠵᠢᠯ ᠤᠨ ᠰᠤᠷᠭᠠᠭᠤᠯᠢ ᠶᠢᠨ | ᠠᠵᠢᠯ ᠮᠡᠷᠭᠡᠵᠢᠯ ᠤᠨ ᠠᠩᠬᠢ ᠳᠤ ᠰᠢᠯᠵᠢᠵᠦ ᠪᠣᠯᠤᠨ᠎ᠠ᠃ | 4. ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠰᠤᠷᠭᠠᠭᠤᠯᠢ ᠰᠢᠯᠵᠢᠬᠦ ᠭᠠᠷ ᠭᠦᠢᠴᠡᠳᠬᠡᠯ ᠢᠶᠠᠷ | ᠰᠤᠷᠤᠭᠴᠢ ᠶᠢ ᠬᠦᠯᠢᠶᠡᠨ ᠠᠪᠴᠤ᠂ ᠰᠤᠷᠭᠠᠭᠤᠯᠢ ᠰᠢᠯᠵᠢᠬᠦ ᠭᠠᠷ ᠭᠦᠢᠴᠡᠳᠬᠡᠯ ᠦᠭᠡᠢ ᠰᠤᠷᠤᠭᠴᠢ ᠶᠢ ᠳᠤᠷ᠎ᠠ ᠪᠠᠷ | ᠬᠦᠯᠢᠶᠡᠨ ᠠᠪᠴᠤ ᠪᠣᠯᠬᠤ ᠦᠭᠡᠢ᠃ | 5. ᠰᠤᠷᠭᠠᠭᠤᠯᠢ ᠪᠣᠶᠤ ᠬᠤᠰᠢᠭᠤ ᠰᠢᠶᠠᠨ ᠤ ᠰᠤᠷᠭᠠᠨ ᠬᠦᠮᠦᠵᠢᠯ ᠤᠨ ᠲᠣᠪᠴᠢᠶ᠎ᠠ ᠶᠢᠨ ᠰᠤᠷᠤᠯᠭ᠎ᠠ ᠶᠢᠨ | ᠬᠠᠷᠢᠶᠠᠯᠠᠯ ᠤᠨ ᠬᠠᠮᠢᠶᠠᠷᠤᠭᠴᠢ ᠬᠤᠲᠠ ᠶᠢᠨ ᠰᠤᠷᠭᠠᠨ ᠬᠦᠮᠦᠵᠢᠯ ᠤᠨ ᠲᠣᠪᠴᠢᠶ᠎ᠠ ᠳᠤ ᠬᠦᠷᠴᠦ᠂ ᠰᠠᠷ᠎ᠠ ᠪᠣᠯᠭᠠᠨ | ᠤ ᠬᠠᠮᠤᠭ ᠰᠡᠭᠦᠯ ᠤᠨ ᠨᠢᠭᠡ ᠭᠠᠷᠠᠭ ᠰᠤᠷᠭᠠᠭᠤᠯᠢ ᠰᠢᠯᠵᠢᠬᠦ ᠭᠠᠷ ᠭᠦᠢᠴᠡᠳᠬᠡᠯ ᠬᠢᠨ᠎ᠡ᠃ | ᠰᠤᠷᠤᠯᠭ᠎ᠠ ᠲᠦᠷ ᠵᠣᠭᠰᠤᠬᠤ ᠪᠠ ᠰᠤᠷᠤᠯᠭ᠎ᠠ ᠰᠡᠷᠭᠦᠭᠡᠬᠦ | ᠨᠢᠭᠡ᠂ ᠡᠪᠡᠳᠴᠢᠨ ᠠᠴᠠ ᠪᠣᠯᠵᠤ ᠰᠤᠷᠤᠭᠴᠢ ᠰᠤᠷᠤᠯᠴᠠᠵᠤ ᠳᠡᠶᠢᠯᠬᠦ ᠦᠭᠡᠢ ᠪᠣᠯ᠂ ᠭᠡᠷ ᠤᠨ ᠠᠬᠠᠮᠠᠳ | ᠪᠣᠶᠤ ᠪᠤᠰᠤᠳ ᠬᠢᠨᠠᠨ ᠬᠠᠮᠢᠶᠠᠷᠤᠭᠴᠢ ᠠᠴᠠ ᠭᠤᠶᠤᠴᠢᠯᠠᠯ ᠭᠠᠷᠭᠠᠵᠤ᠂ ᠬᠤᠰᠢᠭᠤᠨ ᠳᠡᠰ ᠠᠴᠠ ᠳᠡᠭᠡᠭᠰᠢᠬᠢ | ᠡᠮᠨᠡᠯᠭᠡ ᠶᠢᠨ ᠬᠤᠷᠢᠶ᠎ᠠ ᠭᠤᠷᠪᠠᠨ ᠰᠠᠷ᠎ᠠ ᠠᠴᠠ ᠳᠡᠭᠡᠭᠰᠢᠬᠢ ᠡᠮᠨᠡᠯᠭᠡ ᠳᠤ ᠰᠠᠭᠤᠵᠤ ᠡᠮᠴᠢᠯᠡᠭᠦᠯᠦᠭᠰᠡᠨ ︵ᠠᠮᠠᠷᠠᠭᠰᠠᠨ | ︶ ᠣᠨᠤᠰᠢᠯᠠᠯ ᠤᠨ ᠭᠡᠷᠡᠴᠢ ᠭᠠᠷᠭᠠᠨ᠂ ᠰᠤᠷᠭᠠᠭᠤᠯᠢ ᠶᠢᠨ ᠰᠤᠷᠤᠯᠭ᠎ᠠ ᠲᠦᠷ ᠵᠣᠭᠰᠤᠬᠤ ᠭᠡᠷᠡᠴᠢ ︵ᠵᠠᠬᠢᠷᠤᠯ | ᠵᠦᠪᠰᠢᠶᠡᠷᠡᠵᠦ ᠭᠠᠷ ᠤᠨ ᠦᠰᠦᠭ ᠵᠢᠷᠤᠵᠤ᠂ ᠰᠤᠷᠭᠠᠭᠤᠯᠢ ᠶᠢᠨ ᠰᠤᠷᠤᠯᠭ᠎ᠠ ᠶᠢᠨ ᠬᠠᠷᠢᠶᠠᠯᠠᠯ ᠤᠨ ᠬᠠᠮᠢᠶᠠᠷᠤᠯᠲᠠ | ᠶᠢᠨ ᠲᠤᠰᠬᠠᠢ ᠲᠠᠮᠠᠭ᠎ᠠ ᠳᠠᠷᠤᠨ᠎ᠠ︶᠂ ᠣᠨᠤᠰᠢᠯᠠᠯ ᠤᠨ ᠪᠢᠴᠢᠭ᠂ ᠡᠪᠡᠳᠴᠢᠨ ᠤ ᠨᠠᠮᠲᠠᠷ ᠤᠨ ᠤᠭ ᠬᠡᠪ ᠪᠣᠯᠤᠨ | ᠳᠠᠷᠤᠮᠠᠯᠯᠠᠭᠰᠠᠨ ᠬᠡᠪ ᠢ ᠲᠤᠰᠢᠶᠠᠵᠤ᠂ ᠬᠤᠰᠢᠭᠤᠨ ᠤ ᠰᠤᠷᠭᠠᠨ ᠬᠦᠮᠦᠵᠢᠯ ᠤᠨ ᠲᠣᠪᠴᠢᠶ᠎ᠠ ᠪᠠᠷ ᠵᠦᠪᠰᠢᠶᠡᠷᠡᠭᠦᠯᠦᠨ | ᠂ ᠬᠤᠲᠠ ᠶᠢᠨ ᠰᠤᠷᠭᠠᠨ ᠬᠦᠮᠦᠵᠢᠯ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠤᠨ᠎ᠠ᠃ | ᠬᠤᠶᠠᠷ᠂ ᠰᠤᠷᠤᠭᠴᠢ ᠶᠢᠨ ᠰᠤᠷᠤᠯᠭ᠎ᠠ ᠲᠦᠷ ᠵᠣᠭᠰᠤᠭᠰᠠᠨ ᠬᠤᠭᠤᠴᠠᠭᠠᠨ ᠳᠤ ᠰᠤᠷᠤᠯᠭ᠎ᠠ ᠶᠢᠨ ᠬᠠᠷᠢᠶᠠᠯᠠᠯ | ᠢ ᠦᠯᠡᠳᠡᠭᠡᠨ᠎ᠡ᠃ ᠰᠤᠷᠤᠯᠭ᠎ᠠ ᠰᠡᠷᠭᠦᠭᠡᠬᠦ ᠭᠡᠪᠡᠯ᠂ ᠰᠤᠷᠭᠠᠭᠤᠯᠢ ᠶᠢᠨ ᠵᠦᠪᠰᠢᠶᠡᠷᠡᠯ ᠢᠶᠠᠷ ᠰᠤᠷᠤᠯᠭ᠎ᠠ ᠲᠦᠷ | ᠵᠣᠭᠰᠤᠬᠤ ᠭᠡᠷᠡᠴᠢ ᠪᠠᠨ ᠠᠪᠴᠤ᠂ ᠱᠠᠲᠤ ᠱᠠᠲᠤ ᠪᠠᠷ ᠳᠡᠭᠡᠭᠰᠢ ᠮᠡᠳᠡᠭᠦᠯᠦᠨ᠂ ᠰᠤᠷᠤᠯᠭ᠎ᠠ ᠶᠢᠨ ᠬᠠᠷᠢᠶᠠᠯᠠᠯ ᠢᠶᠠᠨ | ᠦᠭᠡᠷᠡᠴᠢᠯᠡᠬᠦ ᠭᠠᠷ ᠭᠦᠢᠴᠡᠳᠬᠡᠯ ᠬᠢᠨ᠎ᠡ᠃ | ᠰᠤᠷᠤᠯᠭ᠎ᠠ ᠰᠡᠷᠭᠦᠭᠡᠬᠦ ᠰᠤᠷᠤᠭᠴᠢ ᠶᠢᠨ ᠪᠤᠳᠠᠲᠠᠢ ᠪᠠᠶᠢᠳᠠᠯ ᠢ ᠦᠨᠳᠦᠰᠦᠯᠡᠵᠦ᠂ ᠠᠩᠬᠢ ᠳᠣᠬᠢᠷᠠᠭᠤᠯᠤᠨ᠎ᠠ᠃ | ᠬᠡᠷᠪᠡ ᠠᠩᠭᠢ ᠪᠠᠨ ᠳᠠᠭᠠᠵᠤ ᠳᠡᠶᠢᠯᠬᠦ ᠦᠭᠡᠢ ᠪᠣᠯ᠂ ᠠᠩᠭᠢ ᠤᠬᠤᠷᠢᠵᠤ ᠪᠣᠯᠤᠨ᠎ᠠ᠃ | ᠭᠤᠷᠪᠠ᠂ ᠰᠤᠷᠤᠯᠭ᠎ᠠ ᠲᠦᠷ ᠵᠤᠭᠰᠤᠬᠤ ᠬᠤᠭᠤᠴᠠᠭ᠎ᠠ ᠶᠢ ᠡᠩ ᠤᠨ ᠪᠠᠶᠢᠳᠠᠯ ᠳᠣᠣᠷ᠎ᠠ ᠨᠢᠭᠡ ᠰᠤᠷᠤᠯᠭ᠎ᠠ ᠶᠢᠨ ᠵᠢᠯ | ᠢᠶᠠᠷ ᠬᠢᠵᠠᠭᠠᠷᠯᠠᠨ᠎ᠠ᠃ ᠰᠤᠷᠤᠯᠭ᠎ᠠ ᠲᠦᠷ ᠵᠣᠭᠰᠤᠭᠰᠠᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠪᠠᠰᠠᠴᠤ | ᠰᠤᠷᠤᠯᠭ᠎ᠠ ᠰᠡᠷᠭᠦᠭᠡᠵᠦ ᠳᠡᠶᠢᠯᠬᠦ ᠦᠭᠡᠢ ᠪᠠᠶᠢᠳᠠᠯ ᠪᠠᠶᠢᠪᠠᠯ᠂ ᠳᠠᠭᠤᠰᠬᠤ ᠠᠴᠠ ᠬᠠᠭᠠᠰ ᠰᠠᠷ᠎ᠠ ᠡᠮᠦᠨ᠎ᠡ | ᠬᠤᠶᠢᠰᠢᠯᠠᠭᠤᠯᠬᠤ ᠭᠠᠷ ᠭᠦᠢᠴᠡᠳᠬᠡᠯ ᠬᠢᠬᠦ ᠬᠡᠷᠡᠭᠲᠡᠢ᠃ ᠰᠤᠷᠤᠭᠴᠢ ᠶᠢᠨ ᠬᠢᠨᠠᠨ ᠬᠠᠮᠢᠶᠠᠷᠤᠭᠴᠢ ᠭᠤᠶᠤᠴᠢᠯᠠᠯ | ᠭᠠᠷᠭᠠᠵᠤ᠂ ᠰᠤᠷᠭᠠᠭᠤᠯᠢ ᠳᠡᠭᠡᠭᠰᠢ ᠮᠡᠳᠡᠭᠦᠯᠦᠨ᠂ ᠰᠤᠷᠭᠠᠨ ᠬᠦᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠢᠶᠠᠷ ᠵᠦᠪᠰᠢᠶᠡᠷᠡᠭᠦᠯᠦᠭᠰᠡᠨ ᠤ ᠳᠠᠷᠠᠭ᠎ᠠ᠂ ᠵᠠᠯᠭᠠᠨ ᠰᠤᠷᠤᠯᠭ᠎ᠠ ᠲᠦᠷ ᠵᠣᠭᠰᠤᠬᠤ ᠭᠠᠷ ᠭᠦᠢᠴᠡᠳᠬᠡᠯ ᠬᠢᠵᠦ | ᠪᠣᠯᠤᠨ᠎ᠠ᠃ ᠦᠷᠭᠦᠯᠵᠢᠯᠡᠨ ᠰᠤᠷᠤᠯᠭ᠎ᠠ ᠲᠦᠷ ᠵᠤᠭᠰᠤᠬᠤ ᠬᠤᠭᠤᠴᠠᠭ᠎ᠠ ᠨᠢ ᠬᠤᠶᠠᠷ ᠵᠢᠯ ᠠᠴᠠ ᠬᠡᠲᠦᠷᠴᠦ ᠪᠣᠯᠬᠤ | ᠦᠭᠡᠢ᠃ | ᠵᠠᠷᠴᠢᠮ ᠳᠡᠭᠡᠷ᠎ᠡ ᠪᠠᠨ ᠳᠡᠭᠡᠳᠦ ᠭᠤᠷᠪᠠ ᠶᠢᠨ ᠳᠣᠣᠷ᠎ᠠ ᠬᠠᠭᠠᠰ ᠬᠤᠭᠤᠴᠠᠭᠠᠨ ᠳᠤ ᠰᠤᠷᠤᠯᠭ᠎ᠠ ᠲᠦᠷ | ᠵᠣᠭᠰᠤᠬᠤ ᠶᠢ ᠵᠦᠪᠰᠢᠶᠡᠷᠡᠭᠦ ᠦᠭᠡᠢ ︵3 ᠰᠠᠷ᠎ᠠ ᠶᠢᠨ 1 ᠠᠴᠠ ᠡᠬᠢᠯᠡᠨ᠎ᠡ︶᠃ ᠰᠤᠷᠤᠭᠴᠢ ᠡᠪᠡᠳᠴᠢᠨ ᠠᠴᠠ | ᠪᠣᠯᠵᠤ ᠰᠤᠷᠤᠯᠭ᠎ᠠ ᠲᠦᠷ ᠵᠣᠭᠰᠤᠬᠤ ᠰᠢᠯᠲᠠᠭᠠᠨ ᠢ ᠵᠠᠪᠠᠯ ᠳᠠᠩᠰᠠᠯᠠᠵᠤ᠂ ᠡᠮᠨᠡᠯᠭᠡ ᠶᠢᠨ ᠬᠤᠷᠢᠶᠠᠨ ᠤ ᠣᠨᠤᠰᠢᠯᠠᠯ | ᠤᠨ ᠭᠡᠷᠡᠴᠢ ᠶᠢ ᠳᠠᠭᠠᠯᠳᠤᠭᠤᠯᠬᠤ ᠬᠡᠷᠡᠭᠲᠡᠢ᠃ | ᠳᠥᠷᠪᠡ᠂ ᠶᠡᠭᠡ ᠬᠡᠪᠴᠢᠶᠡᠨ ᠤ ᠬᠠᠯᠳᠠᠪᠦᠷᠢᠲᠤ ᠡᠪᠡᠳᠴᠢᠨ ᠵᠢᠴᠢ ᠠᠳᠠᠯᠢᠪᠲᠤᠷ ᠪᠠᠶᠢᠳᠠᠯ ᠠᠴᠠ ᠭᠠᠳᠠᠨ᠎ᠠ᠂ | ᠰᠤᠷᠤᠯᠭ᠎ᠠ ᠲᠦᠷ ᠵᠣᠭᠰᠤᠬᠤ ᠰᠤᠷᠤᠭᠴᠢ ᠶᠢᠨ ᠲᠤᠭ᠎ᠠ ᠶᠢ 5‰ ᠠᠴᠠ ᠬᠡᠲᠦᠷᠡᠭᠦᠯᠵᠦ ᠪᠣᠯᠬᠤ ᠦᠭᠡᠢ᠃ |