ᠪᠠᠭᠠᠷᠢᠨ ᠵᠡᠭᠦᠨ ᠬᠤᠰᠢᠭᠤᠨᠤ ᠳᠤᠮᠳᠠᠳᠤ ᠪᠠᠭ᠎ᠠ ᠰᠤᠷᠭᠠᠭᠤᠯᠢ ᠵᠢᠨᠰᠤᠷᠤᠭᠴᠢ ᠶᠢᠨ | ᠰᠤᠷᠭᠠᠭᠤᠯᠢ ᠰᠢᠯᠵᠢᠬᠦ ᠨᠦᠭᠦᠴᠡᠯ ᠬᠢᠭᠡᠳ ᠭᠦᠢᠴᠡᠳᠬᠡᠬᠦ ᠠᠯᠬᠤᠮ ᠳᠠᠷᠠᠭ᠎ᠠ | ᠨᠢᠭᠡ᠂ ᠰᠤᠷᠭᠠᠭᠤᠯᠢ ᠰᠢᠯᠵᠢᠬᠦ ᠨᠦᠬᠦᠴᠡᠯ | 1. ᠰᠤᠷᠤᠭᠴᠢ ᠡᠯᠰᠡᠬᠦ ᠣᠷᠣᠨ ᠳᠤ ᠭᠡᠷ ᠬᠦᠷᠦᠩᠭᠡ ᠪᠣᠶᠤ ᠡᠷᠦᠬᠡ ᠠᠮᠠ ᠲᠠᠢ ᠪᠠᠶᠢᠪᠠᠯ᠂ ᠰᠤᠷᠭᠠᠭᠤᠯᠢ | ᠰᠢᠯᠵᠢᠬᠦ ᠳᠤ ᠡᠷᠬᠡᠪᠰᠢ ᠳᠣᠣᠷᠠᠬᠢ ᠭᠡᠷᠡᠴᠢ ᠪᠠᠷᠢᠮᠲᠠ ᠶᠢ ᠵᠡᠷᠭᠡᠪᠡᠷ ᠪᠦᠷᠢᠯᠳᠦᠭᠦᠯᠬᠦ ᠬᠡᠷᠡᠭᠲᠡᠢ᠄ | ⑴ ᠰᠤᠷᠤᠭᠴᠢ ᠪᠣᠯᠤᠨ ᠭᠡᠷ ᠤᠨ ᠠᠬᠠᠮᠠᠳ ︵ᠬᠠᠤᠯᠢ ᠳᠤ ᠲᠣᠭᠲᠠᠭᠰᠠᠨ ᠬᠢᠨᠠᠨ ᠬᠠᠮᠢᠶᠠᠷᠤᠭᠴᠢ︶ ᠤᠨ | ᠬᠠᠷᠢᠶᠠᠲᠤ ᠣᠷᠣᠨ ᠳᠠᠬᠢ ᠡᠷᠦᠬᠡ ᠠᠮᠠ ᠶᠢᠨ ᠳᠡᠪᠲᠡᠷ︔ | ⑵ ᠰᠤᠷᠤᠭᠴᠢ ᠶᠢᠨ ᠭᠡᠷ ᠤᠨ ᠠᠬᠠᠮᠠᠳ ᠪᠣᠶᠤ ᠬᠠᠤᠯᠢ ᠳᠤ ᠲᠣᠭᠲᠠᠭᠰᠠᠨ ᠬᠢᠨᠠᠨ ᠬᠠᠮᠢᠶᠠᠷᠤᠭᠴᠢ ᠶᠢᠨ | ᠬᠠᠷᠢᠶᠠᠲᠤ ᠣᠷᠣᠨ ᠳᠠᠬᠢ ᠭᠡᠷ ᠬᠦᠷᠦᠩᠭᠡ ᠶᠢᠨ ᠦᠨᠡᠮᠯᠡᠯ ︵ᠣᠷᠤᠵᠤ ᠰᠠᠭᠤᠭᠰᠠᠨ ᠪᠣᠯᠪᠠᠴᠤ ᠭᠡᠷ ᠬᠦᠷᠦᠩᠭᠡ ᠶᠢᠨ | ᠦᠨᠡᠮᠯᠡᠯ ᠢᠶᠠᠨ ᠬᠠᠷᠠᠬᠠᠨ ᠠᠪᠤᠭ᠎ᠠ ᠦᠭᠡᠢ ᠪᠠᠶᠢᠪᠠᠯ᠂ ᠭᠡᠷ ᠬᠦᠷᠦᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ | ᠠᠴᠠ ᠦᠭᠭᠦᠭᠰᠡᠨ ᠭᠡᠷ ᠬᠦᠷᠦᠩᠭᠡ ᠶᠢᠨ ᠭᠡᠷᠡᠴᠢ ᠪᠣᠯᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠦᠭᠭᠦᠭᠰᠡᠨ | ᠭᠡᠷ ᠬᠦᠷᠦᠩᠭᠡ ᠶᠢᠨ ᠭᠠᠶᠢᠯᠢ ᠲᠤᠰᠢᠶᠠᠭᠰᠠᠨ ᠪᠠᠷᠢᠮᠲᠠ ᠶᠢ ᠲᠤᠰᠢᠶᠠᠨ᠎ᠠ︶︔ | ⑶ ᠰᠤᠷᠭᠠᠭᠤᠯᠢ ᠰᠢᠯᠵᠢᠬᠦ ᠭᠤᠶᠤᠴᠢᠯᠠᠬᠤ ᠬᠦᠰᠦᠨᠦᠭᠲᠦ᠃ | 2. ᠰᠤᠷᠤᠭᠴᠢ ᠶᠢᠨ ᠬᠠᠤᠯᠢ ᠳᠤ ᠲᠣᠭᠲᠠᠭᠰᠠᠨ ᠬᠢᠨᠠᠨ ᠬᠠᠮᠢᠶᠠᠷᠤᠭᠴᠢ ᠪᠠᠭᠠᠷᠢᠨ ᠵᠡᠭᠦᠨ ᠬᠤᠰᠢᠭᠤᠨ ᠤ | ᠰᠤᠮᠤ ᠪᠠᠯᠭᠠᠰᠤᠨ ᠳᠤ ᠠᠵᠢᠯ ᠡᠷᠬᠢᠯᠡᠵᠦ ᠪᠠᠶᠢᠪᠠᠯ᠂ ᠰᠤᠷᠭᠠᠭᠤᠯᠢ ᠰᠢᠯᠵᠢᠬᠦ ᠳᠤ ᠡᠷᠬᠡᠪᠰᠢ ᠳᠣᠣᠷᠠᠬᠢ ᠭᠡᠷᠡᠴᠢ | ᠪᠠᠷᠢᠮᠲᠠ ᠶᠢ ᠪᠦᠷᠢᠯᠳᠦᠭᠦᠯᠬᠦ ᠬᠡᠷᠡᠭᠲᠡᠢ᠄ | ⑴ ᠪᠠᠭᠠᠷᠢᠨ ᠵᠡᠭᠦᠨ ᠬᠤᠰᠢᠭᠤᠨ ᠤ ᠬᠤᠲᠠ ᠣᠷᠤᠵᠤ ᠠᠵᠢᠯ ᠡᠷᠬᠢᠯᠡᠭᠰᠡᠳ ᠤᠨ ᠦᠷ᠎ᠡ ᠬᠡᠥᠬᠡᠳ ᠤᠨ | ᠰᠤᠷᠭᠠᠭᠤᠯᠢ ᠳᠤ ᠰᠠᠭᠤᠬᠤ ᠭᠤᠶᠤᠴᠢᠯᠠᠯ ᠤᠨ ᠬᠦᠰᠦᠨᠦᠭᠲᠦ | ⑵ᠬᠤᠲᠠ ᠣᠷᠤᠵᠤ ᠠᠵᠢᠯ ᠡᠷᠬᠢᠯᠡᠭᠰᠡᠳ ᠤᠨ ᠦᠷ᠎ᠡ ᠬᠡᠥᠬᠡᠳ ᠤᠨ ᠰᠤᠷᠭᠠᠭᠤᠯᠢ ᠳᠤ ᠰᠠᠭᠤᠬᠤ | ᠭᠤᠶᠤᠴᠢᠯᠠᠯ ᠤᠨ ᠠᠮᠠᠯᠳᠠᠭ᠎ᠠ ᠶᠢᠨ ᠪᠢᠴᠢᠭ | ⑶ ᠪᠠᠭᠠᠷᠢᠨ ᠵᠡᠭᠦᠨ ᠬᠤᠰᠢᠭᠤᠨ ᠠᠴᠠ ᠭᠠᠳᠠᠨᠠᠬᠢ ᠡᠷᠦᠬᠡ ᠠᠮᠠ ᠲᠠᠢ ᠨᠢ ᠪᠠᠰᠠ ᠠᠵᠢᠯᠴᠢᠨ ᠬᠡᠷᠡᠭᠯᠡᠬᠦ | ᠭᠡᠷ᠎ᠡ ᠪᠢᠴᠢᠭ ︵ᠠᠵᠢᠯᠲᠠᠨ ᠤ ᠶᠠᠪᠤᠳᠠᠯ ᠤᠨ ᠰᠠᠯᠠᠭ᠎ᠠ ᠮᠦᠴᠢᠷ ᠲᠤ ᠳᠠᠩᠰᠠᠯᠠᠭᠤᠯᠤᠭᠰᠠᠨ ᠪᠠᠶᠢᠬᠤ︶ ᠢᠶᠠᠨ | ᠲᠤᠰᠢᠶᠠᠬᠤ ᠬᠡᠷᠡᠭᠲᠡᠢ᠃ | ᠬᠤᠶᠠᠷ᠂ ᠭᠦᠢᠴᠡᠳᠬᠡᠬᠦ ᠠᠯᠬᠤᠮ ᠳᠠᠷᠠᠭ᠎ᠠ | 1. ᠬᠠᠤᠯᠢ ᠳᠤ ᠲᠣᠭᠲᠠᠭᠰᠠᠨ ᠬᠢᠨᠠᠨ ᠬᠠᠮᠢᠶᠠᠷᠤᠭᠴᠢ ᠨᠢ ᠰᠤᠷᠤᠭᠴᠢ ᠶᠢᠨ ᠰᠤᠷᠤᠯᠴᠠᠵᠤ ᠪᠠᠶᠢᠭ᠎ᠠ | ᠰᠤᠷᠭᠠᠭᠤᠯᠢ ᠳᠤ ᠰᠤᠷᠭᠠᠭᠤᠯᠢ ᠰᠢᠯᠵᠢᠬᠦᠯᠬᠦ ᠭᠤᠶᠤᠴᠢᠯᠠᠯ ᠭᠠᠷᠭᠠᠨ᠎ᠠ᠃ ᠰᠤᠷᠭᠠᠭᠤᠯᠢ ᠠᠴᠠ ᠬᠢᠨᠠᠨ ᠬᠠᠷᠭᠤᠭᠤᠯᠵᠤ᠂ | ᠪᠠᠶᠢᠳᠠᠯ ᠨᠢ ᠦᠨᠡᠨ ᠪᠣᠳᠠᠲᠠᠢ ᠪᠠᠶᠢᠪᠠᠯ᠂ ︽ᠰᠤᠷᠭᠠᠭᠤᠯᠢ ᠰᠢᠯᠵᠢᠬᠦ ᠬᠢᠨᠠᠨ ᠵᠦᠪᠰᠢᠶᠡᠷᠡᠯ ᠤᠨ ᠬᠦᠰᠦᠨᠦᠭᠲᠦ︾ | ᠨᠢᠭᠡ ᠶᠠᠩᠵᠤ ᠶᠢᠨ ᠬᠢ ᠳᠥᠷᠪᠡᠨ ᠬᠤᠪᠢ ᠭᠠᠷᠭᠠᠨ᠎ᠠ᠃ | 2. ᠬᠠᠤᠯᠢ ᠳᠤ ᠲᠣᠭᠲᠠᠭᠰᠠᠨ ᠬᠢᠨᠠᠨ ᠬᠠᠮᠢᠶᠠᠷᠤᠭᠴᠢ ᠠᠴᠠ ᠰᠤᠷᠭᠠᠭᠤᠯᠢ ᠰᠢᠯᠵᠢᠬᠦ ᠳᠤ ᠬᠡᠷᠡᠭᠰᠡᠬᠦ ᠵᠠᠪᠠᠯ | ᠪᠡᠯᠡᠳᠬᠡᠬᠦ ᠭᠠᠷ ᠭᠦᠢᠴᠡᠳᠬᠡᠯ ᠤᠨ ᠵᠦᠢᠯ ᠢ ᠠᠪᠴᠤ᠂ ᠰᠤᠷᠭᠠᠨ ᠬᠦᠮᠦᠵᠢᠯ ᠤᠨ ᠲᠣᠪᠴᠢᠶ᠎ᠠ ᠶᠢᠨ ᠰᠠᠭᠤᠷᠢ | ᠰᠤᠷᠭᠠᠨ ᠬᠦᠮᠦᠵᠢᠯ ᠤᠨ ᠲᠠᠰᠤᠭ ᠢᠶᠠᠷ ᠬᠢᠨᠠᠨ ᠬᠠᠷᠭᠤᠯᠤᠭᠤᠯᠤᠨᠠ᠃ ᠬᠢᠷᠢ ᠲᠡᠩᠴᠡᠪᠡᠯ᠂ ᠰᠤᠷᠭᠠᠭᠤᠯᠢ ᠳᠤ | ᠣᠷᠤᠵᠤ ᠮᠡᠳᠡᠭᠳᠡᠯ ᠤᠨ ᠪᠢᠴᠢᠭ ᠢ ᠲᠠᠭᠯᠠᠵᠤ᠂ ᠲᠤᠰ ᠡᠳᠦᠷ ᠲᠤ ᠪᠦᠬᠦᠨ ᠢ ᠭᠦᠢᠴᠡᠳᠬᠡᠨ᠎ᠡ᠃ | 3. ᠰᠤᠷᠤᠭᠴᠢ ᠶᠢᠨ ᠰᠤᠷᠭᠠᠭᠤᠯᠢ ᠳᠤ ᠣᠷᠤᠬᠤ ᠪᠣᠯᠤᠨ ᠬᠠᠮᠢᠶ᠎ᠠ ᠪᠦᠬᠦᠢ ᠭᠠᠷ ᠭᠦᠢᠴᠡᠳᠬᠡᠯ ᠢ ᠠᠩᠬ᠎ᠠ | ᠠᠰᠠᠭᠤᠬᠤ ᠬᠠᠷᠢᠭᠤᠴᠠᠯᠭ᠎ᠠ ᠶᠢᠨ ᠳᠦᠷᠢᠮ ᠢᠶᠠᠷ ᠭᠦᠢᠴᠡᠳᠬᠡᠵᠦ᠂ ᠬᠦᠯᠢᠶᠡᠵᠦ ᠠᠪᠬᠤ ᠰᠤᠷᠭᠠᠭᠤᠯᠢ ᠰᠤᠷᠭᠠᠭᠤᠯᠢ | ᠳᠤ ᠣᠷᠤᠬᠤ ᠮᠡᠳᠡᠭᠳᠡᠯ ᠤᠨ ᠪᠢᠴᠢᠭ ᠢ ᠭᠠᠷᠳᠠᠭᠰᠠᠨ ᠤ ᠳᠠᠷᠠᠭ᠎ᠠ᠂ ᠠᠩᠬᠢ ᠬᠤᠪᠢᠶᠠᠬᠤ ᠶᠢᠨ ᠬᠠᠮᠲᠤ ᠰᠦᠯᠵᠢᠶᠡᠨ | ᠳᠡᠭᠡᠷ᠎ᠡ ᠴᠠᠭ ᠲᠤᠬᠠᠢ ᠳᠤᠨᠢ ᠰᠤᠷᠤᠯᠭ᠎ᠠ ᠶᠢᠨ ᠬᠠᠷᠢᠶᠠᠯᠠᠯ ᠢ ᠰᠢᠯᠵᠢᠭᠦᠯᠦᠨ᠎ᠡ᠃ ᠬᠡᠷᠪᠡ ᠰᠤᠷᠭᠠᠭᠤᠯᠢ ᠶᠢᠨ ᠵᠠᠬᠢᠷᠤᠯ | ᠨᠢ ᠰᠤᠷᠭᠠᠭᠤᠯᠢ ᠳᠠᠭᠠᠨ ᠪᠠᠶᠢᠬᠤ ᠦᠭᠡᠢ ᠪᠣᠯ᠂ ᠰᠤᠷᠭᠠᠨ ᠬᠦᠮᠦᠵᠢᠯ ᠤᠨ ᠲᠣᠪᠴᠢᠶ᠎ᠠ ᠠᠴᠠ ᠲᠣᠮᠢᠯᠠᠭᠰᠠᠨ ᠳᠤᠮᠳᠠ | ᠳᠠᠬᠢ ᠺᠠᠳ᠋ᠷ ᠬᠠᠷᠢᠭᠤᠴᠠᠨ ᠭᠦᠢᠴᠡᠳᠬᠡᠵᠦ᠂ ᠰᠤᠷᠤᠭᠴᠢ ᠶᠢᠨ ᠴᠠᠭ ᠲᠤᠬᠠᠢ ᠳᠤᠨᠢ ᠰᠤᠷᠭᠠᠭᠤᠯᠢ ᠳᠤ ᠣᠷᠤᠬᠤ ᠶᠢ | ᠪᠠᠲᠤᠯᠠᠨ᠎ᠠ᠃ | ᠭᠤᠷᠪᠠ᠂ ᠬᠤᠯᠪᠤᠭᠳᠠᠯ ᠪᠦᠬᠦᠢ ᠱᠠᠭᠠᠷᠳᠠᠯᠭ᠎ᠠ | 1. ᠰᠤᠷᠭᠠᠭᠤᠯᠢ ᠳᠤ ᠣᠷᠤᠬᠤ ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃ | 2. ᠭᠠᠷ ᠭᠦᠢᠴᠡᠳᠬᠡᠯ ᠪᠦᠷᠢᠨ ᠭᠦᠢᠴᠡᠳ ᠪᠠᠶᠢᠪᠠᠯ᠂ ᠲᠤᠰ ᠡᠳᠦᠷ ᠲᠤ ᠪᠦᠬᠦᠨ ᠢ ᠳᠠᠭᠤᠰᠬᠠᠨ᠎ᠠ᠃ |