ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠤᠬᠤ ᠳᠠᠩᠰᠠᠯᠠᠬᠤ ᠠᠯᠬᠤᠮ ᠳᠠᠷᠠᠭ᠎ᠠ
ᠨᠡᠶᠢᠲᠡᠯᠡᠭᠰᠡᠨ ᠴᠠᠭ᠄
2016/3/31
              ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ               ᠳᠠᠭᠠᠳᠬᠠᠯ ᠳᠤ ᠣᠷᠤᠬᠤ ᠳᠠᠩᠰᠠᠯᠠᠬᠤ ᠠᠯᠬᠤᠮ ᠳᠠᠷᠠᠭ᠎ᠠ            ᠨᠢᠭᠡ᠂ ᠭᠠᠴᠠᠭ᠎ᠠ ᠲᠤᠰᠬᠤᠨ ᠤ ᠲᠤᠰᠠᠯᠠᠭᠴᠢ ᠬᠦᠯᠢᠶᠡᠨ ᠰᠢᠢᠳᠪᠦᠷᠢᠯᠡᠬᠦ      1. ᠭᠦᠢᠴᠡᠳᠬᠡᠭᠴᠢ᠄  ᠭᠠᠴᠠᠭ᠎ᠠ ᠲᠤᠰᠬᠤᠨ ᠤ ᠲᠤᠰᠠᠯᠠᠭᠴᠢ      2. ᠠᠵᠢᠯᠯᠠᠬᠤ ᠴᠠᠭ᠄ ᠰᠠᠷ᠎ᠠ ᠪᠣᠯᠭᠠᠨ ᠤ 15 ᠠᠴᠠ ᠡᠮᠦᠨ᠎ᠡ      3. ᠬᠠᠷᠢᠭᠤᠴᠠᠯᠭᠠᠲᠠᠨ᠄ ᠭᠠᠴᠠᠭ᠎ᠠ ᠲᠤᠰᠬᠤᠨ ᠤ ᠲᠤᠰᠠᠯᠠᠭᠴᠢ      4. ᠠᠵᠢᠯᠯᠠᠬᠤ ᠠᠭᠤᠯᠭ᠎ᠠ᠄ ᠳᠠᠭᠠᠳᠬᠠᠯ ᠳᠤ ᠣᠷᠤᠬᠤ ᠳᠤ ᠭᠤᠶᠤᠴᠢᠯᠠᠭᠴᠢ ᠡᠷᠦᠬᠡ ᠠᠮᠠ ᠪᠠᠶᠢᠭ᠎ᠠ ᠭᠠᠵᠠᠷ  ᠤᠨ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠳᠤ ᠬᠦᠷᠴᠦ ︽ᠳᠠᠭᠠᠳᠬᠠᠯ ᠳᠤ ᠣᠷᠤᠬᠤ ᠳᠠᠩᠰᠠᠯᠠᠬᠤ ᠬᠦᠰᠦᠨᠦᠭᠲᠦ︾ ᠶᠢ ᠲᠠᠭᠯᠠᠨ᠎ᠠ᠃ ᠭᠠᠴᠠᠭ᠎ᠠ ᠲᠤᠰᠬᠤᠨ ᠤ ᠲᠤᠰᠠᠯᠠᠭᠴᠢ ᠬᠤᠷᠢᠶᠠᠩᠭᠤᠶᠢᠯᠠᠨ ᠡᠮᠬᠢᠳᠬᠡᠵᠦ᠂ ᠰᠤᠮᠤ ᠰᠢᠶᠠᠩ ᠪᠠᠯᠭᠠᠰᠤ ᠶᠢᠨ ᠬᠦᠳᠡᠯᠮᠦᠷᠢ ᠶᠢᠨ ᠪᠠᠲᠤᠯᠠᠭ᠎ᠠ ᠶᠢᠨ ᠰᠠᠯᠪᠤᠷᠢ ᠳᠤ ᠮᠡᠳᠡᠭᠦᠯᠦᠨ᠎ᠡ᠃ ᠭᠤᠶᠤᠴᠢᠯᠠᠭᠴᠢ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ ︵ᠬᠤᠶᠠᠳᠤᠭᠠᠷ ᠦᠶ᠎ᠡ︶ ᠤᠨ ᠤᠭ ᠬᠡᠪ ᠪᠣᠯᠤᠨ ᠳᠠᠷᠤᠮᠠᠯᠯᠠᠭᠰᠠᠨ ᠬᠡᠪ᠂ ᠳᠠᠭᠠᠳᠬᠠᠯ ᠳᠤ ᠣᠷᠤᠬᠤ ᠣᠨᠴᠠᠭᠠᠢ ᠬᠢᠷᠢ ᠭᠡᠮ ᠤᠨ ᠤᠭ ᠬᠡᠪ ᠪᠣᠯᠤᠨ ᠳᠠᠷᠤᠮᠠᠯᠯᠠᠭᠰᠠᠨ ᠭᠡᠪ ᠢ ᠲᠤᠰᠢᠶᠠᠨ᠎ᠠ᠃      5. ᠲᠥᠷᠥ ᠶᠢᠨ ᠪᠣᠳᠤᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠤᠨ ᠦᠨᠳᠦᠰᠦᠯᠡᠯ᠄ ︽ᠪᠠᠭᠠᠷᠢᠨ ᠵᠡᠭᠦᠨ ᠬᠤᠰᠢᠭᠤᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠬᠡᠷᠡᠭᠵᠢᠭᠦᠯᠬᠦ ᠲᠥᠰᠥᠪ︾ ︵ᠵᠡᠭᠦᠨ ᠵᠠᠰᠠᠭ ᠲᠠᠷᠬᠠᠭᠠᠭᠰᠠᠨ [2012] 45 ᠲᠣᠭᠠᠲᠤ︶︔ ︽ᠪᠠᠭᠠᠷᠢᠨ ᠵᠡᠭᠦᠨ ᠬᠤᠰᠢᠭᠤᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠠᠵᠢᠯᠯᠠᠬᠤ ᠳᠦᠷᠢᠮ ︵ᠲᠤᠷᠰᠢᠨ ᠬᠡᠷᠡᠭᠯᠡᠬᠦ︶︾       ᠬᠤᠶᠠᠷ᠂ ᠰᠤᠮᠤ ᠰᠢᠶᠠᠩ ᠪᠠᠯᠭᠠᠰᠤ ᠶᠢᠨ ᠬᠦᠳᠡᠯᠮᠦᠷᠢ ᠶᠢᠨ ᠪᠠᠲᠤᠯᠠᠭ᠎ᠠ ᠶᠢᠨ ᠰᠠᠯᠪᠦᠷᠢ ᠬᠢᠨᠠᠨ ᠬᠠᠷᠭᠤᠭᠤᠯᠬᠤ      1. ᠭᠦᠢᠴᠡᠳᠬᠡᠭᠴᠢ᠄  ᠰᠤᠮᠤ ᠰᠢᠶᠠᠩ ᠪᠠᠯᠭᠠᠰᠤ ᠶᠢᠨ ᠬᠦᠳᠡᠯᠮᠦᠷᠢ ᠶᠢᠨ ᠪᠠᠲᠤᠯᠠᠭ᠎ᠠ ᠶᠢᠨ ᠰᠠᠯᠪᠤᠷᠢ ᠶᠢᠨ ᠠᠵᠢᠯᠲᠠᠨ      2. ᠠᠵᠢᠯᠯᠠᠬᠤ ᠴᠠᠭ᠄ ᠰᠠᠷ᠎ᠠ ᠪᠣᠯᠭᠠᠨ ᠤ 20 ᠠᠴᠠ ᠡᠮᠦᠨ᠎ᠡ      3. ᠬᠠᠷᠢᠭᠤᠴᠠᠯᠭᠠᠲᠠᠨ᠄ ᠰᠤᠮᠤ ᠰᠢᠶᠠᠩ ᠪᠠᠯᠭᠠᠰᠤ ᠶᠢᠨ ᠬᠦᠳᠡᠯᠮᠦᠷᠢ ᠶᠢᠨ ᠪᠠᠲᠤᠯᠠᠭ᠎ᠠ ᠶᠢᠨ ᠰᠠᠯᠪᠤᠷᠢ ᠶᠢᠨ ᠳᠠᠷᠤᠭ᠎ᠠ      4. ᠠᠵᠢᠯᠯᠠᠬᠤ ᠠᠭᠤᠯᠭ᠎ᠠ᠄ ︽ᠳᠠᠭᠠᠳᠬᠠᠯ ᠳᠤ ᠣᠷᠤᠬᠤ ᠳᠠᠩᠰᠠᠯᠠᠬᠤ ᠬᠦᠰᠦᠨᠦᠭᠲᠦ︾ ᠬᠢᠭᠡᠳ ᠭᠤᠶᠤᠴᠢᠯᠠᠭᠴᠢ ᠶᠢᠨ ᠭᠡᠷᠡᠴᠢ ᠪᠢᠴᠢᠭ ᠢ ᠬᠢᠨᠠᠨ ᠬᠠᠷᠭᠤᠭᠤᠯᠵᠤ᠂ ᠭᠤᠶᠤᠴᠢᠯᠠᠭᠴᠢ ᠶᠢᠨ ᠬᠤᠪᠢ ᠬᠦᠮᠦᠨ ᠤ ᠳᠠᠩᠰᠠ ᠪᠠᠶᠢᠭᠤᠯᠤᠨ᠂ ᠳᠠᠭᠠᠳᠬᠠᠯ ᠳᠤ ᠣᠷᠤᠬᠤ ᠰᠤᠷᠠᠭ ᠵᠠᠩᠭᠢ ᠶᠢ ᠠᠵᠢᠯᠯᠠᠬᠤ ᠰᠢᠰᠲ᠋ᠧᠮ ᠳᠤ ᠪᠢᠴᠢᠨ ᠣᠷᠤᠭᠤᠯᠵᠤ᠂ ᠨᠡᠷᠡᠰ ᠤᠨ ᠪᠦᠷᠢᠳᠬᠡᠯ ᠢ ᠬᠤᠰᠢᠭᠤ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠠᠯᠪᠠᠨ ᠭᠡᠷ ᠲᠤ ᠮᠡᠳᠡᠭᠦᠯᠦᠨ᠎ᠡ᠃ ᠭᠠᠴᠠᠭ᠎ᠠ ᠲᠤᠰᠬᠤᠨ ᠤ ᠲᠤᠰᠠᠯᠠᠭᠴᠢ ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ ᠪᠣᠯᠤᠨ ᠡᠷᠦᠬᠡ ᠠᠮᠠ ᠶᠢᠨ ᠳᠡᠪᠲᠡᠷ ᠤᠨ ᠳᠠᠷᠤᠮᠠᠯᠯᠠᠭᠰᠠᠨ ᠬᠡᠪ᠂ ᠳᠠᠭᠠᠳᠬᠠᠯ ᠳᠤ ᠣᠷᠤᠬᠤ ᠣᠨᠴᠠᠭᠠᠢ ᠬᠢᠷᠢ ᠭᠡᠮ ᠤᠨ ᠤᠤᠯ ᠬᠡᠪ ᠪᠣᠯᠤᠨ ᠳᠠᠷᠤᠮᠠᠯᠯᠠᠭᠰᠠᠨ ᠬᠡᠪ ᠵᠢᠴᠢ ︽ᠳᠠᠭᠠᠳᠬᠠᠯ ᠳᠤ ᠣᠷᠤᠬᠤ ᠳᠠᠩᠰᠠᠯᠠᠬᠤ ᠬᠦᠰᠦᠨᠦᠭᠲᠦ︾ ᠶᠢ ᠲᠤᠰᠢᠶᠠᠨ᠎ᠠ᠃      5. ᠲᠥᠷᠥ ᠶᠢᠨ ᠪᠣᠳᠤᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠤᠨ ᠦᠨᠳᠦᠰᠦᠯᠡᠯ᠄ ︽ᠪᠠᠭᠠᠷᠢᠨ ᠵᠡᠭᠦᠨ ᠬᠤᠰᠢᠭᠤᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠬᠡᠷᠡᠭᠵᠢᠭᠦᠯᠬᠦ ᠲᠥᠰᠥᠪ︾ ︵ᠵᠡᠭᠦᠨ ᠵᠠᠰᠠᠭ ᠲᠠᠷᠬᠠᠭᠠᠭᠰᠠᠨ [2012] 45 ᠲᠣᠭᠠᠲᠤ︶︔ ︽ᠪᠠᠭᠠᠷᠢᠨ ᠵᠡᠭᠦᠨ ᠬᠤᠰᠢᠭᠤᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠠᠵᠢᠯᠯᠠᠬᠤ ᠳᠦᠷᠢᠮ ︵ᠲᠤᠷᠰᠢᠨ ᠬᠡᠷᠡᠭᠯᠡᠬᠦ︶︾       ᠭᠤᠷᠪᠠ᠂ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠠᠯᠪᠠᠨ ᠭᠡᠷ ᠳᠠᠬᠢᠨ ᠬᠢᠨᠠᠬᠤ      1. ᠭᠦᠢᠴᠡᠳᠬᠡᠭᠴᠢ᠄ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠠᠯᠪᠠᠨ ᠭᠡᠷ ᠤᠨ ᠠᠵᠢᠯᠲᠠᠨ      2. ᠠᠵᠢᠯᠯᠠᠬᠤ ᠴᠠᠭ᠄ 5 ᠠᠵᠢᠯᠯᠠᠬᠤ ᠡᠳᠦᠷ      3. ᠬᠠᠷᠢᠭᠤᠴᠠᠯᠭᠠᠲᠠᠨ᠄ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠠᠯᠪᠠᠨ ᠭᠡᠷ ᠤᠨ ᠡᠷᠬᠢᠯᠡᠭᠴᠢ      4. ᠠᠵᠢᠯᠯᠠᠬᠤ ᠠᠭᠤᠯᠭ᠎ᠠ᠄ ︽ᠳᠠᠭᠠᠳᠬᠠᠯ ᠳᠤ ᠣᠷᠤᠬᠤ ᠨᠡᠷᠡᠰ ᠤᠨ ᠪᠦᠷᠢᠳᠬᠡᠯ︾ ᠢ ᠬᠢᠨᠠᠨ ᠬᠠᠷᠭᠤᠭᠤᠯᠬᠤ ᠶᠢᠨ ᠳᠠᠭᠠᠤ ᠭᠠᠷ ᠤᠨ ᠦᠰᠦᠭ ᠵᠢᠷᠤᠨ᠎ᠠ︔ ᠭᠤᠶᠤᠴᠢᠯᠠᠭᠴᠢ ᠶᠢᠨ ︽ᠳᠠᠭᠠᠳᠬᠠᠯ ᠳᠤ ᠣᠷᠤᠬᠤ ᠳᠠᠩᠰᠠᠯᠠᠬᠤ ᠬᠦᠰᠦᠨᠦᠭᠲᠦ︾᠂ ᠪᠡᠶ᠎ᠡ ᠶᠢᠨ ᠦᠨᠡᠮᠯᠡᠯ ᠪᠣᠯᠤᠨ ᠡᠷᠦᠬᠡ ᠠᠮᠠ ᠶᠢᠨ ᠳᠡᠪᠲᠡᠷ ᠤᠨ ᠳᠠᠷᠤᠮᠠᠯᠯᠠᠭᠰᠠᠨ ᠭᠡᠪ ᠵᠢᠴᠢ ᠳᠠᠭᠠᠳᠬᠠᠯ ᠳᠤ ᠣᠷᠤᠬᠤ ᠣᠨᠴᠠᠭᠠᠢ ᠬᠢᠷᠢ ᠭᠡᠮ ᠤᠨ ᠳᠠᠷᠤᠮᠠᠯᠠᠭᠰᠠᠨ ᠬᠡᠪ ᠢ ᠬᠢᠨᠠᠨ ᠬᠠᠷᠭᠤᠭᠤᠯᠵᠤ ᠳᠠᠩᠰᠠᠯᠠᠨ᠎ᠠ︔ ᠠᠵᠢᠯᠯᠠᠬᠤ ᠰᠢᠰᠲ᠋ᠧᠮ ᠳᠡᠭᠡᠷ᠎ᠡ ᠳᠠᠭᠠᠳᠬᠠᠯ ᠳᠤ ᠣᠷᠤᠭᠴᠢ ᠶᠢᠨ ᠰᠤᠷᠠᠭ ᠵᠠᠩᠭᠢ ᠶᠢ ᠨᠣᠲᠠᠯᠠᠵᠤ᠂ ᠬᠤᠪᠢ ᠬᠦᠮᠦᠨ ᠤ ᠳᠠᠩᠰᠠ ᠪᠠᠶᠢᠭᠤᠯᠤᠨ᠎ᠠ᠃ ᠭᠠᠴᠠᠭ᠎ᠠ ᠲᠤᠰᠬᠤᠨ ᠠᠴᠠ ᠵᠠᠷᠤᠳᠠᠯ ᠲᠤᠰᠢᠶᠠᠬᠤ ᠶᠢ ᠭᠤᠶᠤᠴᠢᠯᠠᠭᠴᠢ ᠳᠤ ᠮᠡᠳᠡᠭᠳᠡᠨ᠎ᠡ᠃ ᠰᠤᠮᠤ ᠰᠢᠶᠠᠩ ᠪᠠᠯᠭᠠᠰᠤ ᠶᠢᠨ ᠬᠦᠳᠡᠯᠮᠦᠷᠢ ᠶᠢᠨ ᠪᠠᠲᠤᠯᠠᠭ᠎ᠠ ᠶᠢᠨ ᠰᠠᠯᠪᠤᠷᠢ ︽ᠳᠠᠭᠠᠳᠬᠠᠯ ᠳᠤ ᠣᠷᠤᠬᠤ ᠨᠡᠷᠡᠰ ᠤᠨ ᠪᠦᠷᠢᠳᠬᠡᠯ︾ ᠵᠢᠴᠢ ᠭᠤᠶᠤᠴᠢᠯᠠᠭᠴᠢ ᠶᠢᠨ ︽ᠳᠠᠭᠠᠳᠬᠠᠯ ᠳᠤ ᠣᠷᠤᠬᠤ ᠳᠠᠩᠰᠠᠯᠠᠬᠤ ᠬᠦᠰᠦᠨᠦᠭᠲᠦ︾᠂ ᠪᠡᠶ᠎ᠡ ᠶᠢᠨ ᠦᠨᠡᠮᠯᠡᠯ ᠪᠣᠯᠤᠨ ᠡᠷᠦᠬᠡ ᠠᠮᠠ ᠶᠢᠨ ᠳᠡᠪᠲᠡᠷ ᠤᠨ ᠳᠠᠷᠤᠮᠠᠯᠯᠠᠭᠰᠠᠨ ᠬᠡᠪ ᠂ ᠳᠠᠭᠠᠳᠬᠠᠯ ᠳᠤ ᠣᠷᠤᠬᠤ ᠣᠨᠴᠠᠭᠠᠢ ᠬᠢᠷᠢ ᠭᠡᠮ ᠤᠨ ᠳᠠᠷᠤᠮᠠᠯᠯᠠᠭᠰᠠᠨ ᠬᠡᠪ ᠵᠡᠷᠭᠡ ᠶᠢ ᠬᠠᠩᠭᠠᠨ᠎ᠠ᠃      5. ᠲᠥᠷᠥ ᠶᠢᠨ ᠪᠣᠳᠤᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠤᠨ ᠦᠨᠳᠦᠰᠦᠯᠡᠯ᠄ ︽ᠪᠠᠭᠠᠷᠢᠨ ᠵᠡᠭᠦᠨ ᠬᠤᠰᠢᠭᠤᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠬᠡᠷᠡᠭᠵᠢᠭᠦᠯᠬᠦ ᠲᠥᠰᠥᠪ︾ ︵ᠵᠡᠭᠦᠨ ᠵᠠᠰᠠᠭ ᠲᠠᠷᠬᠠᠭᠠᠭᠰᠠᠨ [2012] 45 ᠲᠣᠭᠠᠲᠤ︶︔ ︽ᠪᠠᠭᠠᠷᠢᠨ ᠵᠡᠭᠦᠨ ᠬᠤᠰᠢᠭᠤᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠠᠵᠢᠯᠯᠠᠬᠤ ᠳᠦᠷᠢᠮ ︵ᠲᠤᠷᠰᠢᠨ ᠬᠡᠷᠡᠭᠯᠡᠬᠦ︶︾
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号