ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠵᠠᠷᠤᠳᠠᠯ ᠲᠤᠰᠢᠶᠠᠬᠤ ᠠᠯᠬᠤᠮ ᠳᠠᠷᠠᠭ᠎ᠠ
ᠨᠡᠶᠢᠲᠡᠯᠡᠭᠰᠡᠨ ᠴᠠᠭ᠄
2016/3/31
              ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ               ᠳᠠᠭᠠᠳᠬᠠᠯ ᠤᠨ ᠵᠠᠷᠤᠳᠠᠯ ᠲᠤᠰᠢᠶᠠᠬᠤ ᠠᠯᠬᠤᠮ ᠳᠠᠷᠠᠭ᠎ᠠ             ᠨᠢᠭᠡ᠂ ᠰᠤᠮᠤ ᠰᠢᠶᠠᠩ ᠪᠠᠯᠭᠠᠰᠤ ᠶᠢᠨ ᠬᠦᠳᠡᠯᠮᠦᠷᠢ ᠶᠢᠨ ᠪᠠᠲᠤᠯᠠᠭ᠎ᠠ ᠶᠢᠨ ᠰᠠᠯᠪᠤᠷᠢ ᠵᠠᠷᠤᠳᠠᠯ ᠬᠤᠷᠢᠶᠠᠬᠤ      1. ᠭᠦᠢᠴᠡᠳᠬᠡᠭᠴᠢ᠄ ᠰᠤᠮᠤ ᠰᠢᠶᠠᠩ ᠪᠠᠯᠭᠠᠰᠤ ᠶᠢᠨ ᠬᠦᠳᠡᠯᠮᠦᠷᠢ ᠶᠢᠨ ᠪᠠᠲᠤᠯᠠᠭ᠎ᠠ ᠶᠢᠨ ᠰᠠᠯᠪᠤᠷᠢ ᠶᠢᠨ ᠠᠵᠢᠯᠲᠠᠨ      2. ᠠᠵᠢᠯᠯᠠᠬᠤ ᠴᠠᠭ᠄  ᠵᠢᠯ ᠪᠦᠷᠢ ᠶᠢᠨ ᠡᠴᠦᠰ 12 ᠰᠠᠷ᠎ᠠ ᠶᠢᠨ 10 ᠠᠴᠠ ᠡᠮᠦᠨ᠎ᠡ      3. ᠬᠠᠷᠢᠭᠤᠴᠠᠯᠭᠠᠲᠠᠨ᠄ ᠰᠤᠮᠤ ᠰᠢᠶᠠᠩ ᠪᠠᠯᠭᠠᠰᠤ ᠶᠢᠨ ᠬᠦᠳᠡᠯᠮᠦᠷᠢ ᠶᠢᠨ ᠪᠠᠲᠤᠯᠠᠭ᠎ᠠ ᠶᠢᠨ ᠰᠠᠯᠪᠤᠷᠢ ᠶᠢᠨ ᠳᠠᠷᠤᠭ᠎ᠠ      4. ᠠᠵᠢᠯᠯᠠᠬᠤ ᠠᠭᠤᠯᠭ᠎ᠠ᠄ ᠰᠤᠮᠤ ᠰᠢᠶᠠᠩ ᠪᠠᠯᠭᠠᠰᠤ ᠶᠢᠨ ᠬᠦᠳᠡᠯᠮᠦᠷᠢ ᠶᠢᠨ ᠪᠠᠲᠤᠯᠠᠭ᠎ᠠ ᠶᠢᠨ ᠰᠠᠯᠪᠤᠷᠢ ᠳᠠᠭᠠᠳᠬᠠᠯ ᠳᠤ ᠣᠷᠤᠬᠤ ᠪᠠᠷ ᠭᠤᠶᠤᠴᠢᠯᠠᠭᠴᠢᠳ ᠤᠨ ᠪᠡᠶ᠎ᠡ ᠶᠢᠨ ᠭᠠᠷᠤᠯ ᠪᠣᠯᠤᠨ ᠵᠠᠷᠤᠳᠠᠯ ᠲᠤᠰᠢᠶᠠᠬᠤ ᠳᠡᠰ ᠢ ᠨᠣᠲᠠᠯᠠᠵᠤ᠂ ᠲᠤᠰᠬᠠᠢ ᠪᠠᠷᠢᠮᠲᠠ ᠭᠠᠷᠭᠠᠨ᠂ ᠵᠠᠷᠤᠳᠠᠯ ᠤᠨ ᠮᠦᠩᠭᠦ ᠶᠢ ᠲᠤᠰᠬᠠᠢ ᠬᠠᠳᠠᠭᠠᠯᠠᠮᠵᠢ ᠳᠤ ᠣᠷᠤᠭᠤᠯᠵᠤ᠂ ᠳᠠᠭᠠᠳᠬᠠᠯ ᠳᠤ ᠣᠷᠤᠯᠴᠠᠭᠴᠢ ᠶᠢᠨ ᠰᠤᠷᠠᠭ ᠵᠠᠩᠭᠢ ᠶᠢ ᠠᠵᠢᠯᠯᠠᠬᠤ ᠰᠢᠰᠲ᠋ᠧᠮ ᠳᠤ ᠪᠢᠴᠢᠵᠦ ᠣᠷᠤᠭᠤᠯᠤᠨ᠎ᠠ᠃ ᠰᠠᠷ᠎ᠠ ᠪᠣᠯᠭᠠᠨ ᠤ 20 ᠠᠴᠠ ᠡᠮᠦᠨ᠎ᠡ᠂ ᠬᠤᠷᠢᠶᠠᠵᠤ ᠣᠯᠤᠭᠰᠠᠨ ᠮᠦᠩᠭᠦ ᠶᠢ ᠬᠤᠰᠢᠭᠤ ᠡᠳ᠋ ᠤᠨ ᠵᠠᠰᠠᠭ ᠤᠨ ᠲᠤᠰᠬᠠᠢ ᠬᠠᠳᠠᠭᠠᠯᠠᠮᠵᠢ ᠳᠤ ᠣᠷᠤᠭᠤᠯᠵᠤ᠂  ︽ᠵᠠᠷᠤᠳᠠᠯ ᠲᠤᠰᠢᠶᠠᠭᠰᠠᠨ ᠨᠠᠷᠢᠨ ᠳᠠᠩᠰᠠ ᠶᠢᠨ ᠬᠦᠰᠦᠨᠦᠭᠲᠦ︾ ᠪᠣᠯᠤᠨ ︽ᠵᠠᠷᠤᠳᠠᠯ ᠲᠤᠰᠢᠶᠠᠭᠰᠠᠨ ᠬᠤᠷᠢᠶᠠᠩᠭᠤᠢ ᠬᠦᠰᠦᠨᠦᠭᠲᠦ︾ ᠶᠢ ᠲᠠᠭᠯᠠᠨ᠂ ᠬᠤᠰᠢᠭᠤ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠡᠳ᠋ ᠤᠨ ᠶᠠᠪᠤᠳᠠᠯ ᠤᠨ ᠲᠠᠰᠤᠭ ᠲᠤ ᠮᠡᠳᠡᠭᠦᠯᠦᠨ᠎ᠡ᠃ ᠭᠤᠶᠤᠴᠢᠯᠠᠭᠴᠢᠳ ᠠᠴᠠ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ︽ᠳᠠᠭᠠᠳᠬᠠᠯ ᠳᠤ ᠣᠷᠤᠬᠤ ᠳᠠᠩᠰᠠᠯᠠᠬᠤ ᠬᠦᠰᠦᠨᠦᠭᠲᠦ︾ ᠵᠢᠴᠢ ᠣᠨᠴᠠᠭᠠᠢ ᠣᠯᠠᠨ ᠲᠦᠮᠡᠨ ᠤ ᠬᠢᠷᠢ ᠭᠡᠮ ᠤᠨ ᠭᠡᠷᠡᠴᠢ ᠪᠢᠴᠢᠭ ᠢ ᠲᠤᠰᠢᠶᠠᠬᠤ ᠴᠢᠬᠤᠯᠠ ᠲᠠᠢ᠃      5. ᠲᠥᠷᠥ ᠶᠢᠨ ᠪᠣᠳᠤᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠤᠨ ᠦᠨᠳᠦᠰᠦᠯᠡᠯ᠄ ︽ᠪᠠᠭᠠᠷᠢᠨ ᠵᠡᠭᠦᠨ ᠬᠤᠰᠢᠭᠤᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠬᠡᠷᠡᠭᠵᠢᠭᠦᠯᠬᠦ ᠲᠥᠰᠥᠪ︾ ︵ᠵᠡᠭᠦᠨ ᠵᠠᠰᠠᠭ ᠲᠠᠷᠬᠠᠭᠠᠭᠰᠠᠨ [2012] 45 ᠲᠣᠭᠠᠲᠤ︶︔ ︽ᠪᠠᠭᠠᠷᠢᠨ ᠵᠡᠭᠦᠨ ᠬᠤᠰᠢᠭᠤᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠠᠵᠢᠯᠯᠠᠬᠤ ᠳᠦᠷᠢᠮ ︵ᠲᠤᠷᠰᠢᠨ ᠬᠡᠷᠡᠭᠯᠡᠬᠦ︶︾      ᠬᠤᠶᠠᠷ᠂ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠠᠬᠢᠨ ᠬᠢᠨᠠᠬᠤ      1. ᠭᠦᠢᠴᠡᠳᠬᠡᠭᠴᠢ᠄ ᠡᠳ᠋ ᠤᠨ ᠶᠠᠪᠤᠳᠠᠯ ᠤᠨ ᠲᠠᠰᠤᠭ ᠤᠨ ᠠᠵᠢᠯᠲᠠᠨ      2. ᠠᠵᠢᠯᠯᠠᠬᠤ ᠴᠠᠭ᠄ 5 ᠠᠵᠢᠯᠯᠠᠬᠤ ᠡᠳᠦᠷ      3. ᠬᠠᠷᠢᠭᠤᠴᠠᠯᠭᠠᠲᠠᠨ᠄ ᠡᠳ᠋ ᠤᠨ ᠶᠠᠪᠤᠳᠠᠯ ᠤᠨ ᠲᠠᠰᠤᠭ ᠤᠨ ᠳᠠᠷᠤᠭ᠎ᠠ      4. ᠠᠵᠢᠯᠯᠠᠬᠤ ᠠᠭᠤᠯᠭ᠎ᠠ᠄ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠡᠳ᠋ ᠤᠨ ᠶᠠᠪᠤᠳᠠᠯ ᠤᠨ ᠲᠠᠰᠤᠭ ᠭᠤᠶᠤᠴᠢᠯᠠᠭᠴᠢ ᠶᠢᠨ ᠲᠤᠰᠢᠶᠠᠭᠰᠠᠨ ᠵᠠᠷᠤᠳᠠᠯ ᠤᠨ ᠮᠦᠩᠭᠦᠨ ᠤ ᠲᠤᠭ᠎ᠠ ᠪᠣᠯᠤᠨ ᠬᠤᠰᠢᠭᠤ ᠡᠳ᠋ ᠤᠨ ᠵᠠᠰᠠᠭ ᠤᠨ ᠲᠤᠰᠬᠠᠢ ᠬᠠᠳᠠᠭᠠᠯᠠᠮᠵᠢ ᠶᠢᠨ ᠲᠤᠭ᠎ᠠ ᠲᠠᠢ ᠠᠳᠠᠯᠢ ᠪᠣᠯᠬᠤ ᠶᠢ ᠬᠠᠷᠭᠤᠭᠤᠯᠤᠭᠰᠠᠨ ᠤ ᠳᠠᠷᠠᠭ᠎ᠠ᠂ ᠠᠵᠢᠯᠯᠠᠬᠤ ᠰᠢᠰᠲ᠋ᠧᠮ ᠳᠡᠭᠡᠷ᠎ᠡ ᠨᠣᠲᠠᠯᠠᠵᠤ ᠳᠠᠩᠰᠠᠯᠠᠨ᠎ᠠ᠃      5. ᠲᠥᠷᠥ ᠶᠢᠨ ᠪᠣᠳᠤᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠤᠨ ᠦᠨᠳᠦᠰᠦᠯᠡᠯ᠄ ︽ᠪᠠᠭᠠᠷᠢᠨ ᠵᠡᠭᠦᠨ ᠬᠤᠰᠢᠭᠤᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠬᠡᠷᠡᠭᠵᠢᠭᠦᠯᠬᠦ ᠲᠥᠰᠥᠪ︾ ︵ᠵᠡᠭᠦᠨ ᠵᠠᠰᠠᠭ ᠲᠠᠷᠬᠠᠭᠠᠭᠰᠠᠨ [2012] 45 ᠲᠣᠭᠠᠲᠤ︶︔ ︽ᠪᠠᠭᠠᠷᠢᠨ ᠵᠡᠭᠦᠨ ᠬᠤᠰᠢᠭᠤᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠠᠵᠢᠯᠯᠠᠬᠤ ᠳᠦᠷᠢᠮ ︵ᠲᠤᠷᠰᠢᠨ ᠬᠡᠷᠡᠭᠯᠡᠬᠦ︶︾
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号