ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠳᠤ ᠬᠤᠪᠢ | ᠬᠦᠮᠦᠨ ᠠᠩᠬ᠎ᠠ ᠣᠷᠤᠯᠴᠠᠬᠤ ᠠᠯᠬᠤᠮ ᠳᠠᠷᠠᠭ᠎ᠠ | | ᠨᠢᠭᠡ᠂ ᠭᠤᠶᠤᠴᠢᠯᠠᠭᠴᠢ ᠶᠢᠨ ᠳᠠᠭᠠᠳᠬᠠᠯ ᠳᠤ ᠣᠷᠤᠬᠤ ᠬᠢᠷᠢ ᠭᠡᠮ ᠢ ᠬᠢᠨᠠᠬᠤ | 1. ᠭᠦᠢᠴᠡᠳᠬᠡᠭᠴᠢ᠄ ᠨᠠᠰᠤᠵᠢᠯ ᠤᠨ ᠳᠠᠭᠠᠳᠬᠠᠯ ᠤᠨ ᠦᠢᠯᠡᠴᠢᠯᠡᠭᠡᠨ ᠤ ᠴᠣᠩᠬᠤ ᠶᠢᠨ ᠠᠵᠢᠯᠲᠠᠨ | 2. ᠠᠵᠢᠯᠯᠠᠬᠤ ᠴᠠᠭ᠄ 1 ᠠᠵᠢᠯᠯᠠᠬᠤ ᠡᠳᠦᠷ | 3. ᠬᠠᠷᠢᠭᠤᠴᠠᠯᠭᠠᠲᠠᠨ᠄ ᠨᠠᠰᠤᠵᠢᠯ ᠤᠨ ᠳᠠᠭᠠᠳᠬᠠᠯ ᠤᠨ ᠲᠠᠰᠤᠭ ᠤᠨ ᠳᠠᠷᠤᠭ᠎ᠠ | 4. ᠠᠵᠢᠯᠯᠠᠬᠤ ᠠᠭᠤᠯᠭ᠎ᠠ᠄ ᠭᠤᠶᠤᠴᠢᠯᠠᠭᠴᠢ ᠶᠢᠨ ᠳᠠᠭᠠᠳᠬᠠᠯ ᠳᠤ ᠣᠷᠤᠬᠤ ᠬᠢᠷᠢ ᠬᠡᠮ ᠲᠠᠢ ᠡᠰᠡᠬᠦ ᠶᠢ | ᠬᠢᠨᠠᠨ ᠬᠠᠷᠭᠤᠭᠤᠯᠤᠨ᠎ᠠ᠃ ᠭᠤᠶᠤᠴᠢᠯᠠᠭᠴᠢ ᠲᠤᠰ ᠬᠦᠮᠦᠨ ᠤ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ᠂ | ᠡᠷᠦᠬᠡ ᠠᠮᠠ ᠶᠢᠨ ᠳᠡᠪᠲᠡᠷ ᠤᠨ ᠤᠭ ᠬᠡᠪ ᠪᠣᠯᠤᠨ ᠳᠠᠷᠤᠮᠠᠯᠯᠠᠭᠰᠠᠨ ᠬᠡᠪ ᠵᠢᠴᠢ ᠨᠢᠭᠡ ᠢᠮᠠᠬᠤ ᠶᠢᠨ ᠰᠡᠭᠦᠳᠡᠷ | ᠲᠤᠰᠢᠶᠠᠨ᠎ᠠ᠃ | 5. ᠲᠥᠷᠥ ᠶᠢᠨ ᠪᠣᠳᠤᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠤᠨ ᠦᠨᠳᠦᠰᠦᠯᠡᠯ᠄ ︽ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠳᠦᠷᠢᠮ ᠢ | ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠦᠰᠦᠭ [2006] 3 ᠲᠣᠭᠠᠲᠤ︶︔ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠦᠨᠳᠦᠰᠦᠨ | ᠨᠠᠰᠤᠵᠢᠯ ᠤᠨ ᠳᠠᠭᠠᠳᠬᠠᠯ ᠤᠨ ᠠᠵᠢᠯ ᠢ ᠭᠦᠢᠴᠡᠳᠬᠡᠬᠦ ᠳᠦᠷᠢᠮ ᠲᠣᠭᠲᠠᠭᠠᠯ ︵ᠲᠤᠷᠰᠢᠨ ᠬᠡᠷᠡᠭᠵᠢᠭᠦᠯᠬᠦ︶︾ ︵ | ᠥᠪᠥᠷ ᠨᠡᠶᠢᠭᠡᠮ ᠳᠠᠭᠠᠳᠬᠠᠯ ᠲᠠᠷᠬᠠᠭᠠᠭᠰᠠᠨ [2006]48 ᠲᠣᠭᠠᠲᠤ︶︔ ︽ᠪᠦᠬᠦ ᠬᠤᠲᠠ ᠶᠢᠨ ᠬᠤᠲᠠ | ᠪᠠᠯᠭᠠᠰᠤ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠢ ᠤᠯᠠᠮ | ᠨᠢᠭᠡ ᠠᠯᠬᠤᠮ ᠲᠡᠭᠦᠯᠳᠡᠷᠵᠢᠭᠦᠯᠬᠦ ᠬᠤᠯᠪᠤᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ︾ ︵ᠤᠯᠠᠭᠠᠨᠬᠠᠳᠠ | ᠬᠦᠮᠦᠨ ᠨᠡᠶᠢᠭᠡᠮ ᠲᠠᠷᠬᠠᠭᠠᠭᠰᠠᠨ [2011]47 ᠲᠣᠭᠠᠲᠤ︶᠃ | ᠬᠤᠶᠠᠷ᠂ ᠳᠠᠭᠠᠳᠬᠠᠯ ᠳᠤ ᠣᠷᠤᠬᠤ ᠰᠤᠷᠠᠭ ᠵᠠᠩᠬᠢ ᠶᠢ ᠳᠠᠩᠰᠠᠯᠠᠵᠤ᠂ ᠵᠠᠷᠤᠳᠠᠯ ᠲᠤᠰᠢᠶᠠᠬᠤ ᠭᠠᠷ | ᠭᠦᠢᠴᠡᠳᠬᠡᠯ ᠬᠢᠬᠦ | 1. ᠭᠦᠢᠴᠡᠳᠬᠡᠭᠴᠢ᠄ ᠨᠠᠰᠤᠵᠢᠯ ᠤᠨ ᠳᠠᠭᠠᠳᠬᠠᠯ ᠤᠨ ᠦᠢᠯᠡᠴᠢᠯᠡᠭᠡᠨ ᠤ ᠴᠣᠩᠬᠤ ᠶᠢᠨ ᠠᠵᠢᠯᠲᠠᠨ | 2. ᠠᠵᠢᠯᠯᠠᠬᠤ ᠴᠠᠭ᠄ 1 ᠠᠵᠢᠯᠯᠠᠬᠤ ᠡᠳᠦᠷ | 3. ᠬᠠᠷᠢᠭᠤᠴᠠᠯᠭᠠᠲᠠᠨ᠄ ᠨᠠᠰᠤᠵᠢᠯ ᠤᠨ ᠳᠠᠭᠠᠳᠬᠠᠯ ᠤᠨ ᠲᠠᠰᠤᠭ ᠤᠨ ᠳᠠᠷᠤᠭ᠎ᠠ | 4. ᠠᠵᠢᠯᠯᠠᠬᠤ ᠠᠭᠤᠯᠭ᠎ᠠ᠄ ᠳᠠᠭᠠᠳᠬᠠᠯ ᠳᠤ ᠣᠷᠤᠬᠤ ᠪᠠᠷ ᠭᠤᠶᠤᠴᠢᠯᠠᠭᠴᠢ ᠶᠢᠨ ᠦᠨᠳᠦᠰᠦᠨ ᠪᠠᠶᠢᠳᠠᠯ | ᠵᠠᠷᠤᠳᠠᠯ ᠲᠤᠰᠢᠶᠠᠭᠰᠠᠨ ᠰᠤᠷᠠᠭ ᠵᠠᠩᠭᠢ ᠶᠢ ᠠᠵᠢᠯᠯᠠᠬᠤ ᠰᠢᠰᠲ᠋ᠧᠮ ᠳᠤ ᠣᠷᠤᠭᠤᠯᠵᠤ᠂ ᠬᠤᠪᠢ ᠬᠦᠮᠦᠨ ᠤ ᠳᠠᠩᠰᠠ | ᠪᠠᠶᠢᠭᠤᠯᠤᠨ᠎ᠠ᠃ ᠳᠠᠭᠠᠳᠬᠠᠯ ᠳᠤ ᠣᠷᠤᠭᠴᠢ ᠳᠤ ︽ᠦᠨᠳᠦᠰᠦᠨ ᠨᠠᠰᠤᠵᠢᠯ ᠤᠨ ᠳᠠᠭᠠᠳᠬᠠᠯ ᠤᠨ ᠵᠠᠷᠤᠳᠠᠯ | ᠲᠤᠰᠢᠶᠠᠭᠰᠠᠨ ᠮᠡᠳᠡᠭᠳᠡᠯ ᠤᠨ ᠪᠢᠴᠢᠭ︾ ᠦᠭᠭᠦᠨ᠎ᠡ᠃ | 5. ᠲᠥᠷᠥ ᠶᠢᠨ ᠪᠣᠳᠤᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠤᠨ ᠦᠨᠳᠦᠰᠦᠯᠡᠯ᠄ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠦᠨᠳᠦᠰᠦᠨ | ᠨᠠᠰᠤᠵᠢᠯ ᠤᠨ ᠳᠠᠭᠠᠳᠬᠠᠯ ᠤᠨ ᠠᠵᠢᠯ ᠢ ᠭᠦᠢᠴᠡᠳᠬᠡᠬᠦ ᠳᠦᠷᠢᠮ ᠲᠣᠭᠲᠠᠭᠠᠯ ︵ᠲᠤᠷᠰᠢᠨ ᠬᠡᠷᠡᠭᠵᠢᠭᠦᠯᠬᠦ︶︾ ︵ | ᠥᠪᠥᠷ ᠨᠡᠶᠢᠭᠡᠮ ᠳᠠᠭᠠᠳᠬᠠᠯ ᠲᠠᠷᠬᠠᠭᠠᠭᠰᠠᠨ [2006]48 ᠲᠣᠭᠠᠲᠤ︶᠃ | ᠭᠤᠷᠪᠠ᠂ ᠭᠤᠶᠤᠴᠢᠯᠠᠭᠴᠢ ᠵᠠᠷᠤᠳᠠᠯ ᠲᠤᠰᠢᠶᠠᠬᠤ | 1. ᠭᠦᠢᠴᠡᠳᠬᠡᠬᠦ ᠪᠠᠶᠢᠭᠤᠯᠭ᠎ᠠ᠄ ᠳᠤᠮᠳᠠᠳᠤ ᠤᠯᠤᠰ ᠤᠨ ᠪᠠᠩᠬᠢ ᠪᠣᠶᠤ ᠲᠠᠷᠢᠶᠠᠯᠠᠩ ᠤᠨ ᠪᠠᠩᠬᠢ᠂ ᠣᠷᠤᠨ | ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ | 2. ᠠᠵᠢᠯᠯᠠᠬᠤ ᠴᠠᠭ᠄ ᠲᠤᠰ ᠵᠢᠯ ᠤᠨ ᠵᠢᠯ ᠤᠨ ᠡᠴᠦᠰ ᠪᠣᠯᠲᠠᠯ᠎ᠠ | 3. ᠠᠵᠢᠯᠯᠠᠬᠤ ᠠᠭᠤᠯᠭ᠎ᠠ᠄ ᠭᠤᠶᠤᠴᠢᠯᠠᠭᠴᠢ ᠠᠴᠠ ᠵᠠᠷᠤᠳᠠᠯ ᠤᠨ ᠮᠦᠩᠭᠦ ᠶᠢ ᠪᠠᠩᠭᠢ ᠶᠢᠨ ᠺᠠᠷᠲ ᠳᠠᠭᠠᠨ | ᠬᠠᠳᠠᠭᠠᠯᠠᠵᠤ᠂ ᠣᠷᠤᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠵᠠᠷᠤᠳᠠᠯ ᠲᠤᠰᠢᠶᠠᠨ᠎ᠠ᠃ | ᠭᠤᠶᠤᠴᠢᠯᠠᠭᠴᠢ ᠲᠤᠰ ᠬᠦᠮᠦᠨ ᠤ ᠪᠡᠶ᠎ᠡ ᠶᠢᠨ ᠦᠨᠡᠮᠯᠡᠯ ᠤᠨ ᠤᠭ ᠬᠡᠪ ᠪᠣᠯᠤᠨ ᠳᠠᠷᠤᠮᠠᠯᠯᠠᠭᠰᠠᠨ ᠬᠡᠪ᠂ ︽ | ᠦᠨᠳᠦᠰᠦᠨ ᠨᠠᠰᠤᠵᠢᠯ ᠤᠨ ᠳᠠᠭᠠᠳᠬᠠᠯ ᠤᠨ ᠵᠠᠷᠤᠳᠠᠯ ᠲᠤᠰᠢᠶᠠᠭᠰᠠᠨ ᠮᠡᠳᠡᠭᠳᠡᠯ ᠤᠨ ᠪᠢᠴᠢᠭ︾᠂ ︽ᠨᠠᠰᠤᠵᠢᠯ ᠤᠨ | ᠳᠠᠭᠠᠳᠬᠠᠯ ᠤᠨ ᠭᠠᠷ ᠳᠡᠪᠲᠡᠷ︾ ᠵᠡᠷᠭᠡ ᠶᠢ ᠲᠤᠰᠢᠶᠠᠨ᠎ᠠ᠃ | 4. ᠲᠥᠷᠥ ᠶᠢᠨ ᠪᠣᠳᠤᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠤᠨ ᠦᠨᠳᠦᠰᠦᠯᠡᠯ᠄ ︽ᠬᠤᠲᠠ | ᠪᠠᠯᠭᠠᠰᠤ ᠶᠢᠨ ᠠᠵᠤ ᠠᠬᠤᠶᠢᠯᠠᠯ ᠤᠨ ᠠᠵᠢᠯᠳᠠᠨ ᠠᠵᠢᠯᠴᠢᠨ ᠪᠣᠯᠤᠨ ᠬᠤᠪᠢ ᠶᠢᠨ ᠬᠦᠳᠡᠯᠮᠦᠷᠢᠴᠢᠨ ᠤ ᠦᠨᠳᠦᠰᠦᠨ | ᠨᠠᠰᠤᠵᠢᠯ ᠤᠨ ᠳᠠᠭᠠᠳᠬᠠᠯ ᠤᠨ ᠰᠠᠭᠤᠶᠢᠷ ᠮᠦᠩᠭᠦ ᠶᠢ ᠣᠷᠤᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ | ᠮᠦᠴᠢᠷ ᠣᠷᠤᠯᠠᠨ ᠲᠠᠲᠠᠪᠦᠷᠢᠯᠠᠬᠤ ᠲᠤᠬᠠᠢ ᠬᠤᠷᠠᠯ ᠤᠨ ᠲᠣᠪᠴᠢ︾ ︵ᠥᠪᠥᠷ ᠬᠦᠳᠡᠯᠮᠦᠷᠢ ᠠᠯᠪᠠᠨ | ᠦᠰᠦᠭ[1999]24 ᠲᠣᠭᠠᠲᠤ︶ |