ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠲᠠᠰᠤᠭ ᠠᠵᠢᠯ ᠠᠴᠠ ᠪᠠᠨ ᠪᠠᠭᠤᠬᠤ ᠶᠢ ᠭᠦᠢᠴᠡᠳᠬᠡᠬᠦ ᠠᠯᠬᠤᠮ ᠳᠠᠷᠠᠭ᠎ᠠ
ᠨᠡᠶᠢᠲᠡᠯᠡᠭᠰᠡᠨ ᠴᠠᠭ᠄
2016/3/31
            ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠲᠠᠰᠤᠭ             ᠠᠵᠢᠯ ᠠᠴᠠ ᠪᠠᠨ ᠪᠠᠭᠤᠬᠤ ᠶᠢ ᠭᠦᠢᠴᠡᠳᠬᠡᠬᠦ ᠠᠯᠬᠤᠮ ᠳᠠᠷᠠᠭ᠎ᠠ            ᠨᠢᠭᠡ᠂ ᠠᠵᠢᠯ ᠠᠴᠠ ᠪᠠᠨ ᠪᠠᠭᠤᠭᠰᠠᠳ ᠤᠨ ᠦᠨᠳᠦᠰᠦᠨ ᠪᠠᠶᠢᠳᠠᠯ ᠢ ᠬᠢᠨᠠᠨ ᠬᠠᠷᠭᠤᠭᠤᠯᠬᠤ      1. ᠭᠦᠢᠴᠡᠳᠬᠡᠭᠴᠢ᠄ ᠨᠠᠰᠤᠵᠢᠯ ᠤᠨ ᠳᠠᠭᠠᠳᠬᠠᠯ ᠤᠨ ᠦᠢᠯᠡᠴᠢᠯᠡᠭᠡᠨ ᠤ ᠴᠣᠩᠬᠤ ᠶᠢᠨ ᠠᠵᠢᠯᠲᠠᠨ      2. ᠠᠵᠢᠯᠯᠠᠬᠤ ᠴᠠᠭ᠄ 1 ᠠᠵᠢᠯᠯᠠᠬᠤ ᠡᠳᠦᠷ      3. ᠬᠠᠷᠢᠭᠤᠴᠠᠯᠭᠠᠲᠠᠨ᠄ ᠨᠠᠰᠤᠵᠢᠯ ᠤᠨ ᠳᠠᠭᠠᠳᠬᠠᠯ ᠤᠨ ᠲᠠᠰᠤᠭ ᠤᠨ ᠳᠠᠷᠤᠭ᠎ᠠ      4. ᠠᠵᠢᠯᠯᠠᠬᠤ ᠠᠭᠤᠯᠭ᠎ᠠ᠄ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠩᠭᠠᠭᠰᠠᠨ ︽ᠠᠵᠢᠯ ᠠᠴᠠ ᠪᠠᠨ ᠪᠠᠭᠤᠬᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠬᠦᠰᠦᠨᠦᠭᠲᠦ︾ ᠶᠢ ᠦᠨᠳᠦᠰᠦᠯᠡᠵᠦ᠂ ᠭᠤᠶᠤᠴᠢᠯᠠᠭᠴᠢ ᠶᠢᠨ ᠲᠦᠷᠦᠭᠰᠡᠨ ᠣᠨ ᠰᠠᠷ᠎ᠠ᠂ ᠠᠵᠢᠯ ᠳᠤ ᠣᠷᠤᠯᠴᠠᠭᠰᠠᠨ ᠴᠠᠭ᠂ ᠳᠠᠩᠰᠠ ᠡᠪᠬᠡᠮᠡᠯ ᠤᠨ ᠭᠠᠷᠤᠯ᠂ ᠠᠵᠢᠯ ᠠᠴᠠ ᠪᠠᠨ ᠪᠠᠭᠤᠬᠤ ᠪᠠᠶᠢᠭᠤᠯᠭ᠎ᠠ ᠶᠢᠨ ᠰᠢᠨᠵᠢ ᠴᠢᠨᠠᠷ᠂ ᠨᠠᠰᠤᠵᠢᠯ ᠤᠨ ᠳᠠᠭᠠᠳᠬᠠᠯ ᠤᠨ ᠮᠦᠩᠭᠦ ᠲᠤᠰᠢᠶᠠᠵᠤ ᠳᠠᠭᠤᠰᠤᠭᠰᠠᠨ ᠴᠠᠭ ᠵᠢᠴᠢ ᠣᠨᠴᠠᠭᠠᠢ ᠠᠵᠢᠯ ᠲᠥᠷᠥᠯ ᠪᠣᠶᠤ ᠬᠦᠳᠡᠯᠮᠦᠷᠢᠯᠡᠬᠦ ᠴᠢᠳᠠᠪᠦᠷᠢ ᠪᠠᠨ ᠪᠦᠷᠢᠮᠦᠰᠦᠨ ᠠᠯᠳᠠᠭᠰᠠᠨ ᠬᠢᠷᠢ ᠭᠡᠮ ᠵᠡᠷᠭᠡ ᠶᠢ ᠤᠯᠠᠮ ᠨᠢᠭᠡ ᠠᠯᠬᠤᠮ ᠬᠢᠨᠠᠵᠤ᠂ ︽ᠠᠵᠢᠯᠲᠠᠨ ᠠᠵᠢᠯᠴᠢᠨ ᠤ ᠠᠵᠢᠯ ᠠᠴᠠ ᠪᠠᠨ ᠪᠠᠭᠤᠬᠤ ᠬᠠᠷᠠᠭᠠᠯᠵᠠᠯ ᠤᠨ ᠬᠦᠰᠦᠨᠦᠭᠲᠦ︾ ᠭᠠᠷᠭᠠᠨ᠎ᠠ᠃ ᠭᠤᠶᠤᠴᠢᠯᠠᠭᠴᠢ ᠠᠴᠠ ᠲᠤᠰ ᠬᠦᠮᠦᠨ ᠤ ᠳᠠᠩᠰᠠ ᠡᠪᠬᠡᠮᠡᠯ ᠪᠣᠯᠤᠨ ᠬᠤᠶᠠᠳᠤᠭᠠᠷ ᠦᠶ᠎ᠡ ᠶᠢᠨ ᠪᠡᠶ᠎ᠡ  ᠶᠢᠨ ᠦᠨᠡᠮᠯᠡᠯ ᠢᠶᠠᠨ ᠲᠤᠰᠢᠶᠠᠨ᠎ᠠ︔ ᠠᠵᠢᠯ ᠠᠴᠠ ᠪᠠᠨ ᠤᠷᠢᠳᠴᠢᠯᠠᠨ ᠪᠠᠭᠤᠬᠤ ᠪᠠᠷ ᠭᠤᠶᠤᠴᠢᠯᠠᠭᠰᠠᠳ ᠪᠠᠰᠠ ᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠭᠠᠵᠠᠷ ᠠᠴᠠ ᠪᠢᠴᠢᠵᠦ ᠦᠭᠭᠦᠭᠰᠡᠨ ︽ᠣᠨᠴᠠᠭᠠᠢ ᠠᠵᠢᠯ ᠲᠥᠷᠥᠯ ᠠᠴᠠ ᠪᠣᠯᠵᠤ ᠠᠵᠢᠯ ᠠᠴᠠ ᠪᠠᠨ ᠤᠷᠢᠳᠴᠢᠯᠠᠨ ᠪᠠᠭᠤᠬᠤ ᠬᠢᠨᠠᠨ ᠲᠣᠭᠲᠠᠭᠠᠯᠲᠠ ᠶᠢᠨ ᠬᠦᠰᠦᠨᠦᠭᠲᠦ︾ ᠪᠣᠶᠤ ︽ᠬᠦᠳᠡᠯᠮᠦᠷᠢᠯᠡᠬᠦ ᠴᠢᠳᠠᠪᠦᠷᠢ ᠶᠢᠨ ᠬᠢᠨᠠᠨ ᠲᠣᠭᠲᠠᠭᠠᠯᠲᠠ ᠶᠢᠨ ᠳ᠋ᠦᠩ  ᠤᠨ ᠮᠡᠳᠡᠭᠳᠡᠯ ᠤᠨ ᠪᠢᠴᠢᠭ︾ ᠢ ᠲᠤᠰᠢᠶᠠᠨ᠎ᠠ︔ ᠠᠵᠢᠯ ᠠᠴᠠ ᠪᠠᠨ ᠪᠠᠭᠤᠬᠤ ᠪᠠᠷ ᠭᠤᠶᠤᠴᠢᠯᠠᠭᠴᠢ ᠪᠠᠰᠠ ︽ᠬᠦᠳᠡᠯᠮᠦᠷᠢᠯᠡᠬᠦ ᠴᠢᠳᠠᠪᠦᠷᠢ ᠶᠢᠨ ᠬᠢᠨᠠᠨ ᠲᠣᠭᠲᠠᠭᠠᠯᠲᠠ ᠶᠢᠨ ᠳ᠋ᠦᠩ ᠤᠨ ᠮᠡᠳᠡᠭᠳᠡᠯ ᠤᠨ ᠪᠢᠴᠢᠭ︾ ᠲᠤᠰᠢᠶᠠᠨ᠎ᠠ᠃      5. ᠲᠥᠷᠥ ᠶᠢᠨ ᠪᠣᠳᠤᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠤᠨ ᠦᠨᠳᠦᠰᠦᠯᠡᠯ᠄ ︽ᠠᠵᠢᠯᠴᠢᠨ ᠤ ᠠᠵᠢᠯ ᠠᠴᠠ ᠪᠠᠨ ᠠᠮᠠᠷᠠᠵᠤ ᠪᠠᠭᠤᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠦᠷ ᠬᠡᠷᠡᠭᠵᠢᠭᠦᠯᠬᠦ ᠠᠷᠭ᠎ᠠ︾ ︵ᠲᠥᠷᠥ ᠲᠠᠷᠬᠠᠭᠠᠭᠰᠠᠨ [1978] 104 ᠲᠣᠭᠠᠲᠤ  ︶      ᠬᠤᠶᠠᠷ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠠᠬᠢᠨ ᠬᠢᠨᠠᠬᠤ       ᠭᠤᠷᠪᠠ᠂ ᠰᠡᠭᠦᠳᠡᠷ ᠠᠪᠬᠤ      1. ᠭᠦᠢᠴᠡᠳᠬᠡᠭᠴᠢ᠄ ᠣᠨ ᠤ ᠪᠠᠶᠢᠴᠠᠭᠠᠯᠲᠠ ᠶᠢᠨ ᠦᠢᠯᠡᠴᠢᠯᠡᠭᠡᠨ ᠤ ᠴᠣᠩᠬᠤ ᠶᠢᠨ ᠠᠵᠢᠯᠲᠠᠨ      2. ᠠᠵᠢᠯᠯᠠᠬᠤ ᠴᠠᠭ᠄ 1 ᠠᠵᠢᠯᠯᠠᠬᠤ ᠡᠳᠦᠷ      3. ᠬᠠᠷᠢᠭᠤᠴᠠᠯᠭᠠᠲᠠᠨ᠄ ᠨᠡᠶᠢᠭᠡᠮᠴᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ      4. ᠠᠵᠢᠯᠯᠠᠬᠤ ᠠᠭᠤᠯᠭ᠎ᠠ᠄ ᠠᠵᠢᠯ ᠠᠴᠠ ᠪᠠᠨ ᠪᠠᠭᠤᠬᠤ ᠪᠠᠷ ᠭᠤᠶᠤᠴᠢᠯᠠᠭᠴᠢ ᠶᠢᠨ ᠬᠤᠷᠤᠭᠤᠨ ᠬᠡ ᠶᠢᠨ ᠣᠷᠣᠮ ᠢ ᠠᠪᠬᠤ ᠪᠠ ᠰᠡᠭᠦᠳᠡᠷ ᠲᠠᠳᠠᠨ᠎ᠠ᠃ ᠭᠤᠶᠤᠴᠢᠯᠠᠭᠴᠢ ︽ᠠᠵᠢᠯ ᠠᠴᠠ ᠪᠠᠨ ᠪᠠᠭᠤᠬᠤ ᠦᠨᠡᠮᠯᠡᠯ︾᠂ ᠲᠤᠰ ᠬᠦᠮᠦᠨ ᠤ 1 ᠢᠮᠠᠬᠤ ᠶᠢᠨ ᠰᠡᠭᠦᠳᠡᠷ᠂ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠢᠶᠠᠨ ᠲᠤᠰᠢᠶᠠᠵᠤ᠂ ᠭᠡᠷ  ᠤᠨ ᠬᠠᠶ᠋ᠢᠭ᠂ ᠬᠠᠷᠠᠭᠠᠯᠵᠠᠨ ᠬᠠᠮᠠᠭᠠᠯᠠᠭᠴᠢ ᠶᠢᠨ ᠨᠡᠷ᠎ᠡ ᠵᠢᠴᠢ ᠬᠠᠷᠢᠯᠴᠠᠬᠤ ᠤᠲᠠᠰᠤ ᠶᠢ ᠦᠯᠡᠳᠡᠭᠡᠨ᠎ᠡ᠃      ᠳᠥᠷᠪᠡ᠂ ᠪᠡᠯᠡ ᠮᠦᠩᠭᠦ ᠭᠤᠶᠤᠴᠢᠯᠠᠬᠤ      1. ᠭᠦᠢᠴᠡᠳᠬᠡᠭᠴᠢ᠄ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠴᠠᠯᠢᠩ ᠬᠦᠯᠦᠰᠦ ᠠᠰᠠᠷᠠᠮᠵᠢ ᠶᠢᠨ ᠦᠢᠯᠡᠴᠢᠯᠡᠭᠡᠨ ᠤ ᠴᠣᠩᠬᠤ ᠶᠢᠨ ᠠᠵᠢᠯᠲᠠᠨ      2. ᠠᠵᠢᠯᠯᠠᠬᠤ ᠴᠠᠭ᠄ 1 — 2 ᠰᠠᠷ᠎ᠠ      3. ᠬᠠᠷᠢᠭᠤᠴᠠᠯᠭᠠᠲᠠᠨ᠄ ᠴᠠᠯᠢᠩ ᠬᠦᠯᠦᠰᠦ ᠠᠰᠠᠷᠠᠮᠵᠢ ᠶᠢᠨ ᠲᠠᠰᠤᠭ ᠤᠨ ᠳᠠᠷᠤᠭ᠎ᠠ      4. ᠠᠵᠢᠯᠯᠠᠬᠤ ᠠᠭᠤᠯᠭ᠎ᠠ᠄ ᠴᠠᠯᠢᠩ ᠬᠦᠯᠦᠰᠦ ᠠᠰᠠᠷᠠᠮᠵᠢ ᠶᠢᠨ ᠲᠠᠰᠤᠭ ᠠᠵᠢᠯ ᠠᠴᠠ ᠪᠠᠨ ᠪᠠᠭᠤᠬᠤ ᠪᠠᠷ ᠭᠤᠶᠤᠴᠢᠯᠠᠭᠴᠢ ᠶᠢᠨ ᠮᠠᠲ᠋ᠧᠷᠢᠶᠠᠯ ᠢ ᠬᠤᠲᠠ ᠶᠢᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠵᠦ᠂ ᠨᠠᠰᠤᠵᠢᠯ ᠤᠨ ᠮᠦᠩᠭᠦ ᠭᠤᠶᠤᠴᠢᠯᠠᠨ᠎ᠠ᠃ ᠭᠤᠶᠤᠴᠢᠯᠠᠭᠴᠢ ︽ᠳᠠᠭᠠᠳᠬᠠᠯ ᠳᠤ ᠣᠷᠤᠭᠰᠠᠨ ᠠᠵᠢᠯᠲᠠᠨ ᠠᠵᠢᠯᠴᠢᠨ  ᠤ ᠠᠵᠢᠯ ᠠᠴᠠ ᠪᠠᠭᠤᠬᠤ ᠬᠢᠨᠠᠨ ᠵᠦᠪᠰᠢᠶᠡᠷᠡᠯ ᠤᠨ ᠬᠦᠰᠦᠨᠦᠭᠲᠦ︾ ᠪᠣᠶᠤ ︽ᠳᠠᠭᠠᠳᠬᠠᠯ ᠳᠤ ᠣᠷᠤᠭᠰᠠᠨ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠠᠵᠢᠯ ᠠᠴᠠ ᠪᠠᠭᠤᠬᠤ ᠬᠢᠨᠠᠨ ᠵᠦᠪᠰᠢᠶᠡᠷᠡᠯ ᠤᠨ ᠬᠦᠰᠦᠨᠦᠭᠲᠦ︾ ᠶᠢᠨ ᠤᠭ ᠬᠡᠪ ᠪᠣᠯᠤᠨ ᠳᠠᠷᠤᠮᠠᠯᠯᠠᠭᠰᠠᠨ ᠬᠡᠪ᠂ ᠬᠤᠶᠠᠳᠤᠭᠠᠷ ᠦᠶ᠎ᠡ ᠶᠢᠨ ᠪᠡᠶ᠎ᠡ  ᠶᠢᠨ ᠦᠨᠡᠮᠯᠡᠯ ᠤᠨ ᠤᠭ ᠬᠡᠪ ᠪᠣᠯᠤᠨ ᠳᠠᠷᠤᠮᠠᠯᠯᠠᠭᠰᠠᠨ ᠬᠡᠪ ᠢ ᠲᠤᠰᠢᠶᠠᠨ᠎ᠠ᠃      ᠲᠠᠪᠤ᠂ ᠨᠠᠰᠤᠵᠢᠯ ᠤᠨ ᠮᠦᠩᠭᠦ ᠠᠪᠬᠤ      ᠬᠠᠮᠢᠶ᠎ᠠ ᠪᠦᠬᠦᠢ ᠣᠷᠤᠯᠠᠨ ᠭᠦᠢᠴᠡᠳᠬᠡᠬᠦ ᠪᠠᠩᠬᠢ ᠨᠠᠰᠤᠵᠢᠯ ᠤᠨ ᠮᠦᠩᠭᠦ ᠲᠠᠷᠬᠠᠭᠠᠬᠤ ᠶᠢ ᠬᠠᠷᠢᠭᠤᠴᠠᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号