ᠠᠵᠢᠯᠲᠠᠨ ᠠᠵᠢᠯᠴᠢᠨ ᠤ ᠠᠵᠢᠯ ᠤᠨ ᠪᠠᠶᠢᠷᠢᠨ ᠳᠤ ᠠᠳᠡᠭᠰᠡᠳ‌‍ᠤᠨ ᠨᠠᠰᠤᠵᠢᠯ ᠤᠨ ᠳᠠᠭᠠᠳᠬᠠᠯ ᠤᠨ ᠬᠤᠪᠢ ᠬᠦᠮᠦᠨ ᠤ ᠬᠠᠳᠠᠭᠠᠯᠠᠮᠵᠢ ᠶᠢ ᠪᠤᠴᠠᠭᠠᠬᠤ ᠠᠯᠬᠤᠮ ᠳᠠ᠊
ᠨᠡᠶᠢᠲᠡᠯᠡᠭᠰᠡᠨ ᠴᠠᠭ᠄
2016/3/31
         ᠠᠵᠢᠯᠲᠠᠨ ᠠᠵᠢᠯᠴᠢᠨ ᠤ ᠠᠵᠢᠯ ᠤᠨ ᠪᠠᠶᠢᠷᠢᠨ ᠳᠤ ᠠᠳᠡᠭᠰᠡᠳ‌‍ᠤᠨ ᠨᠠᠰᠤᠵᠢᠯ ᠤᠨ          ᠳᠠᠭᠠᠳᠬᠠᠯ ᠤᠨ ᠬᠤᠪᠢ ᠬᠦᠮᠦᠨ ᠤ ᠬᠠᠳᠠᠭᠠᠯᠠᠮᠵᠢ ᠶᠢ ᠪᠤᠴᠠᠭᠠᠬᠤ ᠠᠯᠬᠤᠮ ᠳᠠᠷᠠᠭ᠎ᠠ            ᠨᠢᠭᠡ᠂ ᠮᠠᠲ᠋ᠧᠷᠢᠶᠠᠯ ᠢ ᠬᠢᠨᠠᠨ ᠬᠠᠷᠭᠤᠭᠤᠯᠬᠤ      1. ᠭᠦᠢᠴᠡᠳᠬᠡᠭᠴᠢ᠄ ᠨᠠᠰᠤᠵᠢᠯ ᠤᠨ ᠳᠠᠭᠠᠳᠬᠠᠯ ᠤᠨ ᠦᠢᠯᠡᠴᠢᠯᠡᠭᠡᠨ ᠤ ᠴᠣᠩᠬᠤ ᠶᠢᠨ ᠠᠵᠢᠯᠲᠠᠨ      2. ᠠᠵᠢᠯᠯᠠᠬᠤ ᠴᠠᠭ᠄ 1 ᠠᠵᠢᠯᠯᠠᠬᠤ ᠡᠳᠦᠷ      3. ᠬᠠᠷᠢᠭᠤᠴᠠᠯᠭᠠᠲᠠᠨ᠄ ᠨᠠᠰᠤᠵᠢᠯ ᠤᠨ ᠳᠠᠭᠠᠳᠬᠠᠯ ᠤᠨ ᠲᠠᠰᠤᠭ ᠤᠨ ᠳᠠᠷᠤᠭ᠎ᠠ      4. ᠠᠵᠢᠯᠯᠠᠬᠤ ᠠᠭᠤᠯᠭ᠎ᠠ᠄ ᠭᠤᠶᠤᠴᠢᠯᠠᠭᠴᠢ ᠶᠢᠨ ᠳᠤᠷᠠᠳᠤᠭᠰᠠᠨ ᠬᠤᠪᠢ ᠬᠦᠮᠦᠨ ᠤ ᠬᠠᠳᠠᠭᠠᠯᠠᠮᠵᠢ ᠶᠢ ᠪᠤᠴᠠᠭᠠᠯᠭᠠᠬᠤ ᠭᠤᠶᠤᠴᠢᠯᠠᠯ ᠨᠢ ᠨᠦᠬᠦᠴᠡᠯ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠵᠤ᠂ ︽ᠠᠵᠢᠯ ᠤᠨ ᠪᠠᠶᠢᠷᠢᠨ ᠳᠤ ᠠᠳᠡᠭᠰᠡᠳ ᠤᠨ ᠬᠤᠪᠢ ᠬᠦᠮᠦᠨ ᠤ ᠬᠠᠳᠠᠭᠠᠯᠠᠮᠵᠢ ᠶᠢ ᠪᠤᠴᠠᠭᠠᠬᠤ ᠬᠢᠨᠠᠨ ᠵᠦᠪᠰᠢᠶᠡᠷᠡᠯ ᠤᠨ ᠬᠦᠰᠦᠨᠦᠭᠲᠦ︾ ᠶᠢ ᠲᠠᠭᠯᠠᠨ᠎ᠠ᠃ ᠭᠤᠶᠤᠴᠢᠯᠠᠭᠴᠢ ᠠᠴᠠ ᠠᠳᠡᠭᠰᠡᠳ ᠢ ᠳᠡᠭᠳᠡᠭᠡᠭᠰᠡᠨ ᠭᠡᠷᠡᠴᠢ᠂ ᠬᠠᠳᠠᠭᠠᠯᠠᠮᠵᠢ ᠠᠪᠬᠤ ᠬᠦᠮᠦᠨ ᠤ ᠪᠡᠶ᠎ᠡ ᠶᠢᠨ ᠦᠨᠡᠮᠯᠡᠯ ᠤᠨ ᠤᠭ ᠬᠡᠪ ᠪᠣᠯᠤᠨ ᠳᠠᠷᠤᠮᠠᠯᠯᠠᠭᠰᠠᠨ ᠭᠡᠪ᠂ ᠠᠳᠡᠭᠰᠡᠳ ᠤᠨ ︽ᠨᠠᠰᠤᠵᠢᠯ ᠤᠨ ᠳᠠᠭᠠᠳᠬᠠᠯ ᠤᠨ ᠭᠠᠷ ᠳᠡᠪᠲᠡᠷ︾ ᠪᠣᠯᠤᠨ ᠵᠠᠷᠤᠳᠠᠯ ᠲᠤᠰᠢᠶᠠᠭᠰᠠᠨ ᠭᠠᠶᠢᠯᠢ ᠶᠢᠨ ᠲᠡᠮᠳᠡᠭ᠂ ᠬᠠᠳᠠᠭᠠᠯᠠᠮᠵᠢ ᠠᠪᠬᠤ ᠬᠦᠮᠦᠨ ᠪᠣᠯᠤᠨ ᠠᠳᠡᠭᠰᠡᠳ ᠤᠨ ᠬᠠᠷᠢᠴᠠᠭᠠᠨ ᠤ ᠭᠡᠷᠡᠴᠢ᠂ ᠭᠡᠷ ᠪᠦᠯᠢ ᠶᠢᠨ ᠬᠢᠨ ᠬᠠᠮᠢᠶ᠎ᠠ ᠪᠦᠬᠦᠢ ᠭᠡᠷᠡᠴᠢ ᠪᠢᠴᠢᠭ ᠢ ᠲᠤᠰᠢᠶᠠᠨ᠎ᠠ᠃      5. ᠲᠥᠷᠥ ᠶᠢᠨ ᠪᠣᠳᠤᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠤᠨ ᠦᠨᠳᠦᠰᠦᠯᠡᠯ᠄ ︽ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠬᠤᠪᠢ ᠬᠦᠮᠦᠨ ᠤ ᠬᠠᠳᠠᠭᠠᠯᠠᠮᠵᠢ ᠶᠢᠨ ᠬᠠᠮᠢᠶᠠᠷᠤᠯᠲᠠ ᠶᠢᠨ ᠳᠦᠷ ᠬᠡᠷᠡᠭᠵᠢᠭᠦᠯᠬᠦ ᠠᠷᠭ᠎ᠠ︾ ︵ᠬᠦᠳᠡᠯᠮᠦᠷᠢ ᠠᠯᠪᠠᠨ ᠲᠠᠷᠬᠠᠭᠠᠭᠰᠠᠨ [1997]116 ᠲᠤᠭᠠᠲᠤ︶︔ ︽︿ᠨᠡᠶᠢᠭᠡᠮ  ᠤᠨ ᠳᠠᠭᠠᠳᠬᠠᠯ ᠤᠨ ᠬᠠᠤᠯᠢ﹀ ᠶᠢ ᠬᠡᠷᠡᠭᠵᠢᠭᠦᠯᠬᠦ ᠳᠤ ᠬᠤᠯᠪᠤᠭᠳᠠᠯ ᠪᠦᠬᠦᠢ ᠡᠪᠡᠳᠴᠢᠲᠡᠨ ᠵᠡᠮᠳᠡᠭᠴᠦᠳ ᠵᠢᠴᠢ ᠦᠬᠦᠭᠰᠡᠳ ᠤᠨ ᠬᠠᠷᠠᠭᠠᠯᠵᠠᠯ ᠤᠨ ᠠᠰᠠᠭᠤᠳᠠᠯ ᠤᠨ ᠲᠤᠬᠠᠢ ᠮᠡᠳᠡᠭᠳᠡᠯ︾ ︵ᠥᠪᠥᠷ ᠬᠦᠮᠦᠨ ᠨᠡᠶᠢᠭᠡᠮ ᠠᠯᠪᠠᠨ ᠲᠠᠷᠬᠠᠭᠠᠭᠰᠠᠨ [2012]346 ᠲᠣᠭᠠᠲᠤ︶      ᠬᠤᠶᠠᠷ᠂ ᠨᠠᠰᠤᠵᠢᠯ ᠤᠨ ᠳᠠᠭᠠᠳᠬᠠᠯ ᠤᠨ ᠵᠠᠷᠤᠳᠠᠯ ᠲᠤᠰᠢᠶᠠᠭᠰᠠᠨ ᠪᠠᠶᠢᠳᠠᠯ ᠢ ᠬᠢᠨᠠᠨ ᠬᠠᠷᠭᠤᠭᠤᠯᠬᠤ      1. ᠭᠦᠢᠴᠡᠳᠬᠡᠭᠴᠢ᠄ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠯᠭᠠᠨ ᠪᠣᠳᠤᠬᠤ ᠦᠢᠯᠡᠴᠢᠯᠡᠭᠡᠨ  ᠤ ᠴᠣᠩᠬᠤ ᠶᠢᠨ ᠠᠵᠢᠯᠲᠠᠨ      2. ᠠᠵᠢᠯᠯᠠᠬᠤ ᠴᠠᠭ᠄ 1 ᠠᠵᠢᠯᠯᠠᠬᠤ ᠡᠳᠦᠷ      3. ᠬᠠᠷᠢᠭᠤᠴᠠᠯᠭᠠᠲᠠᠨ᠄ ᠲᠤᠯᠭᠠᠨ ᠪᠣᠳᠤᠬᠤ ᠲᠠᠰᠤᠭ ᠤᠨ ᠳᠠᠷᠤᠭ᠎ᠠ      4. ᠠᠵᠢᠯᠯᠠᠬᠤ ᠠᠭᠤᠯᠭ᠎ᠠ᠄ ᠠᠳᠡᠭᠰᠡᠳ ᠤᠨ ᠲᠤᠰ ᠪᠡᠶ᠎ᠡ ᠪᠣᠶᠤ ᠪᠠᠶᠢᠭ᠎ᠠ ᠪᠠᠶᠢᠭᠤᠯᠭ᠎ᠠ ᠨᠢ ᠨᠠᠰᠤᠵᠢᠯ ᠤᠨ ᠳᠠᠭᠠᠳᠬᠠᠯ ᠤᠨ ᠵᠠᠷᠤᠳᠠᠯ ᠤᠨ ᠮᠦᠩᠭᠦ ᠪᠠᠨ ᠭᠦᠢᠴᠡᠳ ᠲᠤᠰᠢᠶᠠᠭᠰᠠᠨ ᠡᠰᠡᠬᠦ ᠶᠢ ᠬᠢᠨᠠᠨ ᠬᠠᠷᠭᠤᠭᠤᠯᠤᠨ᠎ᠠ᠃ ᠠᠳᠡᠭᠰᠡᠳ ᠤᠨ ᠲᠤᠰ ᠪᠡᠶ᠎ᠡ ᠨᠢ ᠵᠠᠷᠤᠳᠠᠯ ᠢᠶᠠᠨ ᠭᠦᠢᠴᠡᠳ ᠲᠤᠰᠢᠶᠠᠭᠰᠠᠨ ᠦᠭᠡᠢ ᠪᠠᠶᠢᠪᠠᠯ ᠲᠣᠳᠤᠷᠬᠠᠶᠢᠯᠠᠯᠲᠠ ᠪᠢᠴᠢᠵᠦ᠂ ᠪᠠᠶᠢᠭᠤᠯᠭ᠎ᠠ ᠨᠢ ᠭᠦᠢᠴᠡᠳ ᠲᠤᠰᠢᠶᠠᠭᠰᠠᠨ ᠦᠭᠡᠢ ᠪᠠᠶᠢᠪᠠᠯ ᠨᠦᠬᠦᠵᠦ ᠲᠤᠰᠢᠶᠠᠬᠤ ᠶᠢ ᠮᠡᠳᠡᠭᠳᠡᠨ᠎ᠡ︔ ᠭᠦᠢᠴᠡᠳ ᠲᠤᠰᠢᠶᠠᠭᠰᠠᠨ ᠪᠠᠶᠢᠪᠠᠯ ︽ᠬᠤᠪᠢ ᠬᠦᠮᠦᠨ ᠤ ᠬᠠᠳᠠᠭᠠᠯᠠᠮᠵᠢ ᠶᠢᠨ ᠨᠢᠭᠡ ᠯᠡ ᠤᠳᠠᠭ᠎ᠠ ᠣᠯᠭᠤᠬᠤ ᠬᠢᠨᠠᠨ ᠵᠦᠪᠰᠢᠶᠡᠷᠡᠯ ᠤᠨ ᠬᠦᠰᠦᠨᠦᠭᠲᠦ︾ ᠳᠡᠭᠡᠷ᠎ᠡ ᠭᠠᠷ ᠤᠨ ᠦᠰᠦᠭ ᠵᠢᠷᠤᠵᠤ ᠲᠠᠮᠠᠭ᠎ᠠ ᠳᠠᠷᠤᠨ᠎ᠠ᠃ ᠭᠤᠶᠤᠴᠢᠯᠠᠭᠴᠢ  ᠠᠴᠠ ᠠᠳᠡᠭᠰᠡᠳ ᠤᠨ ︽ᠨᠠᠰᠤᠵᠢᠯ ᠤᠨ ᠳᠠᠭᠠᠳᠬᠠᠯ ᠤᠨ ᠭᠠᠷ ᠳᠡᠪᠲᠡᠷ︾ ᠪᠣᠯᠤᠨ ᠵᠠᠷᠤᠳᠠᠯ ᠲᠤᠰᠢᠶᠠᠭᠰᠠᠨ ᠭᠠᠶᠢᠯᠢ ᠶᠢᠨ ᠲᠡᠮᠳᠡᠭ ᠢ ᠲᠤᠰᠢᠶᠠᠨ᠎ᠠ᠃      5. ᠲᠥᠷᠥ ᠶᠢᠨ ᠪᠣᠳᠤᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠤᠨ ᠦᠨᠳᠦᠰᠦᠯᠡᠯ᠄ ︽ᠨᠡᠶᠢᠭᠡᠮ ᠤᠨ ᠳᠠᠭᠠᠳᠬᠠᠯ ᠤᠨ ᠲᠤᠯᠭᠠᠨ ᠪᠣᠳᠤᠬᠤ ᠠᠷᠭ᠎ᠠ︾  ︵ᠬᠦᠳᠡᠯᠮᠦᠷᠢ ᠶᠢᠨ ᠪᠠᠲᠤᠯᠠᠭ᠎ᠠ ᠶᠢᠨ ᠶᠠᠮᠤᠨ ᠤ ᠵᠠᠷᠯᠢᠭ 16 ᠳ᠋ᠤᠭᠠᠷ ᠲᠣᠭᠠᠲᠤ︶       ᠭᠤᠷᠪᠠ᠂ ᠬᠤᠪᠢ ᠬᠦᠮᠦᠨ ᠤ ᠬᠠᠳᠠᠭᠠᠯᠠᠮᠵᠢ ᠶᠢᠨ ᠮᠦᠩᠭᠦ ᠶᠢ ᠪᠣᠳᠤᠬᠤ      1. ᠭᠦᠢᠴᠡᠳᠬᠡᠭᠴᠢ᠄ ᠨᠠᠰᠤᠵᠢᠯ ᠤᠨ ᠳᠠᠭᠠᠳᠬᠠᠯ ᠤᠨ ᠦᠢᠯᠡᠴᠢᠯᠡᠭᠡᠨ ᠤ ᠴᠣᠩᠬᠤ ᠶᠢᠨ ᠠᠵᠢᠯᠲᠠᠨ      2. ᠠᠵᠢᠯᠯᠠᠬᠤ ᠴᠠᠭ᠄ 1 ᠠᠵᠢᠯᠯᠠᠬᠤ ᠡᠳᠦᠷ      3. ᠬᠠᠷᠢᠭᠤᠴᠠᠯᠭᠠᠲᠠᠨ᠄ ᠨᠠᠰᠤᠵᠢᠯ ᠤᠨ ᠳᠠᠭᠠᠳᠬᠠᠯ ᠤᠨ ᠲᠠᠰᠤᠭ ᠤᠨ ᠳᠠᠷᠤᠭ᠎ᠠ᠂ ᠲᠤᠯᠭᠠᠨ ᠪᠣᠳᠤᠬᠤ ᠲᠠᠰᠤᠭ ᠤᠨ ᠳᠠᠷᠤᠭ᠎ᠠ᠂ ᠡᠳ᠋ ᠤᠨ ᠶᠠᠪᠤᠳᠠᠯ ᠤᠨ ᠲᠠᠰᠤᠭ ᠤᠨ ᠳᠠᠷᠤᠭ᠎ᠠ᠂ ᠬᠤᠪᠢᠶᠠᠷᠢᠯᠠᠨ ᠬᠠᠷᠢᠭᠤᠴᠠᠭ᠎ᠠ ᠳᠡᠳ᠋ ᠲᠣᠪᠴᠢᠶᠠᠨ ᠳᠠᠷᠤᠭ᠎ᠠ᠂ ᠲᠣᠪᠴᠢᠶᠠᠨ ᠳᠠᠷᠤᠭ᠎ᠠ᠃      4. ᠠᠵᠢᠯᠯᠠᠬᠤ ᠠᠭᠤᠯᠭ᠎ᠠ᠄ ᠠᠵᠢᠯᠯᠠᠬᠤ ᠰᠢᠰᠲ᠋ᠧᠮ ᠢ ᠠᠰᠢᠭᠯᠠᠵᠤ᠂ ᠬᠤᠪᠢ ᠬᠦᠮᠦᠨ ᠤ ᠬᠠᠳᠠᠭᠠᠯᠠᠮᠵᠢ ᠶᠢᠨ ᠮᠦᠩᠭᠦ ᠶᠢ ᠪᠣᠳᠤᠵᠤ ᠦᠭᠭᠦᠨ᠎ᠡ︔ ︽ᠬᠤᠪᠢ ᠬᠦᠮᠦᠨ ᠤ ᠬᠠᠳᠠᠭᠠᠯᠠᠮᠵᠢ ᠶᠢᠨ ᠨᠢᠭᠡ ᠯᠡ ᠤᠳᠠᠭ᠎ᠠ ᠣᠯᠭᠤᠬᠤ ᠬᠢᠨᠠᠨ ᠵᠦᠪᠰᠢᠶᠡᠷᠡᠯ ᠤᠨ ᠬᠦᠰᠦᠨᠦᠭᠲᠦ︾ ᠶᠢ ᠳᠠᠷᠤᠮᠠᠯᠯᠠᠵᠤ᠂ ᠨᠠᠰᠤᠵᠢᠯ ᠤᠨ ᠳᠠᠭᠠᠳᠬᠠᠯ ᠤᠨ ᠲᠠᠰᠤᠭ ᠤᠨ ᠳᠠᠷᠤᠭ᠎ᠠ ︽ᠠᠵᠢᠯ ᠤᠨ ᠪᠠᠶᠢᠷᠢᠨ ᠳᠤ ᠠᠳᠡᠭᠰᠡᠳ ᠤᠨ ᠬᠤᠪᠢ ᠬᠦᠮᠦᠨ ᠤ ᠬᠠᠳᠠᠭᠠᠯᠠᠮᠵᠢ ᠶᠢ ᠪᠤᠴᠠᠭᠠᠬᠤ ᠬᠢᠨᠠᠨ ᠵᠦᠪᠰᠢᠶᠡᠷᠡᠯ ᠤᠨ ᠬᠦᠰᠦᠨᠦᠭᠲᠦ︾ ᠳᠡᠭᠡᠷ᠎ᠡ ᠭᠠᠷ ᠤᠨ ᠦᠰᠦᠭ ᠵᠢᠷᠤᠨ ᠲᠠᠮᠠᠭ᠎ᠠ ᠳᠠᠷᠤᠵᠤ᠂ ᠲᠤᠯᠭᠠᠨ ᠪᠣᠳᠤᠬᠤ ᠲᠠᠰᠤᠭ ᠤᠨ ᠳᠠᠷᠤᠭ᠎ᠠ ᠪᠠ ᠡᠳ᠋ ᠤᠨ ᠶᠠᠪᠤᠳᠠᠯ ᠤᠨ ᠲᠠᠰᠤᠭ ᠤᠨ ᠳᠠᠷᠤᠭ᠎ᠠ ᠳᠠᠬᠢᠨ ᠬᠢᠨᠠᠵᠤ᠂ ᠬᠤᠪᠢᠶᠠᠷᠢᠯᠠᠨ ᠬᠠᠷᠢᠭᠤᠴᠠᠭ᠎ᠠ ᠳᠡᠳ᠋ ᠲᠣᠪᠴᠢᠶᠠᠨ ᠳᠠᠷᠤᠭ᠎ᠠ ᠪᠠ ᠲᠣᠪᠴᠢᠶᠠᠨ ᠳᠠᠷᠤᠭ᠎ᠠ ᠭᠠᠷ ᠤᠨ ᠦᠰᠦᠭ ᠵᠢᠷᠤᠨ ᠵᠦᠪᠰᠢᠶᠡᠷᠡᠨ᠎ᠡ ᠃ ᠨᠠᠰᠤᠵᠢᠯ ᠤᠨ ᠳᠠᠭᠠᠳᠬᠠᠯ ᠤᠨ ᠲᠠᠰᠤᠭ ᠠᠴᠠ ᠨᠢᠭᠡ ᠬᠤᠪᠢ ᠮᠠᠲ᠋ᠧᠷᠢᠶᠠᠯ ᠢ ᠡᠳ᠋ ᠤᠨ ᠶᠠᠪᠤᠳᠠᠯ ᠤᠨ ᠲᠠᠰᠤᠭ ᠪᠠ ᠴᠠᠯᠢᠩ ᠬᠦᠯᠦᠰᠦ ᠠᠰᠠᠷᠠᠮᠵᠢ ᠶᠢᠨ ᠲᠠᠰᠤᠭ ᠲᠤ ᠲᠤᠰᠢᠶᠠᠵᠤ᠂ ᠥᠪᠡᠷᠲᠡᠭᠡᠨ ᠨᠢᠭᠡ ᠬᠤᠪᠢ ᠦᠯᠡᠳᠡᠭᠡᠨ᠎ᠡ᠃ ᠭᠡᠷ ᠪᠦᠯᠢ ᠶᠢᠨ ᠬᠢᠨ ᠳᠤ ᠨᠢ ᠥᠩᠭᠡᠷᠡᠭᠰᠡᠨ ᠵᠢᠯ ᠤᠨ ᠠᠪᠤᠭᠰᠠᠨ ᠭᠠᠷ ᠤᠨ ᠬᠡ ᠶᠢᠨ ᠣᠷᠤᠮ ᠪᠣᠯᠤᠨ ᠰᠡᠭᠦᠳᠡᠷ ᠢ ᠲᠤᠰᠢᠶᠠᠬᠤ ᠶᠢ ᠮᠡᠳᠡᠭᠳᠡᠨ᠎ᠡ᠃      5. ᠲᠥᠷᠥ ᠶᠢᠨ ᠪᠣᠳᠤᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠤᠨ ᠦᠨᠳᠦᠰᠦᠯᠡᠯ᠄ ︽ᠠᠵᠢᠯᠲᠠᠨ ᠠᠵᠢᠯᠴᠢᠨ   ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠬᠤᠪᠢ ᠬᠦᠮᠦᠨ ᠤ ᠬᠠᠳᠠᠭᠠᠯᠠᠮᠵᠢ ᠶᠢᠨ ᠬᠠᠮᠢᠶᠠᠷᠤᠯᠲᠠ  ᠶᠢᠨ ᠳᠦᠷ ᠬᠡᠷᠡᠭᠵᠢᠭᠦᠯᠬᠦ ᠠᠷᠭ᠎ᠠ︾ ︵ᠬᠦᠳᠡᠯᠮᠦᠷᠢ ᠠᠯᠪᠠᠨ ᠲᠠᠷᠬᠠᠭᠠᠭᠰᠠᠨ [1997]116 ᠲᠤᠭᠠᠲᠤ︶︔ ︽︿ᠨᠡᠶᠢᠭᠡᠮ ᠤᠨ ᠳᠠᠭᠠᠳᠬᠠᠯ ᠤᠨ ᠬᠠᠤᠯᠢ﹀ ᠶᠢ ᠬᠡᠷᠡᠭᠵᠢᠭᠦᠯᠬᠦ ᠳᠤ ᠬᠤᠯᠪᠤᠭᠳᠠᠯ ᠪᠦᠬᠦᠢ ᠡᠪᠡᠳᠴᠢᠲᠡᠨ ᠵᠡᠮᠳᠡᠭᠴᠦᠳ ᠵᠢᠴᠢ ᠦᠬᠦᠭᠰᠡᠳ ᠤᠨ ᠬᠠᠷᠠᠭᠠᠯᠵᠠᠯ ᠤᠨ ᠠᠰᠠᠭᠤᠳᠠᠯ ᠤᠨ ᠲᠤᠬᠠᠢ ᠮᠡᠳᠡᠭᠳᠡᠯ︾ ︵ᠥᠪᠥᠷ ᠬᠦᠮᠦᠨ ᠨᠡᠶᠢᠭᠡᠮ ᠠᠯᠪᠠᠨ ᠲᠠᠷᠬᠠᠭᠠᠭᠰᠠᠨ [2012]346 ᠲᠣᠭᠠᠲᠤ︶       ᠳᠥᠷᠪᠡ᠂ ᠪᠡᠯᠡ ᠮᠦᠩᠭᠦ ᠭᠤᠶᠤᠴᠢᠯᠠᠬᠤ      1. ᠭᠦᠢᠴᠡᠳᠬᠡᠭᠴᠢ᠄ ᠴᠠᠯᠢᠩ ᠬᠦᠯᠦᠰᠦ ᠠᠰᠠᠷᠠᠮᠵᠢ ᠶᠢᠨ ᠦᠢᠯᠡᠴᠢᠯᠡᠭᠡᠨ ᠤ ᠴᠣᠩᠬᠤ ᠶᠢᠨ ᠠᠵᠢᠯᠲᠠᠨ      2. ᠠᠵᠢᠯᠯᠠᠬᠤ ᠴᠠᠭ᠄ 1 — 2 ᠰᠠᠷ᠎ᠠ      3. ᠬᠠᠷᠢᠭᠤᠴᠠᠯᠭᠠᠲᠠᠨ᠄ ᠴᠠᠯᠢᠩ ᠬᠦᠯᠦᠰᠦ ᠠᠰᠠᠷᠠᠮᠵᠢ ᠶᠢᠨ ᠲᠠᠰᠤᠭ ᠤᠨ ᠳᠠᠷᠤᠭ᠎ᠠ᠃      4. ᠠᠵᠢᠯᠯᠠᠬᠤ ᠠᠭᠤᠯᠭ᠎ᠠ᠄ ᠴᠠᠯᠢᠩ ᠬᠦᠯᠦᠰᠦ ᠠᠰᠠᠷᠠᠮᠵᠢ ᠶᠢᠨ ᠲᠠᠰᠤᠭ ᠬᠤᠪᠢ ᠬᠦᠮᠦᠨ ᠤ ᠬᠠᠳᠠᠭᠠᠯᠠᠮᠵᠢ  ᠶᠢ ᠪᠤᠴᠠᠭᠠᠯᠭᠠᠬᠤ ᠭᠤᠶᠤᠴᠢᠯᠠᠯ ᠤᠨ ᠮᠠᠲ᠋ᠧᠷᠢᠶᠠᠯ ᠢ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠵᠦ᠂ ᠪᠡᠯᠡ ᠮᠦᠩᠭᠦ ᠭᠤᠶᠤᠴᠢᠯᠠᠨ᠎ᠠ᠃ ᠨᠠᠰᠤᠵᠢᠯ ᠤᠨ ᠳᠠᠭᠠᠳᠬᠠᠯ ᠤᠨ ᠲᠠᠰᠤᠭ ︽ᠬᠤᠪᠢ ᠬᠦᠮᠦᠨ ᠤ ᠬᠠᠳᠠᠭᠠᠯᠠᠮᠵᠢ  ᠶᠢᠨ ᠨᠢᠭᠡ ᠯᠡ ᠤᠳᠠᠭ᠎ᠠ ᠣᠯᠭᠤᠬᠤ ᠬᠢᠨᠠᠨ ᠵᠦᠪᠰᠢᠶᠡᠷᠡᠯ ᠤᠨ ᠬᠦᠰᠦᠨᠦᠭᠲᠦ︾ ᠶᠢ ᠲᠤᠰᠢᠶᠠᠨ᠎ᠠ᠃      ᠲᠠᠪᠤ᠂ ᠬᠤᠪᠢ ᠬᠦᠮᠦᠨ ᠤ ᠬᠠᠳᠠᠭᠠᠯᠠᠮᠵᠢ ᠶᠢᠨ ᠮᠦᠩᠭᠦ ᠶᠢ ᠠᠪᠬᠤ      ᠬᠤᠪᠢ ᠬᠦᠮᠦᠨ ᠤ ᠬᠠᠳᠠᠭᠠᠯᠠᠮᠵᠢ ᠶᠢᠨ ᠮᠦᠩᠭᠦ ᠵᠢᠴᠢ ᠠᠳᠡᠭᠰᠡᠳ ᠤᠨ ᠭᠡᠷ ᠪᠦᠯᠢ ᠶᠢᠨ ᠬᠠᠷᠠᠭᠠᠯᠵᠠᠯ ᠤᠨ ᠮᠦᠩᠭᠦ ᠲᠠᠷᠬᠠᠭᠠᠬᠤ ᠶᠠᠪᠤᠳᠠᠯ ᠢ ᠣᠷᠤᠯᠠᠨ ᠭᠦᠢᠴᠡᠳᠬᠡᠬᠦ ᠪᠠᠩᠬᠢ ᠬᠠᠷᠢᠭᠤᠴᠠᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号