ᠤᠷᠤᠭ ᠰᠠᠯᠬᠤ ᠶᠢ ᠳᠠᠩᠰᠠᠯᠠᠬᠤ ᠠᠯᠬᠤᠮ ᠳᠠᠷᠠᠭ᠎ᠠ
ᠨᠡᠶᠢᠲᠡᠯᠡᠭᠰᠡᠨ ᠴᠠᠭ᠄
2016/4/1
              ᠤᠷᠤᠭ ᠰᠠᠯᠬᠤ ᠶᠢ ᠳᠠᠩᠰᠠᠯᠠᠬᠤ ᠠᠯᠬᠤᠮ ᠳᠠᠷᠠᠭ᠎ᠠ      ᠭᠤᠶᠤᠴᠢᠯᠠᠬᠤ      ᠡᠷᠡᠭᠲᠡᠢ ᠡᠮᠡᠭᠲᠡᠢ ᠬᠤᠶᠠᠷ ᠲᠠᠯ᠎ᠠ ᠥᠪᠡᠷ ᠤᠨ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠤᠷᠤᠭ  ᠤᠨ ᠪᠠᠲᠤᠯᠠᠪᠦᠷᠢ ᠵᠢᠴᠢ ᠤᠷᠤᠭ ᠰᠠᠯᠬᠤ ᠵᠦᠪᠳᠡᠯᠴᠡᠭᠡᠷ ᠤᠨ ᠪᠢᠴᠢᠭ ᠢᠶᠠᠨ ᠠᠪᠴᠤ᠂ ᠬᠠᠮᠲᠤᠪᠠᠷ ᠤᠷᠤᠭ ᠳᠠᠩᠰᠠᠯᠠᠬᠤ ᠪᠠᠶᠢᠭᠤᠯᠭ᠎ᠠ ᠳᠤ ᠬᠦᠷᠴᠦ ᠭᠤᠶᠤᠴᠢᠯᠠᠨ᠎ᠠ᠃      ᠠᠩᠬ᠎ᠠ ᠬᠢᠨᠠᠬᠤ      ᠲᠤᠬᠠᠢ ᠶᠢᠨ ᠬᠦᠮᠦᠨ ᠤ ᠲᠤᠰᠢᠶᠠᠭᠰᠠᠨ ᠭᠡᠷᠡᠴᠢ ᠪᠢᠴᠢᠭ ᠪᠣᠯᠤᠨ ᠬᠡᠷᠡᠴᠢᠯᠡᠬᠦ ᠮᠠᠲ᠋ᠧᠷᠢᠶᠠᠯ ᠢ ᠬᠢᠨᠠᠨ᠎ᠠ᠃ ᠲᠤᠬᠠᠢ ᠶᠢᠨ ᠬᠦᠮᠦᠨ ᠤ ᠭᠡᠷᠡᠴᠢ ᠪᠢᠴᠢᠭ ᠪᠦᠷᠢᠨ ᠭᠦᠢᠴᠡᠳ ᠡᠰᠡᠬᠦ᠂ ᠬᠦᠴᠦᠨ ᠲᠠᠢ ᠡᠰᠡᠬᠦ᠃ ᠬᠤᠶᠠᠷ ᠲᠠᠯ᠎ᠠ ᠪᠠᠷ  ᠢᠶᠠᠨ ᠰᠠᠶᠢᠨ ᠳᠤᠷ᠎ᠠ ᠠᠴᠠ ᠪᠠᠨ ᠤᠷᠤᠭ ᠰᠠᠯᠬᠤ ᠭᠡᠵᠦ ᠪᠠᠶᠢᠭ᠎ᠠ ᠡᠰᠡᠬᠦ᠂ ᠤᠷᠤᠭ ᠰᠠᠯᠬᠤ ᠪᠠᠷ ᠵᠦᠪᠳᠡᠯᠴᠡᠨ ᠳᠣᠬᠢᠷᠠᠭᠰᠠᠨ ᠡᠰᠡᠬᠦ ᠶᠢ ᠦᠵᠡᠨ᠎ᠡ᠃      ᠴᠠᠭ ᠤᠨ ᠬᠢᠵᠠᠭᠠᠷᠯᠠᠯ᠄ ᠲᠤᠰ ᠡᠳᠦᠷ ᠲᠡᠭᠡᠨ ᠭᠦᠢᠴᠡᠳᠬᠡᠨ᠎ᠡ᠃      ᠬᠦᠯᠢᠶᠡᠨ ᠰᠢᠢᠳᠪᠦᠷᠢᠯᠡᠬᠦ      ᠤᠷᠤᠭ ᠰᠠᠯᠬᠤ ᠶᠢ ᠳᠠᠩᠰᠠᠯᠠᠬᠤ ᠨᠦᠬᠦᠴᠡᠯ ᠳᠤ ᠨᠡᠶᠢᠴᠡᠭᠰᠡᠨ ᠬᠤᠶᠠᠷ ᠲᠠᠯ᠎ᠠ ᠨᠢ ᠲᠤᠰ ᠲᠤᠰ ︽ᠤᠷᠤᠭ ᠰᠠᠯᠬᠤ ᠪᠠᠷ ᠳᠠᠩᠰᠠᠯᠠᠭᠤᠯᠬᠤ ᠭᠤᠶᠤᠴᠢᠯᠠᠯ ᠤᠨ ᠢᠯᠡᠷᠬᠡᠶᠢᠯᠡᠯᠲᠡ︾ ᠶᠢ ᠲᠠᠭᠯᠠᠨ᠎ᠠ᠃      ᠴᠠᠭ ᠤᠨ ᠬᠢᠵᠠᠭᠠᠷᠯᠠᠯ᠄ ᠲᠤᠰ ᠡᠳᠦᠷ ᠲᠡᠭᠡᠨ ᠭᠦᠢᠴᠡᠳᠬᠡᠨ᠎ᠡ᠃                    ᠨᠦᠬᠦᠴᠡᠯ ᠳᠤ ᠨᠡᠶᠢᠴᠡᠬᠦ ᠦᠭᠡᠢ ᠶᠢ ᠨᠢ ᠰᠢᠯᠲᠠᠭᠠᠨ ᠢ ᠨᠢ ᠲᠣᠳᠤᠷᠬᠠᠶᠢᠯᠠᠵᠤ ᠦᠭᠭᠦᠨ᠎ᠡ᠃     ᠬᠢᠨᠠᠬᠤ      ᠲᠤᠬᠠᠢ ᠶᠢᠨ ᠬᠦᠮᠦᠨ ᠤ ᠲᠤᠰᠢᠶ᠋ᠭᠰᠠᠨ ᠭᠡᠷᠡᠴᠢ ᠪᠢᠴᠢᠭ ᠪᠣᠯᠤᠨ ᠬᠡᠷᠡᠴᠢᠯᠡᠬᠦ ᠮᠠᠲ᠋ᠧᠷᠢᠶᠠᠯ ᠨᠢ ᠬᠠᠤᠯᠢ ᠳᠤ ᠨᠡᠶᠢᠴᠡᠬᠦ ᠡᠰᠡᠬᠦ᠂ ᠬᠦᠴᠦᠨ ᠲᠠᠢ ᠡᠰᠡᠬᠦ ᠶᠢ ᠬᠢᠨᠠᠨ ᠬᠠᠷᠭᠤᠭᠤᠯᠵᠤ᠂ ᠲᠤᠬᠠᠢ ᠶᠢᠨ ᠬᠦᠮᠦᠨ ᠠᠴᠠ ᠰᠠᠶᠢᠨ ᠲᠤᠷ᠎ᠠ   ᠠᠴᠠ ᠪᠠᠨ ᠤᠷᠤᠭ ᠰᠠᠯᠬᠤ ᠭᠡᠵᠦ ᠪᠠᠶᠢᠭ᠎ᠠ ᠡᠰᠡᠬᠦ ᠵᠢᠴᠢ ᠬᠠᠮᠢᠶ᠎ᠠ ᠪᠦᠬᠦᠢ ᠪᠠᠶᠢᠳᠠᠯ ᠢ ᠠᠰᠠᠭᠤᠨ᠎ᠠ᠃      ᠴᠠᠭ ᠤᠨ ᠬᠢᠵᠠᠭᠠᠷᠯᠠᠯ᠄ ᠲᠤᠰ ᠡᠳᠦᠷ ᠲᠡᠭᠡᠨ ᠭᠦᠢᠴᠡᠳᠬᠡᠨ᠎ᠡ᠃      ᠨᠦᠭᠦᠴᠡᠯ ᠳᠤ ᠨᠡᠶᠢᠴᠡᠬᠦ ᠦᠭᠡᠢ ᠳᠤ ᠨᠢ ︽ᠤᠷᠤᠭ ᠰᠠᠯᠬᠤ ᠪᠠᠷ ᠳᠠᠩᠰᠠᠯᠠᠭᠤᠯᠬᠤ ᠶᠢ ᠦᠯᠦ ᠬᠦᠯᠢᠶᠡᠨ ᠰᠢᠢᠳᠪᠦᠷᠢᠯᠡᠬᠦ ᠮᠡᠳᠡᠭᠳᠡᠯ ᠤᠨ ᠬᠠᠭᠤᠳᠠᠰᠤ︾ ᠦᠭᠭᠦᠨ᠎ᠡ᠃      ᠳᠠᠩᠰᠠᠯᠠᠬᠤ ᠪᠠ ᠦᠨᠡᠮᠯᠡᠯ ᠣᠯᠭᠤᠬᠤ      ᠤᠷᠤᠭ ᠳᠠᠩᠰᠠᠯᠠᠭᠴᠢ ᠠᠴᠠ ᠲᠤᠬᠠᠢ ᠶᠢᠨ ᠬᠦᠮᠦᠨ ᠳᠤ ᠤᠷᠤᠭ ᠰᠠᠯᠬᠤ ᠳᠠᠩᠰᠠᠯᠠᠯ ᠬᠢᠵᠦ᠂ ᠬᠢᠨᠠᠨ ᠭᠦᠢᠴᠡᠳᠬᠡᠭᠰᠡᠨ ᠬᠦᠰᠦᠨᠦᠭᠲᠦ ᠪᠣᠯᠤᠨ ᠤᠷᠤᠭ ᠰᠠᠯᠬᠤ ᠶᠢ ᠳᠠᠩᠰᠠᠯᠠᠬᠤ ᠦᠨᠡᠮᠯᠡᠯ ᠭᠠᠷᠭᠠᠵᠤ  ᠲᠤᠬᠠᠢ ᠶᠢᠨ ᠬᠦᠮᠦᠨ ᠳᠤ᠂ ᠤᠷᠤᠭ ᠰᠠᠯᠬᠤ ᠦᠨᠡᠮᠯᠡᠯ ᠣᠯᠭᠤᠨ᠎ᠠ᠃      ᠴᠠᠭ ᠤᠨ ᠬᠢᠵᠠᠭᠠᠷᠯᠠᠯ᠄ ᠲᠤᠰ ᠡᠳᠦᠷ ᠲᠡᠭᠡᠨ ᠭᠦᠢᠴᠡᠳᠬᠡᠨ᠎ᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号