ᠤᠷᠤᠭ ᠳᠠᠩᠰᠠᠯᠠᠬᠤ ᠦᠨᠡᠮᠯᠡᠯ ᠢ ᠨᠦᠬᠦᠵᠦ ᠠᠪᠬᠤ ᠠᠯᠬᠤᠮ ᠳᠠᠷᠠᠭ᠎ᠠ
ᠨᠡᠶᠢᠲᠡᠯᠡᠭᠰᠡᠨ ᠴᠠᠭ᠄
2016/4/1
            ᠤᠷᠤᠭ ᠳᠠᠩᠰᠠᠯᠠᠬᠤ ᠦᠨᠡᠮᠯᠡᠯ ᠢ ᠨᠦᠬᠦᠵᠦ ᠠᠪᠬᠤ ᠠᠯᠬᠤᠮ ᠳᠠᠷᠠᠭ᠎ᠠ           ᠭᠤᠶᠤᠴᠢᠯᠠᠬᠤ      1. ᠲᠤᠰ ᠬᠦᠮᠦᠨ ᠤ ᠡᠷᠦᠬᠡ ᠠᠮᠠ ᠶᠢᠨ ᠳᠡᠪᠲᠡᠷ ᠪᠣᠯᠤᠨ ᠪᠡᠶ᠎ᠡ ᠶᠢᠨ ᠦᠨᠡᠮᠯᠡᠯ︔      2. ᠤᠤᠯ ᠤᠨ ᠤᠷᠤᠭ ᠳᠠᠩᠰᠠᠯᠠᠭᠰᠠᠨ ᠪᠠᠶᠢᠭᠤᠯᠭ᠎ᠠ ᠠᠴᠠ ᠦᠭᠭᠦᠭᠰᠡᠨ ᠤᠷᠤᠭ ᠳᠠᠩᠰᠠᠯᠠᠭᠰᠠᠨ ᠭᠡᠷᠡᠴᠢ ᠪᠣᠶᠤ ᠳᠠᠩᠰᠠ ᠡᠪᠬᠡᠮᠡᠯ ᠤᠨ ᠲᠣᠪᠴᠢᠶᠠᠨ ᠤ ᠤᠷᠤᠭ ᠤᠨ ᠳᠠᠩᠰᠠᠨ ᠤ ᠭᠡᠷᠡᠴᠢ︔      3. ᠲᠤᠬᠠᠢ ᠶᠢᠨ ᠬᠦᠮᠦᠨ ᠪᠡᠶ᠎ᠡ ᠪᠠᠷ ᠢᠶᠠᠨ ᠤᠷᠤᠭ ᠳᠠᠩᠰᠠᠯᠠᠬᠤ ᠪᠠᠶᠢᠭᠤᠯᠭ᠎ᠠ ᠳᠤ ᠬᠦᠷᠴᠦ ᠭᠤᠶᠤᠴᠢᠯᠠᠨ᠎ᠠ᠃      ᠠᠩᠬ᠎ᠠ ᠬᠢᠨᠠᠬᠤ      ᠲᠤᠬᠠᠢ ᠶᠢᠨ ᠬᠦᠮᠦᠨ ᠤ ᠲᠤᠰᠢᠶᠠᠭᠰᠠᠨ ᠭᠡᠷᠡᠴᠢ ᠪᠢᠴᠢᠭ ᠪᠣᠯᠤᠨ ᠬᠡᠷᠡᠴᠢᠯᠡᠬᠦ ᠮᠠᠲ᠋ᠧᠷᠢᠶᠠᠯ ᠢ ᠬᠢᠨᠠᠨ᠎ᠠ᠃ ᠲᠤᠬᠠᠢ ᠶᠢᠨ ᠬᠦᠮᠦᠨ ᠤ ᠭᠡᠷᠡᠴᠢ ᠪᠢᠴᠢᠭ ᠪᠦᠷᠢᠨ ᠭᠦᠢᠴᠡᠳ᠂ ᠬᠦᠴᠦᠨ ᠲᠠᠢ᠂ ᠤᠷᠤᠭ ᠳᠠᠩᠰᠠᠯᠠᠬᠤ ᠭᠠᠵᠠᠷ ᠬᠠᠮᠢᠶᠠᠷᠬᠤ ᠡᠷᠬᠡ ᠲᠠᠢ︔ ᠲᠤᠬᠠᠢ ᠶᠢᠨ ᠬᠦᠮᠦᠨ ᠬᠠᠤᠯᠢ ᠶᠣᠰᠤᠭᠠᠷ ᠤᠷᠤᠭᠯᠠᠬᠤ ᠪᠣᠶᠤ ᠤᠷᠤᠭ ᠰᠠᠯᠬᠤ ᠳᠤ ᠡᠨᠡᠬᠦ ᠪᠠᠶᠢᠳᠠᠯ ᠢ ᠬᠠᠳᠠᠭᠠᠯᠠᠨ᠎ᠠ᠃      ᠴᠠᠭ ᠤᠨ ᠬᠢᠵᠠᠭᠠᠷᠯᠠᠯ᠄ ᠲᠤᠰ ᠡᠳᠦᠷ ᠲᠡᠭᠡᠨ ᠭᠦᠢᠴᠡᠳᠬᠡᠨ᠎ᠡ᠃      ᠬᠦᠯᠢᠶᠡᠨ ᠰᠢᠢᠳᠪᠦᠷᠢᠯᠡᠬᠦ      ᠤᠷᠤᠭᠯᠠᠬᠤ ᠦᠨᠡᠮᠯᠡᠯ ᠪᠣᠶᠤ ᠤᠷᠤᠭ ᠰᠠᠯᠬᠤ ᠦᠨᠡᠮᠯᠡᠯ ᠨᠦᠬᠦᠵᠦ ᠠᠪᠬᠤ ᠨᠦᠬᠦᠴᠡᠯ ᠳᠤ ᠨᠡᠶᠢᠴᠡᠭᠰᠡᠨ ᠲᠤᠬᠠᠢ ᠶᠢᠨ ᠬᠦᠮᠦᠨ ︽ᠤᠷᠤᠭ ᠳᠠᠩᠰᠠᠯᠠᠬᠤ ᠦᠨᠡᠮᠯᠡᠯ ᠢ ᠨᠦᠬᠦᠵᠦ ᠠᠪᠬᠤ ᠭᠤᠶᠤᠴᠢᠯᠠᠯ ᠤᠨ ᠢᠯᠡᠷᠬᠡᠶᠢᠯᠡᠯᠲᠡ︾  ᠶᠢ ᠲᠠᠭᠯᠠᠨ᠎ᠠ᠃      ᠴᠠᠭ ᠤᠨ ᠬᠢᠵᠠᠭᠠᠷᠯᠠᠯ᠄ ᠲᠤᠰ ᠡᠳᠦᠷ ᠲᠡᠭᠡᠨ ᠭᠦᠢᠴᠡᠳᠬᠡᠨ᠎ᠡ᠃                    ᠨᠦᠬᠦᠴᠡᠯ ᠳᠤ ᠨᠡᠶᠢᠴᠡᠬᠦ ᠦᠭᠡᠢ ᠶᠢ ᠨᠢ ᠰᠢᠯᠲᠠᠭᠠᠨ ᠢ ᠨᠢ ᠲᠣᠳᠤᠷᠬᠠᠶᠢᠯᠠᠵᠤ ᠦᠭᠭᠦᠨ᠎ᠡ᠃      ᠬᠢᠨᠠᠬᠤ      ᠲᠤᠬᠠᠢ ᠶᠢᠨ ᠬᠦᠮᠦᠨ ᠤ ᠲᠤᠰᠢᠶ᠋ᠭᠰᠠᠨ ᠭᠡᠷᠡᠴᠢ ᠪᠢᠴᠢᠭ ᠪᠣᠯᠤᠨ ᠬᠡᠷᠡᠴᠢᠯᠡᠬᠦ ᠮᠠᠲ᠋ᠧᠷᠢᠶᠠᠯ ᠨᠢ ᠬᠠᠤᠯᠢ ᠳᠤ ᠨᠡᠶᠢᠴᠡᠬᠦ ᠡᠰᠡᠬᠦ᠂ ᠬᠦᠴᠦᠨ ᠲᠠᠢ ᠡᠰᠡᠬᠦ ᠶᠢ ᠬᠢᠨᠠᠨ ᠬᠠᠷᠭᠤᠭᠤᠯᠵᠤ᠂ ᠲᠤᠬᠠᠢ ᠶᠢᠨ ᠬᠦᠮᠦᠨ ᠠᠴᠠ ᠬᠠᠮᠢᠶ᠎ᠠ ᠪᠦᠬᠦᠢ ᠪᠠᠶᠢᠳᠠᠯ ᠢ ᠠᠰᠠᠭᠤᠨ᠎ᠠ᠃      ᠴᠠᠭ ᠤᠨ ᠬᠢᠵᠠᠭᠠᠷᠯᠠᠯ᠄ ᠲᠤᠰ ᠡᠳᠦᠷ ᠲᠡᠭᠡᠨ ᠭᠦᠢᠴᠡᠳᠬᠡᠨ᠎ᠡ᠃      ᠨᠦᠭᠦᠴᠡᠯ ᠳᠤ ᠨᠡᠶᠢᠴᠡᠬᠦ ᠦᠭᠡᠢ ᠪᠣᠯ ᠲᠤᠬᠠᠢ ᠶᠢᠨ ᠬᠦᠮᠦᠨ ᠳᠤ ᠬᠠᠮᠢᠶ᠎ᠠ ᠪᠦᠬᠦᠢ ᠬᠠᠤᠯᠢ ᠴᠠᠭᠠᠵᠠ ᠶᠢᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠨ᠎ᠠ᠃       ᠦᠨᠡᠮᠯᠡᠯ ᠨᠦᠬᠦᠵᠦ ᠣᠯᠭᠤᠬᠤ      ᠤᠷᠤᠭ ᠳᠠᠩᠰᠠᠯᠠᠭᠴᠢ ᠠᠴᠠ ᠨᠦᠬᠦᠵᠦ ᠣᠯᠭᠤᠬᠤ ᠨᠦᠬᠦᠴᠡᠯ ᠳᠤ ᠨᠡᠶᠢᠴᠡᠭᠰᠡᠳ ᠤᠨ ︽ᠤᠷᠤᠭ ᠳᠠᠩᠰᠠᠯᠠᠬᠤ ᠦᠨᠡᠮᠯᠡᠯ ᠢ ᠨᠦᠬᠦᠵᠦ ᠣᠯᠭᠤᠬᠤ ᠬᠢᠨᠠᠨ ᠭᠦᠢᠴᠡᠳᠬᠡᠬᠦ ᠬᠦᠰᠦᠨᠦᠭ︾ ᠪᠣᠯᠤᠨ ᠤᠷᠤᠭ ᠳᠠᠩᠰᠠᠯᠠᠬᠤ ᠦᠨᠡᠮᠯᠡᠯ ᠢ ᠲᠠᠭᠯᠠᠨ᠎ᠠ᠃ ᠤᠷᠤᠭ ᠳᠠᠩᠰᠠᠯᠠᠭᠴᠢ ᠬᠢᠨᠠᠨ ᠭᠦᠢᠴᠡᠳᠬᠡᠭᠰᠡᠨ ᠬᠦᠰᠦᠨᠦᠭᠲᠦ ᠪᠣᠯᠤᠨ ᠤᠷᠤᠭᠯᠠᠬᠤ ︵ᠤᠷᠤᠭ ᠰᠠᠯᠬᠤ︶ ᠶᠢ ᠳᠠᠩᠰᠠᠯᠠᠬᠤ ᠦᠨᠡᠮᠯᠡᠯ ᠭᠠᠷᠭᠠᠵᠤ᠂ ᠲᠤᠬᠠᠢ ᠶᠢᠨ ᠬᠦᠮᠦᠨ ᠳᠤ ᠤᠷᠤᠭᠯᠠᠬᠤ ︵ᠤᠷᠤᠭ ᠰᠠᠯᠬᠤ︶ ᠦᠨᠡᠮᠯᠡᠯ ᠣᠯᠭᠤᠨ᠎ᠠ᠃      ᠴᠠᠭ ᠤᠨ ᠬᠢᠵᠠᠭᠠᠷᠯᠠᠯ᠄ ᠲᠤᠰ ᠡᠳᠦᠷ ᠲᠡᠭᠡᠨ ᠭᠦᠢᠴᠡᠳᠬᠡᠨ᠎ᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号