ᠭᠦᠢᠴᠡᠳᠬᠡᠬᠦ ᠠᠯᠬᠤᠮ ᠳᠠᠷᠠᠭ᠎ᠠ
ᠨᠡᠶᠢᠲᠡᠯᠡᠭᠰᠡᠨ ᠴᠠᠭ᠄
2016/4/1
                ᠭᠦᠢᠴᠡᠳᠬᠡᠬᠦ ᠠᠯᠬᠤᠮ ᠳᠠᠷᠠᠭ᠎ᠠ      ︵ᠨᠢᠭᠡ︶ ᠬᠦᠮᠦᠨ ᠠᠮᠠ ᠪᠣᠯᠤᠨ ᠲᠦᠯᠦᠪᠯᠡᠭᠡᠲᠦ ᠦᠷᠡᠵᠢᠯ ᠤᠨ ᠰᠠᠯᠠᠭ᠎ᠠ ᠮᠦᠴᠢᠷ᠂ ᠭᠠᠴᠠᠭ᠎ᠠ ᠱᠠᠲᠤᠨ ᠤ ᠲᠥᠯᠥᠪᠯᠡᠭᠡᠲᠦ ᠦᠷᠡᠵᠢᠯ ᠤᠨ ᠠᠵᠢᠯᠲᠠᠨ ᠬᠠᠤᠯᠢ ᠶᠣᠰᠤᠨ ᠤ ᠤᠷᠤᠭ ᠤᠨ ᠬᠠᠷᠢᠴᠠᠭ᠎ᠠ ᠲᠠᠢ ᠦᠷ᠎ᠡ ᠬᠡᠥᠬᠡᠳ ᠦᠭᠡᠢ ︵ᠲᠦᠷᠦᠭᠰᠡᠨ ᠪᠣᠶᠤ ᠲᠦᠷᠦᠭᠰᠡᠨ ᠪᠣᠰᠣ︶ ᠡᠷ᠎ᠡ ᠡᠮ᠎ᠡ ᠬᠤᠶᠠᠭᠤᠯᠠ ᠳᠤ ᠵᠢᠷᠮᠦᠰᠦᠯᠡᠬᠦ ᠠᠴᠠ ᠡᠮᠦᠨ᠎ᠡ ︽ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠦᠨᠡᠮᠯᠡᠯ︾ ᠣᠯᠭᠤᠨ᠎ᠠ᠃ ᠬᠠᠤᠯᠢ ᠠᠴᠠ ᠭᠠᠳᠠᠭᠤᠷ ᠬᠠᠮᠲᠤ ᠠᠮᠢᠳᠤᠷᠠᠭᠰᠠᠨ ᠦᠷ᠎ᠡ ᠬᠡᠥᠬᠡᠳ ᠦᠭᠡᠢ ︵ᠲᠦᠷᠦᠭᠰᠡᠨ ᠪᠣᠶᠤ ᠲᠦᠷᠦᠭᠰᠡᠨ ᠪᠣᠰᠣ︶ ᠬᠦᠩᠭᠡᠵᠢᠬᠦ ᠨᠠᠰᠤᠨ ᠤ ᠡᠷᠡᠭᠲᠡᠢ ᠡᠮᠡᠭᠲᠡᠢ ᠬᠤᠶᠠᠷ ᠲᠤ ᠬᠠᠤᠯᠢ ᠶᠤᠰᠤᠭᠠᠷ ᠤᠷᠤᠭᠯᠠᠭᠰᠠᠨ ᠤ ᠳᠠᠷᠠᠭ᠎ᠠ ᠬᠡᠥᠬᠡᠳ ᠠᠪᠬᠤ ᠬᠦᠮᠦᠵᠢᠯ ᠬᠢᠨ᠎ᠠ᠃ ᠤᠷᠤᠭ ᠳᠠᠩᠰᠠᠯᠠᠬᠤ ᠨᠦᠬᠦᠴᠡᠯ ᠳᠤ ᠨᠡᠶᠢᠴᠡᠵᠦ᠂ ᠬᠦᠩᠭᠡᠵᠢᠭᠰᠡᠨ ᠤ ᠳᠠᠷᠠᠭ᠎ᠠ ᠭᠤᠷᠪᠠᠨ ᠰᠠᠷ᠎ᠠ ᠶᠢᠨ ᠳᠣᠲᠤᠷ᠎ᠠ ᠤᠷᠤᠭ ᠳᠠᠩᠰᠠᠯᠠᠬᠤ ᠭᠠᠷ ᠭᠦᠢᠴᠡᠳᠬᠡᠯ ᠢᠶᠠᠨ ᠨᠦᠬᠦᠵᠦ ᠠᠪᠤᠭᠰᠠᠳ ᠢ ᠰᠢᠭᠦᠮᠵᠢᠯᠡᠨ ᠰᠤᠷᠭᠠᠵᠤ᠂ ︽ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠦᠨᠡᠮᠯᠡᠯ︾ ᠢ ᠨᠦᠬᠦᠵᠦ ᠣᠯᠭᠤᠨ᠎ᠠ᠃      ︽ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠦᠨᠡᠮᠯᠡᠯ︾ ᠠᠪᠬᠤ ᠭᠡᠵᠦ ᠪᠠᠶᠢᠭ᠎ᠠ ᠡᠷ᠎ᠡ ᠡᠮ ᠬᠤᠶᠠᠭᠤᠯᠠ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠳᠡᠭᠡᠨ ᠭᠤᠶᠤᠴᠢᠯᠠᠵᠦ᠂ ︽ᠨᠢᠭᠡᠳᠦᠬᠡᠷ ᠬᠡᠥᠬᠡᠳ ᠠᠪᠬᠤ ᠭᠤᠶᠤᠴᠢᠯᠠᠯ ᠤᠨ ᠳᠠᠩᠰᠠᠯᠠᠬᠤ ᠬᠦᠰᠦᠨᠦᠭ︾ ᠢ ᠲᠠᠭᠯᠠᠵᠤ᠂ ᠳᠣᠣᠷᠠᠬᠢ ᠮᠠᠲ᠋ᠧᠷᠢᠶᠠᠯ ᠤᠳ ᠢ ᠲᠤᠰᠢᠶᠠᠨ᠎ᠠ᠄      1. ᠡᠷ᠎ᠡ ᠡᠮ᠎ᠡ ᠬᠤᠶᠠᠭᠤᠯᠠ ᠶᠢᠨ ᠣᠶᠢᠷ᠎ᠠ ᠶᠢᠨ ᠬᠤᠭᠤᠴᠠᠭᠠᠨ ᠤ 2 ᠢᠮᠠᠬᠤ ᠶᠢᠨ ᠬᠠᠮᠲᠤ ᠶᠢᠨ ᠰᠡᠭᠦᠳᠡᠷ ︵2 ᠬᠤᠪᠢ︶᠃      2. ᠡᠷ᠎ᠡ ᠡᠮ᠎ᠡ ᠬᠤᠶᠠᠭᠤᠯᠠ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠤᠭ ᠬᠡᠪ ᠪᠠ ᠳᠠᠷᠤᠮᠠᠯᠯᠠᠭᠰᠠᠨ ᠬᠡᠪ ᠲᠤᠰ ᠲᠤᠰ ᠨᠢᠭᠡ ᠬᠤᠪᠢ᠃      3. ᠡᠷᠦᠬᠡ ᠠᠮᠠ ᠶᠢᠨ ᠳᠡᠪᠲᠡᠷ᠃ ᠡᠷᠦᠬᠡ ᠠᠮᠠ ᠨᠢ ᠭᠤᠶᠤᠴᠢᠯᠠᠵᠤ ᠪᠠᠶᠢᠭ᠎ᠠ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠳᠤ ᠬᠠᠷᠢᠶᠠᠯᠠᠭᠳᠠᠬᠤ ᠦᠭᠡᠢ ᠪᠣᠶᠤ ᠡᠷᠦᠬᠡ ᠠᠮᠠ ᠶᠢᠨ ᠳᠡᠪᠲᠡᠷ ᠦᠭᠡᠢ ᠨᠢᠭᠡ ᠲᠠᠯ᠎ᠠ ᠨᠢ ᠡᠷᠦᠬᠡ ᠠᠮᠠ ᠶᠢᠨ ᠭᠡᠷᠡᠴᠢ ᠭᠠᠷᠭᠠᠨ᠎ᠠ᠃      4. ᠤᠷᠤᠭ ᠤᠨ ᠪᠠᠲᠤᠯᠠᠪᠦᠷᠢ᠃ ᠤᠷᠤᠭ ᠰᠠᠯᠤᠭᠰᠠᠨ ᠤ ᠳᠠᠷᠠᠭ᠎ᠠ ᠳᠠᠬᠢᠵᠤ ᠤᠷᠤᠭᠯᠠᠭᠰᠠᠳ ᠤᠷᠤᠭ ᠰᠠᠯᠤᠭᠰᠠᠨ ᠦᠨᠡᠮᠯᠡᠯ᠂ ᠤᠷᠤᠭ ᠰᠠᠯᠬᠤ ᠵᠦᠪᠳᠡᠯᠴᠡᠭᠡᠷ ᠤᠨ ᠪᠢᠴᠢᠭ ᠪᠣᠶᠤ ᠡᠶᠡᠳᠡᠭᠦᠯᠭᠡ ᠶᠢᠨ ᠪᠢᠴᠢᠭ᠂ ᠤᠷᠤᠭ ᠰᠠᠯᠬᠤ ᠲᠠᠰᠤᠯᠤᠯᠲᠠ ᠶᠢᠨ ᠪᠢᠴᠢᠭ ᠤᠨ ᠤᠭ ᠬᠡᠪ ᠪᠣᠯᠤᠨ ᠳᠠᠷᠤᠮᠠᠯᠯᠠᠭᠰᠠᠨ ᠬᠡᠪ ᠢ ᠲᠤᠰ ᠲᠤᠰ ᠨᠢᠭᠡ ᠬᠤᠪᠢ ᠲᠤᠰᠢᠶᠠᠨ᠎ᠠ︔ ᠬᠠᠨᠢ ᠪᠠᠨ ᠠᠯᠳᠠᠵᠤ ᠳᠠᠬᠢᠵᠤ ᠤᠷᠤᠭᠯᠠᠭᠰᠠᠳ ᠦᠬᠦᠯ ᠤᠨ ᠭᠡᠷᠡᠴᠢ ᠤᠨ ᠤᠭ ᠬᠡᠪ ᠪᠣᠯᠤᠨ ᠳᠠᠷᠤᠮᠠᠯᠯᠠᠭᠰᠠᠨ ᠬᠡᠪ ᠢ ᠲᠤᠰ ᠲᠤᠰ ᠨᠢᠭᠡ ᠬᠤᠪᠢ ᠲᠤᠰᠢᠶᠠᠨ᠎ᠠ᠃5. ᠤᠷᠤᠭ ᠪᠠ ᠦᠷᠡᠵᠢᠯ ᠤᠨ ᠪᠠᠶᠢᠳᠠᠯ ᠤᠨ ᠭᠡᠷᠡᠴᠢ᠃ ᠡᠷ᠎ᠡ ᠡᠮ᠎ᠡ ᠬᠤᠶᠠᠭᠤᠯᠠ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠪᠣᠯᠤᠨ ᠪᠠᠶᠢᠩᠭᠤ ᠰᠠᠭᠤᠭ᠎ᠠ ᠭᠠᠵᠠᠷ ᠨᠢ ᠠᠳᠠᠯᠢ ᠦᠭᠡᠢ ᠪᠠᠶᠢᠳᠠᠯ ᠳᠤ᠂ ᠰᠣᠮᠣ ᠰᠢᠶᠠᠩ ᠪᠠᠯᠭᠠᠰᠤ ᠵᠡᠭᠡᠯᠢ ᠭᠤᠳᠤᠮᠵᠢ ᠠᠴᠠ ᠭᠠᠳᠠᠨᠠᠬᠢ ᠬᠤᠰᠢᠭᠤᠨ ᠳᠣᠲᠤᠷᠠᠬᠢ ᠪᠣᠯ ᠪᠠᠶᠢᠩᠭᠤ ᠰᠠᠭᠤᠭ᠎ᠠ ᠭᠠᠵᠠᠷ ᠪᠣᠯᠤᠨ ᠡᠷᠦᠬᠡ ᠠᠮᠠ ᠪᠠᠶᠢᠭ᠎ᠠ ᠭᠠᠵᠠᠷ ᠤᠨ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠠᠴᠠ ᠲᠤᠰ ᠲᠤᠰ ᠭᠡᠷᠡᠴᠢ ᠭᠠᠷᠭᠠᠵᠤ᠂ ᠬᠠᠷᠢᠶᠠᠯᠠᠭᠳᠠᠬᠤ ᠰᠣᠮᠣ ᠪᠠᠯᠭᠠᠰᠤᠨ ᠤ ᠲᠥᠯᠥᠪᠯᠡᠭᠡᠲᠦ ᠦᠷᠡᠵᠢᠯ ᠤᠨ ᠠᠯᠪᠠᠨ ᠭᠡᠷ ᠬᠢᠨᠠᠨ ᠬᠠᠷᠭᠤᠭᠤᠯᠵᠤ ᠭᠠᠷ ᠤᠨ ᠦᠰᠦᠭ ᠵᠢᠷᠤᠨ᠎ᠠ︔ ᠬᠤᠰᠢᠭᠤᠨ ᠤ ᠭᠠᠳᠠᠨᠠᠬᠢ ᠪᠣᠯ᠂ ᠪᠠᠶᠢᠩᠭᠤ ᠰᠠᠭᠤᠭ᠎ᠠ ᠭᠠᠵᠠᠷ ᠪᠣᠯᠤᠨ ᠡᠷᠦᠬᠡ ᠠᠮᠠ ᠪᠠᠶᠢᠭ᠎ᠠ ᠭᠠᠵᠠᠷ ᠤᠨ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠠᠴᠠ ᠲᠤᠰ ᠲᠤᠰ ᠭᠡᠷᠡᠴᠢ ᠭᠠᠷᠭᠠᠵᠤ᠂ ᠰᠣᠮᠤ ᠪᠠᠯᠭᠠᠰᠤᠨ ᠤ ᠲᠥᠯᠥᠪᠯᠡᠭᠡᠲᠦ ᠦᠷᠡᠵᠢᠯ ᠤᠨ ᠠᠯᠪᠠᠨ ᠭᠡᠷ ᠪᠠ ᠬᠤᠰᠢᠭᠤ᠂ ᠰᠢᠶᠠᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠲᠣᠪᠴᠢᠶ᠎ᠠ ᠬᠢᠨᠠᠨ ᠬᠠᠷᠭᠤᠭᠤᠯᠵᠤ ᠭᠠᠷ ᠤᠨ ᠦᠰᠦᠭ ᠵᠢᠷᠤᠨ᠎ᠠ᠃      ︵ᠬᠤᠶᠠᠷ︶ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠭᠤᠶᠤᠴᠢᠯᠠᠯ ᠢ ᠬᠦᠯᠢᠶᠡᠨ ᠠᠪᠤᠭᠰᠠᠨ ᠤ ᠳᠠᠷᠠᠭ᠎ᠠ᠂ ᠪᠢᠴᠢᠭ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠶᠢ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ᠂ ᠲᠥᠯᠥᠪᠯᠡᠭᠡᠲᠦ ᠦᠷᠡᠵᠢᠯ ᠢ ᠬᠤᠪᠢᠶᠠᠷᠢᠯᠠᠨ ᠬᠠᠷᠢᠭᠤᠴᠠᠭ᠎ᠠ ᠳᠡᠳ᠋ ᠡᠷᠬᠢᠯᠡᠭᠴᠢ ᠵᠢᠴᠢ ᠲᠥᠯᠥᠪᠯᠡᠭᠡᠲᠦ ᠦᠷᠡᠵᠢᠯ ᠤᠨ ᠲᠤᠰᠬᠠᠢ ᠠᠵᠢᠯᠲᠠᠨ ᠨᠠᠷ ᠲᠤᠭᠲᠠᠮᠠᠯ ᠬᠤᠷᠠᠯ ᠬᠤᠷᠠᠯᠳᠤᠭᠤᠯᠵᠤ ᠬᠢᠨᠠᠨ ᠬᠠᠷᠭᠤᠭᠤᠯᠤᠨ᠎ᠠ᠃ ᠦᠷᠡᠵᠢᠯ ᠤᠨ ᠲᠥᠷᠥ ᠶᠢᠨ ᠪᠣᠳᠤᠯᠭ᠎ᠠ ᠳᠤ ᠨᠡᠶᠢᠴᠡᠭᠰᠡᠳ ᠲᠤ ︽ᠨᠢᠭᠡᠳᠦᠭᠡᠷ ᠬᠡᠥᠬᠡᠳ ᠠᠪᠬᠤ ᠭᠤᠶᠤᠴᠢᠯᠠᠯ ᠤᠨ ᠳᠠᠩᠰᠠᠯᠠᠬᠤ ᠬᠦᠰᠦᠨᠦᠭᠲᠦ︾ ᠳᠡᠭᠡᠷ᠎ᠡ ᠭᠠᠷ ᠤᠨ ᠦᠰᠦᠭ ᠵᠢᠷᠤᠵᠤ᠂ ᠰᠤᠮᠤ ᠪᠠᠯᠭᠠᠰᠤᠨ ᠤ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠥᠷᠲᠡᠭᠡ ᠳᠤ ᠮᠡᠳᠡᠭᠦᠯᠦᠨ᠎ᠡ︔ ᠦᠷᠡᠵᠢᠯ ᠤᠨ ᠲᠥᠷᠥ ᠶᠢᠨ ᠪᠣᠳᠤᠯᠭ᠎ᠠ ᠳᠤ ᠨᠡᠶᠢᠴᠡᠬᠦ ᠦᠭᠡᠢ ᠶᠢ ᠨᠢ᠂ ︽ᠦᠷᠡᠵᠢᠯ ᠢ ᠵᠦᠪᠰᠢᠶᠡᠷᠡᠬᠦ ᠦᠭᠡᠢ ︵ᠲᠥᠷ ᠬᠤᠶᠢᠰᠢᠯᠠᠭᠤᠯᠬᠤ︶ ᠮᠡᠳᠡᠭᠳᠡᠯ ᠤᠨ ᠪᠢᠴᠢᠭ︾ ᠣᠯᠭᠤᠨ᠎ᠠ᠃      ︵ᠭᠤᠷᠪᠠ︶ ᠰᠣᠮᠤ ᠪᠠᠯᠭᠠᠰᠤᠨ ᠤ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠥᠷᠲᠡᠭᠡ ︽ᠨᠢᠭᠡᠳᠦᠭᠡᠷ ᠬᠡᠥᠬᠡᠳ ᠠᠪᠬᠤ ᠭᠤᠶᠤᠴᠢᠯᠠᠯ ᠤᠨ ᠳᠠᠩᠰᠠᠯᠠᠬᠤ ᠬᠦᠰᠦᠨᠦᠭᠲᠦ︾ ᠪᠠ ᠪᠢᠴᠢᠭ ᠮᠠᠲ᠋ᠧᠷᠢᠶᠠᠯ ᠢ ᠤᠯᠤᠭᠰᠠᠨ ᠤ ᠳᠠᠷᠠᠭ᠎ᠠ᠂ ᠡᠷᠬᠢᠯᠡᠭᠴᠢ᠂ ᠪᠦᠷᠢᠳᠬᠡᠭᠴᠢ ᠪᠣᠯᠤᠨ ᠦᠢᠯᠡᠴᠢᠯᠡᠭᠡᠨ ᠤ ᠦᠨᠡᠮᠯᠡᠯ ᠢ ᠬᠠᠮᠢᠶᠠᠷᠤᠭᠴᠢ ᠠᠴᠠ ᠲᠣᠭᠲᠠᠮᠠᠯ ᠬᠤᠷᠠᠯ ᠬᠤᠷᠠᠯᠳᠤᠭᠤᠯᠵᠤ ᠬᠢᠨᠠᠨ ᠬᠠᠷᠭᠤᠭᠤᠯᠤᠨ᠎ᠠ᠃ ᠲᠤᠰᠢᠶᠠᠭᠰᠠᠨ ᠮᠠᠲ᠋ᠧᠷᠢᠶᠠᠯ ᠨᠢ ᠪᠦᠷᠢᠨ ᠭᠦᠢᠴᠡᠳ ᠪᠦᠭᠡᠳ ᠦᠨᠡᠨ ᠪᠣᠳᠠᠲᠠᠢ᠂ ᠦᠷᠡᠵᠢᠯ ᠤᠨ ᠲᠥᠷᠥ ᠶᠢᠨ ᠪᠣᠳᠤᠯᠭ᠎ᠠ ᠳᠤ ᠨᠡᠶᠢᠴᠡᠭᠰᠡᠳ ᠤᠨ ︽ᠨᠢᠭᠡᠳᠦᠭᠡᠷ ᠬᠡᠥᠬᠡᠳ ᠠᠪᠬᠤ ᠭᠤᠶᠤᠴᠢᠯᠠᠯ ᠤᠨ ᠳᠠᠩᠰᠠᠯᠠᠬᠤ ᠬᠦᠰᠦᠨᠦᠭᠲᠦ︾ ᠳᠡᠭᠡᠷ᠎ᠡ ᠭᠠᠷ ᠤᠨ ᠦᠰᠦᠭ ᠵᠢᠷᠤᠵᠤ᠂ ︽ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠦᠨᠡᠮᠯᠡᠯ︾ ᠣᠯᠭᠤᠨ᠎ᠠ︔ ᠨᠡᠶᠢᠴᠡᠬᠦ ᠦᠭᠡᠢ ᠪᠣᠯ ︽ᠦᠷᠡᠵᠢᠯ ᠳᠣᠬᠢᠷᠠᠭᠤᠯᠬᠤ ᠦᠭᠡᠢ ︵ᠲᠥᠷ ᠬᠤᠶᠢᠰᠢᠯᠠᠭᠤᠯᠬᠤ︶ ᠮᠡᠳᠡᠭᠳᠡᠯ ᠤᠨ ᠪᠢᠴᠢᠭ︾ ᠣᠯᠭᠤᠨ᠎ᠠ︔ ᠰᠠᠭᠤᠭᠠᠯᠢ ᠠᠷᠠᠳ  ᠤᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠤᠷᠤᠭ ᠤᠨ ᠪᠠᠲᠤᠯᠠᠪᠦᠷᠢ ᠵᠢᠴᠢ ᠬᠠᠮᠢᠶ᠎ᠠ ᠪᠦᠬᠦᠢ ᠭᠡᠷᠡᠴᠢ ᠪᠢᠴᠢᠭ ᠢ ᠡᠷᠦᠬᠡ ᠠᠮᠠ ᠶᠢᠨ ᠭᠡᠷᠡᠴᠢ ᠪᠣᠯᠤᠨ ᠤᠷᠤᠭ ᠤᠨ ᠪᠠᠶᠢᠳᠠᠯ ᠤᠨ ᠭᠡᠷᠡᠴᠢ ᠲᠠᠢ ᠬᠠᠮᠲᠤ ︽ᠨᠢᠭᠡᠳᠦᠭᠡᠷ ᠬᠡᠥᠬᠡᠳ ᠠᠪᠬᠤ ᠭᠤᠶᠤᠴᠢᠯᠠᠯ ᠤᠨ ᠳᠠᠩᠰᠠᠯᠠᠬᠤ ᠬᠦᠰᠦᠨᠦᠭᠲᠦ︾ ᠤᠨ ᠠᠷᠤ ᠳᠤ ᠳᠠᠭᠠᠯᠳᠤᠭᠤᠯᠵᠤ ᠭᠡᠷᠡᠴᠢ ᠪᠠᠷᠢᠮᠲᠠ ᠪᠣᠯᠭᠠᠵᠤ ᠬᠠᠳᠠᠭᠠᠯᠠᠨ᠎ᠠ᠃      ︵ᠳᠥᠷᠪᠡ︶ ᠰᠤᠮᠤ ᠪᠠᠯᠭᠠᠰᠤᠨ ᠤ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠥᠷᠲᠡᠭᠡ ᠳᠠᠩᠰᠠᠯᠠᠭᠰᠠᠨ ᠤ ᠳᠠᠷᠠᠭ᠎ᠠ᠂ ︽ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠦᠨᠡᠮᠯᠡᠯ︾ ᠪᠣᠶᠤ ︽ᠦᠷᠡᠵᠢᠯ ᠳᠣᠬᠢᠷᠠᠭᠤᠯᠬᠤ ᠦᠭᠡᠢ ︵ᠲᠥᠷ ᠬᠤᠶᠢᠰᠢᠯᠠᠭᠤᠯᠬᠤ︶ ᠮᠡᠳᠡᠭᠳᠡᠯ ᠤᠨ ᠪᠢᠴᠢᠭ︾ ᠵᠢᠴᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠤᠷᠤᠭ ᠤᠨ ᠪᠠᠲᠤᠯᠠᠪᠦᠷᠢ ᠶᠢᠨ ᠤᠭ ᠬᠡᠪ ᠵᠡᠷᠭᠡ  ᠶᠢ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠳᠤ ᠪᠤᠴᠠᠭᠠᠨ᠎ᠠ᠃      ︵ᠲᠠᠪᠤ︶ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ︽ᠦᠷᠡᠵᠢᠯ ᠤᠨ ᠡᠷᠡᠭᠦᠯ ᠮᠡᠨᠳᠦ  ᠶᠢᠨ ᠦᠢᠯᠡᠴᠢᠯᠡᠭᠡᠨ ᠤ ᠦᠨᠡᠮᠯᠡᠯ︾ ᠪᠣᠶᠤ ︽ᠦᠷᠡᠵᠢᠯ ᠳᠣᠬᠢᠷᠠᠭᠤᠯᠬᠤ ᠦᠭᠡᠢ ︵ᠲᠥᠷ ᠬᠤᠶᠢᠰᠢᠯᠠᠭᠤᠯᠬᠤ︶ ᠮᠡᠳᠡᠭᠳᠡᠯ ᠤᠨ ᠪᠢᠴᠢᠭ︾ ᠢ ᠤᠯᠤᠭᠰᠠᠨ ᠤ ᠳᠠᠷᠠᠭ᠎ᠠ᠂ ᠨᠡᠷᠡᠰ ︵ᠶᠠᠪᠤᠭᠤᠯ ᠬᠦᠮᠦᠨ ᠠᠮᠠ ᠶᠢᠨ ᠡᠷᠦᠬᠡ ᠠᠮᠠ ᠪᠠᠶᠢᠭ᠎ᠠ ᠭᠠᠵᠠᠷ ᠪᠣᠯᠤᠨ ᠪᠠᠶᠢᠩᠭᠤ ᠰᠠᠭᠤᠭ᠎ᠠ ᠭᠠᠵᠠᠷ︶ ᠪᠠ ᠰᠤᠮᠤ ᠪᠠᠯᠭᠠᠰᠤᠨ ᠤ ᠲᠦᠯᠦᠪᠯᠡᠭᠡᠲᠦ ᠦᠷᠡᠵᠢᠯ ᠤᠨ ᠠᠯᠪᠠᠨ ᠭᠡᠷ᠂ ᠬᠤᠰᠢᠭᠤ ᠰᠢᠶᠠᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ ᠶᠢ ᠵᠠᠷ ᠨᠠᠭᠠᠭᠠᠨ ᠨᠡᠶᠢᠲᠡᠯᠡᠵᠦ᠂ 7 ᠡᠳᠦᠷ ᠤᠨ ᠳᠣᠲᠤᠷ᠎ᠠ ᠣᠨᠳᠣᠣ ᠰᠠᠨᠠᠯ ᠭᠠᠷᠤᠭᠰᠠᠨ ᠦᠭᠡᠢ ᠪᠠᠶᠢᠪᠠᠯ᠂  ︽ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠦᠨᠡᠮᠯᠡᠯ︾ ᠪᠣᠶᠤ ︽ᠦᠷᠡᠵᠢᠯ ᠳᠣᠬᠢᠷᠠᠭᠤᠯᠬᠤ ᠦᠭᠡᠢ ︵ᠲᠥᠷ ᠬᠤᠶᠢᠰᠢᠯᠠᠭᠤᠯᠬᠤ︶ ᠮᠡᠳᠡᠭᠳᠡᠯ ᠤᠨ ᠪᠢᠴᠢᠭ︾ ᠢ ᠭᠤᠶᠤᠴᠢᠯᠠᠭᠰᠠᠳ  ᠲᠤ ᠲᠠᠷᠬᠠᠭᠠᠨ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠤᠷᠤᠭ ᠤᠨ ᠪᠠᠲᠤᠯᠠᠪᠦᠷᠢ ᠵᠡᠷᠭᠡ ᠶᠢ ᠪᠤᠴᠠᠭᠠᠨ᠎ᠠ᠃ ᠣᠨᠳᠣᠣ ᠰᠠᠨᠠᠯ ᠭᠠᠷᠤᠭᠰᠠᠨ ᠪᠠᠶᠢᠪᠠᠯ᠂ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠨᠢᠭᠡᠨᠲᠡ ᠳᠠᠩᠰᠠᠯᠠᠨ ᠲᠠᠷᠬᠠᠭᠠᠭᠰᠠᠨ ᠪᠣᠯᠪᠠᠴᠤ ︽ᠳᠦᠷᠢᠮ︾ ᠤᠨ ᠲᠣᠭᠲᠠᠭᠠᠯ ᠳᠤ ᠨᠡᠶᠢᠴᠡᠬᠦ ᠦᠭᠡᠢ ︽ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠦᠨᠡᠮᠯᠡᠯ︾ ᠢ ᠲᠠᠷᠬᠠᠭᠠᠭᠰᠠᠨ ᠪᠠᠶᠢᠭᠤᠯᠭ᠎ᠠ ᠳᠤ ᠲᠤᠰᠢᠶᠠᠨ᠂ ᠭᠤᠶᠤᠴᠢᠯᠠᠭᠰᠠᠨ ᠡᠷ᠎ᠡ ᠡᠮ᠎ᠡ ᠬᠤᠶᠠᠭᠤᠯᠠ ᠳᠤ ︽ᠦᠷᠡᠵᠢᠯ ᠳᠣᠬᠢᠷᠠᠭᠤᠯᠬᠤ ᠦᠭᠡᠢ ︵ᠲᠥᠷ ᠬᠤᠶᠢᠰᠢᠯᠠᠭᠤᠯᠬᠤ︶ ᠮᠡᠳᠡᠭᠳᠡᠯ ᠤᠨ ᠪᠢᠴᠢᠭ︾ ᠲᠠᠷᠬᠠᠭᠠᠨ᠎ᠠ︔ ︽ᠳᠦᠷᠢᠮ︾ ᠤᠨ ᠲᠣᠭᠲᠠᠭᠠᠯ ᠳᠤ ᠨᠡᠶᠢᠴᠡᠵᠦ ᠭᠡᠪᠡᠴᠦ ᠨᠢᠭᠡᠨᠲᠡ ︽ᠦᠷᠡᠵᠢᠯ ᠳᠣᠬᠢᠷᠠᠭᠤᠯᠬᠤ ᠦᠭᠡᠢ ︵ᠲᠥᠷ ᠬᠤᠶᠢᠰᠢᠯᠠᠭᠤᠯᠬᠤ︶ ᠮᠡᠳᠡᠭᠳᠡᠯ ᠤᠨ ᠪᠢᠴᠢᠭ︾ ᠢ ᠲᠠᠷᠬᠠᠭᠠᠭᠰᠨ ᠪᠠᠶᠢᠭᠤᠯᠭ᠎ᠠ ᠳᠤ ᠲᠤᠰᠢᠶᠠᠨ᠂ ᠭᠤᠶᠤᠴᠢᠯᠠᠭᠰᠠᠨ ᠡᠷ᠎ᠡ ᠡᠮ᠎ᠡ ᠬᠤᠶᠠᠭᠤᠯᠠ ᠳᠤ ᠳᠠᠬᠢᠵᠤ ︽ᠦᠷᠡᠵᠢᠯ  ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠦᠨᠡᠮᠯᠡᠯ︾ ᠣᠯᠭᠤᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号