ᠮᠠᠲ᠋ᠧᠷᠢᠶᠠᠯ | ︽ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠦᠨᠡᠮᠯᠡᠯ︾ ᠠᠪᠬᠤ ᠡᠷ᠎ᠡ ᠡᠮ᠎ᠡ ᠬᠤᠶᠠᠭᠤᠯᠠ᠂ | ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠳᠤ ᠭᠤᠶᠤᠴᠢᠯᠠᠵᠤ᠂ ︽ᠨᠢᠭᠡᠳᠦᠬᠡᠷ ᠬᠡᠥᠬᠡᠳ | ᠠᠪᠬᠤ ᠭᠤᠶᠤᠴᠢᠯᠠᠯ ᠤᠨ ᠳᠠᠩᠰᠠᠯᠠᠬᠤ ᠬᠦᠰᠦᠨᠦᠭᠲᠦ︾ ᠶᠢ ᠲᠠᠭᠯᠠᠵᠤ᠂ ᠳᠣᠣᠷᠠᠬᠢ ᠪᠢᠴᠢᠭ ᠮᠠᠲ᠋ᠧᠷᠢᠶᠠᠯ ᠤᠳ ᠢ | ᠲᠤᠰᠢᠶᠠᠨ᠎ᠠ᠄ | 1. ᠡᠷ᠎ᠡ ᠡᠮ᠎ᠡ ᠬᠤᠶᠠᠭᠤᠯᠠ ᠶᠢᠨ ᠣᠶᠢᠷ᠎ᠠ ᠶᠢᠨ ᠬᠤᠭᠤᠴᠠᠭᠠᠨ ᠤ 2 ᠢᠮᠠᠬᠤ ᠶᠢᠨ ᠬᠠᠮᠲᠤ ᠶᠢᠨ ᠰᠡᠭᠦᠳᠡᠷ ︵ | 2 ᠬᠤᠪᠢ︶ | 2. ᠡᠷ᠎ᠡ ᠡᠮ᠎ᠡ ᠬᠤᠶᠠᠭᠤᠯᠠ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠤᠭ ᠬᠡᠪ ᠪᠠ | ᠳᠠᠷᠤᠮᠠᠯᠯᠠᠭᠰᠠᠨ ᠬᠡᠪ ᠲᠤᠰ ᠲᠤᠰ ᠨᠢᠭᠡ ᠬᠤᠪᠢ᠃ | 3. ᠡᠷᠦᠬᠡ ᠠᠮᠠ ᠶᠢᠨ ᠳᠡᠪᠲᠡᠷ᠃ ᠭᠤᠶᠤᠴᠢᠯᠠᠵᠤ ᠪᠠᠶᠢᠭ᠎ᠠ ᠭᠠᠴᠠᠭ᠎ᠠ ᠲᠤᠰᠬᠤᠨ ᠤ ︵ᠰᠠᠭᠤᠭᠠᠯᠢ︶ | ᠠᠷᠠᠳ ᠤᠨ ᠵᠦᠪᠯᠡᠯ ᠳᠤ ᠡᠷᠦᠬᠡ ᠠᠮᠠ ᠨᠢ ᠬᠠᠷᠢᠶᠠᠯᠠᠭᠳᠠᠬᠤ ᠦᠭᠡᠢ ᠨᠢᠭᠡ ᠲᠠᠯ᠎ᠠ ᠪᠣᠶᠤ ᠡᠷᠦᠬᠡ ᠠᠮᠠ ᠶᠢᠨ ᠳᠡᠪᠲᠡᠷ | ᠦᠭᠡᠢ ᠪᠣᠯ᠂ ᠡᠷᠦᠬᠡ ᠠᠮᠠ ᠶᠢᠨ ᠭᠡᠷᠡᠴᠢ ᠭᠠᠷᠭᠠᠨ᠎ᠠ᠃ | 4. ᠤᠷᠤᠭ ᠤᠨ ᠪᠠᠲᠤᠯᠠᠪᠦᠷᠢ᠃ ᠤᠷᠤᠭ ᠰᠠᠯᠤᠭᠰᠠᠨ ᠤ ᠳᠠᠷᠠᠭ᠎ᠠ ᠳᠠᠬᠢᠵᠤ ᠤᠷᠤᠭᠯᠠᠭᠰᠠᠳ ᠤᠷᠤᠭ | ᠰᠠᠯᠤᠭᠰᠠᠨ ᠦᠨᠡᠮᠯᠡᠯ᠂ ᠤᠷᠤᠭ ᠰᠠᠯᠬᠤ ᠵᠦᠪᠳᠡᠯᠴᠡᠭᠡᠷ ᠤᠨ ᠪᠢᠴᠢᠭ ᠪᠣᠶᠤ ᠡᠶᠡᠳᠡᠭᠦᠯᠭᠡ ᠶᠢᠨ ᠪᠢᠴᠢᠭ᠂ ᠤᠷᠤᠭ | ᠰᠠᠯᠬᠤ ᠲᠠᠰᠤᠯᠤᠯᠲᠠ ᠶᠢᠨ ᠪᠢᠴᠢᠭ ᠤᠨ ᠤᠭ ᠬᠡᠪ ᠪᠣᠯᠤᠨ ᠳᠠᠷᠤᠮᠠᠯᠯᠠᠭᠰᠠᠨ ᠬᠡᠪ ᠢ ᠲᠤᠰ ᠲᠤᠰ ᠨᠢᠭᠡ ᠬᠤᠪᠢ | ᠲᠤᠰᠢᠶᠠᠨ᠎ᠠ︔ ᠬᠠᠨᠢ ᠪᠠᠨ ᠠᠯᠳᠠᠵᠤ ᠳᠠᠬᠢᠵᠤ ᠤᠷᠤᠭᠯᠠᠭᠰᠠᠳ ᠦᠬᠦᠯ ᠤᠨ ᠭᠡᠷᠡᠴᠢ ᠶᠢᠨ ᠤᠭ ᠬᠡᠪ ᠪᠣᠯᠤᠨ | ᠳᠠᠷᠤᠮᠠᠯᠯᠠᠭᠰᠠᠨ ᠬᠡᠪ ᠢ ᠲᠤᠰ ᠲᠤᠰ ᠨᠢᠭᠡ ᠬᠤᠪᠢ ᠲᠤᠰᠢᠶᠠᠨ᠎ᠠ᠃ | 5. ᠤᠷᠤᠭ ᠪᠠ ᠦᠷᠡᠵᠢᠯ ᠤᠨ ᠪᠠᠶᠢᠳᠠᠯ ᠤᠨ ᠭᠡᠷᠡᠴᠢ᠃ ᠡᠷ᠎ᠡ ᠡᠮ᠎ᠡ ᠬᠤᠶᠠᠭᠤᠯᠠ ᠶᠢᠨ ᠡᠷᠦᠬᠡ ᠠᠮᠠ ᠶᠢᠨ | ᠪᠠᠶᠢᠭ᠎ᠠ ᠭᠠᠵᠠᠷ ᠪᠣᠯᠤᠨ ᠪᠠᠶᠢᠩᠭᠤ ᠰᠠᠭᠤᠭ᠎ᠠ ᠭᠠᠵᠠᠷ ᠨᠢ ᠠᠳᠠᠯᠢ ᠦᠭᠡᠢ ᠪᠠᠶᠢᠳᠠᠯ ᠳᠤ᠂ ᠰᠣᠮᠣ ᠰᠢᠶᠠᠩ ᠪᠠᠯᠭᠠᠰᠤ | ᠵᠡᠭᠡᠯᠢ ᠭᠤᠳᠤᠮᠵᠢ ᠠᠴᠠ ᠭᠠᠳᠠᠨᠠᠬᠢ ᠬᠤᠰᠢᠭᠤᠨ ᠳᠣᠲᠤᠷᠠᠬᠢ ᠪᠣᠯ ᠪᠠᠶᠢᠩᠭᠤ ᠰᠠᠭᠤᠭ᠎ᠠ ᠭᠠᠵᠠᠷ ᠪᠣᠯᠤᠨ ᠡᠷᠦᠬᠡ | ᠠᠮᠠ ᠪᠠᠶᠢᠭ᠎ᠠ ᠭᠠᠵᠠᠷ ᠤᠨ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠠᠴᠠ ᠲᠤᠰ ᠲᠤᠰ | ᠭᠡᠷᠡᠴᠢ ᠭᠠᠷᠭᠠᠵᠤ᠂ ᠬᠠᠷᠢᠶᠠᠯᠠᠭᠳᠠᠬᠤ ᠰᠣᠮᠣ ᠪᠠᠯᠭᠠᠰᠤᠨ ᠤ ᠲᠥᠯᠥᠪᠯᠡᠭᠡᠲᠦ ᠦᠷᠡᠵᠢᠯ ᠤᠨ ᠠᠯᠪᠠᠨ ᠭᠡᠷ ᠬᠢᠨᠠᠨ | ᠬᠠᠷᠭᠤᠭᠤᠯᠵᠤ ᠭᠠᠷ ᠤᠨ ᠦᠰᠦᠭ ᠵᠢᠷᠤᠨ᠎ᠠ︔ ᠬᠤᠰᠢᠭᠤᠨ ᠤ ᠭᠠᠳᠠᠨᠠᠬᠢ ᠪᠣᠯ᠂ ᠪᠠᠶᠢᠩᠭᠤ ᠰᠠᠭᠤᠭ᠎ᠠ ᠭᠠᠵᠠᠷ | ᠪᠣᠯᠤᠨ ᠡᠷᠦᠬᠡ ᠠᠮᠠ ᠪᠠᠶᠢᠭ᠎ᠠ ᠭᠠᠵᠠᠷ ᠤᠨ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠠᠴᠠ | ᠲᠤᠰ ᠲᠤᠰ ᠭᠡᠷᠡᠴᠢ ᠭᠠᠷᠭᠠᠵᠤ᠂ ᠰᠣᠮᠤ ᠪᠠᠯᠭᠠᠰᠤᠨ ᠤ ᠲᠥᠯᠥᠪᠯᠡᠭᠡᠲᠦ ᠦᠷᠡᠵᠢᠯ ᠤᠨ ᠠᠯᠪᠠᠨ ᠭᠡᠷ ᠪᠠ ᠬᠤᠰᠢᠭᠤ᠂ | ᠰᠢᠶᠠᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠲᠣᠪᠴᠢᠶ᠎ᠠ ᠬᠢᠨᠠᠨ ᠬᠠᠷᠭᠤᠭᠤᠯᠵᠤ ᠭᠠᠷ ᠤᠨ | ᠦᠰᠦᠭ ᠵᠢᠷᠤᠨ᠎ᠠ᠃ |