ᠭᠦᠢᠴᠡᠳᠬᠡᠬᠦ ᠠᠯᠬᠤᠮ ᠳᠠᠷᠠᠭ᠎ᠠ
ᠨᠡᠶᠢᠲᠡᠯᠡᠭᠰᠡᠨ ᠴᠠᠭ᠄
2016/4/1
            ᠭᠦᠢᠴᠡᠳᠬᠡᠬᠦ ᠠᠯᠬᠤᠮ ᠳᠠᠷᠠᠭ᠎ᠠ      ︵ᠨᠢᠭᠡ︶ ︽ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠦᠨᠡᠮᠯᠡᠯ︾ ᠠᠪᠬᠤ ᠭᠡᠵᠦ ᠪᠠᠶᠢᠭ᠎ᠠ ᠡᠷ᠎ᠡ ᠡᠮ ᠬᠤᠶᠠᠭᠤᠯᠠ ᠤᠷᠢᠳᠠᠪᠠᠷ ︽ᠳᠠᠬᠢᠵᠤ ᠬᠡᠥᠬᠡᠳ ᠠᠪᠬᠤ ᠭᠤᠶᠤᠴᠢᠯᠠᠯ ᠤᠨ ᠵᠦᠪᠰᠢᠶᠡᠷᠡᠬᠦ ᠬᠦᠰᠦᠨᠦᠭᠲᠦ︾ ᠢ ᠲᠠᠭᠯᠠᠵᠤ᠂ ᠳᠣᠣᠷᠠᠬᠢ ᠮᠠᠲ᠋ᠧᠷᠢᠶᠠᠯ ᠤᠳ ᠢ ᠲᠤᠰᠢᠶᠠᠨ᠎ᠠ᠄      1. ᠡᠷ᠎ᠡ ᠡᠮ᠎ᠡ ᠬᠤᠶᠠᠭᠤᠯᠠ ᠶᠢᠨ ᠣᠶᠢᠷ᠎ᠠ ᠶᠢᠨ ᠬᠤᠭᠤᠴᠠᠭᠠᠨ ᠤ 2 ᠢᠮᠠᠬᠤ ᠶᠢᠨ ᠬᠠᠮᠲᠤ ᠶᠢᠨ ᠰᠡᠭᠦᠳᠡᠷ ︵2 ᠬᠤᠪᠢ︶᠃      2. ᠡᠷ᠎ᠡ ᠡᠮ᠎ᠡ ᠬᠤᠶᠠᠭᠤᠯᠠ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠤᠭ ᠬᠡᠪ ᠪᠠ ᠳᠠᠷᠤᠮᠠᠯᠯᠠᠭᠰᠠᠨ ᠬᠡᠪ ᠲᠤᠰ ᠲᠤᠰ ᠨᠢᠭᠡ ᠬᠤᠪᠢ᠃      3. ᠡᠷᠦᠬᠡ ᠠᠮᠠ ᠶᠢᠨ ᠳᠡᠪᠲᠡᠷ᠃ ᠭᠤᠶᠤᠴᠢᠯᠠᠵᠤ ᠪᠠᠶᠢᠭ᠎ᠠ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠳᠤ ᠡᠷᠦᠬᠡ ᠠᠮᠠ ᠨᠢ ᠬᠠᠷᠢᠶᠠᠯᠠᠭᠳᠠᠬᠤ ᠦᠭᠡᠢ ᠪᠣᠶᠤ ᠡᠷᠦᠬᠡ ᠠᠮᠠ ᠶᠢᠨ ᠳᠡᠪᠲᠡᠷ ᠦᠭᠡᠢ ᠨᠢᠭᠡ ᠲᠠᠯ᠎ᠠ ᠨᠢ ᠡᠷᠦᠬᠡ ᠠᠮᠠ ᠶᠢᠨ ᠭᠡᠷᠡᠴᠢ ᠭᠠᠷᠭᠠᠨ᠎ᠠ᠃      4. ᠤᠷᠤᠭ ᠤᠨ ᠪᠠᠲᠤᠯᠠᠪᠦᠷᠢ ᠶᠢᠨ ᠤᠭ ᠬᠡᠪ ᠪᠣᠯᠤᠨ ᠳᠠᠷᠤᠮᠠᠯᠯᠠᠭᠰᠠᠨ ᠬᠡᠪ ᠢ ᠲᠤᠰ ᠲᠤᠰ ᠨᠢᠭᠡ ᠬᠤᠪᠢ ᠲᠤᠰᠢᠶᠠᠨ᠎ᠠ  ᠃      5. ᠤᠷᠤᠭ ᠪᠠ ᠦᠷᠡᠵᠢᠯ ᠤᠨ ᠪᠠᠶᠢᠳᠠᠯ ᠤᠨ ᠭᠡᠷᠡᠴᠢ᠃ ᠡᠷ᠎ᠡ ᠡᠮ᠎ᠡ ᠬᠤᠶᠠᠭᠤᠯᠠ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠪᠣᠯᠤᠨ ᠪᠠᠶᠢᠩᠭᠤ ᠰᠠᠭᠤᠭ᠎ᠠ ᠭᠠᠵᠠᠷ ᠨᠢ ᠠᠳᠠᠯᠢ ᠦᠭᠡᠢ ᠪᠠᠶᠢᠳᠠᠯ ᠳᠤ᠂ ᠰᠣᠮᠣ ᠰᠢᠶᠠᠩ ᠪᠠᠯᠭᠠᠰᠤ ᠵᠡᠭᠡᠯᠢ ᠭᠤᠳᠤᠮᠵᠢ ᠠᠴᠠ ᠭᠠᠳᠠᠨᠠᠬᠢ ᠬᠤᠰᠢᠭᠤᠨ ᠳᠣᠲᠤᠷᠠᠬᠢ ᠪᠣᠯ ᠪᠠᠶᠢᠩᠭᠤ ᠰᠠᠭᠤᠭ᠎ᠠ ᠭᠠᠵᠠᠷ ᠪᠣᠯᠤᠨ ᠡᠷᠦᠬᠡ ᠠᠮᠠ ᠪᠠᠶᠢᠭ᠎ᠠ ᠭᠠᠵᠠᠷ ᠤᠨ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠠᠴᠠ ᠲᠤᠰ ᠲᠤᠰ ᠭᠡᠷᠡᠴᠢ ᠭᠠᠷᠭᠠᠵᠤ᠂ ᠬᠠᠷᠢᠶᠠᠯᠠᠭᠳᠠᠬᠤ ᠰᠣᠮᠣ ᠪᠠᠯᠭᠠᠰᠤᠨ ᠤ ᠲᠥᠯᠥᠪᠯᠡᠭᠡᠲᠦ ᠦᠷᠡᠵᠢᠯ ᠤᠨ ᠠᠯᠪᠠᠨ ᠭᠡᠷ ᠬᠢᠨᠠᠨ ᠬᠠᠷᠭᠤᠭᠤᠯᠵᠤ ᠭᠠᠷ ᠤᠨ ᠦᠰᠦᠭ ᠵᠢᠷᠤᠨ᠎ᠠ︔ ᠬᠤᠰᠢᠭᠤᠨ ᠤ ᠭᠠᠳᠠᠨᠠᠬᠢ ᠪᠣᠯ᠂ ᠪᠠᠶᠢᠩᠭᠤ ᠰᠠᠭᠤᠭ᠎ᠠ ᠭᠠᠵᠠᠷ ᠪᠣᠯᠤᠨ ᠡᠷᠦᠬᠡ ᠠᠮᠠ ᠪᠠᠶᠢᠭ᠎ᠠ ᠭᠠᠵᠠᠷ ᠤᠨ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠠᠴᠠ ᠲᠤᠰ ᠲᠤᠰ ᠭᠡᠷᠡᠴᠢ ᠭᠠᠷᠭᠠᠵᠤ᠂ ᠰᠣᠮᠤ ᠪᠠᠯᠭᠠᠰᠤᠨ ᠤ ᠲᠥᠯᠥᠪᠯᠡᠭᠡᠲᠦ ᠦᠷᠡᠵᠢᠯ ᠤᠨ ᠠᠯᠪᠠᠨ ᠭᠡᠷ ᠪᠠ ᠬᠤᠰᠢᠭᠤ᠂ ᠰᠢᠶᠠᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠲᠣᠪᠴᠢᠶ᠎ᠠ ᠬᠢᠨᠠᠨ ᠬᠠᠷᠭᠤᠭᠤᠯᠵᠤ ᠭᠠᠷ ᠤᠨ ᠦᠰᠦᠭ ᠵᠢᠷᠤᠨ᠎ᠠ᠃︽ᠳᠦᠷᠢᠮ︾ ᠤᠨ ᠠᠷᠪᠠᠨ ᠳᠣᠯᠣᠳᠤᠭᠠᠷ ᠵᠣᠷᠪᠤᠰ ᠤᠨ ᠬᠤᠶᠠᠳᠤᠭᠠᠷ ᠪᠠᠳᠠᠭ ᠤᠨ ᠨᠢᠭᠡᠳᠦᠭᠡᠷ ᠪᠠ ᠳᠥᠷᠪᠡᠳᠦᠭᠡᠷ ᠵᠦᠢᠯ ᠤᠨ ᠲᠣᠭᠲᠠᠭᠠᠯ ᠳᠤ ᠨᠡᠶᠢᠴᠡᠪᠡᠯ᠂ ᠪᠠᠰᠠ ᠤᠯᠠᠭᠠᠨᠬᠠᠳᠠ ᠬᠤᠲᠠ ᠶᠢᠨ ᠡᠷᠡᠭᠦᠯ ᠬᠠᠮᠠᠭᠠᠯᠠᠯ ᠪᠣᠯᠤᠨ ᠲᠦᠯᠦᠪᠯᠡᠭᠡᠲᠦ ᠦᠷᠡᠵᠢᠯ ᠤᠨ ᠵᠦᠪᠯᠡᠯ ᠠᠴᠠ ᠣᠯᠭᠤᠭᠰᠠᠨ ︽ᠡᠪᠡᠳᠴᠢᠨᠲᠠᠢ ᠵᠡᠮᠳᠡᠭ ᠬᠡᠥᠬᠡᠳ ᠤᠨ ᠡᠮᠨᠡᠯᠭᠡ ᠶᠢᠨ ᠰᠢᠯᠭᠠᠨ ᠲᠣᠭᠲᠠᠭᠠᠯᠲᠠ ᠶᠢᠨ ᠭᠤᠶᠤᠴᠢᠯᠠᠯ ᠢ ᠵᠦᠪᠰᠢᠶᠡᠷᠡᠬᠦ ᠬᠦᠰᠦᠨᠦᠭᠲᠦ︾᠂ ᠬᠤᠶᠠᠳᠤᠭᠠᠷ ᠦᠶ᠎ᠡ ᠶᠢᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠦᠮᠦᠨ ᠤ ᠦᠨᠡᠮᠯᠡᠯ︾ ᠪᠣᠶᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠴᠡᠷᠢᠭ ᠤᠨ ᠦᠨᠡᠮᠯᠡᠯ︾ ᠢᠶᠠᠨ ᠲᠤᠰᠢᠶᠠᠨ᠎ᠠ᠃      ︽ᠳᠦᠷᠢᠮ︾ ᠤᠨ ᠠᠷᠪᠠᠨ ᠶᠢᠰᠦᠳᠦᠭᠡᠷ ᠵᠣᠷᠪᠤᠰ ᠤᠨ ᠲᠣᠭᠲᠠᠭᠠᠯ ᠳᠤ ᠨᠡᠶᠢᠴᠡᠪᠡᠯ᠂ ᠤᠷᠤᠭ ᠰᠠᠯᠤᠭᠰᠠᠨ  ᠤ ᠳᠠᠷᠠᠭ᠎ᠠ ᠳᠠᠬᠢᠵᠤ ᠤᠷᠤᠭᠯᠠᠭᠰᠠᠳ ᠤᠷᠤᠭ ᠰᠠᠯᠤᠭᠰᠠᠨ ᠦᠨᠡᠮᠯᠡᠯ᠂ ᠤᠷᠤᠭ ᠰᠠᠯᠬᠤ ᠵᠦᠪᠳᠡᠯᠴᠡᠭᠡᠷ ᠤᠨ ᠪᠢᠴᠢᠭ᠂ ᠡᠶᠡᠳᠡᠭᠦᠯᠭᠡ ᠶᠢᠨ ᠪᠢᠴᠢᠭ ᠵᠢᠴᠢ ᠤᠷᠤᠭ ᠰᠠᠯᠬᠤ ᠲᠠᠰᠤᠯᠤᠯᠲᠠ ᠶᠢᠨ ᠪᠢᠴᠢᠭ ᠤᠨ ᠳᠣᠲᠤᠷᠠᠬᠢ ᠨᠢᠭᠡ ᠶᠢᠨ ᠬᠢᠨ ᠤᠭ ᠬᠡᠪ ᠪᠣᠯᠤᠨ ᠳᠠᠷᠤᠮᠠᠯᠯᠠᠭᠰᠠᠨ ᠬᠡᠪ ᠢ ᠲᠤᠰ ᠲᠤᠰ ᠨᠢᠭᠡ ᠬᠤᠪᠢ ᠲᠤᠰᠢᠶᠠᠨ᠎ᠠ︔ ᠬᠠᠨᠢ ᠪᠠᠨ ᠠᠯᠳᠠᠵᠤ ᠳᠠᠬᠢᠵᠤ ᠤᠷᠤᠭᠯᠠᠭᠰᠠᠳ ᠦᠬᠦᠯ ᠤᠨ ᠭᠡᠷᠡᠴᠢ ᠤᠨ ᠤᠭ ᠬᠡᠪ ᠪᠣᠯᠤᠨ ᠳᠠᠷᠤᠮᠠᠯᠯᠠᠭᠰᠠᠨ ᠬᠡᠪ ᠢ ᠲᠤᠰ ᠲᠤᠰ ᠨᠢᠭᠡ ᠬᠤᠪᠢ ᠲᠤᠰᠢᠶᠠᠨ᠎ᠠ᠃      ︵ᠬᠤᠶᠠᠷ︶ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠭᠤᠶᠤᠴᠢᠯᠠᠯ ᠢ ᠬᠦᠯᠢᠶᠡᠨ ᠠᠪᠤᠭᠰᠠᠨ ᠤ ᠳᠠᠷᠠᠭ᠎ᠠ᠂ ᠪᠢᠴᠢᠭ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ᠂ ᠲᠥᠯᠥᠪᠯᠡᠭᠡᠲᠦ ᠦᠷᠡᠵᠢᠯ ᠢ ᠬᠤᠪᠢᠶᠠᠷᠢᠯᠠᠨ ᠬᠠᠷᠢᠭᠤᠴᠠᠭ᠎ᠠ ᠳᠡᠳ᠋ ᠡᠷᠬᠢᠯᠡᠭᠴᠢ ᠵᠢᠴᠢ ᠲᠥᠯᠥᠪᠯᠡᠭᠡᠲᠦ ᠦᠷᠡᠵᠢᠯ ᠤᠨ ᠲᠤᠰᠬᠠᠢ ᠠᠵᠢᠯᠲᠠᠨ ᠨᠠᠷ ᠲᠤᠭᠲᠠᠮᠠᠯ ᠬᠤᠷᠠᠯ ᠬᠤᠷᠠᠯᠳᠤᠭᠤᠯᠵᠤ ᠬᠢᠨᠠᠨ ᠬᠠᠷᠭᠤᠭᠤᠯᠤᠨ᠎ᠠ᠃ ᠦᠷᠡᠵᠢᠯ ᠤᠨ ᠲᠥᠷᠥ ᠶᠢᠨ ᠪᠣᠳᠤᠯᠭ᠎ᠠ ᠳᠤ ᠨᠡᠶᠢᠴᠡᠭᠰᠡᠳ ᠲᠤ ︽ᠳᠠᠬᠢᠵᠤ ᠬᠡᠥᠬᠡᠳ ᠠᠪᠬᠤ ᠭᠤᠶᠤᠴᠢᠯᠠᠯ ᠤᠨ ᠵᠦᠪᠰᠢᠶᠡᠷᠡᠬᠦ ᠬᠦᠰᠦᠨᠦᠭᠲᠦ︾ ᠳᠡᠭᠡᠷ᠎ᠡ ᠭᠠᠷ ᠤᠨ ᠦᠰᠦᠭ ᠵᠢᠷᠤᠵᠤ᠂ ᠲᠤᠰᠢᠶᠠᠭᠰᠠᠨ ᠪᠢᠴᠢᠭ ᠮᠠᠲ᠋ᠧᠷᠢᠶᠠᠯ ᠲᠠᠢ ᠴᠤᠭ ᠰᠤᠮᠤ ᠪᠠᠯᠭᠠᠰᠤᠨ ᠤ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠥᠷᠲᠡᠭᠡ ᠳᠤ ᠮᠡᠳᠡᠭᠦᠯᠦᠨ᠎ᠡ︔ ᠣᠨᠳᠣᠣ ᠰᠠᠨᠠᠯ ᠪᠠᠶᠢᠪᠠᠯ᠂ ︽ᠦᠷᠡᠵᠢᠯ ᠢ ᠵᠦᠪᠰᠢᠶᠡᠷᠡᠬᠦ ᠦᠭᠡᠢ ︵ᠲᠥᠷ ᠬᠤᠶᠢᠰᠢᠯᠠᠭᠤᠯᠬᠤ︶ ᠮᠡᠳᠡᠭᠳᠡᠯ ᠤᠨ ᠪᠢᠴᠢᠭ︾ ᠣᠯᠭᠤᠨ᠎ᠠ᠃      ︵ᠭᠤᠷᠪᠠ︶ ᠰᠣᠮᠤ ᠪᠠᠯᠭᠠᠰᠤᠨ ᠤ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠥᠷᠲᠡᠭᠡ ︽ᠳᠠᠬᠢᠵᠤ ᠬᠡᠥᠬᠡᠳ ᠠᠪᠬᠤ ᠭᠤᠶᠤᠴᠢᠯᠠᠯ ᠤᠨ ᠵᠦᠪᠰᠢᠶᠡᠷᠡᠬᠦ ᠬᠦᠰᠦᠨᠦᠭᠲᠦ︾ ᠪᠠ ᠪᠢᠴᠢᠭ ᠮᠠᠲ᠋ᠧᠷᠢᠶᠠᠯ ᠢ ᠤᠯᠤᠭᠰᠠᠨ ᠤ ᠳᠠᠷᠠᠭ᠎ᠠ᠂ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠬᠤᠪᠢᠶᠠᠷᠢᠯᠠᠨ ᠬᠠᠷᠢᠭᠤᠴᠠᠭ᠎ᠠ ᠤᠳᠤᠷᠢᠳᠤᠯᠭ᠎ᠠ᠂ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠥᠷᠲᠡᠭᠡᠨ ᠤ ᠡᠷᠬᠢᠯᠡᠭᠴᠢ᠂ ᠪᠦᠷᠢᠳᠬᠡᠭᠴᠢ ᠵᠢᠴᠢ ᠦᠢᠯᠡᠴᠢᠯᠡᠭᠡᠨ  ᠤ ᠦᠨᠡᠮᠯᠡᠯ ᠢ ᠬᠠᠮᠢᠶᠠᠷᠤᠭᠴᠢ ᠢ ᠵᠣᠬᠢᠶᠠᠨ ᠪᠠᠶᠢᠭᠤᠯᠵᠤ᠂ ᠲᠣᠭᠲᠠᠮᠠᠯ ᠬᠤᠷᠠᠯ ᠬᠤᠷᠠᠯᠳᠤᠭᠤᠯᠵᠤ ᠬᠢᠨᠠᠨ ᠬᠠᠷᠭᠤᠭᠤᠯᠤᠨ᠎ᠠ᠃ ᠲᠤᠰᠢᠶᠠᠭᠰᠠᠨ ᠮᠠᠲ᠋ᠧᠷᠢᠶᠠᠯ ᠨᠢ ᠪᠦᠷᠢᠨ ᠭᠦᠢᠴᠡᠳ ᠪᠦᠭᠡᠳ ᠦᠨᠡᠨ ᠪᠣᠳᠠᠲᠠᠢ᠂ ᠦᠷᠡᠵᠢᠯ ᠤᠨ ᠲᠥᠷᠥ ᠶᠢᠨ ᠪᠣᠳᠤᠯᠭ᠎ᠠ ᠳᠤ ᠨᠡᠶᠢᠴᠡᠪᠡᠯ᠂ ︽ᠳᠠᠬᠢᠵᠤ ᠬᠡᠥᠬᠡᠳ ᠠᠪᠬᠤ ᠭᠤᠶᠤᠴᠢᠯᠠᠯ ᠤᠨ ᠵᠦᠪᠰᠢᠶᠡᠷᠡᠬᠦ ᠬᠦᠰᠦᠨᠦᠭᠲᠦ︾ ᠳᠡᠭᠡᠷ᠎ᠡ ᠭᠠᠷ ᠤᠨ ᠦᠰᠦᠭ ᠵᠢᠷᠤᠵᠤ᠂ ᠲᠤᠰᠢᠶᠠᠭᠰᠠᠨ ᠪᠢᠴᠢᠭ ᠮᠠᠲ᠋ᠧᠷᠢᠶᠠᠯ ᠲᠠᠢ ᠴᠤᠭ ᠬᠤᠰᠢᠭᠤ ᠡᠷᠡᠭᠦᠯ ᠬᠠᠮᠠᠭᠠᠯᠠᠯ ᠪᠣᠯᠤᠨ ᠲᠦᠯᠥᠪᠯᠡᠭᠡᠲᠦ ᠦᠷᠡᠵᠢᠯ ᠤᠨ ᠲᠣᠪᠴᠢᠶᠠᠨ ᠳᠤ ᠮᠡᠳᠡᠭᠦᠯᠦᠨ᠎ᠡ︔ ᠨᠡᠶᠢᠴᠡᠬᠦ ᠦᠭᠡᠢ ᠪᠣᠯ ︽ᠦᠷᠡᠵᠢᠯ ᠢ ᠵᠦᠪᠰᠢᠶᠡᠷᠡᠬᠦ ᠦᠭᠡᠢ ︵ᠲᠥᠷ ᠬᠤᠶᠢᠰᠢᠯᠠᠭᠤᠯᠬᠤ︶ ᠮᠡᠳᠡᠭᠳᠡᠯ ᠤᠨ ᠪᠢᠴᠢᠭ︾ ᠣᠯᠭᠤᠨ᠎ᠠ︔      ︵ᠳᠥᠷᠪᠡ︶  ᠬᠤᠰᠢᠭᠤ ᠡᠷᠡᠭᠦᠯ ᠬᠠᠮᠠᠭᠠᠯᠠᠯ ᠪᠣᠯᠤᠨ ᠲᠦᠯᠦᠪᠯᠡᠭᠡᠲᠦ ᠦᠷᠡᠵᠢᠯ ᠤᠨ ᠲᠣᠪᠴᠢᠶ᠎ᠠ ︽ᠳᠠᠬᠢᠵᠤ ᠬᠡᠥᠬᠡᠳ ᠠᠪᠬᠤ ᠭᠤᠶᠤᠴᠢᠯᠠᠯ ᠤᠨ ᠵᠦᠪᠰᠢᠶᠡᠷᠡᠬᠦ ᠬᠦᠰᠦᠨᠦᠭᠲᠦ︾ ᠪᠠ ᠪᠢᠴᠢᠭ ᠮᠠᠲ᠋ᠧᠷᠢᠶᠠᠯ ᠢ ᠤᠯᠤᠭᠰᠠᠨ  ᠤ᠂ ᠲᠣᠪᠴᠢᠶᠠᠨ ᠳᠠᠷᠤᠭ᠎ᠠ᠂ ᠬᠤᠪᠢᠶᠠᠷᠢᠯᠠᠨ ᠬᠠᠷᠢᠭᠤᠴᠠᠭ᠎ᠠ ᠲᠣᠪᠴᠢᠶᠠᠨ ᠳᠠᠷᠤᠭ᠎ᠠ᠂ ᠪᠦᠷᠢᠳᠬᠡᠬᠦ ᠲᠠᠰᠤᠭ ᠤᠨ ᠳᠠᠷᠤᠭ᠎ᠠ ᠵᠢᠴᠢ ᠦᠢᠯᠡᠴᠢᠯᠡᠭᠡᠨ ᠤ ᠦᠨᠡᠮᠯᠡᠯ ᠤᠨ ᠬᠠᠮᠢᠶᠠᠷᠤᠭᠴᠢ ᠢ ᠵᠣᠬᠢᠶᠠᠨ ᠪᠠᠶᠢᠭᠤᠯᠵᠤ᠂ ᠲᠣᠭᠲᠠᠮᠠᠯ ᠬᠤᠷᠠᠯ ᠬᠤᠷᠠᠯᠳᠤᠭᠤᠯᠤᠨ ᠬᠢᠨᠠᠨ ᠬᠠᠷᠭᠤᠭᠤᠯᠤᠨ᠎ᠠ᠃ ᠲᠤᠰᠢᠶᠠᠭᠰᠠᠨ ᠮᠠᠲ᠋ᠧᠷᠢᠶᠠᠯ ᠨᠢ ᠪᠦᠷᠢᠨ ᠭᠦᠢᠴᠡᠳ ᠪᠦᠭᠡᠳ ᠦᠨᠡᠨ ᠪᠣᠳᠠᠲᠠᠢ᠂ ᠦᠷᠡᠵᠢᠯ ᠤᠨ ᠲᠥᠷᠥ ᠶᠢᠨ ᠪᠣᠳᠤᠯᠭ᠎ᠠ ᠳᠤ ᠨᠡᠶᠢᠴᠡᠪᠡᠯ᠂ ︽ᠳᠠᠬᠢᠵᠤ ᠬᠡᠥᠬᠡᠳ ᠠᠪᠬᠤ ᠭᠤᠶᠤᠴᠢᠯᠠᠯ  ᠤᠨ ᠵᠦᠪᠰᠢᠶᠡᠷᠡᠬᠦ ᠬᠦᠰᠦᠨᠦᠭᠲᠦ︾ ᠳᠡᠭᠡᠷ᠎ᠡ ᠭᠠᠷ ᠤᠨ ᠦᠰᠦᠭ ᠵᠢᠷᠤᠵᠤ᠂ ︽ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠦᠨᠡᠮᠯᠡᠯ︾ ᠣᠯᠭᠤᠨ᠎ᠠ︔ ᠨᠡᠶᠢᠴᠡᠬᠦ ᠦᠭᠡᠢ ᠪᠣᠯ ︽ᠦᠷᠡᠵᠢᠯ ᠢ ᠵᠦᠪᠰᠢᠶᠡᠷᠡᠬᠦ ᠦᠭᠡᠢ ︵ᠲᠥᠷ ᠬᠤᠶᠢᠰᠢᠯᠠᠭᠤᠯᠬᠤ︶ ᠮᠡᠳᠡᠭᠳᠡᠯ ᠤᠨ ᠪᠢᠴᠢᠭ︾ ᠣᠯᠭᠤᠨ᠎ᠠ︔ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠤᠷᠤᠭ ᠤᠨ ᠪᠠᠲᠤᠯᠠᠪᠦᠷᠢ ᠵᠢᠴᠢ ᠬᠠᠮᠢᠶ᠎ᠠ ᠪᠦᠬᠦᠢ  ᠭᠡᠷᠡᠴᠢ ᠪᠢᠴᠢᠭ ᠤᠨ ᠳᠠᠷᠤᠮᠠᠯᠯᠠᠭᠰᠠᠨ ᠬᠡᠪ ᠪᠣᠯᠤᠨ ᠡᠷᠦᠬᠡ ᠠᠮᠠ ᠶᠢᠨ ᠬᠡᠷᠡᠴᠢ᠂ ᠤᠷᠤᠭ ᠪᠠ ᠦᠷᠡᠵᠢᠯ ᠤᠨ ᠪᠠᠶᠢᠳᠠᠯ ᠤᠨ ᠭᠡᠷᠡᠴᠢ ᠵᠡᠷᠭᠡ  ᠶᠢ ︽ᠳᠠᠬᠢᠵᠤ ᠬᠡᠥᠬᠡᠳ ᠠᠪᠬᠤ ᠭᠤᠶᠤᠴᠢᠯᠠᠯ ᠤᠨ ᠵᠦᠪᠰᠢᠶᠡᠷᠡᠬᠦ ᠬᠦᠰᠦᠨᠦᠭᠲᠦ︾ ᠶᠢᠨ ᠠᠷᠤ ᠳᠤ ᠳᠠᠭᠠᠯᠳᠤᠭᠤᠯᠵᠤ᠂ ᠬᠢᠨ᠎ᠠ ᠵᠦᠪᠰᠢᠶᠡᠷᠡᠬᠦ ᠦᠨᠳᠦᠰᠦᠯᠡᠯ ᠪᠣᠯᠭᠠᠵᠤ ᠳᠠᠩᠰᠠᠯᠠᠨ᠎ᠠ᠃      ︵ᠲᠠᠪᠤ︶ ᠬᠤᠰᠢᠭᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠲᠣᠪᠴᠢᠶ᠎ᠠ ᠬᠢᠨ᠎ᠠ ᠵᠦᠪᠰᠢᠶᠡᠷᠡᠭᠰᠡᠨ ᠤ ᠳᠠᠷᠠᠭ᠎ᠠ᠂ ︽ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠦᠨᠡᠮᠯᠡᠯ︾ ᠪᠣᠶᠤ ︽ᠦᠷᠡᠵᠢᠯ ᠢ ᠵᠦᠪᠰᠢᠶᠡᠷᠡᠬᠦ ᠦᠭᠡᠢ ︵ᠲᠥᠷ ᠬᠤᠶᠢᠰᠢᠯᠠᠭᠤᠯᠬᠤ︶ ᠮᠡᠳᠡᠭᠳᠡᠯ ᠤᠨ ᠪᠢᠴᠢᠭ︾ ᠵᠢᠴᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠤᠷᠤᠭ ᠤᠨ ᠪᠠᠲᠤᠯᠠᠪᠦᠷᠢ ᠵᠡᠷᠭᠡ ᠶᠢᠨ ᠤᠭ ᠬᠡᠪ  ᠢ ᠰᠤᠮᠤ ᠪᠠᠯᠭᠠᠰᠤᠨ ᠤ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠥᠷᠲᠡᠭᠡ ᠳᠤ ᠬᠦᠷᠭᠡᠵᠦ᠂ ᠰᠤᠮᠤ ᠪᠠᠯᠭᠠᠰᠤᠨ ᠤ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠥᠷᠲᠡᠭᠡ ᠳᠠᠬᠢᠨ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠳᠤ ᠦᠭᠭᠦᠨ᠎ᠡ᠃      ︵ᠵᠢᠷᠭᠤᠭ᠎ᠠ︶ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ︽ᠲᠥᠯᠥᠪᠯᠡᠭᠡᠲᠦ ᠦᠷᠡᠵᠢᠯ  ᠤᠨ ᠦᠢᠯᠡᠴᠢᠯᠡᠭᠡᠨ ᠤ ᠦᠨᠡᠮᠯᠡᠯ︾ ᠪᠣᠶᠤ ︽ᠦᠷᠡᠵᠢᠯ ᠢ ᠵᠦᠪᠰᠢᠶᠡᠷᠡᠬᠦ ᠦᠭᠡᠢ ︵ᠲᠥᠷ ᠬᠤᠶᠢᠰᠢᠯᠠᠭᠤᠯᠬᠤ︶ ᠮᠡᠳᠡᠭᠳᠡᠯ ᠤᠨ ᠪᠢᠴᠢᠭ︾ ᠢ ᠤᠯᠤᠭᠰᠠᠨ ᠤ ᠳᠠᠷᠠᠭ᠎ᠠ᠂ ᠨᠡᠷᠡᠰ ︵ᠶᠠᠪᠤᠭᠤᠯ ᠬᠦᠮᠦᠨ ᠠᠮᠠ ᠶᠢᠨ ᠡᠷᠦᠬᠡ ᠠᠮᠠ ᠪᠠᠶᠢᠭ᠎ᠠ ᠭᠠᠵᠠᠷ ᠪᠣᠯᠤᠨ ᠪᠠᠶᠢᠩᠭᠤ ᠰᠠᠭᠤᠭ᠎ᠠ ᠭᠠᠵᠠᠷ︶ ᠪᠠ ᠬᠤᠰᠢᠭᠤ ᠡᠷᠡᠭᠦᠯ ᠬᠠᠮᠠᠭᠠᠯᠠᠯ ᠪᠣᠯᠤᠨ ᠲᠦᠯᠦᠪᠯᠡᠭᠡᠲᠦ ᠦᠷᠡᠵᠢᠯ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠵᠦᠪᠯᠡᠯ ᠤᠨ ᠢᠯᠡᠴᠢᠯᠡᠨ ᠮᠡᠳᠡᠭᠦᠯᠬᠦ ᠤᠲᠠᠰᠤ ᠶᠢ ᠵᠠᠷ ᠨᠠᠭᠠᠭᠠᠨ ᠨᠡᠶᠢᠲᠡᠯᠡᠵᠦ᠂ 7 ᠡᠳᠦᠷ ᠤᠨ ᠳᠣᠲᠤᠷ᠎ᠠ ᠣᠨᠳᠣᠣ ᠰᠠᠨᠠᠯ ᠭᠠᠷᠤᠭᠰᠠᠨ ᠦᠭᠡᠢ ᠪᠠᠶᠢᠪᠠᠯ᠂ ︽ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠦᠨᠡᠮᠯᠡᠯ︾ ᠪᠣᠶᠤ ︽ᠦᠷᠡᠵᠢᠯ  ᠢ ᠵᠦᠪᠰᠢᠶᠡᠷᠡᠬᠦ ᠦᠭᠡᠢ ︵ᠲᠥᠷ ᠬᠤᠶᠢᠰᠢᠯᠠᠭᠤᠯᠬᠤ︶ ᠮᠡᠳᠡᠭᠳᠡᠯ ᠤᠨ ᠪᠢᠴᠢᠭ︾ ᠵᠢᠴᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠤᠷᠤᠭ ᠤᠨ ᠪᠠᠲᠦᠯᠠᠪᠦᠷᠢ ᠵᠡᠷᠭᠡ ᠶᠢᠨ ᠤᠭ ᠬᠡᠪ ᠢ ᠭᠤᠶᠤᠴᠢᠯᠠᠭᠰᠠᠳ ᠲᠤ ᠥᠭᠭᠦᠨ᠎ᠡ᠃ ᠣᠨᠳᠣᠣ ᠰᠠᠨᠠᠯ ᠭᠠᠷᠤᠭᠰᠠᠨ ᠪᠠᠶᠢᠪᠠᠯ᠂ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠨᠢᠭᠡᠨᠲᠡ ᠳᠠᠩᠰᠠᠯᠠᠨ ᠲᠠᠷᠬᠠᠭᠠᠭᠰᠠᠨ ᠪᠣᠯᠪᠠᠴᠤ ︽ᠳᠦᠷᠢᠮ︾ ᠤᠨ ᠲᠣᠭᠲᠠᠭᠠᠯ ᠳᠤ ᠨᠡᠶᠢᠴᠡᠬᠦ ᠦᠭᠡᠢ ︽ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠦᠨᠡᠮᠯᠡᠯ︾ ᠢ ᠲᠠᠷᠬᠠᠭᠠᠭᠰᠠᠨ ᠪᠠᠶᠢᠭᠤᠯᠭ᠎ᠠ ᠳᠤ ᠲᠤᠰᠢᠶᠠᠨ᠂ ᠭᠤᠶᠤᠴᠢᠯᠠᠭᠰᠠᠨ ᠡᠷ᠎ᠡ ᠡᠮ᠎ᠡ ᠬᠤᠶᠠᠭᠤᠯᠠ ᠳᠤ ︽ᠦᠷᠡᠵᠢᠯ ᠢ ᠵᠦᠪᠰᠢᠶᠡᠷᠡᠬᠦ ᠦᠭᠡᠢ ︵ᠲᠥᠷ ᠬᠤᠶᠢᠰᠢᠯᠠᠭᠤᠯᠬᠤ︶ ᠮᠡᠳᠡᠭᠳᠡᠯ ᠤᠨ ᠪᠢᠴᠢᠭ︾ ᠲᠠᠷᠬᠠᠭᠠᠨ᠎ᠠ︔ ︽ᠳᠦᠷᠢᠮ︾ ᠤᠨ ᠲᠣᠭᠲᠠᠭᠠᠯ ᠳᠤ ᠨᠡᠶᠢᠴᠡᠭᠰᠡᠨ ᠪᠣᠯᠪᠠᠴᠤ ᠨᠢᠭᠡᠨᠲᠡ ︽ᠦᠷᠡᠵᠢᠯ ᠢ ᠵᠦᠪᠰᠢᠶᠡᠷᠡᠬᠦ ᠦᠭᠡᠢ ︵ᠲᠥᠷ ᠬᠤᠶᠢᠰᠢᠯᠠᠭᠤᠯᠬᠤ︶ ᠮᠡᠳᠡᠭᠳᠡᠯ ᠤᠨ ᠪᠢᠴᠢᠭ︾  ᠢ ᠲᠠᠷᠬᠠᠭᠠᠭᠰᠨ ᠪᠠᠶᠢᠪᠠᠯ᠂ ᠲᠠᠷᠬᠠᠭᠠᠭᠰᠠᠨ ᠪᠠᠶᠢᠭᠤᠯᠭ᠎ᠠ ᠳᠤ ᠲᠤᠰᠢᠶᠠᠨ᠂ ᠭᠤᠶᠤᠴᠢᠯᠠᠭᠰᠠᠨ ᠡᠷ᠎ᠡ ᠡᠮ᠎ᠡ ᠬᠤᠶᠠᠭᠤᠯᠠ ᠳᠤ ᠳᠠᠬᠢᠵᠤ ︽ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠦᠨᠡᠮᠯᠡᠯ︾ ᠣᠯᠭᠤᠨ᠎ᠠ᠃      ᠦᠢᠯᠡᠴᠢᠯᠡᠭᠡᠨ ᠤ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢ ᠤᠷᠲᠤᠳᠬᠠᠬᠤ ᠶᠢ ᠰᠢᠯᠭᠠᠨ ᠪᠠᠲᠤᠯᠠᠬᠤ  ᠳᠤ᠂ ᠦᠢᠯᠡᠴᠢᠯᠡᠭᠡᠨ ᠤ ᠦᠨᠡᠮᠯᠡᠯ ᠢ ᠬᠢᠨᠠᠬᠤ᠂ ᠳᠠᠩᠰᠠᠯᠠᠬᠤ᠂ ᠬᠢᠨᠠᠨ ᠵᠦᠪᠰᠢᠶᠡᠷᠡᠬᠦ ᠪᠠᠶᠢᠭᠤᠯᠭ᠎ᠠ ᠲᠣᠭᠲᠠᠮᠠᠯ ᠬᠤᠷᠠᠯ ᠬᠤᠷᠠᠯᠳᠤᠭᠤᠯᠵᠤ᠂ ᠦᠢᠯᠡᠴᠢᠯᠡᠭᠡᠨ ᠤ ᠦᠨᠡᠮᠯᠡᠯ ᠤᠨ ᠬᠢᠨᠠᠨ ᠰᠢᠯᠭᠠᠬᠤ ᠲᠡᠮᠳᠡᠭᠯᠡᠯ ᠳᠡᠭᠡᠷ᠎ᠡ ᠭᠠᠷ ᠤᠨ ᠦᠰᠦᠭ ᠵᠢᠷᠤᠵᠤ᠂ ᠬᠢᠨᠠᠨ ᠰᠢᠯᠭᠠᠵᠤ ᠳᠠᠩᠰᠠᠯᠠᠬᠤ ᠬᠦᠰᠦᠨᠦᠭᠲᠦ ᠶᠢ ᠲᠠᠭᠯᠠᠨ᠎ᠠ᠃ ᠬᠤᠰᠢᠭᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠲᠣᠪᠴᠢᠶ᠎ᠠ ︽ᠳᠠᠬᠢᠵᠤ ᠬᠡᠥᠬᠡᠳ ᠠᠪᠬᠤ ᠭᠤᠶᠤᠴᠢᠯᠠᠯ ᠤᠨ ᠵᠦᠪᠰᠢᠶᠡᠷᠡᠬᠦ ᠬᠦᠰᠦᠨᠦᠭᠲᠦ︾ ᠶᠢᠨ ᠬᠢᠨᠠᠨ ᠰᠢᠯᠭᠠᠭᠰᠠᠨ ᠲᠡᠮᠳᠡᠭᠯᠡᠯ ᠳᠡᠭᠡᠷ᠎ᠡ ᠭᠠᠷ ᠤᠨ ᠦᠰᠦᠭ ᠵᠢᠷᠤᠨ᠎ᠠ᠃      ᠦᠢᠯᠡᠴᠢᠯᠡᠭᠡᠨ ᠤ ᠦᠨᠡᠮᠯᠡᠯ ᠤᠨ ᠬᠦᠴᠦᠨ ᠲᠠᠢ ᠬᠤᠭᠤᠴᠠᠭ᠎ᠠ ᠳᠤ ᠵᠢᠷᠮᠦᠰᠦᠯᠡᠬᠦ ᠪᠠ ᠬᠦᠩᠭᠡᠵᠢᠭᠰᠡᠨ ᠦᠭᠡᠢ ᠪᠣᠯ᠂ ᠤᠤᠯ ᠤᠨ ᠬᠢᠨᠠᠨ ᠵᠦᠪᠰᠢᠶᠡᠷᠡᠯ ᠤᠨ ᠰᠠᠭᠤᠷᠢᠨ ᠳᠡᠭᠡᠷ᠎ᠡ᠂ ᠬᠡᠥᠬᠡᠳ ᠣᠯᠤᠭᠰᠠᠨ ᠦᠭᠡᠢ ᠬᠠᠮᠢᠶ᠎ᠠ ᠪᠦᠬᠦᠢ ᠭᠡᠷᠡᠴᠢ ᠪᠠᠷᠢᠮᠲᠠ ᠶᠢ ᠨᠦᠬᠦᠪᠦᠷᠢᠯᠡᠨ᠎ᠡ︔ ᠵᠢᠷᠮᠦᠰᠦᠯᠡᠬᠦ ᠪᠠ ᠬᠦᠩᠭᠡᠵᠢᠭᠰᠡᠨ ᠪᠣᠯᠪᠠᠴᠤ ᠬᠡᠥᠬᠡᠳ ᠨᠢ ᠭᠡᠭᠡᠭᠳᠡᠭᠰᠡᠨ ᠪᠠᠶᠢᠪᠠᠯ᠂ ᠵᠢᠷᠮᠦᠰᠦᠯᠡᠭᠰᠡᠨ ᠪᠠ ᠬᠦᠩᠭᠡᠵᠢᠭᠰᠡᠨ ᠬᠠᠮᠢᠶ᠎ᠠ ᠪᠦᠬᠦᠢ ᠬᠡᠷᠡᠴᠢ ᠪᠠᠷᠢᠮᠲᠠ ᠶᠢ ᠨᠦᠬᠦᠪᠦᠷᠢᠯᠡᠵᠦ᠂ ᠳᠠᠬᠢᠨ ᠭᠦᠢᠴᠡᠳᠬᠡᠨ᠎ᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号