ᠮᠠᠲ᠋ᠧᠷᠢᠶᠠᠯ
ᠨᠡᠶᠢᠲᠡᠯᠡᠭᠰᠡᠨ ᠴᠠᠭ᠄
2016/4/1
                 ᠮᠠᠲ᠋ᠧᠷᠢᠶᠠᠯ       ︽ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠦᠨᠡᠮᠯᠡᠯ︾ ᠠᠪᠬᠤ ᠡᠷ᠎ᠡ ᠡᠮ᠎ᠡ ᠬᠤᠶᠠᠭᠤᠯᠠ ᠤᠷᠢᠳᠠᠪᠠᠷ ︽ᠳᠠᠬᠢᠵᠤ ᠬᠡᠥᠬᠡᠳ ᠠᠪᠬᠤ ᠭᠤᠶᠤᠴᠢᠯᠠᠯ ᠤᠨ ᠵᠦᠪᠰᠢᠶᠡᠷᠡᠬᠦ ᠬᠦᠰᠦᠨᠦᠭᠲᠦ︾ ᠶᠢ ᠲᠠᠭᠯᠠᠵᠤ᠂ ᠳᠣᠣᠷᠠᠬᠢ ᠪᠢᠴᠢᠭ ᠮᠠᠲ᠋ᠧᠷᠢᠶᠠᠯ ᠤᠳ ᠢ ᠲᠤᠰᠢᠶᠠᠨ᠎ᠠ᠄      1. ᠡᠷ᠎ᠡ ᠡᠮ᠎ᠡ ᠬᠤᠶᠠᠭᠤᠯᠠ ᠶᠢᠨ ᠣᠶᠢᠷ᠎ᠠ ᠶᠢᠨ ᠬᠤᠭᠤᠴᠠᠭᠠᠨ ᠤ 2 ᠢᠮᠠᠬᠤ ᠶᠢᠨ ᠬᠠᠮᠲᠤ ᠶᠢᠨ ᠰᠡᠭᠦᠳᠡᠷ ︵2 ᠬᠤᠪᠢ︶      2. ᠡᠷ᠎ᠡ ᠡᠮ᠎ᠡ ᠬᠤᠶᠠᠭᠤᠯᠠ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠤᠭ ᠬᠡᠪ ᠪᠠ ᠳᠠᠷᠤᠮᠠᠯᠯᠠᠭᠰᠠᠨ ᠬᠡᠪ ᠲᠤᠰ ᠲᠤᠰ ᠨᠢᠭᠡ ᠬᠤᠪᠢ᠃      3. ᠡᠷᠦᠬᠡ ᠠᠮᠠ ᠶᠢᠨ ᠳᠡᠪᠲᠡᠷ᠃  ᠭᠤᠶᠤᠴᠢᠯᠠᠵᠤ ᠪᠠᠶᠢᠭ᠎ᠠ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠳᠤ ᠡᠷᠦᠬᠡ ᠠᠮᠠ ᠨᠢ ᠬᠠᠷᠢᠶᠠᠯᠠᠭᠳᠠᠬᠤ ᠦᠭᠡᠢ ᠪᠣᠶᠤ ᠡᠷᠦᠬᠡ ᠠᠮᠠ ᠶᠢᠨ ᠳᠡᠪᠲᠡᠷ ᠦᠭᠡᠢ ᠨᠢᠭᠡ ᠲᠠᠯ᠎ᠠ ᠨᠢ ᠡᠷᠦᠬᠡ ᠠᠮᠠ ᠶᠢᠨ ᠭᠡᠷᠡᠴᠢ ᠭᠠᠷᠭᠠᠨ᠎ᠠ᠃      4. ᠤᠷᠤᠭ ᠤᠨ ᠪᠠᠲᠤᠯᠠᠪᠦᠷᠢ ᠶᠢᠨ ᠤᠭ ᠬᠡᠪ ᠪᠠ ᠳᠠᠷᠤᠮᠠᠯᠯᠠᠭᠰᠠᠨ ᠬᠡᠪ ᠲᠤᠰ ᠲᠤᠰ ᠨᠢᠭᠡ ᠬᠤᠪᠢ᠃      5. ᠤᠷᠤᠭ ᠪᠠ ᠦᠷᠡᠵᠢᠯ ᠤᠨ ᠪᠠᠶᠢᠳᠠᠯ ᠤᠨ ᠭᠡᠷᠡᠴᠢ᠃ ᠡᠷ᠎ᠡ ᠡᠮ᠎ᠡ ᠬᠤᠶᠠᠭᠤᠯᠠ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠪᠣᠯᠤᠨ ᠪᠠᠶᠢᠩᠭᠤ ᠰᠠᠭᠤᠭ᠎ᠠ ᠭᠠᠵᠠᠷ ᠨᠢ ᠠᠳᠠᠯᠢ ᠦᠭᠡᠢ ᠪᠠᠶᠢᠳᠠᠯ ᠳᠤ᠂ ᠰᠣᠮᠣ ᠰᠢᠶᠠᠩ ᠪᠠᠯᠭᠠᠰᠤ  ᠠᠴᠠ ᠭᠠᠳᠠᠨᠠᠬᠢ ᠬᠤᠰᠢᠭᠤᠨ ᠳᠣᠲᠤᠷᠠᠬᠢ ᠪᠣᠯ ᠪᠠᠶᠢᠩᠭᠤ ᠰᠠᠭᠤᠭ᠎ᠠ ᠭᠠᠵᠠᠷ ᠪᠣᠯᠤᠨ ᠡᠷᠦᠬᠡ ᠠᠮᠠ ᠪᠠᠶᠢᠭ᠎ᠠ ᠭᠠᠵᠠᠷ  ᠤᠨ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠠᠴᠠ ᠲᠤᠰ ᠲᠤᠰ ᠭᠡᠷᠡᠴᠢ ᠭᠠᠷᠭᠠᠵᠤ᠂ ᠬᠠᠷᠢᠶᠠᠯᠠᠭᠳᠠᠬᠤ ᠰᠣᠮᠣ ᠪᠠᠯᠭᠠᠰᠤᠨ ᠤ ᠲᠥᠯᠥᠪᠯᠡᠭᠡᠲᠦ ᠦᠷᠡᠵᠢᠯ ᠤᠨ ᠠᠯᠪᠠᠨ ᠭᠡᠷ ᠬᠢᠨᠠᠨ ᠬᠠᠷᠭᠤᠭᠤᠯᠵᠤ ᠭᠠᠷ ᠤᠨ ᠦᠰᠦᠭ ᠵᠢᠷᠤᠨ᠎ᠠ︔ ᠬᠤᠰᠢᠭᠤᠨ ᠤ ᠭᠠᠳᠠᠨᠠᠬᠢ ᠪᠣᠯ᠂ ᠪᠠᠶᠢᠩᠭᠤ ᠰᠠᠭᠤᠭ᠎ᠠ ᠭᠠᠵᠠᠷ ᠪᠣᠯᠤᠨ ᠡᠷᠦᠬᠡ ᠠᠮᠠ ᠪᠠᠶᠢᠭ᠎ᠠ ᠭᠠᠵᠠᠷ ᠤᠨ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠦᠪᠯᠡᠯ ᠠᠴᠠ ᠲᠤᠰ ᠲᠤᠰ ᠭᠡᠷᠡᠴᠢ ᠭᠠᠷᠭᠠᠵᠤ᠂ ᠰᠣᠮᠤ ᠪᠠᠯᠭᠠᠰᠤᠨ ᠤ ᠲᠥᠯᠥᠪᠯᠡᠭᠡᠲᠦ ᠦᠷᠡᠵᠢᠯ ᠤᠨ ᠠᠯᠪᠠᠨ ᠭᠡᠷ ᠪᠠ ᠬᠤᠰᠢᠭᠤ᠂ ᠰᠢᠶᠠᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠲᠣᠪᠴᠢᠶ᠎ᠠ ᠬᠢᠨᠠᠨ ᠬᠠᠷᠭᠤᠭᠤᠯᠵᠤ ᠭᠠᠷ ᠤᠨ ᠦᠰᠦᠭ ᠵᠢᠷᠤᠨ᠎ᠠ᠃      ︽ᠳᠦᠷᠢᠮ︾ ᠤᠨ ᠠᠷᠪᠠᠨ ᠳᠣᠯᠣᠳᠤᠭᠠᠷ ᠵᠣᠷᠪᠤᠰ ᠤᠨ ᠬᠤᠶᠠᠳᠤᠭᠠᠷ ᠪᠠᠳᠠᠭ ᠤᠨ ᠨᠢᠭᠡᠳᠦᠭᠡᠷ ᠪᠠ ᠳᠥᠷᠪᠡᠳᠦᠭᠡᠷ ᠵᠦᠢᠯ ᠤᠨ ᠲᠣᠭᠲᠠᠭᠠᠯ ᠳᠤ ᠨᠡᠶᠢᠴᠡᠪᠡᠯ᠂ ᠪᠠᠰᠠ ᠤᠯᠠᠭᠠᠨᠬᠠᠳᠠ ᠬᠤᠲᠠ ᠶᠢᠨ ᠡᠷᠡᠭᠦᠯ ᠬᠠᠮᠠᠭᠠᠯᠠᠯ ᠪᠣᠯᠤᠨ ᠲᠦᠯᠦᠪᠯᠡᠭᠡᠲᠦ ᠦᠷᠡᠵᠢᠯ ᠤᠨ ᠵᠦᠪᠯᠡᠯ ᠠᠴᠠ ᠣᠯᠭᠤᠭᠰᠠᠨ ︽ᠡᠪᠡᠳᠴᠢᠨᠲᠠᠢ ᠵᠡᠮᠳᠡᠭ ᠬᠡᠥᠬᠡᠳ ᠤᠨ ᠡᠮᠨᠡᠯᠭᠡ ᠶᠢᠨ ᠰᠢᠯᠭᠠᠨ ᠲᠣᠭᠲᠠᠭᠠᠯᠲᠠ ᠶᠢᠨ ᠭᠤᠶᠤᠴᠢᠯᠠᠯ ᠢ ᠵᠦᠪᠰᠢᠶᠡᠷᠡᠬᠦ ᠬᠦᠰᠦᠨᠦᠭᠲᠦ︾᠂ ᠬᠤᠶᠠᠳᠤᠭᠠᠷ ᠦᠶ᠎ᠡ  ᠶᠢᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠦᠮᠦᠨ ᠤ ᠦᠨᠡᠮᠯᠡᠯ︾ ᠪᠣᠶᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠴᠡᠷᠢᠭ ᠤᠨ ᠦᠨᠡᠮᠯᠡᠯ︾ ᠢᠶᠠᠨ ᠲᠤᠰᠢᠶᠠᠨ᠎ᠠ᠃      ︽ᠳᠦᠷᠢᠮ︾ ᠤᠨ ᠠᠷᠪᠠᠨ ᠶᠢᠰᠦᠳᠦᠭᠡᠷ ᠵᠣᠷᠪᠤᠰ ᠤᠨ ᠲᠣᠭᠲᠠᠭᠠᠯ ᠳᠤ ᠨᠡᠶᠢᠴᠡᠪᠡᠯ᠂ ᠤᠷᠤᠭ ᠰᠠᠯᠤᠭᠰᠠᠨ  ᠤ ᠳᠠᠷᠠᠭ᠎ᠠ ᠳᠠᠬᠢᠵᠤ ᠤᠷᠤᠭᠯᠠᠭᠰᠠᠳ ᠤᠷᠤᠭ ᠰᠠᠯᠤᠭᠰᠠᠨ ᠦᠨᠡᠮᠯᠡᠯ᠂ ᠤᠷᠤᠭ ᠰᠠᠯᠬᠤ ᠵᠦᠪᠳᠡᠯᠴᠡᠭᠡᠷ ᠤᠨ ᠪᠢᠴᠢᠭ᠂ ᠡᠶᠡᠳᠡᠭᠦᠯᠭᠡ ᠶᠢᠨ ᠪᠢᠴᠢᠭ ᠵᠢᠴᠢ ᠤᠷᠤᠭ ᠰᠠᠯᠬᠤ ᠲᠠᠰᠤᠯᠤᠯᠲᠠ ᠶᠢᠨ ᠪᠢᠴᠢᠭ ᠤᠨ ᠳᠣᠲᠤᠷᠠᠬᠢ ᠨᠢᠭᠡ ᠶᠢᠨ ᠬᠢᠨ ᠤᠭ ᠬᠡᠪ ᠪᠣᠯᠤᠨ ᠳᠠᠷᠤᠮᠠᠯᠯᠠᠭᠰᠠᠨ ᠬᠡᠪ ᠢ ᠲᠤᠰ ᠲᠤᠰ ᠨᠢᠭᠡ ᠬᠤᠪᠢ ᠲᠤᠰᠢᠶᠠᠨ᠎ᠠ︔ ᠬᠠᠨᠢ ᠪᠠᠨ ᠠᠯᠳᠠᠵᠤ ᠳᠠᠬᠢᠵᠤ ᠤᠷᠤᠭᠯᠠᠭᠰᠠᠳ ᠦᠬᠦᠯ ᠤᠨ ᠭᠡᠷᠡᠴᠢ ᠤᠨ ᠤᠭ ᠬᠡᠪ ᠪᠣᠯᠤᠨ ᠳᠠᠷᠤᠮᠠᠯᠯᠠᠭᠰᠠᠨ ᠬᠡᠪ ᠢ ᠲᠤᠰ ᠲᠤᠰ ᠨᠢᠭᠡ ᠬᠤᠪᠢ ᠲᠤᠰᠢᠶᠠᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号