ᠪᠠᠭᠠᠷᠢᠨ ᠵᠡᠭᠦᠨ ᠬᠤᠰᠢᠭᠤᠨ ᠤ ᠪᠦᠸᠧ ᠶᠠ ᠡᠮᠨᠡᠯᠭᠡ ᠶᠢᠨ ᠬᠤᠷᠢᠶ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2016/4/1
                ᠪᠠᠭᠠᠷᠢᠨ ᠵᠡᠭᠦᠨ ᠬᠤᠰᠢᠭᠤᠨ ᠤ ᠪᠦᠸᠧ ᠶᠠ               ᠡᠮᠨᠡᠯᠭᠡ ᠶᠢᠨ ᠬᠤᠷᠢᠶ᠎ᠠ ᠶᠢᠨ ᠲᠣᠪᠴᠢ ᠲᠠᠨᠢᠯᠴᠠᠭᠤᠯᠭ᠎ᠠ      ᠪᠠᠭᠠᠷᠢᠨ ᠵᠡᠭᠦᠨ ᠬᠤᠰᠢᠭᠤᠨ ᠤ ᠪᠦᠸᠧ ᠶᠠ ᠡᠮᠨᠡᠯᠭᠡ ᠶᠢᠨ ᠬᠤᠷᠢᠶ᠎ᠠ ᠪᠣᠯ ᠬᠦᠩᠭᠡᠵᠢᠭᠦᠯᠬᠦ ᠰᠠᠯᠠᠭ᠎ᠠ᠂ ᠬᠤᠰᠭᠢᠨᠠᠭ ᠭᠡᠳᠡᠰᠦᠨ ᠤ ᠰᠠᠯᠠᠭ᠎ᠠ᠂ ᠳᠣᠲᠤᠷ᠎ᠠ ᠰᠠᠯᠠᠭ᠎ᠠ᠂ ᠭᠠᠳᠠᠷ ᠰᠠᠯᠠᠭ᠎ᠠ ᠵᠢᠴᠢ ᠬᠢᠲᠠᠳ ᠮᠣᠩᠭᠤᠯ ᠡᠮᠨᠡᠯᠭᠡ ᠶᠢᠨ ᠰᠠᠯᠠᠭ᠎ᠠ ᠪᠠᠷ ᠭᠤᠣᠯ ᠪᠣᠯᠭᠠᠭᠰᠠᠨ ᠶᠡᠷᠦᠩᠬᠡᠢ ᠡᠮᠨᠡᠯᠭᠡ ᠶᠢᠨ ᠬᠤᠷᠢᠶ᠎ᠠ ᠪᠣᠯᠤᠨ᠎ᠠ᠃ ᠡᠮᠨᠡᠯᠭᠡ ᠶᠢᠨ ᠬᠤᠷᠢᠶᠠᠨ ᠳᠤ ᠡᠮᠡᠭᠲᠡᠢ ᠶᠢᠨ ᠰᠠᠯᠠᠭ᠎ᠠ᠂ ᠬᠦᠩᠭᠡᠵᠢᠭᠦᠯᠬᠦ ᠰᠠᠯᠠᠭ᠎ᠠ᠂ ᠬᠤᠰᠭᠢᠨᠠᠭ ᠭᠡᠳᠡᠰᠦᠨ ᠤ ᠰᠠᠯᠠᠭ᠎ᠠ᠂ ᠳᠣᠲᠣᠷ ᠰᠠᠯᠠᠭ᠎ᠠ᠂ ᠭᠠᠳᠠᠷ ᠰᠠᠯᠠᠭ᠎ᠠ᠂ ᠬᠢᠲᠠᠳ ᠡᠮᠨᠡᠯᠭᠡ ᠶᠢᠨ ᠰᠠᠯᠠᠭ᠎ᠠ᠂ ᠵᠡᠭᠦᠦ ᠲᠦᠭᠡᠨᠡᠯᠭᠡ ᠶᠢᠨ ᠰᠠᠯᠠᠭ᠎ᠠ᠂ ᠢᠯᠢᠵᠦ ᠨᠤᠬᠤᠯᠠᠬᠤ ᠰᠠᠯᠠᠭ᠎ᠠ᠂ ᠮᠣᠩᠭᠤᠯ ᠡᠮᠨᠡᠯᠭᠡ ᠶᠢᠨ ᠹᠢᠽᠢᠺ ᠵᠠᠰᠠᠯ ᠤᠨ ᠰᠠᠯᠠᠭ᠎ᠠ᠂ ᠮᠣᠩᠭᠤᠯ ᠡᠮ ᠤᠨ ᠤᠭᠢᠶᠠᠯ ᠤᠨ ᠰᠠᠯᠠᠭ᠎ᠠ᠂ ᠥᠩᠭᠡᠲᠦ ᠳᠣᠯᠭᠢᠶᠠᠨ ᠤ ᠲᠠᠰᠤᠭ᠂ ᠬᠢᠮᠢ ᠶᠢᠨ ᠵᠠᠳᠠᠯᠤᠯᠲᠠ ᠶᠢᠨ ᠲᠠᠰᠤᠭ᠂ ᠰᠠᠴᠤᠷᠠᠭ ᠵᠠᠰᠠᠯ ᠤᠨ ᠰᠠᠯᠠᠭ᠎ᠠ᠂ ᠬᠤᠲᠤᠷᠢᠩᠬᠠᠢ ᠭᠡᠳᠡᠰᠦᠨ ᠤ ᠡᠯᠧᠺᠲᠷᠤᠨ ᠳᠤᠷᠠᠨ ᠤ ᠲᠠᠰᠤᠭ᠂ ᠬᠡᠪᠲᠡᠰᠢ ᠶᠢᠨ ᠡᠯᠧᠺᠲᠷᠤᠨ ᠳᠤᠷᠠᠨ ᠤ ᠲᠠᠰᠤᠭ᠂  ᠤᠮᠠᠢ ᠶᠢᠨ ᠡᠯᠧᠺᠲᠷᠤᠨ ᠳᠤᠷᠠᠨ ᠤ ᠲᠠᠰᠤᠭ᠂ ᠣᠽᠣᠨ ᠤ ᠡᠮᠴᠢᠯᠡᠬᠦ ᠲᠠᠰᠤᠭ᠂ ᠴᠠᠬᠢᠯᠭᠠᠨ ᠢᠶᠠᠷ ᠲᠦᠭᠡᠨᠡᠨ ᠵᠠᠰᠠᠬᠤ ᠲᠠᠰᠤᠭ᠂ ᠡᠷᠡᠭᠦᠯᠵᠢᠭᠦᠯᠬᠦ ᠵᠠᠰᠠᠯ ᠤᠨ ᠲᠠᠰᠤᠭ ᠵᠢᠴᠢ ᠬᠦᠯᠢ ᠰᠣᠪᠢᠯᠠᠬᠤ ᠲᠠᠰᠤᠭ ᠵᠡᠷᠭᠡ᠃      ᠪᠠᠭᠠᠷᠢᠨ ᠵᠡᠭᠦᠨ ᠬᠤᠰᠢᠭᠤᠨ ᠤ ᠪᠦᠸᠧ ᠶᠠ ᠡᠮᠨᠡᠯᠭᠡ ᠶᠢᠨ ᠬᠤᠷᠢᠶ᠎ᠠ ᠨᠢ ᠤᠯᠠᠭᠠᠨᠬᠠᠳᠠ ᠬᠤᠲᠠ ᠶᠢᠨ ᠡᠮᠨᠡᠯᠭᠡ ᠶᠢᠨ ᠳᠠᠭᠠᠳᠬᠠᠯ᠂ ᠰᠢᠨ᠎ᠡ ᠬᠡᠯᠪᠡᠷᠢ ᠶᠢᠨ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠶᠢᠨ ᠴᠢᠭ ᠲᠣᠭᠲᠠᠭᠰᠠᠨ ᠡᠮᠨᠡᠯᠭᠡ ᠶᠢᠨ ᠬᠤᠷᠢᠶ᠎ᠠ᠂ ᠠᠬᠠᠮᠠᠳ ᠺᠠᠳ᠋ᠷᠴᠤᠳ ᠤᠨ ᠡᠭᠦᠳᠡᠨ ᠡᠮᠨᠡᠯᠭᠡ᠂ ᠣᠨᠴᠠᠭᠠᠢ ᠡᠭᠦᠳᠡᠨ ᠡᠮᠨᠡᠯᠭᠡ ᠶᠢᠨ ᠴᠢᠭ ᠲᠣᠭᠲᠠᠭᠰᠠᠨ ᠡᠮᠨᠡᠯᠭᠡ ᠶᠢᠨ ᠪᠠᠶᠢᠭᠤᠯᠤᠮᠵᠢ ᠪᠠᠶᠢᠵᠤ᠂ ᠡᠮᠨᠡᠯᠭᠡ᠂ ᠰᠤᠳᠤᠯᠭᠠᠨ᠂ ᠪᠣᠯᠪᠠᠰᠤᠷᠠᠯ᠂ ᠰᠡᠷᠭᠡᠶᠢᠯᠡᠯᠲᠡ ᠵᠢᠴᠢ ᠡᠷᠡᠭᠦᠯᠵᠢᠯ ᠢ ᠨᠢᠭᠡᠲᠦᠭᠦᠯᠦᠭᠰᠡᠨ ᠦᠨᠳᠦᠷ ᠮᠡᠷᠭᠡᠵᠢᠯ᠂ ᠪᠦᠷᠢᠨ ᠲᠦᠬᠦᠭᠡᠷᠦᠮᠵᠢ᠂ ᠰᠢᠨ᠎ᠡ ᠬᠡᠷᠡᠭᠰᠡᠯ ᠲᠠᠢ᠃      ᠡᠮᠨᠡᠯᠭᠡ ᠶᠢᠨ ᠬᠤᠷᠢᠶ᠎ᠠ ᠨᠢ ᠶᠠᠫᠤᠨ ᠤ ᠿᠢ ᠯᠢ ᠥᠩᠭᠡᠲᠦ ᠳᠣᠯᠭᠢᠶᠠᠨ ᠤ ᠮᠠᠰᠢᠨ᠂ ᠠᠮᠧᠷᠢᠺᠠ ᠶᠢᠨ GE ᠠᠴᠠ ᠦᠢᠯᠡᠳᠪᠦᠷᠢᠯᠡᠭᠰᠡᠨ DR ᠮᠠᠰᠢᠨ᠂ ᠭᠧᠷᠮᠠᠨ ᠤ ᠬᠡᠪᠲᠡᠰᠢ ᠶᠢᠨ ᠡᠯᠧᠺᠲᠷᠤᠨ ᠳᠤᠷᠠᠨ᠂ ᠤᠮᠠᠢ ᠶᠢᠨ ᠡᠯᠧᠺᠲᠷᠤᠨ ᠳᠤᠷᠠᠨ᠂ LEEP ᠮᠡᠰᠡ ᠵᠠᠰᠠᠯ ᠤᠨ ᠬᠢᠲᠤᠭ᠎ᠠ᠂ ᠣᠽᠣᠨ ᠤ ᠡᠮᠴᠢᠯᠡᠬᠦ ᠬᠡᠮᠵᠢᠭᠦᠷᠯᠢᠭ᠂ ᠬᠤᠰᠭᠢᠨᠠᠭ ᠭᠡᠳᠡᠰᠦᠨ ᠤ ᠺᠣᠮᠫᠢᠦ᠋ᠲ᠋ᠧᠷ ᠢᠶᠠᠷ ᠡᠮᠴᠢᠯᠡᠬᠦ ᠬᠡᠮᠵᠢᠭᠦᠷᠯᠢᠭ᠂ ᠠᠮᠢᠳᠤ ᠪᠤᠳᠠᠰ ᠤᠨ ᠬᠢᠮᠢ ᠶᠢᠨ ᠵᠠᠳᠠᠯᠤᠯᠲᠠ ᠶᠢᠨ ᠠᠦ᠋ᠲ᠋ᠤ᠋ ᠮᠠᠰᠢᠨ ᠵᠡᠷᠭᠡ ᠲᠡᠷᠢᠭᠦᠨ ᠤ ᠡᠮᠴᠢᠯᠡᠭᠡᠨ ᠤ ᠬᠡᠷᠡᠭᠰᠡᠯ ᠲᠦᠬᠦᠭᠡᠦᠷᠮᠵᠢ ᠶᠢ ᠣᠷᠤᠭᠤᠯᠵᠠᠢ᠃      ᠡᠮᠨᠡᠯᠭᠡ ᠶᠢᠨ ᠬᠤᠷᠢᠶ᠎ᠠ ᠶᠡᠷᠦ ᠳᠣᠬᠢᠶᠠᠯᠳᠤᠳᠠᠭ ᠡᠪᠡᠳᠴᠢᠨ ᠪᠠ ᠣᠯᠠᠨ ᠳᠠᠬᠢᠳᠠᠭ ᠡᠪᠡᠳᠴᠢᠨ ᠢ ᠡᠮᠴᠢᠯᠡᠬᠦ ᠪᠣᠶᠤ ᠮᠡᠰᠡ ᠵᠠᠰᠠᠯ ᠬᠢᠬᠦ ᠠᠴᠠ ᠭᠠᠳᠠᠨ᠎ᠠ ᠪᠠᠰᠠ ᠣᠨᠴᠠᠯᠢᠭᠲᠤ ᠡᠮᠴᠢᠯᠡᠭᠡ ᠬᠢᠳᠡᠭ᠄ ᠬᠥᠩᠭᠡᠵᠢᠭᠰᠡᠨ ᠤ ᠳᠠᠷᠠᠭᠠᠬᠢ ᠠᠭᠠᠷᠴᠠᠭ ᠤᠨ ᠡᠷᠡᠭᠦᠯᠵᠢᠯ᠂ ᠣᠽᠣᠨ ᠢᠶᠠᠷ ᠠᠭᠠᠷᠴᠠᠭ ᠤᠨ ᠬᠦᠨᠳᠡᠢ ᠶᠢᠨ ᠦᠷᠪᠢᠰᠦᠯ ᠪᠣᠯᠤᠨ ᠳᠠᠭᠠᠯᠲᠠ ᠡᠪᠡᠳᠴᠢᠨ ᠤ ᠦᠷᠪᠢᠰᠦᠯ ᠢ ᠵᠠᠰᠠᠬᠤ᠂ ᠱᠠᠮᠪᠠᠷᠠᠮ ᠪᠠ ᠬᠦᠪᠴᠢᠷᠬᠡᠢ ᠶᠢᠨ ᠠᠷᠠᠰᠤ ᠶᠢ ᠡᠳᠡᠭᠡᠬᠦ᠂ ᠰᠢᠬᠢᠷ ᠰᠢᠵᠢᠩ ᠡᠪᠡᠳᠴᠢᠨ ᠢ ᠡᠮᠴᠢᠯᠡᠬᠦ᠂ ᠡᠪᠡᠰᠦᠨ ᠡᠮ ᠢᠶᠠᠷ ᠤᠲᠤᠵᠤ ᠵᠢᠩᠨᠡᠬᠦ᠂ ᠮᠣᠩᠭᠤᠯ ᠡᠮ ᠢᠶᠠᠷ ᠤᠭᠢᠶᠠᠬᠤ ᠵᠢᠴᠢ ᠡᠷᠡᠭᠲᠡᠢ ᠶᠢᠨ ᠡᠪᠡᠳᠴᠢᠨ ᠢ ᠵᠠᠰᠠᠬᠤ ᠵᠡᠷᠭᠡ᠃      ᠭᠤᠷᠪᠠᠨ ᠲᠣᠮᠣ ᠡᠪᠡᠳᠬᠦ ᠦᠭᠡᠢ ᠮᠡᠰᠡ ᠵᠠᠰᠠᠯ᠄ ᠡᠪᠡᠳᠬᠦ ᠦᠭᠡᠢ ᠪᠠᠷ ᠤᠷᠤᠭ ᠤᠨᠠᠭᠠᠯᠭᠠᠬᠤ᠂ ᠡᠪᠡᠳᠬᠦ ᠦᠭᠡᠢ ᠪᠠᠷ ᠦᠳᠦᠭᠡᠨ ᠬᠥᠩᠭᠡᠵᠢᠭᠦᠯᠬᠦ᠂ ᠡᠪᠡᠳᠬᠦ ᠦᠭᠡᠢ ᠪᠠᠷ ᠬᠥᠩᠭᠡᠵᠢᠬᠦ᠃      ᠡᠮᠨᠡᠯᠭᠡ ᠶᠢᠨ ᠬᠤᠷᠢᠶ᠎ᠠ ᠬᠥᠩᠭᠡᠵᠢᠭᠦᠯᠬᠦ ᠰᠠᠯᠠᠭᠠᠨ ᠤ ᠪᠦᠬᠦ ᠶᠠᠪᠤᠴᠠ ᠶᠢ ᠨᠢᠭᠡᠲᠦᠯᠵᠢᠭᠦᠯᠦᠨ ᠵᠢᠯᠤᠭᠤᠳᠬᠤ ᠦᠢᠯᠡᠴᠢᠯᠡᠭᠡ ᠬᠠᠩᠭᠠᠵᠤ ᠪᠠᠶᠢᠨ᠎ᠠ᠂ ᠳᠠᠷᠤᠢ ᠬᠥᠩᠭᠡᠵᠢᠬᠦ ᠠᠴᠠ ᠡᠮᠦᠨ᠎ᠡ ᠪᠠᠶᠢᠴᠠᠭᠠᠬᠤ — ᠠᠮᠤᠷ ᠲᠥᠪᠰᠢᠨ ᠬᠥᠩᠭᠡᠵᠢᠬᠦ — ᠰᠠᠷ᠎ᠠ ᠳᠣᠲᠤᠷᠠᠬᠢ ᠦᠢᠯᠡᠴᠢᠯᠡᠭᠡ — ᠨᠢᠷᠠᠢ ᠬᠡᠥᠬᠡᠳ ᠢ ᠤᠭᠢᠶᠠᠬᠤ ᠪᠠ ᠤᠮᠪᠠᠭᠤᠯᠬᠤ — ᠰᠠᠷ᠎ᠠ ᠳᠦᠭᠦᠷᠦᠭᠰᠡᠨ ᠤ ᠳᠠᠷᠠᠭ᠎ᠠ ᠠᠭᠤᠷ ᠢᠶᠠᠷ ᠵᠢᠩᠨᠡᠬᠦ᠃      ᠬᠠᠶ᠋ᠢᠭ᠄ ᠯᠢᠨᠳᠦ᠋ᠩ ᠪᠠᠯᠭᠠᠰᠤ ᠶᠢᠨ ᠲᠠᠪᠤᠳᠤᠭᠠᠷ ᠵᠡᠭᠡᠯᠢ ᠶᠢᠨ ᠵᠡᠭᠦᠨ ᠬᠡᠰᠡᠭ ᠤᠨ ᠵᠠᠮ ᠤᠨ ᠡᠮᠦᠨ᠎ᠡ ᠲᠠᠯ᠎ᠠ      ᠬᠠᠷᠢᠯᠴᠠᠬᠤ ᠤᠲᠠᠰᠤ᠄ 0476-7886120         7887120
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号