ᠪᠠᠭᠠᠷᠢᠨ ᠵᠡᠭᠦᠨ ᠬᠤᠰᠢᠭᠤᠨ ᠤ ᠶᠠᠰᠤᠨ ᠭᠡᠮᠲᠦᠯ ᠵᠠᠰᠠᠬᠤ ᠡᠮᠨᠡᠯᠭᠡ ᠶᠢᠨ ᠬᠤᠷᠢᠶ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2016/4/1
              ᠪᠠᠭᠠᠷᠢᠨ ᠵᠡᠭᠦᠨ ᠬᠤᠰᠢᠭᠤᠨ ᠤ ᠶᠠᠰᠤᠨ ᠭᠡᠮᠲᠦᠯ ᠵᠠᠰᠠᠬᠤ               ᠡᠮᠨᠡᠯᠭᠡ ᠶᠢᠨ ᠬᠤᠷᠢᠶ᠎ᠠ ᠶᠢᠨ ᠲᠣᠪᠴᠢ ᠲᠠᠨᠢᠯᠴᠠᠭᠤᠯᠭ᠎ᠠ       ᠪᠠᠭᠠᠷᠢᠨ ᠵᠡᠭᠦᠨ ᠬᠤᠰᠢᠭᠤᠨ ᠤ ᠶᠠᠰᠤᠨ ᠭᠡᠮᠲᠦᠯ ᠵᠠᠰᠠᠬᠤ ᠡᠮᠨᠡᠯᠭᠡ ᠶᠢᠨ ᠬᠤᠷᠢᠶ᠎ᠠ ᠨᠢ ᠪᠠᠭᠠᠷᠢᠨ ᠵᠡᠭᠦᠨ ᠬᠤᠰᠢᠭᠤᠨ ᠤ ᠯᠢᠨᠳᠦ᠋ᠩ ᠪᠠᠯᠭᠠᠰᠤ ᠶᠢᠨ ᠨᠠᠨ ᠰᠢᠨ ᠵᠡᠭᠡᠯᠢ ᠳᠤ ᠪᠣᠢ᠃ ᠲᠤᠰ ᠡᠮᠨᠡᠯᠭᠡ ᠶᠢᠨ ᠬᠤᠷᠢᠶᠠᠨ ᠳᠤ ᠨᠡᠶᠢᠲᠡ 49 ᠠᠵᠢᠯᠲᠠᠨ ᠲᠠᠢ᠂ ᠬᠢᠲᠠᠳ ᠡᠮᠨᠡᠯᠭᠡ ᠶᠢᠨ ᠰᠠᠯᠠᠭ᠎ᠠ᠂ ᠳᠣᠲᠤᠷ ᠰᠠᠯᠠᠭ᠎ᠠ᠂ ᠭᠠᠳᠠᠷ ᠰᠠᠯᠠᠭ᠎ᠠ᠂ ᠮᠢᠨᠴᠦᠭᠦᠷᠡᠭᠦᠯᠬᠦ ᠰᠠᠯᠠᠭ᠎ᠠ᠂ ᠰᠠᠴᠤᠷᠠᠭ ᠵᠠᠰᠠᠯ ᠤᠨ ᠰᠠᠯᠠᠭ᠎ᠠ᠂ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ ᠶᠢᠨ ᠰᠠᠯᠠᠭ᠎ᠠ᠂ ᠰᠡᠷᠭᠡᠶᠢᠯᠡᠨ ᠡᠷᠡᠭᠦᠯᠵᠢᠭᠦᠯᠬᠦ ᠰᠠᠯᠠᠭ᠎ᠠ ᠵᠡᠷᠭᠡ ᠪᠠᠶᠢᠵᠤ᠂ ᠤᠯᠠᠭᠠᠨᠬᠠᠳᠠ ᠬᠤᠲᠠ ᠶᠢᠨ ᠬᠤᠶᠢᠲᠤ ᠬᠡᠰᠡᠭ ᠤᠨ ᠲᠣᠮᠤ ᠬᠡᠪᠴᠢᠶᠡᠲᠦ ᠳᠦᠷᠢᠮᠵᠢᠭᠰᠡᠨ ᠴᠣᠷᠢ ᠶᠢᠨ ᠭᠠᠭᠴᠠ ᠶᠠᠰᠤᠨ ᠭᠡᠮᠲᠦᠯ ᠢ ᠵᠠᠰᠠᠬᠤ ᠰᠠᠭᠤᠷᠢᠨ ᠭᠠᠵᠠᠷ ᠪᠣᠯᠤᠨ᠎ᠠ᠃ ᠡᠮᠨᠡᠯᠭᠡ ᠶᠢᠨ ᠬᠤᠷᠢᠶ᠎ᠠ ᠨᠢ ᠪᠡᠭᠡᠵᠢᠩ᠂ ᠴᠠᠩᠴᠦ᠋ᠨ ᠵᠢᠴᠢ ᠤᠯᠠᠭᠠᠨᠬᠠᠳᠠ ᠵᠡᠷᠭᠡ ᠭᠠᠵᠠᠷ ᠤᠨ ᠶᠠᠰᠤᠨ ᠤ ᠡᠮᠨᠡᠯᠭᠡ ᠶᠢᠨ ᠣᠯᠠᠨ ᠲᠤᠰᠬᠠᠢ ᠮᠡᠷᠭᠡᠵᠢᠯᠲᠡᠨ ᠢ ᠤᠷᠢᠵᠤ ᠵᠢᠭᠠᠨ ᠵᠢᠯᠤᠭᠤᠳᠤᠭᠤᠯᠳᠠᠭ︔ ᠡᠯ᠎ᠡ ᠵᠦᠢᠯ ᠤᠨ ᠶᠡᠷᠦᠳᠡ ᠶᠢᠨ ᠳᠣᠬᠢᠶᠠᠯᠳᠤᠳᠠᠭ ᠶᠠᠰᠤ ᠬᠤᠭᠤᠷᠠᠬᠤ᠂ ᠬᠦᠵᠦᠭᠦᠦ ᠨᠢᠷᠤᠭᠤ ᠶᠠᠰᠤᠨ ᠤ ᠦᠷᠪᠢᠰᠦᠯ᠂ ᠳᠤᠮᠳᠠ ᠴᠢᠮᠦᠭᠡ ᠶᠢᠨ ᠶᠠᠰᠤᠨ ᠤ ᠦᠬᠦᠵᠢᠯ᠂ ᠶᠠᠰᠤᠨ ᠡᠳ᠋ ᠤᠨ ᠨᠡᠮᠡᠭᠳᠡᠯ ᠵᠢᠴᠢ ᠶᠠᠰᠤᠯᠢᠭ ᠴᠢᠨᠠᠷᠲᠠᠢ ᠦᠶ᠎ᠡ ᠭᠡᠰᠢᠭᠦᠨ ᠤ ᠦᠷᠪᠢᠰᠦᠯ ᠵᠡᠷᠭᠡ ᠶᠠᠰᠤᠨ ᠡᠮᠨᠡᠯᠭᠡ ᠶᠢᠨ ᠬᠦᠷᠢᠶ᠎ᠡ ᠬᠡᠪᠴᠢᠶᠡᠨ ᠳᠠᠬᠢ ᠡᠪᠡᠳᠴᠢᠨ ᠢ ᠡᠮᠨᠡᠬᠦ ᠲᠠᠯ᠎ᠠ ᠪᠠᠷ ᠲᠤᠰ ᠭᠠᠵᠠᠷ ᠣᠷᠣᠨ ᠳᠠᠭᠠᠨ ᠲᠡᠷᠢᠭᠦᠨ ᠤ ᠬᠢᠷᠢ ᠲᠥᠪᠰᠢᠨ ᠳᠤ ᠬᠦᠷᠴᠡᠢ︔ ᠡᠭᠦᠨ ᠤ ᠬᠠᠮᠲᠤ ᠡᠮᠨᠡᠯᠭᠡ ᠶᠢᠨ ᠬᠤᠷᠢᠶ᠎ᠠa ᠪᠠᠰ ᠤᠯᠠᠮᠵᠢᠯᠠᠯᠲᠤ ᠡᠪᠡᠰᠦᠨ ᠡᠮ ᠢ ᠣᠳᠣ ᠦᠶ᠎ᠡ ᠶᠢᠨ ᠭᠠᠷ ᠤᠷᠠᠯᠠᠯ ᠤᠨ ᠪᠣᠯᠪᠠᠰᠤᠷᠠᠭᠤᠯᠤᠯᠲᠠ ᠲᠠᠢ ᠤᠶᠠᠯᠳᠤᠭᠤᠯᠤᠨ᠂ ᠡᠮᠴᠢᠯᠡᠭᠡᠨ ᠤ ᠦᠷ᠎ᠡ ᠠᠰᠢᠭ ᠢ ᠨᠡᠮᠡᠭᠳᠡᠭᠦᠯᠵᠦ᠂s ᠶᠠᠰᠤᠨ ᠡᠪᠡᠳᠴᠢᠨ ᠤ ᠠᠷᠬᠠᠭ ᠪᠠ ᠳᠠᠪᠬᠤᠴᠠᠭᠰᠠᠨ ᠡᠪᠡᠳᠴᠢᠨ ᠢ ᠴᠢᠳᠠᠬᠤ ᠶᠢᠨ ᠳᠣᠲᠤᠷ᠎ᠠ ᠪᠠᠭᠠᠰᠬᠠᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号