ᠪᠠᠭᠠᠷᠢᠨ ᠵᠡᠭᠦᠨ ᠬᠤᠰᠢᠭᠤᠨ ᠤ ᠨᠦᠬᠦᠷᠯᠡᠯ ᠡᠮᠨᠡᠯᠭᠡ ᠶᠢᠨ ᠬᠤᠷᠢᠶ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2016/4/1
               ᠪᠠᠭᠠᠷᠢᠨ ᠵᠡᠭᠦᠨ ᠬᠤᠰᠢᠭᠤᠨ ᠤ ᠨᠦᠬᠦᠷᠯᠡᠯ ᠡᠮᠨᠡᠯᠭᠡ ᠶᠢᠨ                ᠬᠤᠷᠢᠶ᠎ᠠ ᠶᠢᠨ ᠲᠣᠪᠴᠢ ᠲᠠᠨᠢᠯᠴᠠᠭᠤᠯᠭ᠎ᠠ             ᠪᠠᠭᠠᠷᠢᠨ ᠵᠡᠭᠦᠨ ᠬᠤᠰᠢᠭᠤᠨ ᠤ ᠨᠦᠬᠦᠷᠯᠡᠯ ᠡᠮᠨᠡᠯᠭᠡ ᠶᠢᠨ ᠬᠤᠷᠢᠶ᠎ᠠ ᠯᠢᠨᠳᠦ᠋ᠩ ᠪᠠᠯᠭᠠᠰᠤ ᠶᠢᠨ ᠵᠧᠨ ᠰᠢᠩ ᠶᠡᠭᠡ ᠵᠡᠭᠡᠯᠢ — ᠡᠮ ᠡᠮᠨᠡᠯᠭᠡ ᠶᠢᠨ ᠺᠣᠮᠫᠠᠨᠢ ᠶᠢᠨ ᠡᠰᠡᠷᠭᠦ ᠲᠠᠯ᠎ᠠ ᠳᠤ ᠪᠠᠶᠢᠷᠢᠯᠠᠵᠤ᠂ ᠤᠯᠠᠭᠠᠨᠬᠠᠳᠠ ᠬᠤᠲᠠ ᠶᠢᠨ ᠡᠷᠡᠭᠦᠯ ᠬᠠᠮᠠᠭᠠᠯᠠᠯ ᠤᠨ ᠲᠣᠪᠴᠢᠶ᠎ᠠ ᠪᠠᠷ ᠵᠦᠪᠰᠢᠶᠡᠷᠡᠭᠦᠯᠵᠦ ᠪᠠᠶᠢᠭᠤᠯᠤᠭᠰᠠᠨ ᠪᠠᠭᠠᠷᠢᠨ ᠵᠡᠭᠦᠨ ᠬᠤᠰᠢᠭᠤᠨ ᠤ ᠴᠣᠷᠢ ᠶᠢᠨ ᠭᠠᠭᠴᠠ ᠠᠰᠢᠭ ᠬᠤᠨᠵᠢᠪᠦᠷᠢ ᠶᠢᠨ ᠴᠢᠨᠠᠷᠲᠠᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠤᠨ᠎ᠠ᠃ ᠪᠠᠰᠠᠴᠤ ᠰᠢᠨ᠎ᠡ ᠬᠡᠯᠪᠡᠷᠢ ᠶᠢᠨ ᠬᠦᠳᠡᠭᠡ ᠲᠤᠰᠬᠤᠨ ᠮᠠᠯᠵᠢᠬᠤ ᠣᠷᠣᠨ ᠤ ᠬᠤᠷᠰᠢᠭᠰᠠᠨ ᠡᠮᠨᠡᠯᠭᠡ᠂ ᠬᠤᠲᠠ ᠪᠠᠯᠭᠠᠰᠤ ᠶᠢᠨ ᠠᠵᠢᠯᠲᠠᠨ ᠤ ᠦᠨᠳᠦᠰᠦᠨ ᠡᠮᠨᠡᠯᠭᠡ ᠵᠢᠴᠢ ᠣᠨᠴᠠᠭᠠᠢ ᠠᠷᠬᠠᠭ ᠡᠪᠡᠳᠴᠢᠨ ᠤ ᠡᠭᠦᠳᠡᠨ ᠡᠮᠨᠡᠯᠭᠡ ᠶᠢᠨ ᠲᠣᠭᠲᠠᠭᠰᠠᠨ ᠡᠮᠨᠡᠯᠭᠡ ᠶᠢᠨ ᠬᠤᠷᠢᠶ᠎ᠠ ᠮᠦᠨ᠃ ᠡᠮᠨᠡᠯᠭᠡ ᠶᠢᠨ ᠬᠤᠷᠢᠶᠠᠨ ᠤ ᠶᠡᠷᠦᠩᠬᠡᠢ ᠲᠠᠯᠠᠪᠠᠢ ᠨᠢ 1502 ᠲᠡᠭᠰᠢ ᠳᠦᠷᠪᠡᠯᠵᠢᠨ ᠮᠧᠲᠷ᠂ ᠡᠭᠦᠨ ᠳᠤ ᠪᠠᠷᠢᠯᠭ᠎ᠠ ᠶᠢᠨ ᠲᠠᠯᠠᠪᠠᠢ 801 ᠲᠡᠭᠰᠢ ᠳᠦᠷᠪᠡᠯᠵᠢᠨ ᠮᠧᠲᠷ᠃  ᠡᠪᠡᠳᠴᠢᠲᠡᠨ ᠤ ᠣᠷᠣ 30 ᠪᠠᠶᠢᠵᠤ᠂ ᠡᠮᠨᠡᠯᠭᠡ ᠶᠢᠨ ᠬᠤᠷᠢᠶᠠᠨ ᠤ ᠪᠦᠬᠦ ᠬᠦᠷᠦᠩᠭᠡ 700 ᠲᠦᠮᠡᠨ ᠲᠦᠭᠦᠷᠢᠭ᠂ ᠡᠭᠦᠨ ᠳᠤ 200 ᠢᠯᠡᠭᠦᠦ ᠲᠦᠮᠡᠨ ᠲᠦᠭᠦᠷᠢᠭ ᠤᠨ ᠲᠣᠭᠲᠠᠮᠠᠯ ᠬᠦᠷᠦᠩᠭᠡ ᠲᠠᠢ᠃ 30 ᠭᠠᠷᠤᠢ ᠠᠵᠢᠯᠲᠠᠨ ᠲᠠᠢ᠃ ᠡᠷᠬᠢᠯᠡᠭᠴᠢ ᠡᠮᠴᠢ 1᠂ ᠳᠡᠳ᠋ ᠡᠷᠬᠢᠯᠡᠭᠴᠢ ᠡᠮᠴᠢ 1᠂ ᠭᠤᠣᠯᠯᠠᠭᠴᠢ ᠡᠮᠴᠢ 4 ᠪᠣᠢ᠃ ᠬᠢᠲᠠᠳ ᠡᠮᠨᠡᠯᠭᠡ ᠶᠢᠨ ᠰᠠᠯᠠᠭ᠎ᠠ᠂ ᠭᠠᠳᠠᠷ ᠰᠠᠯᠠᠭ᠎ᠠ᠂ ᠡᠮᠡᠭᠲᠡᠶᠢᠴᠦᠳ ᠤᠨ ᠰᠠᠯᠠᠭ᠎ᠠ᠂ ᠹᠢᠽᠢᠺ ᠵᠠᠰᠠᠯ ᠤᠨ ᠰᠠᠯᠠᠭ᠎ᠠ ᠵᠢᠴᠢ ᠠᠮᠠᠨ ᠬᠦᠨᠳᠡᠢ ᠶᠢᠨ ᠰᠠᠯᠠᠭ᠎ᠠ ᠵᠡᠷᠭᠡ ᠡᠮᠴᠢᠯᠡᠭᠡᠨ ᠤ ᠰᠠᠯᠠᠭ᠎ᠠ ᠲᠠᠰᠤᠭ ᠲᠠᠢ᠃      ᠣᠨᠴᠠᠯᠢᠭᠲᠤ ᠡᠮᠨᠡᠯᠭᠡ ᠶᠢ ᠤᠯᠠᠮᠵᠢᠯᠠᠨ ᠬᠦᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠳᠣᠲᠤᠭᠠᠳᠤ ᠠᠭᠤᠯᠤᠭᠳᠠᠬᠤᠨ ᠢᠶᠠᠨ ᠲᠠᠰᠤᠷᠠᠯᠲᠠ ᠦᠭᠡᠢ ᠪᠠᠶᠠᠯᠢᠭᠵᠢᠭᠤᠯᠤᠨ᠂ ᠬᠢᠲᠠᠳ ᠡᠮ ᠡᠮᠨᠡᠯᠭᠡ ᠤᠨ ᠣᠨᠴᠠᠯᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ᠡᠯ᠎ᠡ ᠵᠦᠢᠯ ᠤᠨ ᠠᠷᠬᠠᠭ ᠡᠪᠡᠳᠴᠢᠨ᠂ ᠰᠢᠬᠢᠷ ᠰᠢᠵᠢᠩ ᠡᠪᠡᠳᠴᠢᠨ᠂ ᠡᠯᠢᠭᠡᠨ ᠤ ᠦᠷᠪᠢᠰᠦᠯ ᠵᠢᠴᠢ ᠡᠯᠢᠭᠡᠨ ᠤ ᠬᠠᠲᠠᠭᠤᠷᠠᠯ ᠤᠨ ᠡᠪᠡᠳᠴᠢᠨ ᠢ ᠡᠮᠴᠢᠯᠡᠨ ᠵᠠᠰᠠᠵᠤ᠂ ᠬᠢᠲᠠᠳ ᠡᠮ ᠢᠶᠠᠷ ᠪᠡᠶ᠎ᠡ ᠰᠣᠪᠢᠯᠠᠬᠤ ᠪᠠ ᠡᠷᠡᠭᠦᠯᠵᠢᠭᠦᠯᠵᠦ ᠪᠣᠢ᠃      ᠬᠠᠷᠢᠯᠴᠠᠬᠤ ᠤᠲᠠᠰᠤ᠄ 0476-7885180      ᠬᠠᠶ᠋ᠢᠭ᠄ ᠵᠧᠨ ᠰᠢᠩ ᠶᠡᠭᠡ ᠵᠡᠭᠡᠯᠢ ᠶᠢᠨ ᠡᠮ ᠡᠮᠨᠡᠯᠭᠡ ᠶᠢᠨ ᠺᠣᠮᠫᠠᠨᠢ ᠶᠢᠨ ᠡᠰᠡᠷᠭᠦ ᠲᠠᠯ᠎ᠠ ᠳᠤ
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号