ᠬᠤᠷᠰᠢᠭᠰᠠᠨ ᠡᠮᠨᠡᠯᠭᠡ ᠶᠢᠨ ᠵᠠᠷᠤᠳᠠᠯ ᠢ ᠲᠦᠯᠦᠬᠦ ᠠᠯᠬᠤᠮ ᠳᠠᠷᠠᠭ᠎ᠠ | | ᠨᠢᠭᠡ᠂ ᠡᠮᠨᠡᠯᠭᠡ ᠰᠢᠯᠵᠢᠬᠦ | ᠬᠤᠲᠠ ᠶᠢᠨ ᠳᠣᠲᠤᠷᠠᠬᠢ ᠡᠮᠨᠡᠯᠭᠡ ᠳᠤ ᠰᠠᠭᠤᠭᠰᠠᠳ ᠡᠮᠨᠡᠯᠭᠡ ᠰᠢᠯᠵᠢᠬᠦ ᠭᠠᠷ ᠭᠦᠢᠴᠡᠳᠬᠡᠯ ᠬᠢᠬᠦ ᠴᠢᠬᠤᠯᠠ | ᠦᠭᠡᠢ︔ ᠬᠤᠲᠠ ᠶᠢᠨ ᠭᠠᠳᠠᠨᠠᠬᠢ ᠨᠡᠶᠢᠲᠡ ᠶᠢᠨ ᠡᠮᠨᠡᠯᠭᠡ ᠶᠢᠨ ᠬᠤᠷᠢᠶᠠᠨ ᠳᠤ ᠰᠠᠭᠤᠭᠰᠠᠳ ᠬᠤᠰᠢᠭᠤᠨ ᠤ | ᠡᠮᠨᠡᠯᠭᠡ ᠶᠢᠨ ᠬᠤᠷᠢᠶᠠᠨ ᠠᠴᠠ ᠡᠮᠨᠡᠯᠭᠡ ᠰᠢᠯᠵᠢᠬᠦ ᠭᠡᠷᠡᠴᠢ ᠠᠪᠴᠤ᠂ ᠬᠤᠰᠢᠭᠤ ᠬᠤᠷᠰᠢᠭᠰᠠᠨ ᠡᠮᠨᠡᠯᠭᠡ ᠶᠢᠨ ᠠᠯᠪᠠᠨ | ᠭᠡᠷ ᠤᠨ ᠬᠢᠨᠠᠨ ᠵᠦᠪᠰᠢᠶᠡᠷᠡᠭᠦᠯᠦᠨ᠎ᠡ︔ ᠭᠠᠳᠠᠭᠰᠢ ᠭᠠᠷᠴᠤ ᠬᠦᠯᠦᠰᠦᠨ ᠠᠵᠢᠯ ᠬᠢᠭᠰᠡᠳ ᠪᠠ ᠰᠤᠷᠤᠭᠴᠢᠳ | ᠤᠲᠠᠰᠤ ᠪᠠᠷ ᠳᠠᠩᠰᠠᠯᠠᠭᠤᠯᠤᠨ᠎ᠠ᠃ ᠴᠠᠭ ᠠᠴᠠ ᠬᠤᠴᠤᠷᠤᠭᠰᠠᠨ ᠪᠣᠯ ᠲᠦᠯᠦᠪᠦᠷᠢ ᠥᠭᠬᠦ ᠦᠭᠡᠢ᠃ | ᠬᠤᠶᠠᠷ᠂ ᠲᠦᠯᠦᠪᠦᠷᠢ ᠣᠯᠭᠤᠬᠤ | 1. ᠡᠭᠦᠳᠡᠨ ᠡᠮᠨᠡᠯᠭᠡ ᠶᠢᠨ ᠡᠮ ᠡᠮᠨᠡᠯᠭᠡ ᠶᠢᠨ ᠵᠠᠷᠤᠳᠠᠯ ᠢ ᠲᠦᠯᠦᠬᠦ ᠪᠣᠯᠤᠨ ᠬᠤᠲᠠ ᠶᠢᠨ ᠳᠣᠲᠤᠷᠠᠬᠢ | ᠡᠮᠨᠡᠯᠭᠡ ᠳᠤ ᠰᠠᠭᠤᠭᠰᠠᠨ ᠡᠮ ᠡᠮᠨᠡᠯᠭᠡ ᠶᠢᠨ ᠵᠠᠷᠤᠳᠠᠯ ᠢ ᠲᠦᠯᠦᠬᠦ᠃ ᠡᠪᠡᠳᠴᠢᠲᠡᠨ ᠬᠤᠷᠰᠢᠭᠰᠠᠨ ᠡᠮᠨᠡᠯᠭᠡ ᠶᠢᠨ | ᠦᠨᠡᠮᠯᠡᠯ᠂ ᠪᠡᠶ᠎ᠡ ᠶᠢᠨ ᠦᠨᠡᠮᠯᠡᠯ ᠪᠣᠶᠤ ᠡᠷᠦᠬᠡ ᠠᠮᠠ ᠶᠢᠨ ᠳᠡᠪᠲᠡᠷ ᠵᠡᠷᠭᠡ ᠬᠦᠴᠦᠨ ᠪᠦᠬᠦᠢ ᠭᠡᠷᠡᠴᠢ ᠪᠢᠴᠢᠭ ᠢᠶᠠᠨ | ᠠᠪᠴᠤ᠂ ᠲᠣᠭᠲᠠᠭᠰᠠᠨ ᠡᠮᠨᠡᠯᠭᠡ ᠶᠢᠨ ᠪᠠᠶᠢᠭᠤᠯᠤᠮᠵᠢ ᠳᠤ ᠬᠦᠷᠴᠦ ᠡᠮᠨᠡᠯᠭᠡ ᠠᠴᠠ ᠭᠠᠷᠴᠤ᠂ ᠵᠠᠷᠤᠳᠠᠯ ᠢᠶᠠᠨ | ᠲᠦᠯᠦᠭᠦᠯᠦᠨᠡ᠃ | 2. ᠬᠤᠲᠠ ᠶᠢᠨ ᠭᠠᠳᠠᠨᠠᠬᠢ ᠡᠮᠨᠡᠯᠭᠡ ᠳᠤ ᠰᠠᠭᠤᠭᠰᠠᠨ ᠡᠮ ᠡᠮᠨᠡᠯᠭᠡ ᠶᠢᠨ ᠵᠠᠷᠤᠳᠠᠯ ᠢ ᠲᠦᠯᠦᠬᠦ᠃ | ᠡᠪᠡᠳᠴᠢᠲᠡᠨ ᠡᠮᠨᠡᠯᠭᠡ ᠠᠴᠠ ᠭᠠᠷᠤᠭᠰᠠᠨ ᠤ ᠳᠠᠷᠠᠭ᠎ᠠ᠂ ᠬᠤᠷᠰᠢᠭᠰᠠᠨ ᠡᠮᠨᠡᠯᠭᠡ ᠶᠢᠨ ᠦᠨᠡᠮᠯᠡᠯ᠂ ᠪᠡᠶ᠎ᠡ ᠶᠢᠨ | ᠦᠨᠡᠮᠯᠡᠯ ᠪᠣᠶᠤ ᠡᠷᠦᠬᠡ ᠠᠮᠠ ᠶᠢᠨ ᠳᠡᠪᠲᠡᠷ᠂ ᠣᠷᠣᠨ ᠰᠠᠭᠤᠴᠠ ᠶᠢᠨ ᠦᠨᠡᠮᠯᠡᠯ᠂ ︽ ᠶᠢᠨ ᠨᠢᠦ︾ ᠺᠠᠷᠲ ᠵᠢᠴᠢ | ᠡᠮᠨᠡᠯᠭᠡ ᠶᠢᠨ ᠬᠤᠷᠢᠶᠠᠨ ᠤ ᠣᠨᠤᠰᠢᠯᠠᠯᠲᠠ ᠶᠢᠨ ᠪᠢᠴᠢᠭ᠂ ᠡᠪᠡᠳᠴᠢᠨ ᠤ ᠲᠡᠥᠬᠡ ᠶᠢᠨ ᠳᠠᠷᠤᠮᠠᠯᠯᠠᠭᠰᠠᠨ ᠬᠡᠪ᠂ ᠡᠮ | ᠡᠮᠨᠡᠯᠭᠡ ᠶᠢᠨ ᠵᠠᠷᠤᠳᠠᠯ ᠤᠨ ᠨᠠᠷᠢᠨ ᠳᠠᠩᠰᠠ ᠪᠣᠯᠤᠨ ᠪᠠᠷᠢᠮᠲᠠ ᠵᠡᠷᠭᠡ ᠬᠦᠴᠦᠨ ᠪᠦᠬᠦᠢ ᠭᠡᠷᠡᠴᠢ ᠪᠢᠴᠢᠭ ᠢᠶᠠᠨ | ᠠᠪᠴᠤ ᠬᠤᠰᠢᠭᠤ ᠬᠤᠷᠰᠢᠭᠰᠠᠨ ᠡᠮᠨᠡᠯᠭᠡ ᠶᠢᠨ ᠬᠠᠮᠢᠶᠠᠷᠤᠯᠲᠠ ᠶᠢᠨ ᠠᠯᠪᠠᠨ ᠭᠠᠷ ᠢᠶᠠᠷ ᠬᠢᠨᠠᠨ ᠬᠠᠷᠭᠤᠭᠤᠯᠤᠨ᠎ᠠ᠃ | ᠬᠤᠰᠢᠭᠤ ᠬᠤᠷᠰᠢᠭᠰᠠᠨ ᠡᠮᠨᠡᠯᠭᠡ ᠶᠢᠨ ᠬᠠᠮᠢᠶᠠᠷᠤᠯᠲᠠ ᠶᠢᠨ ᠠᠯᠪᠠᠨ ᠭᠡᠷ ᠳ᠋ᠦᠩᠨᠡᠨ ᠪᠣᠳᠤᠭᠰᠠᠨ ᠳᠤ ᠳᠠᠷᠠᠭ᠎ᠠ᠂ | ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠲᠦᠯᠦᠪᠦᠷᠢ ᠮᠦᠩᠭᠦ ᠶᠢ ᠬᠦᠳᠡᠭᠡ ᠲᠤᠰᠬᠤᠨ ᠤ ᠢᠲᠡᠭᠡᠮᠵᠢ ᠶᠢᠨ | ᠬᠤᠷᠰᠢᠶ᠎ᠠ ᠳᠤ ᠶᠠᠪᠤᠭᠤᠯᠵᠤ᠂ ᠡᠪᠡᠳᠴᠢᠲᠡᠨ ᠰᠢᠭᠤᠳ ᠲᠤᠰ ᠭᠠᠵᠠᠷ ᠤᠨ ᠢᠲᠡᠭᠡᠮᠵᠢ ᠶᠢᠨ ᠬᠤᠷᠰᠢᠶ᠎ᠠ ᠳᠤ ᠬᠦᠷᠴᠦ | ᠮᠥᠩᠭᠦ ᠪᠠᠨ ᠠᠪᠴᠤ ᠪᠤᠯᠤᠨ᠎ᠠ᠃ |