ᠪᠠᠭᠠᠷᠢᠨ ᠵᠡᠭᠦᠨ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2016/4/1
             ᠪᠠᠭᠠᠷᠢᠨ ᠵᠡᠭᠦᠨ ᠬᠤᠰᠢᠭᠤᠨ ᠤ ᠮᠣᠩᠭᠤᠯ ᠬᠢᠲᠠᠳ              ᠡᠮᠨᠡᠯᠭᠡ ᠶᠢᠨ ᠬᠤᠷᠢᠶᠠᠨ ᠤ ᠲᠣᠪᠴᠢ ᠲᠠᠨᠢᠯᠴᠠᠭᠤᠯᠭ᠎ᠠ            ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ 1991 ᠣᠨ ᠳᠤ ᠪᠠᠶᠢᠭᠤᠯᠤᠭᠳᠠᠵᠤ᠂ ᠮᠣᠩᠭᠤᠯ ᠡᠮᠨᠡᠯᠭᠡ ᠪᠠ ᠬᠢᠲᠠᠳ ᠡᠮᠨᠡᠯᠭᠡ ᠪᠠᠷ ᠭᠤᠣᠯ ᠪᠣᠯᠭᠠᠵᠤ᠂ ᠮᠣᠩᠭᠤᠯ ᠂ ᠬᠢᠲᠠᠳ᠂ ᠡᠸᠦ᠋ᠷᠦᠫᠡ ᠡᠮᠨᠡᠯᠭᠡ ᠶᠢ ᠵᠡᠷᠭᠡᠪᠡᠷ ᠴᠢᠬᠤᠯᠠᠴᠢᠯᠠᠨ᠂ ᠭᠠᠵᠠᠷ ᠣᠷᠣᠨ ᠳᠠᠭᠠᠨ ᠨᠦᠯᠦᠭᠡ ᠲᠠᠢ ᠭᠤᠷᠪᠠᠳᠤᠭᠠᠷ ᠳᠡᠰ ᠤᠨ ᠬᠦᠬᠡᠭᠴᠢᠨ ᠮᠣᠩᠭᠤᠯ ᠪᠠ ᠬᠢᠲᠠᠳ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠᠶᠢᠵᠤ᠂ ᠪᠠᠭᠠᠷᠢᠨ ᠵᠡᠭᠦᠨ ᠬᠤᠰᠢᠭᠤ ᠵᠢᠴᠢ ᠡᠷᠭᠢᠨ ᠲᠣᠭᠤᠷᠢᠨ ᠤ ᠬᠦᠷᠰᠢ ᠵᠡᠷᠭᠡᠯᠡᠳᠡᠭᠡ ᠬᠤᠰᠢᠭᠤ ᠰᠢᠶᠠᠨ ᠤ ᠮᠣᠩᠭᠤᠯ ᠬᠢᠲᠠᠳ ᠡᠮᠨᠡᠯᠭᠡ ᠶᠢᠨ ᠡᠮᠴᠢᠯᠡᠭᠡ᠂ ᠰᠤᠷᠭᠠᠨ ᠬᠦᠮᠦᠵᠢᠯ᠂ ᠰᠢᠨᠵᠢᠯᠡᠭᠡᠨ ᠰᠤᠳᠤᠯᠤᠯ᠂ ᠰᠡᠷᠭᠡᠶᠢᠯᠡᠯᠲᠡ ᠵᠢᠴᠢ ᠡᠷᠡᠭᠦᠯᠵᠢᠯ ᠤᠨ ᠡᠭᠦᠷᠭᠡ ᠶᠢ ᠡᠭᠦᠷᠭᠡᠯᠡᠵᠦ ᠪᠠᠶᠢᠨ᠎ᠠ᠃ ᠡᠮᠨᠡᠯᠭᠡ ᠶᠢᠨ ᠬᠤᠷᠢᠶᠠᠨ ᠤ ᠪᠦᠬᠦ ᠲᠠᠯᠠᠪᠠᠢ 33000㎡᠂ ᠪᠠᠷᠢᠯᠭ᠎ᠠ ᠶᠢᠨ ᠶᠡᠷᠦᠩᠬᠡᠢ ᠲᠠᠯᠠᠪᠠᠢ 21300㎡ ᠪᠠᠶᠢᠵᠤ᠂ 2014 ᠣᠨ ᠤ 8 ᠰᠠᠷ᠎ᠠ  ᠳᠤ᠂ ᠤᠯᠠᠭᠠᠨᠬᠠᠳᠠ ᠬᠤᠲᠠ ᠶᠢᠨ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠵᠦᠪᠰᠢᠶᠡᠷᠡᠯ ᠢᠶᠠᠷ 15000㎡ ᠤᠨ ᠡᠪᠡᠳᠴᠢᠲᠡᠨ ᠤ ᠰᠠᠭᠤᠬᠤ ᠶᠡᠷᠦᠩᠬᠡᠶᠢᠯᠡᠭᠰᠡᠨ ᠠᠰᠠᠷ ᠪᠠᠷᠢᠬᠤ ᠪᠠᠷ ᠪᠣᠢ᠃ ᠡᠮᠨᠡᠯᠭᠡ ᠶᠢᠨ ᠬᠤᠷᠢᠶᠠᠨ ᠳᠤ ᠣᠳᠣ ᠡᠪᠳᠴᠢᠲᠡᠨ ᠤ ᠣᠷᠣ 400 ᠪᠠᠶᠢᠵᠤ᠂ 556 ᠠᠵᠢᠯᠲᠠᠨ ᠲᠠᠢ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠨᠡᠷᠡᠲᠦ ᠮᠣᠩᠭᠤᠯ ᠡᠮᠴᠢ 1᠂ ᠤᠯᠠᠭᠠᠨᠬᠠᠳᠠ ᠬᠤᠲᠠ ᠶᠢᠨ ᠨᠡᠷᠡᠲᠦ ᠠᠬᠠᠮᠠᠳ ᠬᠢᠲᠠᠳ ᠡᠮᠴᠢ 3 ᠪᠠᠶᠢᠨ᠎ᠠ᠃ ᠲᠤᠰᠬᠠᠢ ᠮᠡᠷᠭᠡᠵᠢᠯ ᠤᠨ ᠠᠵᠢᠯᠲᠠᠨ 446᠂  ᠳᠡᠳ᠋ ᠦᠨᠳᠦᠷ ᠳᠡᠰ ᠤᠨ ᠮᠡᠷᠭᠡᠵᠢᠯ ᠤᠨ ᠴᠤᠯᠠ ᠠᠴᠠ ᠳᠡᠭᠡᠭᠰᠢᠬᠢ ᠠᠵᠢᠯᠲᠠᠨ 61᠂ ᠲᠤᠰᠬᠠᠢ ᠡᠮᠴᠢ ᠪᠠ ᠲᠤᠰᠠᠯᠠᠭᠴᠢ ᠡᠮᠴᠢ ᠨᠡᠶᠢᠲᠡ 136 ᠪᠣᠢ ︵ᠣᠶᠢᠷ᠎ᠠ ᠶᠢᠨ ᠵᠢᠯ  ᠤᠳ ᠲᠤ ᠡᠯᠰᠡᠭᠰᠡᠨ ᠲᠤᠰᠬᠠᠢ ᠡᠮᠴᠢ ᠶᠢᠨ ᠦᠨᠡᠮᠯᠡᠯ ᠤᠨ ᠪᠢᠴᠢᠭ ᠰᠢᠯᠭᠠᠵᠤ ᠠᠪᠤᠭᠠᠳᠤᠢ ᠶᠡᠭᠡ ᠰᠤᠷᠭᠠᠭᠤᠯᠢ ᠠᠴᠠ ᠲᠡᠭᠦᠰᠦᠭᠰᠡᠳ ᠢ ᠪᠠᠭᠲᠠᠭᠠᠬᠤ ᠦᠭᠡᠢ︶᠃ ᠡᠮᠴᠢᠯᠡᠭᠡᠨ ᠤ ᠰᠠᠯᠠᠭ᠎ᠠ ᠲᠠᠰᠤᠭ 21 ᠪᠠ ᠡᠮᠴᠢ ᠶᠢᠨ ᠮᠡᠷᠭᠡᠵᠢᠯ ᠤᠨ ᠰᠠᠯᠠᠭ᠎ᠠ ᠲᠠᠰᠤᠭ 10 ᠭᠠᠷᠭᠠᠵᠤ᠂ ᠵᠠᠰᠠᠭ ᠵᠠᠬᠢᠷᠭᠠᠨ ᠤ ᠰᠠᠯᠠᠭ᠎ᠠ ᠲᠠᠰᠤᠭ 13 ᠭᠠᠷᠭᠠᠨ᠂ ᠡᠭᠦᠨ ᠳᠤ ᠳᠠᠷᠢᠬᠢᠨ ᠤ ᠡᠪᠡᠳᠴᠢᠨ ᠤ ᠰᠠᠯᠠᠭ᠎ᠠ ᠨᠢ ᠤᠯᠤᠰ ᠤᠨ ᠬᠦᠳᠡᠭᠡ ᠲᠤᠰᠬᠤᠨ ᠤ ᠡᠮᠨᠡᠯᠭᠡ ᠶᠢᠨ ᠪᠠᠶᠢᠭᠤᠯᠤᠮᠵᠢ ᠳᠠᠬᠢ ᠬᠢᠲᠠᠳ ᠡᠮᠨᠡᠯᠭᠡ ᠶᠢᠨ ᠣᠨᠴᠠᠯᠢᠭ ᠢᠶᠠᠷ ᠳᠠᠪᠠᠭᠤᠯᠢᠭ ᠭᠤᠣᠯᠳᠠᠯᠭ᠎ᠠ ᠲᠠᠢ ᠲᠤᠰᠬᠠᠢ ᠰᠠᠯᠠᠭ᠎ᠠ ᠪᠤᠯᠤᠨ᠎ᠠ︔ ᠵᠡᠭᠦᠦ ᠲᠦᠭᠡᠨᠡᠯᠭᠡ  ᠶᠢᠨ ᠰᠠᠯᠠᠭ᠎ᠠ᠂ ᠢᠯᠢᠵᠦ ᠨᠤᠬᠤᠯᠠᠬᠤ ᠰᠠᠯᠠᠭ᠎ᠠ ᠨᠢ ᠤᠯᠠᠭᠠᠨᠬᠠᠳᠠ ᠬᠤᠲᠠ ᠶᠢᠨ  ᠵᠢᠱᠢᠶ᠎ᠡ ᠦᠵᠡᠭᠦᠯᠬᠦ ᠭᠤᠣᠯᠳᠠᠯᠭ᠎ᠠ  ᠲᠠᠢ ᠰᠠᠯᠠᠭ᠎ᠠ︔ ᠮᠣᠩᠭᠤᠯ ᠡᠮᠨᠡᠯᠭᠡ ᠶᠢᠨ ᠳᠣᠲᠤᠭᠠᠳᠤ ᠱᠦᠬᠦᠷᠡᠯ ᠤᠨ ᠰᠠᠯᠠᠭ᠎ᠠ ᠪᠣᠯᠤᠨ ᠲᠠᠷᠢᠨ ᠡᠪᠡᠳᠴᠢᠨ ᠤ ᠰᠠᠯᠠᠭ᠎ᠠ ᠨᠢ ᠤᠯᠠᠭᠠᠨᠬᠠᠳᠠ ᠬᠤᠲᠠ ᠶᠢᠨ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠪᠠᠶᠢᠵᠤ᠂ ᠮᠣᠩᠭᠤᠯ ᠬᠢᠲᠠᠳ ᠡᠮᠨᠡᠯᠭᠡ ᠶᠢᠨ ᠭᠤᠣᠯᠳᠠᠯᠭ᠎ᠠ ᠲᠠᠢ ᠲᠤᠰᠬᠠᠢ ᠡᠮᠨᠡᠯᠭᠡ 3 ᠪᠠᠶᠢᠵᠤ᠂ ᠣᠨᠴᠠᠯᠢᠭᠲᠤ ᠡᠭᠦᠳᠡᠨ ᠡᠮᠨᠡᠯᠭᠡ 21 ᠪᠠᠶᠢᠨ᠎ᠠ᠃ ᠮᠣᠩᠭᠤᠯ ᠬᠢᠲᠠᠳ ᠡᠮ ᠤᠨ ᠨᠠᠶᠢᠷᠠᠯᠭ᠎ᠠ ᠶᠢᠨ ᠲᠠᠰᠤᠭ ᠭᠠᠷᠭᠠᠵᠤ᠂ ᠨᠠᠶᠢᠷᠠᠭᠰᠠᠨ ᠮᠣᠩᠭᠤᠯ ᠬᠢᠲᠠᠳ ᠡᠮ ᠨᠢ ᠡᠪᠡᠳᠴᠢᠲᠡᠨ ᠤ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠵᠤ ᠪᠣᠢ᠃ ᠣᠶᠢᠷ᠎ᠠ ᠶᠢᠨ ᠬᠡᠳᠦᠨ ᠵᠢᠯ᠂ ᠡᠮᠨᠡᠯᠭᠡ  ᠶᠢᠨ ᠬᠤᠷᠢᠶ᠎ᠠ ᠳᠦᠷᠮᠵᠢᠭᠰᠡᠨ ᠬᠠᠮᠢᠶᠠᠷᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠮᠣᠩᠭᠤᠯ ᠬᠢᠲᠠᠳ ᠡᠮᠨᠡᠯᠭᠡ ᠶᠢᠨ ᠣᠨᠴᠠᠯᠢᠭ ᠢ ᠳᠣᠪᠤᠶᠢᠯᠭᠠᠨ᠂ ᠤᠯᠠᠮᠵᠢᠯᠠᠯᠲᠤ ᠡᠮ ᠡᠮᠨᠡᠯᠭᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ ᠪᠠᠶᠢᠭᠤᠯᠬᠤ ᠶᠢ ᠴᠢᠬᠤᠯᠠᠴᠢᠯᠠᠨ᠂ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ  ᠤ ᠡᠷᠡᠭᠦᠯ ᠬᠠᠮᠠᠭᠠᠯᠠᠯ ᠤᠨ ᠦᠢᠯᠡᠰ ᠤᠨ ᠪᠦᠬᠦ ᠲᠠᠯ᠎ᠠ ᠪᠠᠷ ᠲᠥᠷᠭᠡᠨ ᠬᠦᠭᠵᠢᠬᠦ ᠳᠤ ᠬᠤᠪᠢ ᠨᠡᠮᠡᠷᠢ ᠪᠠᠨ ᠦᠵᠡᠭᠦᠯᠦᠨ᠂  ᠨᠡᠶᠢᠭᠡᠮ ᠤᠨ ᠨᠡᠯᠢᠶᠡᠳ ᠰᠠᠶᠢᠨ ᠦᠷ᠎ᠡ ᠠᠰᠢᠭ ᠢ ᠣᠯᠤᠭᠰᠠᠨ ᠪᠠᠶᠢᠨ᠎ᠠ᠃      ᠡᠮᠨᠡᠯᠭᠡ ᠶᠢᠨ ᠪᠠᠶᠢᠭ᠎ᠠ ᠭᠠᠵᠠᠷ᠄ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠵᠧᠨ ᠰᠢᠩ ᠶᠡᠭᠡ ᠵᠡᠭᠡᠯᠢ ᠶᠢᠨ ᠳᠣᠮᠳᠠ ᠬᠡᠰᠡᠭ ᠤᠨ ᠵᠠᠮ ᠤᠨ ᠬᠤᠶᠢᠨ᠎ᠠ      ᠲᠥᠷᠭᠡᠨ ᠡᠮᠴᠢᠯᠡᠭᠡ ᠪᠠ ᠠᠪᠤᠷᠠᠯᠲᠠ ᠶᠢᠨ ᠤᠲᠠᠰᠤ᠄ 0476-7883120   0476-7882824
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号