ᠪᠠᠭᠠᠷᠢᠨ ᠵᠡᠭᠦᠨ ᠬᠤᠰᠢᠭᠤᠨ ᠤ ᠬᠤᠰᠢᠭᠤ ᠡᠮᠨᠡᠯᠭᠡ ᠶᠢᠨ ᠬᠤᠷᠢᠶᠠᠨ ᠤ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2016/4/1
              ᠪᠠᠭᠠᠷᠢᠨ ᠵᠡᠭᠦᠨ ᠬᠤᠰᠢᠭᠤᠨ ᠤ ᠬᠤᠰᠢᠭᠤ ᠡᠮᠨᠡᠯᠭᠡ ᠶᠢᠨ               ᠬᠤᠷᠢᠶᠠᠨ ᠤ ᠲᠣᠪᠴᠢ ᠲᠠᠨᠢᠯᠴᠠᠭᠤᠯᠭ᠎ᠠ         ᠪᠠᠭᠠᠷᠢᠨ ᠵᠡᠭᠦᠨ ᠬᠤᠰᠢᠭᠤᠨ ᠤ ᠬᠤᠰᠢᠭᠤ ᠡᠮᠨᠡᠯᠭᠡ ᠶᠢᠨ ᠬᠤᠷᠢᠶ᠎ᠠ 1956 ᠣᠨ ᠳᠤ ᠪᠠᠶᠢᠭᠤᠯᠤᠭᠳᠠᠵᠤ᠂ ᠪᠠᠭᠠᠷᠢᠨ ᠵᠡᠭᠦᠨ ᠬᠤᠰᠢᠭᠤᠨ ᠤ ᠭᠠᠵᠠᠷ ᠣᠷᠤᠨ ᠤ ᠴᠢᠨᠠᠷᠲᠠᠢ ᠴᠤᠷᠢ ᠶᠢᠨ ᠭᠠᠭᠴᠠ ᠡᠮ ᠡᠮᠨᠡᠯᠭᠡ᠂ ᠰᠤᠷᠭᠠᠨ ᠬᠦᠮᠦᠵᠢᠯ᠂ ᠰᠡᠷᠭᠡᠶᠢᠯᠡᠯᠲᠡ ᠵᠢᠴᠢ ᠡᠷᠡᠭᠦᠯᠵᠢᠯ ᠢ ᠲᠦᠪᠯᠡᠷᠡᠭᠦᠯᠦᠭᠰᠡᠨ ︽ᠬᠤᠶᠠᠳᠤᠭᠠᠷ ᠳᠡᠰ ᠤᠨ ᠬᠦᠬᠡ︾ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠤᠨ᠎ᠠ᠃ ᠪᠠᠭᠠᠷᠢᠨ ᠵᠡᠭᠦᠨ ᠬᠤᠰᠢᠭᠤᠨ ᠤ 36 ᠲᠦᠮᠡᠨ ᠠᠷᠠᠳ ᠲᠦᠮᠡᠨ ᠪᠣᠯᠤᠨ ᠬᠦᠷᠰᠢ ᠵᠡᠷᠭᠡᠯᠡᠳᠡᠭᠡ ᠬᠤᠰᠢᠭᠤ ᠰᠢᠶᠠᠨ ᠤ ᠣᠯᠠᠨ ᠲᠦᠮᠡᠨ ᠳᠤ ᠦᠢᠯᠡᠴᠢᠯᠡᠬᠦ ᠶᠢᠨ ᠬᠠᠮᠲᠤ ᠬᠤᠰᠢᠭᠤᠨ ᠤ ᠳᠣᠲᠤᠷ᠎ᠠ ᠡᠭᠦᠰᠦᠭᠰᠡᠨ ᠭᠡᠨᠡᠳᠲᠡ ᠶᠢᠨ ᠬᠡᠷᠡᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ᠂  ᠳᠠᠭᠠᠳᠬᠠᠯ ᠳᠤ ᠣᠷᠤᠯᠴᠠᠭᠰᠠᠨ ᠡᠯ᠎ᠡ ᠨᠢᠭᠡᠴᠡ ᠪᠣᠯᠤᠨ ᠬᠦᠮᠦᠰ ᠤᠨ ᠲᠣᠭᠲᠠᠭᠰᠠᠨ ᠴᠢᠭ  ᠲᠤ ᠡᠮᠨᠡᠨ ᠠᠪᠤᠷᠠᠬᠤ ᠡᠭᠦᠷᠭᠡ ᠶᠢ ᠡᠭᠦᠷᠭᠡᠯᠡᠵᠦ ᠪᠠᠶᠢᠨ᠎ᠠ᠃ ᠲᠤᠰ ᠡᠮᠨᠡᠯᠭᠡ ᠶᠢᠨ ᠬᠤᠷᠢᠶ᠎ᠠ ᠳᠤ ᠲᠥᠷᠭᠡᠨ ᠡᠮᠨᠡᠯᠭᠡ ᠪᠠ ᠠᠪᠤᠷᠠᠯᠲᠠ ᠶᠢᠨ ᠰᠢᠰᠲ᠋ᠧᠮ ᠤᠨ 120 ᠵᠢᠯᠤᠭᠤᠳᠬᠤ ᠲᠥᠪ᠂ ᠲᠥᠷᠭᠡᠨ ᠡᠮᠨᠡᠯᠭᠡ ᠪᠠ ᠠᠪᠤᠷᠠᠯᠲᠠ ᠶᠢᠨ ᠲᠥᠪ ᠂ ᠬᠦᠩᠭᠡᠵᠢᠭᠦᠯᠬᠦ ᠰᠠᠯᠠᠭᠠᠨ ᠤ ᠲᠥᠷᠭᠡᠨ ᠠᠪᠤᠷᠠᠯᠲᠠ ᠶᠢᠨ ᠲᠥᠪ᠂ ᠪᠡᠶ᠎ᠡ ᠪᠠᠶᠢᠴᠠᠭᠠᠬᠤ ᠲᠥᠪ ᠵᠢᠴᠢ ᠴᠢᠰᠦᠨ ᠤ ᠥᠷᠲᠡᠭᠡ ᠪᠠᠶᠢᠭᠤᠯᠵᠠᠢ᠃ ᠣᠳᠣ ᠪᠡᠭᠡᠵᠢᠩ ᠤᠨ ᠵᠡᠪᠰᠡᠭᠲᠦ ᠴᠠᠭᠳᠠᠭᠠᠨ ᠤ ᠶᠡᠷᠦᠩᠬᠡᠢ ᠡᠮᠨᠡᠯᠭᠡ ᠶᠢᠨ ᠬᠤᠷᠢᠶ᠎ᠠ᠂ ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶᠠᠨ ᠤ ᠬᠠᠮᠵᠢᠯᠴᠠᠬᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ  ᠤᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶᠠᠨ ᠤ ᠠᠯᠤᠰ ᠡᠵᠡᠮᠰᠢᠯᠲᠦ ᠰᠦᠯᠵᠢᠶᠡᠨ ᠡᠮᠴᠢᠯᠡᠭᠡᠨ ᠤ ᠡᠮᠨᠡᠯᠭᠡ ᠶᠢᠨ ᠬᠤᠷᠢᠶ᠎ᠠ ᠵᠢᠴᠢ ᠥᠪᠥᠷ ᠮᠣᠩᠭᠤᠯ ᠤᠨ ᠠᠷᠠᠳ ᠤᠨ ᠡᠮᠨᠡᠯᠭᠡ  ᠶᠢᠨ ᠬᠤᠷᠢᠶᠠᠨ ᠤ ᠬᠤᠯᠪᠤᠭᠠᠲᠤ ᠡᠮᠨᠡᠯᠭᠡ ᠶᠢᠨ ᠬᠤᠷᠢᠶ᠎ᠠ᠃      ᠬᠤᠰᠢᠭᠤ ᠡᠮᠨᠡᠯᠭᠡ ᠶᠢᠨ ᠬᠤᠷᠢᠶᠠᠨ ᠤ ᠪᠦᠬᠦ ᠲᠠᠯᠠᠪᠠᠢ 66304 ᠲᠡᠭᠰᠢ ᠳᠦᠷᠪᠡᠯᠵᠢᠨ ᠮᠧᠲᠷ᠂ ᠪᠠᠷᠢᠯᠭ᠎ᠠ  ᠶᠢᠨ ᠲᠠᠯᠠᠪᠠᠢ 47000 ᠲᠡᠭᠰᠢ ᠳᠦᠷᠪᠡᠯᠵᠢᠨ ᠮᠧᠲᠷ ᠪᠠᠶᠢᠵᠤ᠂ ᠡᠭᠦᠳᠡᠨ ᠡᠮᠨᠡᠯᠭᠡ ᠶᠢᠨ ᠶᠡᠷᠦᠩᠬᠡᠢ ᠠᠰᠠᠷ᠂ ᠡᠮᠨᠡᠯᠭᠡ ᠳᠤ ᠰᠠᠭᠤᠬᠤ ᠠᠰᠠᠷ᠂ ᠡᠮᠨᠡᠯᠭᠡ ᠶᠢᠨ ᠮᠡᠷᠭᠡᠵᠢᠯ ᠤᠨ ᠠᠰᠠᠷ ᠵᠢᠴᠢ ᠬᠠᠯᠳᠠᠪᠦᠷᠢᠲᠦ ᠡᠪᠡᠳᠴᠢᠨ ᠤ ᠠᠰᠠᠷ ᠪᠠᠶᠢᠭᠤᠯᠤᠨ᠂ ᠰᠢᠨᠵᠢᠯᠡᠬᠦ ᠤᠬᠠᠭᠠᠨᠴᠢ ᠲᠦᠯᠦᠪᠵᠢᠭᠦᠯᠭᠡ ᠲᠠᠢ᠂ ᠵᠣᠬᠢᠰᠲᠠᠢ ᠪᠠᠶᠢᠷᠢᠯᠠᠭᠤᠯᠤᠯᠲᠠ ᠲᠠᠢ᠂ ᠬᠡᠷᠡᠭᠯᠡᠭᠡᠨ  ᠤ ᠴᠢᠨᠠᠷ ᠢᠶᠠᠷ ᠨᠡᠯᠢᠶᠡᠳ ᠴᠢᠩᠭ᠎ᠠ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠬᠡᠪᠴᠢᠶ᠎ᠡ ᠲᠠᠢ ᠣᠳᠣᠬᠢᠴᠢᠯᠠᠭᠰᠠᠨ ᠡᠮᠨᠡᠯᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠪᠣᠯᠤᠨ᠎ᠠ᠃ 2.96 ᠳ᠋ᠦᠩᠰᠢᠭᠤᠷ ᠲᠦᠭᠦᠷᠢᠭ  ᠤᠨ ᠬᠦᠷᠥᠩᠭᠡ ᠲᠠᠢ᠃ ᠳᠣᠲᠤᠭᠠᠳᠤ ᠳᠤ ᠪᠠᠨ ᠳᠣᠲᠤᠷ ᠰᠠᠯᠠᠭ᠎ᠠ᠂ ᠭᠠᠳᠠᠷ ᠰᠠᠯᠠᠭ᠎ᠠ᠂ ᠡᠮᠡᠭᠲᠡᠶᠢᠴᠦᠳ ᠤᠨ ᠰᠠᠯᠠᠭ᠎ᠠ ᠂ ᠬᠡᠥᠬᠡᠳ ᠤᠨ ᠰᠠᠯᠠᠭ᠎ᠠ ᠵᠡᠷᠭᠡ 50 ᠰᠠᠯᠠᠭ᠎ᠠ ᠲᠠᠰᠤᠭ ᠬᠤᠪᠢᠶᠠᠵᠤ᠂ ᠵᠢᠷᠦᠬᠡᠨ ᠤ ᠳᠣᠲᠤᠷ ᠰᠠᠯᠠᠭ᠎ᠠ᠂ ᠮᠡᠳᠡᠷᠡᠯ  ᠤᠨ ᠭᠠᠳᠠᠷ ᠰᠠᠯᠠᠭ᠎ᠠ ᠵᠢᠴᠢ ᠡᠩ ᠤᠨ ᠭᠠᠳᠠᠷ ᠰᠠᠯᠠᠭ᠎ᠠ ᠵᠡᠷᠭᠡ ᠭᠤᠷᠪᠠᠨ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ  ᠲᠠᠢ᠃ ᠡᠪᠡᠳᠴᠢᠲᠡᠨ ᠤ ᠣᠷᠣ 499᠂ ᠡᠩ ᠤᠨ ᠣᠷᠣ 580 ᠳᠣᠬᠢᠷᠠᠭᠤᠯᠵᠠᠢ᠃ ᠡᠮᠨᠡᠯᠭᠡ ᠶᠢᠨ ᠬᠤᠷᠢᠶᠠᠨ ᠳᠤ ᠨᠡᠶᠢᠲᠡ 391 ᠠᠵᠢᠯᠲᠠᠨ ᠲᠠᠢ᠂ ᠡᠭᠦᠨ ᠳᠤ ᠲᠤᠰᠬᠠᠢ ᠮᠡᠷᠭᠡᠵᠢᠯ ᠤᠨ ᠠᠵᠢᠯᠲᠠᠨ 354 ᠪᠠᠶᠢᠵᠤ᠂  ᠪᠦᠬᠦ ᠠᠵᠢᠯᠲᠠᠨ ᠤ 90.54% ᠶᠢ ᠡᠵᠡᠯᠡᠨ᠎ᠡ᠃ ᠲᠤᠰᠬᠠᠢ ᠮᠡᠷᠭᠡᠵᠢᠯ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ  ᠨᠢ 328᠂ ᠳᠤᠮᠳᠠᠳᠤ ᠳᠡᠰ ᠠᠴᠠ ᠳᠡᠭᠡᠭᠰᠢᠬᠢ ᠮᠡᠷᠭᠡᠵᠢᠯ ᠤᠨ ᠴᠤᠯᠠ ᠲᠠᠢ ᠨᠢ 118 ᠪᠠᠶᠢᠵᠤ᠂ ᠡᠭᠦᠨ ᠳᠤ ᠳᠡᠳ᠋ ᠦᠨᠳᠦᠷ ᠳᠡᠰ ᠤᠨ ᠮᠡᠷᠭᠡᠵᠢᠯ ᠤᠨ ᠴᠤᠯᠠ ᠲᠠᠢ ᠨᠢ 54᠂ ᠦᠨᠳᠦᠷ ᠳᠡᠰ ᠤᠨ ᠮᠡᠷᠭᠡᠵᠢᠯ ᠤᠨ ᠴᠤᠯᠠ ᠲᠠᠢ ᠨᠢ 10 ᠪᠠᠶᠢᠨ᠎ᠠ᠃ ᠪᠦᠬᠦ ᠠᠵᠢᠯᠲᠠᠨ ᠤ ᠳᠣᠲᠤᠷ᠎ᠠ ᠣᠷᠤᠨ ᠲᠤᠭ᠎ᠠ ᠲᠠᠢ ᠨᠢ 274᠂ ᠣᠷᠣᠨ ᠲᠤᠭ᠎ᠠ ᠦᠭᠡᠢ ᠨᠢ 117 ᠪᠣᠢ᠃ 2014 ᠣᠨ ᠳᠤ᠂ ᠡᠭᠦᠳᠡᠨ ᠡᠮᠨᠡᠯᠭᠡ ᠳᠤ ᠨᠡᠶᠢᠲᠡ 205791 ᠬᠦᠮᠦᠨ ︵ᠤᠳᠠᠭ᠎ᠠ︶ ᠡᠮᠴᠢᠯᠡᠭᠦᠯᠵᠦ᠂ 14100 ᠬᠦᠮᠦᠨ ︵ᠤᠳᠠᠭ᠎ᠠ︶ ᠡᠮᠨᠡᠯᠭᠡ ᠳᠤ ᠰᠠᠭᠤᠨ᠂ ᠡᠪᠡᠳᠴᠢᠲᠡᠨ ᠤ ᠣᠷᠣ ᠶᠢ ᠬᠡᠷᠡᠭᠯᠡᠭᠰᠡᠨ ᠨᠣᠷᠮ᠎ᠠ ᠨᠢ 88.84% ᠳᠤ ᠬᠦᠷᠴᠦ᠂ ᠡᠷᠭᠢᠯᠲᠡ ᠶᠢᠨ ᠤᠳᠠᠭ᠎ᠠ 3433 ᠪᠠᠶᠢᠵᠤ᠂ 2787 ᠮᠡᠰᠡ ᠵᠠᠰᠠᠯ ᠬᠢᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 648 ᠨᠡᠮᠡᠭᠳᠡᠵᠡᠢ᠃ ᠪᠦᠬᠦ ᠵᠢᠯ ᠤᠨ ᠶᠡᠷᠦᠩᠬᠡᠢ ᠣᠷᠤᠯᠭ᠎ᠠ ᠨᠢ 1.1 ᠳ᠋ᠦᠩᠰᠢᠭᠤᠷ ᠲᠦᠭᠦᠷᠢᠭ ᠲᠤ ᠬᠦᠷᠴᠦ᠂ 62 ᠲᠥᠷᠥᠯ ᠤᠨ ᠰᠢᠨ᠎ᠡ ᠮᠡᠷᠭᠡᠵᠢᠯ ᠤᠨ ᠲᠥᠷᠥᠯ ᠵᠦᠢᠯ ᠢ ᠲᠦᠭᠡᠮᠡᠯᠵᠢᠭᠦᠯᠦᠨ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠪᠠᠨ ᠪᠡᠶᠡᠯᠡᠭᠦᠯᠵᠡᠢ᠃      ᠪᠠᠭᠠᠷᠢᠨ ᠵᠡᠭᠦᠨ ᠬᠤᠰᠢᠭᠤᠨ ᠤ ᠬᠤᠰᠢᠭᠤ ᠡᠮᠨᠡᠯᠭᠡ ᠶᠢᠨ ᠬᠤᠷᠢᠶ᠎ᠠ 1995 ᠣᠨ ᠳᠤ ᠤᠯᠤᠰ ᠤᠨ ︽ᠨᠢᠯᠬᠠᠰ ᠤᠨ ᠡᠮᠨᠡᠯᠭᠡ ᠶᠢᠨ ᠬᠤᠷᠢᠶ᠎ᠠ︾ ᠶᠢᠨ ᠢᠷᠠᠭᠤ ᠠᠯᠳᠠᠷ ᠢ ᠬᠦᠷᠲᠡᠵᠦ᠂ 2006 ᠣᠨ ᠪᠠ 2007 ᠣᠨ  ᠳᠤ ᠬᠤᠶᠠᠷ ᠵᠢᠯ ᠳᠠᠷᠠᠭᠠᠯᠠᠨ ᠬᠤᠲᠠ ᠶᠢᠨ ᠡᠷᠡᠭᠦᠯ ᠬᠠᠮᠠᠭᠠᠯᠠᠯ ᠤᠨ ᠲᠣᠪᠴᠢᠶ᠎ᠠ ᠳᠤ ︽ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠣᠨ︾ ᠤ ᠠᠵᠢᠯᠯᠠᠭᠠᠨ ᠤ ᠲᠡᠷᠢᠭᠦᠨ ᠤ ᠨᠢᠭᠡᠴᠡ ᠪᠠᠷ ᠦᠨᠡᠯᠡᠭᠳᠡᠵᠦ᠂ 2007 ᠣᠨ ᠳᠤ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠳᠤ ︽ᠢᠲᠡᠭᠡᠮᠵᠢᠲᠦ ᠨᠢᠭᠡᠴᠡ︾᠂ 2009 ᠣᠨ ᠳᠤ ᠤᠯᠠᠭᠠᠨᠬᠠᠳᠠ ᠬᠤᠲᠠ ᠶᠢᠨ ᠡᠷᠡᠭᠦᠯ ᠬᠠᠮᠠᠭᠠᠯᠠᠯ ᠤᠨ ᠲᠣᠪᠴᠢᠶ᠎ᠠ ᠳᠤ ︽ᠠᠵᠢᠯ ᠤᠨ ᠰᠤᠷᠲᠠᠯ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠨᠢᠭᠡᠴᠡ︾ ᠵᠢᠴᠢ 2010 ᠣᠨ ᠳᠤ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠳᠤ ︽ᠬᠤᠲᠠ  ᠶᠢᠨ ᠳᠡᠰ ᠤᠨ ᠦᠨᠳᠦᠰᠦᠨ ᠱᠠᠲᠤᠨ ᠤ ᠲᠡᠷᠢᠭᠦᠨ ᠤ ᠨᠠᠮ ᠤᠨ ᠵᠣᠬᠢᠶᠠᠨ ᠪᠠᠶᠢᠭᠤᠯᠤᠯᠲᠠ︾ ᠪᠠᠷ ᠦᠨᠡᠯᠡᠭᠳᠡᠪᠡ᠃ 2011 ᠣᠨ ᠳᠤ ᠤᠯᠠᠭᠠᠨᠬᠠᠳᠠ ᠬᠤᠲᠠ ᠶᠢᠨ ᠡᠷᠡᠭᠦᠯ ᠬᠠᠮᠠᠭᠠᠯᠠᠯ ᠤᠨ ᠲᠣᠪᠴᠢᠶ᠎ᠠ ᠳᠤ ︽ᠡᠮ ᠤᠨ ᠵᠦᠢᠯ ᠢ ᠰᠦᠯᠵᠢᠶᠡᠨ ᠳᠡᠭᠡᠷ᠎ᠡ ᠠᠴᠠ ᠲᠦᠪᠯᠡᠷᠡᠭᠦᠯᠦᠨ ᠬᠤᠳᠠᠯᠳᠤᠨ ᠠᠪᠬᠤ ᠠᠵᠢᠯ ᠤᠨ ᠲᠡᠷᠢᠭᠦᠨ ᠤ ᠨᠢᠭᠡᠴᠡ︾᠂ ︽ᠰᠤᠪᠢᠯᠠᠬᠤ ᠠᠵᠢᠯ ᠤᠨ ᠪᠣᠯᠪᠠᠰᠤᠷᠠᠯ ᠪᠣᠯᠤᠨ ᠮᠦᠷᠦᠶᠢᠴᠡᠭᠡᠨ ᠤ ᠠᠵᠢᠯᠯᠠᠭᠠᠨ ᠤ ᠲᠡᠷᠢᠭᠦᠨ ᠤ ᠨᠢᠭᠡᠴᠡ︾ ᠵᠢᠴᠢ ︽ᠰᠢᠯᠢᠳᠡᠭ ᠰᠤᠪᠢᠯᠠᠬᠤ ᠠᠵᠢᠯ ᠤᠨ ᠲᠡᠷᠢᠭᠦᠨ ᠤ ᠬᠠᠮᠲᠤ ᠨᠡᠶᠢᠲᠡ︾ ᠪᠠᠷ ᠦᠨᠡᠯᠡᠭᠳᠡᠭᠰᠡᠨ ᠪᠦᠭᠡᠳ ᠮᠦᠨ ᠵᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶᠠᠨ ᠤ ︽ᠦᠨᠳᠦᠰᠦᠨ ᠱᠠᠲᠤᠨ ᠤ ᠲᠡᠷᠢᠭᠦᠨ ᠤ ᠨᠠᠮ ᠤᠨ ᠵᠣᠬᠢᠶᠠᠨ ᠪᠠᠶᠢᠭᠤᠯᠤᠯᠲᠠ︾ ᠪᠣᠯᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠤᠯᠠᠭᠠᠨᠬᠠᠳᠠ ᠬᠤᠲᠠ ᠶᠢᠨ ᠬᠤᠷᠢᠶᠠᠨ ᠤ ︽ᠵᠠᠯᠠᠭᠤᠴᠤᠳ ᠤᠨ ᠪᠣᠯᠪᠠᠰᠤᠨ ᠴᠤᠯᠠ︾ ᠶᠢᠨ ᠰᠠᠶᠢᠰᠢᠶᠠᠯ ᠢ ᠬᠦᠷᠲᠡᠪᠡ᠃ 2012 ᠣᠨ ᠤ 3 ᠰᠠᠷ᠎ᠠ ᠳᠤ ᠤᠯᠠᠭᠠᠨᠬᠠᠳᠠ ᠶᠢᠨ ᠡᠳᠦᠷ ᠤᠨ ᠰᠣᠨᠢᠨ ᠤ ᠵᠠᠭᠤᠴᠢᠯᠠᠭᠤᠷ ᠤᠨ ᠪᠦᠯᠦᠭᠯᠡᠯ ᠤᠨ ᠬᠤᠩ ᠱᠠᠨ ᠣᠷᠤᠢ ᠶᠢᠨ ᠰᠣᠨᠢᠨ ᠠᠴᠠ ︽ᠤᠩᠰᠢᠭᠴᠢᠳ ᠤᠨ ᠬᠠᠮᠤᠭ ᠠᠴᠠ ᠢᠲᠡᠭᠡᠯ ᠲᠠᠢ ᠣᠯᠠᠨ ᠲᠦᠮᠡᠨ ᠤ ᠰᠡᠳᠬᠢᠯ ᠳᠤ ᠲᠠᠭᠠᠯᠠᠭᠳᠠᠭᠰᠠᠨ ᠡᠮᠨᠡᠯᠭᠡ ᠶᠢᠨ ᠬᠤᠷᠢᠶ᠎ᠠ︾ ᠶᠢᠨ ᠢᠷᠠᠭᠤ ᠠᠯᠳᠠᠷ ᠢ ᠣᠯᠭᠤᠵᠤ᠂ 6 ᠰᠠᠷ᠎ᠠ ᠳᠤ ᠬᠤᠲᠠ ᠶᠢᠨ ᠵᠠᠰᠠᠭ ᠤᠨ ᠣᠷᠳᠣᠨ ᠠᠴᠠ ︽ᠲᠦᠯᠦᠪᠦᠷᠢ ᠦᠭᠡᠢ ᠪᠠᠷ ᠴᠢᠰᠤ ᠪᠠᠨ ᠦᠭᠬᠦ ᠠᠵᠢᠯ ᠤᠨ ᠲᠡᠷᠢᠭᠦᠨ ᠤ ᠨᠢᠭᠡᠴᠡ︾ ᠪᠠᠷ ᠦᠨᠡᠯᠡᠭᠰᠡᠨ ᠪᠦᠭᠡᠳ 11 ᠰᠠᠷ᠎ᠠ ᠳᠤ ᠦᠪᠡᠷᠲᠡᠭᠡᠨ ᠵᠠᠰᠠᠬᠤ ᠣᠷᠣᠨ ᠤ ᠲᠡᠷᠢᠭᠦᠨ ᠤ  ᠬᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭᠠᠨ ᠤ ᠵᠢᠯᠤᠭᠤᠳᠬᠤ ᠳᠤᠭᠤᠶᠢᠯᠠᠩ ᠤᠨ ︽ᠲᠡᠷᠢᠭᠦᠨ ᠤ  ᠬᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭᠠᠨ ᠤ ᠲᠡᠷᠢᠭᠦᠨ ᠤ ᠬᠠᠮᠲᠤ ᠨᠡᠶᠢᠲᠡ︾ ᠪᠠᠷ ᠦᠨᠡᠯᠡᠭᠳᠡᠪᠡ᠃ 2013 ᠣᠨ ᠳᠤ᠂ ᠳᠤᠮᠳᠠᠳᠤ ᠤᠯᠤᠰ ᠤᠨ ᠡᠮᠨᠡᠯᠭᠡ ᠪᠣᠯᠤᠨ ᠡᠷᠡᠭᠦᠯ ᠬᠠᠮᠠᠭᠠᠯᠠᠯ ᠤᠨ ᠦᠭᠡᠷᠡᠴᠢᠯᠡᠯᠲᠡ ᠶᠢᠨ ᠵᠦᠪᠯᠡᠯ ᠵᠡᠷᠭᠡ ᠲᠠᠪᠤᠨ ᠵᠦᠪᠯᠡᠯ ᠳᠤ ︽2013 ᠣᠨ ᠤ ᠣᠯᠠᠨ ᠲᠦᠮᠡᠨ ᠤ ᠰᠡᠳᠬᠢᠯ ᠳᠤ ᠲᠠᠭᠠᠯᠠᠭᠳᠠᠭᠰᠠᠨ ᠪᠦᠬᠦ ᠤᠯᠤᠰ ᠤᠨ ᠰᠢᠯᠢᠳᠡᠭ ᠵᠢᠱᠢᠶ᠎ᠡ ᠦᠵᠡᠭᠦᠯᠬᠦ ᠡᠮᠨᠡᠯᠭᠡ ᠶᠢᠨ ᠬᠤᠷᠢᠶ᠎ᠠ︾ ᠶᠢᠨ ᠢᠷᠠᠭᠤ ᠠᠯᠳᠠᠷ ᠢ ᠬᠦᠷᠲᠡᠪᠡ᠃ 2011 ᠣᠨ ᠪᠠ 2012 ᠣᠨ ᠬᠤᠶᠠᠷ ᠵᠢᠯ ᠳᠠᠷᠠᠭᠠᠯᠠᠨ ᠬᠤᠶᠠᠷ ᠠᠵᠢᠯᠲᠠᠨ ᠨᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠲᠢᠩᠬᠢᠮ ᠤᠨ ︽ᠮᠢᠨᠦ ᠬᠠᠮᠤᠭ ᠠᠴᠠ ᠪᠠᠭ᠋ᠠᠷᠬᠠᠳᠠᠭ ᠡᠷᠡᠭᠦᠯ ᠬᠠᠮᠠᠭᠠᠯᠠᠯ ᠤᠨ ᠬᠠᠮᠠᠭᠠᠯᠠᠭᠴᠢ︾ ᠶᠢᠨ ᠢᠷᠡᠭᠤ ᠠᠯᠳᠠᠷ ᠢ ᠬᠦᠷᠲᠡᠪᠡ᠃ ᠲᠦᠮᠡᠨ ᠲᠦᠭᠦᠷᠢᠭ ᠠᠴᠠ ᠳᠡᠭᠡᠭᠰᠢᠬᠢ ᠦᠷᠲᠡᠭ ᠪᠦᠬᠦᠢ ᠡᠮᠨᠡᠯᠭᠡ ᠶᠢᠨ ᠲᠦᠬᠦᠭᠡᠷᠦᠮᠵᠢ 234 ᠢᠯᠡᠭᠦᠦ ᠰᠠᠭᠤᠷᠢ ᠪᠠᠶᠢᠵᠤ᠂ ᠵᠢᠱᠢᠶᠡᠯᠡᠪᠡᠯ᠂ ᠠᠮᠧᠷᠢᠺᠠ ᠶᠢᠨ GE1.5T ᠭᠡᠷᠡᠯ ᠰᠢᠷᠬᠡᠭ ᠢᠶᠠᠷ ᠳᠠᠮᠵᠢᠭᠤᠯᠬᠤ ᠴᠦᠮ᠎ᠡ ᠰᠣᠷᠢᠨᠵᠢᠨ ᠤ ᠳᠠᠷᠪᠢᠯᠲᠠ᠂ ᠰᠢ ᠮᠧᠨ ᠽᠢ 64 ᠮᠦᠷ 128 ᠳᠠᠪᠬᠤᠷᠭᠠᠲᠤ CT ᠮᠠᠰᠢᠨ᠂ ᠴᠢᠰᠤᠨ ᠰᠤᠳᠠᠯ ᠤᠨ ᠮᠠᠰᠢᠨ᠂ ᠦᠨᠳᠦᠷ ᠳᠠᠷᠤᠯᠲᠠᠲᠤ ᠬᠦᠴᠢᠯᠳᠦᠷᠦᠭᠴᠢ ᠶᠢᠨ ᠥᠷᠥᠭᠡ᠂ 800 ᠮᠢᠯᠢ ᠠᠮᠫᠧᠷ ᠬᠤᠳᠤᠭᠤᠳᠤ ᠭᠡᠳᠡᠰᠦᠨ ᠤ ᠲᠣᠭᠠᠴᠢᠯᠠᠭᠰᠠᠨ X ᠰᠢᠰᠲ᠋ᠧᠮ᠂ ᠿᠢ ᠯᠢ ᠪᠠ ᠹᠸᠢ ᠯᠢ ᠫᠦ᠋ ᠦᠨᠳᠦᠷ ᠳᠡᠰ ᠤᠨ ᠥᠩᠭᠡᠲᠦ ᠬᠡᠳᠦ ᠳᠣᠯᠭᠢᠶᠠᠨ᠂ ᠥᠯᠶ᠋ᠮᠫᠦᠰ ᠬᠤᠳᠣᠭᠤᠳᠤ ᠭᠡᠳᠡᠰᠦᠨ ᠤ ᠡᠯᠧᠺᠲᠷᠤᠨ ᠳᠤᠷᠠᠨ᠂ ᠭᠧᠷᠮᠠᠨ ᠤ ᠡᠺᠮᠠᠨ ᠬᠡᠪᠡᠯᠢ ᠶᠢᠨ ᠬᠦᠨᠳᠡᠢ ᠶᠢᠨ ᠳᠤᠷᠠᠨ᠂ ᠥᠯᠶ᠋ᠮᠫᠦᠰ ᠠᠮᠢᠳᠤ ᠪᠤᠳᠠᠰ ᠤᠨ ᠬᠢᠮᠢ ᠶᠢᠨ ᠵᠠᠳᠠᠯᠤᠯᠲᠠ ᠶᠢᠨ ᠠᠦ᠋ᠲ᠋ᠤ᠋ ᠮᠠᠰᠢᠨ ᠵᠡᠷᠭᠡ᠃ ᠵᠢᠷᠦᠬᠡ ᠳᠠᠷᠢᠬᠢ ᠴᠢᠰᠤᠨ ᠰᠤᠳᠠᠯ ᠤᠨ ᠡᠪᠡᠳᠴᠢᠨ ᠤ ᠡᠮᠴᠢᠯᠡᠭᠡ᠂ ᠳᠠᠷᠢᠬᠢᠨ ᠬᠠᠪᠤᠳᠠᠷ ᠢ ᠣᠭᠲᠤᠯᠵᠤ ᠠᠪᠬᠤ ᠵᠠᠰᠠᠯ᠂ ᠰᠡᠭᠦᠵᠢᠨ ᠶᠠᠰᠤᠨ ᠤ ᠵᠠᠰᠠᠯ᠂ ᠭᠠᠷ ᠤᠨ ᠭᠠᠳᠠᠷ ᠰᠢᠷᠬ᠎ᠠ ᠶᠢᠨ ᠴᠢᠰᠤᠨ ᠰᠤᠳᠠᠯ᠂ ᠮᠡᠳᠡᠷᠡᠯ ᠵᠢᠴᠢ ᠪᠣᠯᠴᠢᠩ ᠰᠢᠷᠪᠦᠰᠦ ᠶᠢ ᠠᠮᠠᠯᠠᠭᠤᠯᠬᠤ ᠵᠠᠰᠠᠯ᠂ ᠲᠠᠪᠤᠨ ᠶᠡᠭᠡ ᠬᠤᠣᠷᠲᠤ ᠬᠠᠪᠤᠳᠠᠷ ᠢ ᠦᠨᠳᠦᠰᠦᠨ ᠠᠴᠠ ᠨᠢ ᠵᠠᠰᠠᠬᠤ ᠵᠠᠰᠠᠯ ᠵᠡᠷᠭᠡ ᠣᠯᠠᠨ ᠮᠡᠷᠭᠡᠵᠢᠯ ᠢ ᠣᠷᠤᠭᠤᠯᠵᠤ᠂ ᠮᠠᠨ ᠤ ᠬᠤᠰᠢᠭᠤᠨ ᠤ ᠡᠮᠨᠡᠯᠭᠡ ᠶᠢᠨ ᠲᠡᠥᠬᠡᠨ ᠳᠡᠭᠡᠷᠡᠬᠢ ᠣᠯᠠᠨ ᠬᠤᠭᠤᠰᠤᠨ ᠢ ᠨᠦᠬᠦᠪᠦᠷᠢᠯᠡᠭᠰᠡᠨ ᠪᠠᠶᠢᠨ᠎ᠠ᠃      ᠣᠳᠣᠬᠠᠨ ᠳᠤ ᠪᠠᠭᠠᠷᠢᠨ ᠵᠡᠭᠦᠨ ᠬᠤᠰᠢᠭᠤᠨ ᠤ ᠬᠤᠰᠢᠭᠤ ᠡᠮᠨᠡᠯᠭᠡ ᠶᠢᠨ ᠬᠤᠷᠢᠶ᠎ᠠ ᠡᠮᠨᠡᠯᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨᠴᠢ ᠪᠠᠷ ᠬᠦᠭᠵᠢᠭᠦᠯᠬᠦ ᠳᠣᠬᠢᠶᠠᠯ ᠢ ᠠᠳᠬᠤᠨ᠂ ᠠᠮᠢᠵᠢᠷᠠᠯ ᠤᠨ ᠬᠦᠴᠦᠨ ᠢᠶᠠᠨ ᠴᠢᠩᠭᠠᠷᠠᠭᠤᠯᠵᠤ᠂ ᠰᠤᠷᠠᠭ ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠯᠬᠤᠮ ᠢᠶᠠᠨ ᠲᠦᠷᠭᠡᠳᠬᠡᠨ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠡᠮᠨᠡᠯᠭᠡ ᠶᠢᠨ ᠬᠤᠷᠢᠶ᠎ᠠ ᠶᠢ ᠪᠠᠶᠢᠭᠤᠯᠬᠤ ᠪᠠᠷ ᠴᠦᠬᠦᠷᠡᠰᠢ ᠦᠭᠡᠢ ᠴᠢᠷᠮᠠᠶᠢᠨ ᠠᠵᠢᠯᠯᠠᠭᠰᠠᠭᠠᠷ ᠪᠠᠶᠢᠨ᠎ᠠ᠃      ᠪᠠᠶᠢᠭ᠎ᠠ ᠭᠠᠵᠠᠷ᠄ ᠯᠢᠨᠳᠦ᠋ᠩ ᠪᠠᠯᠭᠠᠰᠤ ᠶᠢᠨ ᠪᠠᠷᠠᠭᠤᠨ ᠬᠤᠲᠠ ᠲᠣᠭᠤᠷᠢᠭ ᠤᠨ ᠭᠢᠳᠠᠨ ᠶᠡᠭᠡ ᠵᠡᠭᠡᠯᠢ ᠶᠢᠨ ᠪᠠᠷᠠᠭᠤᠨ ᠬᠡᠰᠡᠭ      ᠬᠠᠷᠢᠯᠴᠠᠬᠤ ᠤᠠᠰᠤ᠄ 076 —120        0476 —7890396
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号