ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠲᠣᠪᠴᠢᠶ᠎ᠠ | ᠨᠢᠭᠡ᠂ ᠣᠯᠣᠰ᠂ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠬᠠᠳᠠ ᠬᠤᠲᠠ ᠶᠢᠨ ᠣᠯᠣᠰ ᠠᠷᠠᠳ ᠤᠨ | ᠠᠵᠣ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠤᠬᠠᠢ ᠪᠠᠶᠢᠯᠳᠣᠬᠤ ᠪᠣᠳᠣᠯᠭ᠎ᠠ᠂ ᠴᠢᠭᠯᠡᠯᠳᠡ᠂ ᠲᠦᠷᠦ ᠶᠢᠨ | ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠤ᠂ ᠪᠦᠬᠦ ᠣᠷᠣᠨ ᠤ ᠣᠯᠣᠰ ᠠᠷᠠᠳ ᠤᠨ ᠠᠵᠣ ᠠᠬᠤᠢ ᠬᠢᠭᠡᠣᠨ | ᠨᠡᠶᠢᠭᠡᠮ ᠤᠨ ᠬᠦᠭᠵᠢᠯᠳᠡ ᠶᠢᠨ ᠣᠷᠲᠦ ᠬᠤᠭᠤᠴᠠᠭᠠᠨ ᠤ ᠲᠦᠯᠦᠪᠵᠢᠭᠦᠯᠭᠡ ᠬᠢᠭᠡᠳ ᠣᠨ ᠤ ᠲᠦᠯᠦᠪᠯᠡᠭᠡ ᠶᠢ | ᠲᠣᠭᠲᠠᠭᠠᠬᠤ ᠶᠢᠨ ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠠᠵᠣ ᠠᠬᠤᠢ ᠨᠡᠶᠢᠭᠡᠮ ᠤᠨ ᠬᠦᠭᠵᠢᠯᠳᠡ ᠶᠢ | ᠨᠢᠭᠡᠳᠦᠯᠲᠠᠢ ᠵᠤᠬᠢᠴᠠᠭᠤᠯᠣᠨ᠂ ᠬᠤᠰᠢᠭᠤᠨ ᠤ ᠳᠣᠲᠤᠨ᠎ᠠ ᠭᠠᠳᠠᠨᠠᠬᠢ ᠠᠵᠣ ᠠᠬᠤᠢ ᠶᠢᠨ ᠪᠠᠶᠢᠳᠠᠯ ᠢ ᠰᠣᠳᠣᠯᠣᠨ | ᠵᠠᠳᠠᠯᠵᠤ᠂ ᠪᠦᠬᠦ ᠬᠤᠰᠢᠭᠤᠨ ᠤ ᠣᠯᠣᠰ ᠠᠷᠠᠳ ᠤᠨ ᠠᠵᠣ ᠠᠬᠤᠢ ᠶᠢᠨ ᠬᠦᠭᠵᠢᠯᠳᠡ᠂ ᠦᠨ᠎ᠡ ᠬᠠᠩᠰᠢ ᠶᠢᠨ | ᠲᠤᠬᠢᠷᠠᠭᠤᠯᠭ᠎ᠠ ᠡᠵᠡᠮᠳᠡᠯ ᠪᠤᠯᠤᠨ ᠠᠵᠣ ᠠᠬᠤᠢ ᠶᠢᠨ ᠪᠦᠳᠦᠴᠡ ᠶᠢ ᠰᠢᠯᠢᠳᠡᠭᠵᠢᠭᠦᠯᠬᠦ ᠬᠠᠷᠠᠯᠳᠠ᠂ ᠲᠦᠷᠦ ᠶᠢᠨ | ᠪᠣᠳᠣᠯᠭ᠎ᠠ ᠶᠢᠨ ᠰᠠᠨᠠᠭᠤᠯᠭ᠎ᠠ ᠪᠠ ᠠᠷᠭ᠎ᠠ ᠬᠡᠮᠵᠢᠶ᠎ᠡ ᠵᠡᠷᠭᠡ ᠶᠢ ᠳᠤᠷᠠᠳᠴᠦ᠂ ᠡᠯ᠎ᠡ ᠵᠦᠢᠯ ᠤᠨ ᠠᠵᠣ ᠠᠬᠤᠢ ᠶᠢᠨ | ᠠᠷᠭ᠎ᠠ ᠪᠠᠷᠢᠯ ᠪᠤᠯᠤᠨ ᠲᠦᠷᠦ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠬᠦ ᠰᠠᠨᠠᠭᠤᠯᠭ᠎ᠠ ᠲᠣᠷᠠᠳᠣᠨ᠎ᠠ︔ ᠬᠤᠰᠢᠭᠤ | ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠰᠢᠭᠤ ᠠᠷᠠᠳ ᠤᠨ ᠲᠦᠯᠥᠭᠡᠯᠡᠭᠴᠢᠳ ᠤᠨ ᠶᠡᠭᠡ | ᠬᠤᠷᠠᠯ ᠳᠤ ᠣᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢᠨ | ᠮᠡᠳᠡᠭᠦᠯᠦᠯᠳᠡ ᠶᠢ ᠲᠣᠰᠢᠶᠠᠨ᠎ᠠ᠃ | ᠬᠤᠶᠠᠷ᠂ ᠪᠦᠬᠦ ᠬᠤᠰᠢᠭᠤᠨ ᠤ ᠬᠤᠷᠸ᠎ᠠ ᠠᠵᠣ ᠠᠬᠤᠢ ᠬᠢᠭᠡᠳ ᠨᠡᠶᠢᠭᠡᠮ ᠤᠨ ᠬᠦᠭᠵᠢᠯᠳᠡ ᠶᠢᠨ ᠪᠠᠶᠢᠳᠠᠯ ᠢ | ᠬᠢᠨᠠᠨ ᠬᠡᠮᠵᠢᠬᠦ᠂ ᠲᠦᠰᠦᠭᠡᠯᠡᠵᠦ ᠰᠡᠷᠡᠮᠵᠢᠯᠡᠭᠦᠯᠬᠦ᠂ ᠮᠡᠳᠡᠭᠡ ᠵᠠᠩᠭᠢ ᠪᠠᠷ ᠬᠦᠲᠥᠯᠥᠨ ᠵᠢᠯᠤᠭᠤᠳᠬᠤ ᠬᠠᠷᠢᠭᠤᠴᠠᠯᠭ᠎ᠠ | ᠶᠢ ᠡᠭᠦᠷᠭᠡᠯᠡᠨ᠎ᠡ︔ ᠪᠦᠬᠦ ᠬᠤᠰᠢᠭᠤᠨ ᠤ ᠠᠵᠣ ᠠᠬᠤᠢ ᠶᠢᠨ ᠠᠵᠢᠯᠯᠠᠭᠠᠨ᠂ ᠶᠡᠷᠦᠩᠬᠡᠢ ᠬᠡᠮᠵᠢᠶ᠎ᠡ ᠶᠢᠨ ᠲᠡᠩᠴᠡᠭᠦᠷᠢ᠂ | ᠠᠵᠣ ᠠᠬᠤᠢ ᠪᠠ ᠠᠵᠣ ᠦᠢᠯᠡᠰ ᠤᠨ ᠠᠮᠦᠷ ᠲᠦᠪᠰᠢᠨ ᠵᠡᠷᠭᠡ ᠴᠢᠬᠤᠯᠠ ᠠᠰᠠᠭᠤᠳᠠᠯ ᠢ ᠰᠣᠳᠣᠯᠬᠤ ᠶᠢᠨ ᠬᠠᠮᠲᠦ | ᠲᠤᠬᠢᠷᠠᠭᠤᠯᠤᠨ ᠡᠵᠡᠮᠳᠡᠬᠦ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠲᠣᠷᠠᠳᠣᠨ᠎ᠠ︔ ᠠᠵᠣ ᠠᠬᠤᠢ ᠶᠢᠨ | ᠠᠵᠢᠯᠯᠠᠭᠠᠨ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠥᠷᠢᠯᠡᠵᠦ᠂ ᠠᠵᠣ ᠠᠬᠤᠢ ᠶᠢᠨ | ᠠᠵᠢᠯᠯᠠᠭᠠᠨ ᠢ ᠳᠣᠬᠢᠷᠠᠭᠤᠯᠤᠨ᠎ᠠ︔ ᠴᠢᠬᠤᠯᠠ ᠡᠳ᠋ ᠪᠠᠷᠠᠭ᠎ᠠ ᠶᠢ ᠪᠠᠴᠢᠮ ᠲᠤᠬᠢᠷᠠᠭᠤᠯᠬᠤ ᠪᠠ ᠵᠠᠮ ᠬᠠᠷᠢᠯᠴᠠᠭ᠎ᠠ | ᠲᠡᠭᠡᠭᠡᠪᠦᠷᠢ ᠶᠢ ᠵᠣᠬᠢᠴᠠᠭᠤᠯᠬᠤ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃ | ᠭᠤᠷᠪᠠ᠂ ᠪᠦᠬᠦ ᠬᠤᠰᠢᠭᠤᠨ ᠤ ᠡᠳ᠋ ᠤᠨ ᠵᠠᠰᠠᠭ᠂ ᠮᠦᠩᠭᠦᠨ ᠭᠦᠢᠯᠭᠡᠭᠡ ᠵᠡᠷᠭᠡ ᠲᠠᠯ᠎ᠠ ᠶᠢᠨ ᠪᠠᠶᠢᠳᠠᠯ ᠢ | ᠬᠤᠷᠢᠶᠠᠩᠭᠤᠶᠢᠯᠠᠨ ᠵᠠᠳᠠᠯᠤᠨ᠎ᠠ︔ ᠡᠳ᠋ ᠤᠨ ᠵᠠᠰᠠᠭ᠂ ᠮᠦᠩᠭᠦᠨ ᠭᠦᠢᠯᠭᠡᠭᠡ᠂ ᠭᠠᠵᠠᠷ ᠰᠢᠷᠦᠢ ᠶᠢᠨ ᠲᠦᠷᠦ ᠶᠢᠨ | ᠪᠣᠳᠣᠯᠭ᠎ᠠ ᠲᠣᠭᠳᠠᠭᠠᠬᠤ ᠳᠤ ᠣᠷᠣᠯᠴᠠᠨ᠂ ᠬᠡᠷᠡᠭᠵᠢᠭᠦᠯᠦᠭᠰᠡᠨ ᠦᠷ᠎ᠡ ᠳ᠋ᠦᠩ ᠢ ᠶᠡᠷᠦᠩᠬᠡᠶᠢᠯᠡᠨ ᠵᠠᠳᠠᠯᠣᠨ᠎ᠠ︔ ᠪᠦᠬᠦ | ᠬᠤᠰᠢᠭᠤᠨ ᠤ ᠪᠦᠬᠦ ᠲᠠᠯ᠎ᠠ ᠶᠢᠨ ᠭᠠᠳᠠᠭᠠᠲᠦ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠵᠣ᠂ ᠪᠦᠳᠦᠴᠡ ᠶᠢ | ᠰᠢᠯᠢᠳᠡᠭᠵᠢᠭᠦᠯᠬᠦ ᠪᠠ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ | ᠳᠥᠷᠪᠡ᠂ ᠣᠯᠣᠰ᠂ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠬᠠᠳᠠ ᠬᠤᠲᠠ ᠶᠢᠨ ᠦᠨ᠎ᠡ ᠬᠠᠩᠰᠢ ᠪᠠ | ᠰᠦᠢᠳᠭᠡᠯ ᠬᠤᠷᠢᠶᠠᠬᠤ ᠲᠦᠷᠦ ᠶᠢᠨ ᠪᠣᠳᠣᠯᠭ᠎ᠠ ᠶᠢ ᠲᠣᠣᠱᠯᠠᠭᠤᠯᠤᠨ ᠨᠠᠶᠢᠳᠠᠪᠥᠷᠢᠵᠢᠭᠤᠯᠵᠦ᠂ ᠪᠦᠬᠦ ᠬᠤᠰᠢᠭᠤᠨ ᠤ | ᠦᠨ᠎ᠡ ᠬᠠᠩᠰᠢ ᠶᠢᠨ ᠲᠣᠬᠢᠷᠠᠭᠤᠯᠤᠨ ᠡᠵᠡᠮᠳᠡᠬᠦ ᠬᠠᠷᠠᠯᠳᠠ ᠶᠢ ᠲᠣᠷᠠᠳᠣᠨ᠎ᠠ︔ ᠬᠤᠰᠢᠭᠤᠨ ᠤ ᠬᠠᠮᠢᠶᠠᠷᠴᠣ ᠪᠦᠬᠦᠢ | ᠲᠠᠸᠠᠷ ᠤᠨ ᠦᠢᠯᠡᠴᠢᠯᠡᠭᠡ ᠪᠤᠯᠤᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠲᠣᠭᠳᠠᠭᠠᠬᠤ ᠪᠠ ᠲᠤᠬᠢᠷᠠᠭᠤᠯᠣᠨ᠎ᠠ︔ | ᠦᠨ᠎ᠡ ᠬᠠᠩᠰᠢ ᠶᠢᠨ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠦᠯᠳᠡ ᠳᠤ ᠬᠢᠨᠠᠯᠳᠠ ᠲᠠᠯᠪᠢᠨ ᠪᠠᠶᠢᠴᠠᠭᠠᠬᠤ ᠶᠢ | ᠬᠠᠷᠢᠭᠤᠴᠠᠨ᠂ ᠪᠦᠬᠦ ᠬᠤᠰᠢᠭᠤᠨ ᠤ ᠦᠨ᠎ᠡ ᠬᠠᠩᠰᠢ ᠶᠢᠨ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠪᠤᠯᠤᠨ | ᠦᠨ᠎ᠡ ᠬᠠᠩᠰᠢ ᠶᠢᠨ ᠭᠠᠭᠴᠠᠭᠠᠷ ᠡᠵᠡᠮᠰᠢᠭᠰᠡᠨ ᠦᠢᠯᠡ ᠠᠵᠢᠯᠯᠠᠭ᠎ᠠ ᠵᠡᠷᠭᠡ ᠶᠢ ᠬᠠᠣᠯᠢ ᠶᠣᠰᠣᠭᠠᠷ ᠪᠠᠶᠢᠴᠠᠭᠠᠨ | ᠰᠢᠢᠳᠪᠥᠷᠢᠯᠡᠨ᠎ᠡ᠃ | ᠲᠠᠪᠤ᠂ ᠪᠦᠬᠦ ᠬᠤᠰᠢᠭᠤᠨ ᠤ ᠠᠵᠣ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠶᠢ ᠲᠦᠯᠬᠢᠨ | ᠠᠬᠢᠭᠤᠯᠬᠤ ᠶᠢ ᠵᠢᠯᠤᠭᠤᠳᠬᠤ ᠪᠠ ᠶᠡᠷᠦᠩᠬᠡᠶᠢᠯᠡᠨ ᠵᠣᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠂ ᠠᠵᠣ | ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠬᠢᠭᠡᠳ ᠭᠠᠳᠠᠭᠠᠲᠦ ᠨᠡᠭᠡᠭᠡᠯᠲᠡ ᠶᠢᠨ ᠴᠢᠬᠤᠯᠠ ᠶᠡᠭᠡ ᠠᠰᠠᠭᠤᠳᠠᠯ ᠢ | ᠰᠣᠳᠣᠯᠣᠨ᠎ᠠ︔ ᠶᠡᠷᠦᠩᠬᠡᠶᠢᠯᠡᠭᠰᠡᠨ ᠴᠢᠨᠠᠷᠲᠠᠢ ᠠᠵᠣ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠶᠢᠨ ᠲᠦᠰᠦᠯ ᠢ | ᠲᠣᠭᠲᠠᠭᠠᠵᠦ᠂ ᠬᠤᠯᠪᠤᠭᠳᠠᠯ ᠪᠦᠬᠦᠢ ᠲᠣᠰᠬᠠᠢ ᠵᠦᠢᠯ ᠤᠨ ᠠᠵᠣ ᠠᠬᠤᠢ ᠶᠢᠨ ᠪᠠᠶᠢᠭᠤᠯᠤᠯ ᠤᠨ | ᠦᠭᠡᠷᠡᠴᠢᠯᠡᠯᠳᠡ ᠶᠢᠨ ᠲᠦᠰᠦᠯ ᠢ ᠵᠣᠬᠢᠴᠠᠭᠤᠯᠣᠨ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠲᠣᠰᠬᠠᠢ | ᠵᠦᠢᠯ ᠤᠨ ᠠᠵᠣ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠶᠢᠨ ᠬᠤᠭᠤᠷᠣᠨᠳᠦ ᠶᠢᠨ ᠵᠣᠯᠭᠠᠭᠤᠯᠤᠯᠲᠠ ᠶᠢ | ᠰᠠᠶᠢᠳᠣᠷ ᠬᠢᠨ᠎ᠡ︔ ᠠᠵᠣ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠶᠢᠨ ᠲᠣᠷᠰᠢᠯᠳᠠ ᠪᠤᠯᠤᠨ | ᠲᠣᠷᠰᠢᠯᠳᠠ ᠶᠢᠨ ᠣᠷᠣᠨ ᠤ ᠠᠵᠢᠯ ᠢ ᠵᠢᠯᠣᠭᠤᠳᠣᠨ᠎ᠠ᠃ | ᠵᠢᠷᠭᠤᠭ᠎ᠠ᠂ ᠪᠦᠬᠦ ᠬᠤᠰᠢᠭᠤᠨ ᠤ ᠴᠢᠬᠤᠯᠠ ᠶᠡᠭᠡ ᠪᠦᠲᠥᠭᠡᠨ ᠪᠠᠶᠢᠭᠤᠯᠤᠯᠳᠠ ᠶᠢᠨ ᠲᠦᠷᠦᠯ ᠵᠦᠢᠯ ᠪᠤᠯᠤᠨ | ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯ ᠢ ᠲᠦᠯᠦᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠂ ᠪᠦᠬᠦ | ᠨᠡᠶᠢᠭᠡᠮ ᠤᠨ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢᠨ ᠶᠡᠷᠦᠩᠬᠡᠢ ᠬᠡᠪᠴᠢᠶ᠎ᠡ ᠪᠠ ᠪᠡᠯᠡ ᠣᠷᠣᠭᠤᠯᠬᠤ | ᠪᠦᠳᠦᠴᠡ ᠶᠢᠨ ᠲᠤᠬᠢᠷᠠᠭᠤᠯᠤᠨ ᠡᠵᠡᠮᠳᠡᠬᠦ ᠬᠠᠷᠠᠯᠳᠠ᠂ ᠲᠦᠷᠦ ᠶᠢᠨ ᠪᠣᠳᠣᠯᠭ᠎ᠠ ᠬᠢᠭᠡᠳ ᠠᠷᠭ᠎ᠠ ᠬᠡᠮᠵᠢᠶ᠎ᠡ ᠶᠢ | ᠲᠣᠭᠲᠠᠭᠠᠵᠦ᠂ ᠵᠠᠰᠠᠭ ᠤᠨ ᠣᠷᠳᠣᠨ ᠤ ᠲᠤᠬᠢᠷᠠᠭᠤᠯᠬᠤ ᠴᠢᠬᠤᠯᠠᠳᠠᠢ ᠪᠡᠯᠡ ᠣᠷᠣᠭᠤᠯᠣᠯᠳᠠ ᠪᠣᠯᠣᠨ ᠴᠢᠬᠤᠯᠠ ᠶᠡᠭᠡ | ᠪᠦᠲᠥᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠲᠣᠰᠬᠠᠢ ᠵᠦᠢᠯ ᠤᠨ ᠲᠦᠯᠦᠪᠵᠢᠭᠦᠯᠭᠡ ᠶᠢ ᠵᠣᠯᠭᠠᠭᠤᠯᠣᠨ | ᠲᠡᠩᠴᠡᠭᠦᠷᠢᠰᠢᠭᠦᠯᠦᠨ᠎ᠡ︔ ᠣᠯᠣᠰ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠬᠢᠨᠠᠨ ᠵᠦᠪᠰᠢᠶᠡᠷᠡᠭᠰᠡᠨ ︵ | ᠬᠢᠨᠠᠨ ᠬᠠᠷᠭᠤᠭᠤᠯᠤᠭᠰᠠᠨ︶ ᠴᠢᠬᠤᠯᠠ ᠶᠡᠭᠡ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠬᠠᠷᠢᠭᠤᠴᠠᠨ | ᠬᠢᠨᠠᠬᠤ ᠶᠢᠨ ᠬᠠᠮᠲᠦ ᠲᠡᠭᠡᠭᠰᠢ ᠮᠡᠳᠡᠭᠦᠯᠦᠨ᠎ᠡ︔ ᠲᠦᠪ᠂ ᠦᠪᠡᠷᠳᠡᠭᠡᠨ ᠵᠠᠰᠠᠬᠤ ᠣᠷᠣᠨ᠂ ᠬᠤᠲᠠ ᠵᠢᠴᠢ | ᠬᠤᠰᠢᠭᠤᠨ ᠤ ᠡᠳ᠋ ᠤᠨ ᠵᠠᠰᠠᠭ ᠤᠨ ᠴᠢᠨᠠᠷᠲᠠᠢ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠭᠦ ᠶᠢ ᠲᠣᠭᠲᠠᠭᠠᠭᠰᠠᠨ | ᠡᠷᠬᠡ ᠮᠡᠳᠡᠯ ᠤᠨ ᠶᠣᠰᠤᠭᠠᠷ ᠬᠢᠨᠠᠨ ᠵᠦᠪᠰᠢᠶᠡᠷᠡᠬᠦ᠂ ᠬᠠᠷᠭᠤᠭᠤᠯᠬᠤ᠂ ᠬᠢᠨᠠᠬᠤ᠂ ᠴᠢᠬᠤᠯᠠ ᠶᠡᠭᠡ ᠪᠦᠳᠦᠭᠡᠨ | ᠪᠠᠶᠢᠭᠤᠯᠤᠯᠳᠠ ᠶᠢᠨ ᠲᠦᠷᠦᠯ ᠵᠦᠢᠯ ᠢ ᠲᠠᠩᠰᠠᠯᠠᠬᠤ᠂ ᠭᠠᠳᠠᠭᠠᠲᠦ ᠳᠤ ᠬᠤᠯᠪᠣᠭᠳᠠᠭᠰᠠᠨ ᠴᠢᠬᠤᠯᠠ ᠶᠡᠭᠡ ᠲᠦᠷᠦᠯ | ᠵᠦᠢᠯ ᠪᠠ ᠶᠡᠭᠡ ᠲᠣᠭᠠᠨ ᠤ ᠭᠤᠪᠢᠭᠤᠯᠭ᠎ᠠ ᠶᠢᠨ ᠪᠡᠯᠡ ᠣᠷᠣᠭᠤᠯᠣᠯᠳᠠ ᠶᠢᠨ ᠲᠦᠷᠦᠯ ᠵᠦᠢᠯ ᠢ ᠲᠤᠬᠢᠷᠠᠭᠤᠯᠣᠨ᠎ᠠ︔ | ᠪᠦᠬᠦ ᠬᠤᠰᠢᠭᠤᠨ ᠤ ᠣᠯᠣᠰ ᠤᠨ ᠭᠠᠳᠠᠭᠠᠲᠦ ᠵᠢᠭᠡᠯᠡᠯᠭᠡ ᠪᠠᠷ ᠪᠦᠲᠥᠭᠡᠨ ᠪᠠᠶᠢᠭᠤᠯᠬᠤ ᠪᠡᠯᠡ ᠮᠦᠩᠭᠦ ᠶᠢᠨ | ᠬᠡᠷᠡᠭᠯᠡᠯᠲᠡ ᠶᠢ ᠵᠢᠯᠣᠭᠤᠳᠬᠤ ᠪᠠ ᠬᠢᠨᠠᠯᠳᠠ ᠲᠠᠯᠪᠢᠵᠤ᠂ ᠠᠷᠠᠳ ᠤᠨ ᠪᠡᠯᠡ ᠣᠷᠣᠭᠤᠯᠣᠯᠳᠠ ᠶᠢᠨ ᠴᠢᠭᠯᠡᠯ ᠢ | ᠬᠦᠲᠥᠯᠥᠨ ᠵᠢᠯᠤᠭᠤᠳᠴᠦ᠂ ᠭᠠᠳᠠᠭᠠᠲᠦ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ | ᠣᠷᠣᠭᠤᠯᠣᠯᠳᠠ ᠶᠢᠨ ᠲᠦᠯᠦᠪᠵᠢᠭᠦᠯᠭᠡ᠂ ᠶᠡᠷᠦᠩᠬᠡᠢ ᠬᠡᠮᠵᠢᠶ᠎ᠡ ᠶᠢᠨ ᠲᠡᠩᠴᠡᠭᠦᠷᠢ ᠪᠠ ᠪᠦᠳᠦᠴᠡ ᠶᠢᠨ | ᠰᠢᠯᠢᠳᠡᠭᠵᠢᠭᠦᠯᠦᠯᠳᠡ ᠶᠢᠨ ᠬᠠᠷᠠᠯᠳᠠ ᠬᠢᠭᠡᠳ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠲᠣᠷᠠᠳᠣᠨ᠎ᠠ︔ | ᠢᠨᠵᠧᠨᠧᠷᠢᠩ ᠤᠨ ᠯᠠᠪᠯᠠᠯᠭ᠎ᠠ ᠦᠭᠬᠦ ᠦᠢᠯᠡᠰ ᠤᠨ ᠬᠦᠭᠵᠢᠯᠳᠡ ᠶᠢ ᠵᠢᠯᠣᠭᠤᠳᠣᠨ᠎ᠠ᠃ | ᠳᠣᠯᠤᠭ᠎ᠠ᠂ ᠪᠦᠬᠦ ᠬᠤᠰᠢᠭᠤᠨ ᠤ ᠠᠵᠣ ᠠᠬᠤᠢ ᠶᠢᠨ ᠪᠦᠳᠦᠴᠡ ᠶᠢᠨ ᠲᠣᠬᠢᠷᠠᠭᠤᠯᠤᠯᠲᠠ ᠶᠢ ᠲᠦᠯᠬᠢᠨ | ᠠᠬᠢᠭᠤᠯᠵᠤ᠂ ᠶᠡᠷᠦᠩᠬᠡᠶᠢᠯᠡᠭᠰᠡᠨ ᠴᠢᠨᠠᠷᠲᠠᠢ ᠠᠵᠣ ᠦᠢᠯᠡᠰ ᠤᠨ ᠲᠦᠷᠦ ᠶᠢᠨ ᠪᠤᠳᠣᠯᠭ᠎ᠠ ᠶᠢ ᠲᠣᠭᠲᠠᠭᠠᠨ᠎ᠠ︔ ᠪᠦᠬᠦ | ᠬᠤᠰᠢᠭᠤᠨ ᠤ ᠨᠢᠭᠡ᠂ ᠬᠤᠶᠠᠷ᠂ ᠭᠤᠷᠪᠠᠳᠣᠭᠠᠷ ᠠᠵᠣ ᠦᠢᠯᠡᠰ ᠤᠨ ᠬᠦᠭᠵᠢᠯᠳᠡ ᠶᠢᠨ ᠴᠢᠬᠤᠯᠠ ᠶᠡᠭᠡ | ᠠᠰᠠᠭᠤᠳᠠᠯ ᠢ ᠬᠠᠷᠢᠭᠤᠴᠠᠨ ᠵᠣᠬᠢᠴᠠᠭᠤᠯᠬᠤ ᠶᠢᠨ ᠬᠠᠮᠲᠦ ᠬᠠᠮᠢᠶ᠎ᠠ ᠪᠦᠬᠦᠢ ᠬᠦᠭᠵᠢᠯᠳᠡ ᠶᠢᠨ ᠲᠦᠯᠦᠪᠵᠢᠭᠦᠯᠭᠡ ᠪᠠ | ᠲᠦᠷᠦ ᠶᠢᠨ ᠪᠤᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠯᠭᠠᠭᠤᠯᠤᠨ ᠲᠡᠩᠴᠡᠭᠦᠷᠢᠰᠢᠭᠦᠯᠵᠦ᠂ ᠬᠤᠰᠢᠭᠤᠨ ᠤ ᠣᠯᠣᠰ | ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ᠂ ᠲᠦᠯᠦᠪᠯᠡᠭᠡ ᠯᠦᠭᠡ | ᠵᠣᠯᠭᠠᠭᠤᠯᠤᠨ ᠲᠡᠩᠴᠡᠭᠦᠷᠢᠰᠢᠭᠦᠯᠦᠨ᠎ᠡ︔ ᠲᠠᠷᠢᠶᠠᠯᠠᠩ ᠮᠠᠯ ᠠᠵᠣ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ | ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠣᠨ᠂ ᠪᠦᠬᠦ ᠬᠤᠰᠢᠭᠤᠨ ᠤ | ᠦᠢᠯᠡᠴᠢᠯᠡᠭᠡᠨ ᠤ ᠦᠢᠯᠡᠰ᠂ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠬᠦᠭᠵᠢᠯᠳᠡ ᠶᠢᠨ | ᠪᠠᠶᠢᠯᠳᠣᠬᠤ ᠪᠣᠳᠣᠯᠭ᠎ᠠ᠂ ᠲᠦᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠦ᠂ | ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠨ᠎ᠡ︔ ᠪᠦᠬᠦ ᠬᠤᠰᠢᠭᠤᠨ ᠤ | ᠳᠡᠭᠡᠳᠦ ᠮᠡᠷᠭᠡᠵᠢᠯᠲᠦ ᠠᠵᠦ ᠦᠢᠯᠡᠰ ᠤᠨ ᠬᠦᠭᠵᠢᠯᠳᠡ᠂ ᠠᠵᠣ ᠦᠢᠯᠡᠰ ᠤᠨ ᠮᠡᠷᠭᠡᠵᠢᠯ ᠤᠨ ᠳᠠᠪᠰᠢᠯᠲᠠ᠂ ᠠᠵᠣ | ᠦᠢᠯᠡᠰ ᠤᠨ ᠲᠡᠰ ᠲᠡᠪᠰᠢᠬᠦ ᠲᠦᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠳᠠᠭᠠᠨ᠂ | ᠴᠢᠬᠤᠯᠠ ᠶᠡᠭᠡ ᠮᠡᠷᠭᠡᠵᠢᠯ ᠤᠨ ᠲᠣᠨᠤᠭ ᠲᠦᠭᠦᠭᠡᠷᠦᠮᠵᠢ ᠶᠢ ᠲᠡᠯᠭᠡᠷᠡᠭᠦᠯᠥᠨ ᠬᠡᠷᠡᠭᠯᠡᠬᠦ ᠵᠡᠷᠭᠡ ᠲᠠᠯ᠎ᠠ ᠶᠢᠨ | ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠨ᠎ᠡ︔ | ᠨᠠᠢᠮᠠ᠂ ᠪᠦᠬᠦ ᠬᠤᠰᠢᠭᠤᠨ ᠤ ᠭᠤᠣᠯ ᠴᠣᠭᠴᠠ ᠪᠦᠬᠦᠢ ᠴᠢᠳᠠᠮᠵᠢᠲᠦ ᠣᠷᠣᠨ ᠤ ᠲᠦᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠶᠢᠨ ᠬᠠᠮᠲᠦ ᠵᠣᠬᠢᠴᠠᠭᠤᠯᠤᠨ ᠬᠡᠷᠡᠭᠵᠢᠭᠦᠯᠬᠦ ᠪᠠ ᠬᠢᠨᠠᠨ ᠬᠡᠮᠵᠢᠵᠤ᠂ ᠦᠨᠡᠯᠡᠨ ᠵᠢᠱᠢᠬᠦ | ᠬᠠᠷᠢᠭᠤᠴᠠᠯᠭ᠎ᠠ ᠶᠢ ᠡᠭᠦᠷᠭᠡᠯᠡᠨ᠎ᠡ︔ ᠪᠦᠬᠦ ᠬᠤᠰᠢᠭᠤᠨ ᠤ ᠣᠷᠣᠨ ᠪᠦᠰᠡ ᠶᠢ ᠵᠣᠬᠢᠴᠠᠩᠭᠤᠢ ᠪᠠᠷ ᠬᠦᠭᠵᠢᠭᠦᠯᠬᠦ ᠪᠠ | ᠪᠠᠷᠠᠭᠤᠨ ᠣᠷᠣᠨ ᠢ ᠶᠡᠬᠡᠪᠡᠷ ᠨᠡᠭᠡᠭᠡᠨ ᠬᠦᠭᠵᠢᠭᠦᠯᠬᠦ᠂ ᠵᠡᠭᠦᠨ ᠬᠤᠶᠢᠲᠦ ᠣᠷᠣᠨ ᠵᠡᠷᠭᠡ ᠬᠠᠭᠤᠴᠢᠨ ᠠᠵᠣ | ᠦᠢᠯᠡᠳᠪᠥᠷᠢ ᠶᠢᠨ ᠰᠠᠭᠤᠷᠢᠨ ᠭᠠᠵᠠᠷ ᠢ ᠬᠦᠭᠵᠢᠭᠦᠯᠥᠨ ᠮᠠᠨᠳᠤᠭᠤᠯᠬᠤ ᠲᠦᠯᠦᠪᠵᠢᠭᠦᠯᠭᠡ ᠪᠠ ᠲᠦᠷᠦ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠦ᠂ ᠬᠤᠳᠠ ᠪᠠᠯᠭᠠᠰᠣᠴᠢᠯᠠᠨ ᠬᠦᠭᠵᠢᠭᠦᠯᠬᠦ ᠪᠠᠶᠢᠯᠳᠣᠬᠤ ᠪᠣᠳᠣᠯᠭ᠎ᠠ | ᠪᠣᠯᠣᠨ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠲᠣᠷᠠᠳᠣᠨ᠎ᠠ︔ ᠭᠠᠵᠠᠷ ᠣᠷᠣᠨ ᠤ ᠠᠵᠣ ᠠᠬᠤᠢ ᠶᠢᠨ | ᠬᠤᠷᠰᠢᠯᠴᠠᠭ᠎ᠠ ᠶᠢ ᠨᠢᠭᠡᠳᠦᠯᠲᠠᠢ ᠲᠦᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ︔ ᠪᠦᠬᠦ ᠬᠤᠰᠢᠭᠤᠨ ᠤ ᠭᠠᠳᠠᠭᠠᠲᠦ | ᠨᠡᠭᠡᠭᠡᠯᠲᠡ᠂ ᠠᠵᠣ ᠠᠬᠤᠢ ᠶᠢᠨ ᠬᠤᠷᠰᠢᠯᠴᠠᠭ᠎ᠠ ᠶᠢᠨ ᠠᠵᠢᠯ ᠢ ᠡᠭᠦᠷᠭᠡᠯᠡᠨ᠎ᠡ︔ ᠪᠦᠬᠦ ᠬᠤᠰᠢᠭᠤᠨ ᠤ | ᠨᠡᠭᠡᠭᠡᠯᠲᠡ ᠶᠢᠨ ᠣᠷᠣᠨ ᠤ ᠲᠦᠯᠦᠪᠵᠢᠭᠦᠯᠭᠡ ᠪᠠ ᠬᠦᠭᠵᠢᠯᠳᠡ ᠶᠢᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ | ᠶᠢᠰᠦ᠂ ᠪᠦᠬᠦ ᠬᠤᠰᠢᠭᠤᠨ ᠤ ᠴᠢᠬᠤᠯᠠ ᠲᠠᠸᠠᠷ ᠤᠨ ᠶᠡᠷᠦᠩᠬᠡᠢ ᠬᠡᠮᠵᠢᠶ᠎ᠡ ᠶᠢ ᠲᠡᠩᠴᠡᠭᠦᠯᠬᠦ ᠪᠠ | ᠲᠤᠬᠢᠷᠠᠭᠤᠯᠤᠨ ᠡᠵᠡᠮᠳᠡᠬᠦ ᠬᠠᠷᠢᠭᠤᠴᠠᠯᠭ᠎ᠠ ᠶᠢ ᠡᠭᠦᠷᠭᠡᠯᠡᠵᠣ᠂ ᠴᠢᠬᠤᠯᠠ ᠲᠠᠷᠢᠶᠠᠯᠠᠩ ᠤᠨ ᠪᠦᠳᠦᠭᠡᠭᠳᠡᠭᠦᠨ᠂ ᠠᠵᠣ | ᠦᠢᠯᠡᠳᠪᠦᠷᠢ ᠶᠢᠨ ᠪᠦᠳᠦᠭᠡᠭᠳᠡᠭᠦᠨ ᠪᠠ ᠲᠦᠭᠦᠬᠡᠢ ᠮᠠᠲ᠋ᠧᠷᠢᠶᠠᠯ ᠤᠨ ᠭᠠᠳᠠᠭᠠᠳᠦ ᠠᠴᠠ ᠣᠷᠣᠭᠤᠯᠵᠣ ᠭᠠᠳᠠᠭᠠᠳᠦ ᠳᠤ | ᠭᠠᠷᠭᠠᠬᠤ ᠶᠡᠷᠦᠩᠬᠡᠢ ᠬᠡᠮᠵᠢᠶ᠎ᠡ ᠶᠢᠨ ᠲᠦᠯᠦᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠦ ᠬᠢᠨᠠᠯᠳᠠ ᠲᠠᠯᠪᠢᠨ | ᠬᠡᠷᠡᠭᠵᠢᠭᠦᠯᠵᠤ᠂ ᠠᠵᠣ ᠠᠬᠤᠢ ᠶᠢᠨ ᠠᠵᠢᠯᠯᠠᠭᠠᠨ ᠤ ᠪᠠᠶᠢᠳᠠᠯ ᠢ ᠦᠨᠳᠥᠰᠥᠯᠡᠨ ᠭᠠᠳᠠᠭᠠᠳᠦ ᠠᠴᠠ ᠣᠷᠣᠭᠤᠯᠵᠦ | ᠭᠠᠳᠠᠭᠠᠳᠦ ᠳᠤ ᠭᠠᠷᠭᠠᠬᠤ ᠶᠡᠷᠦᠩᠬᠡᠢ ᠬᠡᠮᠵᠢᠶ᠎ᠡ ᠶᠢᠨ ᠲᠦᠯᠦᠪᠯᠡᠭᠡ ᠳᠤ ᠲᠤᠬᠢᠷᠠᠭᠤᠯᠤᠯᠲᠠ ᠬᠢᠵᠦ᠂ ᠪᠠᠶᠢᠯᠳᠣᠬᠤ | ᠪᠣᠳᠣᠯᠭ᠎ᠠ ᠶᠢᠨ ᠡᠳ᠋ ᠪᠠᠷᠠᠭ᠎ᠠ ᠨᠦᠭᠡᠴᠡᠯᠡᠬᠦ ᠲᠦᠯᠦᠪᠵᠢᠭᠦᠯᠭᠡ ᠶᠢ ᠲᠣᠭᠳᠠᠭᠠᠨ ᠬᠤᠳᠠᠯᠳᠤᠨ ᠠᠪᠴᠦ ᠨᠦᠭᠡᠴᠡᠯᠡᠬᠦ᠂ | ᠬᠡᠷᠡᠭᠯᠡᠬᠦ᠂ ᠰᠣᠯᠢᠬᠤ ᠪᠠ ᠬᠠᠮᠢᠶᠠᠷᠬᠤ ᠶᠢ ᠬᠠᠷᠢᠭᠤᠴᠠᠨ᠎ᠠ᠃ | ᠠᠷᠪᠠ᠂ ᠪᠦᠬᠦ ᠬᠤᠰᠢᠭᠤᠨ ᠤ ᠨᠡᠶᠢᠭᠡᠮ ᠤᠨ ᠬᠦᠭᠵᠢᠯᠳᠡ ᠬᠢᠭᠡᠳ ᠣᠯᠣᠰ ᠠᠷᠠᠳ ᠤᠨ ᠠᠵᠣ ᠠᠬᠤᠢ ᠶᠢᠨ | ᠬᠦᠭᠵᠢᠯᠳᠡ ᠶᠢᠨ ᠲᠦᠷᠦ ᠶᠢᠨ ᠪᠣᠳᠣᠯᠭ᠎ᠠ ᠶᠢ ᠵᠣᠯᠭᠠᠯᠳᠤᠭᠤᠯᠬᠤ ᠶᠢ ᠬᠠᠷᠢᠭᠤᠴᠠᠨ᠂ ᠨᠡᠶᠢᠭᠡᠮ ᠤᠨ ᠬᠦᠭᠵᠢᠯᠳᠡ ᠶᠢᠨ | ᠪᠠᠶᠢᠯᠳᠣᠬᠤ ᠪᠣᠳᠣᠯᠭ᠎ᠠ᠂ ᠲᠦᠯᠦᠪᠵᠢᠭᠦᠯᠭᠡ ᠪᠤᠯᠤᠨ ᠣᠨ ᠤ ᠲᠦᠯᠦᠪᠯᠡᠭᠡ ᠶᠢ ᠲᠣᠭᠲᠠᠭᠠᠨ᠎ᠠ︔ ᠪᠦᠬᠦ | ᠬᠤᠰᠢᠭᠤᠨ ᠤ ᠨᠡᠶᠢᠭᠡᠮ ᠤᠨ ᠬᠦᠭᠵᠢᠯᠳᠡ ᠶᠢᠨ ᠲᠦᠷᠦ ᠶᠢᠨ ᠪᠣᠳᠣᠯᠭ᠎ᠠ ᠶᠢᠨ ᠠᠷᠭ᠎ᠠ ᠶᠢ ᠲᠤᠭᠳᠠᠭᠠᠬᠤ ᠳᠤ | ᠣᠷᠣᠯᠴᠠᠨ᠂ ᠠᠵᠢᠯ ᠣᠯᠭᠤᠯᠲᠠ᠂ ᠣᠷᠣᠯᠭ᠎ᠠ ᠶᠢᠨ ᠬᠤᠪᠢᠶᠠᠷᠢᠯᠠᠯᠳᠠ ᠶᠢ ᠲᠤᠬᠢᠷᠠᠭᠤᠯᠬᠤ᠂ ᠨᠡᠶᠢᠭᠡᠮ ᠤᠨ | ᠪᠠᠳᠣᠯᠠᠭ᠎ᠠ ᠪᠤᠯᠤᠨ ᠠᠵᠣ ᠠᠬᠤᠢ ᠬᠦᠭᠵᠢᠯᠲᠡ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠰᠠᠨᠠᠭᠤᠯᠭ᠎ᠠ ᠶᠢ | ᠳᠤᠷᠠᠳᠴᠤ᠂ ᠨᠡᠶᠢᠭᠡᠮ ᠤᠨ ᠦᠢᠯᠡᠰ ᠤᠨ ᠬᠦᠭᠵᠢᠯᠳᠡ ᠪᠠ ᠦᠭᠡᠷᠡᠴᠢᠯᠡᠯᠳᠡ ᠳᠠᠬᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠣᠨ᠎ᠠ᠃ | ᠠᠷᠪᠠᠨ ᠨᠢᠭᠡ᠂ ᠡᠨᠧᠷᠭᠢ ᠶᠢ ᠨᠡᠭᠡᠭᠡᠨ ᠠᠰᠢᠭᠯᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ | ᠡᠨᠧᠷᠭᠢ ᠶᠢᠨ ᠬᠦᠭᠵᠢᠯᠲᠡ ᠶᠢᠨ ᠲᠦᠯᠦᠪᠵᠢᠭᠦᠯᠭᠡ ᠪᠠ ᠲᠦᠯᠦᠪᠯᠡᠭᠡ ᠲᠣᠭᠲᠠᠭᠠᠨ᠂ ᠬᠦᠭᠵᠢᠯᠲᠡ ᠶᠢᠨ ᠪᠠᠶᠢᠯᠳᠤᠬᠤ | ᠪᠣᠳᠤᠯᠭ᠎ᠠ ᠪᠠ ᠴᠢᠬᠤᠯᠠ ᠶᠡᠭᠡ ᠲᠥᠷᠥ ᠶᠢᠨ ᠪᠣᠳᠤᠯᠭ᠎ᠠ ᠳᠤᠷᠠᠳᠤᠨ᠎ᠠ︔ ᠴᠢᠯᠠᠭᠤᠨ ᠲᠣᠰᠣ᠂ ᠰᠢᠲᠠᠮᠠᠬᠠᠢ ᠬᠡᠢ᠂ | ᠨᠡᠭᠦᠷᠡᠰᠦ᠂ ᠴᠠᠬᠢᠯᠭᠠᠨ ᠬᠦᠴᠦᠨ᠂ ᠰᠢᠨ᠎ᠡ ᠡᠨᠧᠷᠭᠢ ᠵᠢᠴᠢ ᠨᠡᠭᠦᠷᠡᠰᠦᠨ ᠲᠦᠯᠡᠰᠢ ᠵᠡᠷᠭᠡ ᠡᠨᠧᠷᠭᠢ ᠶᠢ ᠨᠡᠭᠡᠭᠡᠨ | ᠠᠰᠢᠭᠯᠠᠬᠤ ᠶᠢ ᠬᠠᠮᠢᠶᠠᠷᠴᠤ᠂ ᠬᠠᠮᠢᠶ᠎ᠠ ᠪᠦᠬᠦᠢ ᠪᠠᠷᠢᠮᠵᠢᠶ᠎ᠠ ᠲᠣᠭᠲᠠᠭᠠᠨ᠂ ᠡᠨᠧᠷᠭᠢ ᠶᠢᠨ ᠬᠦᠭᠵᠢᠯᠲᠡ ᠳᠤᠮᠳᠠᠬᠢ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ︔ ᠡᠨᠧᠷᠭᠢ ᠪᠠ ᠡᠬᠢ ᠰᠣᠷᠪᠤᠯᠵᠢ ᠶᠢ ᠳᠣᠬᠢᠷᠠᠭᠤᠯᠬᠤ ᠰᠠᠨᠠᠭᠤᠯᠭ᠎ᠠ | ᠵᠢᠴᠢ ᠡᠨᠧᠷᠭᠢ ᠠᠷᠪᠢᠯᠠᠬᠤ᠂ ᠶᠡᠷᠦᠩᠬᠡᠶᠢᠯᠡᠨ ᠠᠰᠢᠭᠯᠠᠬᠤ᠂ ᠰᠢᠨ᠎ᠡ ᠡᠨᠧᠷᠭᠢ ᠶᠢ ᠬᠦᠭᠵᠢᠭᠦᠯᠬᠦ ᠲᠦᠷᠥ ᠶᠢᠨ | ᠪᠣᠳᠤᠯᠭ᠎ᠠ ᠶᠢᠨ ᠠᠷᠭ᠎ᠠ ᠬᠡᠮᠵᠢᠶ᠎ᠡ ᠳᠤᠷᠠᠳᠴᠤ᠂ ᠬᠠᠮᠢᠶ᠎ᠠ ᠪᠦᠬᠦᠢ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠬᠢᠨᠠᠨ ᠪᠠᠶᠢᠴᠠᠭᠠᠨ᠎ᠠ︔ ᠪᠦᠬᠦ ᠬᠤᠰᠢᠭᠤᠨ ᠤ ᠡᠨᠧᠷᠭᠢ ᠶᠢᠨ ᠪᠠᠶᠢᠭᠤᠯᠤᠯ ᠤᠨ ᠥᠭᠡᠷᠡᠴᠢᠯᠡᠯᠲᠡ | ᠶᠢ ᠠᠬᠢᠭᠤᠯᠤᠨ᠎ᠠ᠃ | ᠠᠷᠪᠠᠨ ᠬᠤᠶᠠᠷ᠂ ᠪᠦᠬᠦ ᠬᠤᠰᠢᠭᠤᠨ ᠤ ᠡᠨᠧᠷᠬᠢ ᠠᠷᠪᠢᠯᠠᠨ ᠪᠣᠬᠢᠷᠳᠤᠯ ᠢ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠶᠡᠷᠥᠩᠬᠡᠶᠢᠯᠡᠨ ᠵᠣᠬᠢᠴᠠᠭᠤᠯᠬᠤ ᠠᠵᠢᠯ ᠪᠣᠯᠤᠨ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢᠨ | ᠲᠥᠷᠥᠯ ᠵᠦᠢᠯ ᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠂ ᠬᠦᠭᠵᠢᠯᠳᠡ ᠶᠢᠨ ᠣᠷᠴᠢᠯ | ᠠᠵᠣ ᠠᠬᠤᠢ᠂ ᠪᠦᠬᠦ ᠨᠡᠶᠢᠭᠡᠮ ᠤᠨ ᠡᠨᠧᠷᠬᠢ ᠡᠬᠢ ᠪᠠᠶᠠᠯᠢᠭ ᠪᠤᠯᠤᠨ ᠶᠡᠷᠥᠩᠬᠡᠶᠢᠯᠡᠨ ᠠᠰᠢᠭᠯᠠᠬᠤ ᠲᠦᠯᠦᠪᠵᠢᠭᠦᠯᠭᠡ | ᠬᠢᠭᠡᠳ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠳᠠᠭᠠᠬᠤ ᠶᠢᠨ ᠬᠠᠮᠲᠦ | ᠵᠣᠬᠢᠴᠠᠭᠤᠯᠣᠨ ᠬᠡᠷᠡᠭᠵᠢᠭᠦᠯᠦᠨ᠎ᠡ︔ ᠪᠦᠬᠦ ᠬᠤᠰᠢᠭᠤᠨ ᠤ ᠠᠮᠢ ᠠᠬᠤᠢ ᠶᠢᠨ ᠪᠦᠲᠥᠭᠡᠨ ᠪᠠᠶᠢᠭᠤᠯᠤᠯᠳᠠ᠂ ᠣᠷᠴᠢᠨ | ᠲᠤᠭᠤᠷᠢᠨ ᠤ ᠬᠠᠮᠠᠭᠠᠯᠠᠯᠳᠠ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠨ᠂ ᠠᠮᠢ | ᠠᠬᠤᠢ ᠶᠢᠨ ᠪᠦᠳᠦᠭᠡᠨ ᠪᠠᠶᠢᠭᠤᠯᠤᠯᠳᠠ᠂ ᠡᠨᠧᠷᠬᠢ ᠡᠬᠢ ᠪᠠᠶᠠᠯᠢᠭ ᠢ ᠠᠷᠪᠢᠯᠠᠬᠤ ᠪᠠ ᠶᠡᠷᠥᠩᠬᠡᠶᠢᠯᠡᠨ ᠠᠰᠢᠭᠯᠠᠬᠤ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠂ ᠪᠦᠬᠦ ᠣᠷᠣᠨ ᠤ ᠣᠷᠴᠢᠨ ᠲᠣᠭᠤᠷᠢᠨ ᠤ ᠬᠠᠮᠠᠭᠠᠯᠠᠯᠳᠠ ᠶᠢᠨ ᠠᠵᠣ | ᠦᠢᠯᠡᠰ ᠪᠣᠯᠣᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠤᠭᠳᠠᠯ ᠪᠦᠬᠦᠢ ᠠᠵᠢᠯ ᠢ ᠶᠡᠷᠦᠩᠬᠡᠶᠢᠯᠡᠨ | ᠵᠣᠬᠢᠴᠠᠭᠤᠯᠣᠨ᠎ᠠ᠃ | ᠠᠷᠪᠠᠨ ᠭᠤᠷᠪᠠ᠂ ᠣᠯᠣᠰ᠂ ᠦᠪᠡᠷᠳᠡᠭᠡᠨ ᠵᠠᠰᠠᠬᠤ ᠣᠷᠣᠨ ᠵᠢᠴᠢ ᠤᠯᠠᠭᠠᠨᠬᠠᠳᠠ ᠬᠤᠲᠠ ᠶᠢᠨ ᠴᠠᠭ | ᠠᠭᠤᠷ ᠤᠨ ᠬᠤᠪᠢᠷᠠᠯᠳᠠ ᠶᠢᠨ ᠪᠠᠶᠢᠯᠳᠣᠬᠤ ᠪᠣᠳᠣᠯᠭ᠎ᠠ᠂ ᠲᠦᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠦᠨ᠎ᠡ︔ ᠪᠦᠬᠦ ᠣᠷᠣᠨ ᠤ ᠴᠠᠭ ᠠᠭᠤᠷ ᠤᠨ ᠬᠤᠪᠢᠷᠠᠯᠳᠠ ᠶᠢ ᠠᠷᠭᠠᠴᠠᠭᠠᠬᠤ ᠲᠦᠯᠦᠪᠵᠢᠭᠦᠯᠭᠡ ᠪᠠ | ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠳᠠᠭᠠᠨ᠎ᠠ᠃ | ᠠᠷᠪᠠᠨ ᠳᠥᠷᠪᠡ᠂ ᠪᠦᠬᠦ ᠬᠤᠰᠢᠭᠤᠨ ᠤ ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠳᠡ᠂ | ᠠᠵᠣ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠬᠢᠭᠡᠳ ᠭᠠᠳᠠᠭᠠᠲᠦ ᠨᠡᠬᠡᠬᠡᠯᠳᠡ ᠶᠢᠨ ᠬᠤᠯᠪᠤᠭᠳᠠᠯ ᠪᠦᠬᠦᠢ | ᠬᠠᠣᠯᠢ ᠲᠣᠭᠲᠠᠭᠠᠯ ᠳᠦᠷᠢᠮ ᠲᠣᠭᠳᠠᠭᠠᠯ ᠤᠨ ᠡᠬᠡ ᠨᠤᠤᠷᠠᠭ ᠪᠣᠯᠣᠨ ᠪᠣᠰᠣᠳ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠲᠤᠭᠤᠷᠪᠢᠨ᠎ᠠ︔ ᠪᠦᠬᠦ ᠬᠤᠰᠢᠭᠤᠨ ᠤ ᠲᠠᠭᠠᠭᠠᠴᠢᠯᠠᠯᠳᠠ ᠵᠠᠷᠯᠠᠬᠤ ᠪᠣᠯᠤᠨ ᠬᠦᠯᠢᠶᠡᠬᠦ ᠠᠵᠢᠯ ᠢ | ᠲᠣᠭᠲᠠᠭᠠᠯ ᠶᠣᠰᠤᠭᠠᠷ ᠵᠢᠯᠣᠭᠤᠳᠬᠤ ᠪᠠ ᠵᠣᠬᠢᠴᠠᠭᠤᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ | ᠣᠯᠠᠭᠠᠨᠬᠠᠳᠠ ᠬᠤᠲᠠ ᠶᠢᠨ ᠣᠯᠣᠰ ᠠᠷᠠᠳ ᠤᠨ ᠠᠵᠣ ᠠᠬᠤᠢ ᠶᠢᠨ ᠲᠠᠶᠢᠴᠢᠯᠠᠯᠳᠠ ᠶᠢᠨ ᠲᠦᠷᠦ ᠶᠢᠨ ᠪᠣᠳᠣᠯᠭ᠎ᠠ᠂ | ᠲᠦᠯᠦᠪᠵᠢᠭᠦᠯᠭᠡ ᠲᠦᠯᠦᠪᠯᠡᠭᠡ ᠶᠢ ᠲᠤᠤᠱᠯᠠᠭᠤᠯᠤᠨ ᠨᠠᠶᠢᠳᠠᠪᠥᠷᠢᠵᠢᠭᠤᠯᠬᠤ ᠠᠷᠭ᠎ᠠ ᠬᠡᠮᠵᠢᠶ᠎ᠡ ᠠᠷᠭ᠎ᠠ ᠶᠢ | ᠲᠣᠭᠲᠠᠭᠠᠵᠦ᠂ ᠪᠦᠬᠦ ᠬᠤᠰᠢᠭᠤᠨ ᠤ ᠣᠯᠣᠰ ᠠᠷᠠᠳ ᠤᠨ ᠠᠵᠣ ᠠᠬᠤᠢ ᠶᠢᠨ ᠲᠠᠶᠢᠴᠢᠯᠠᠯᠳᠠ ᠶᠢᠨ ᠬᠤᠯᠪᠤᠭᠳᠠᠯ | ᠪᠦᠬᠦᠢ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ | ᠠᠷᠪᠠᠨ ᠲᠠᠪᠤ᠂ ᠴᠢᠬᠤᠯᠠ ᠶᠡᠭᠡ ᠪᠦᠳᠦᠭᠡᠨ ᠪᠠᠶᠢᠭᠤᠯᠣᠳᠠ ᠶᠢᠨ ᠲᠦᠷᠦᠯ ᠵᠦᠢᠯ ᠢ ᠪᠠᠶᠢᠴᠠᠭᠠᠬᠤ | ᠬᠠᠷᠢᠭᠤᠴᠠᠯᠭ᠎ᠠ ᠶᠢ ᠡᠭᠦᠷᠭᠡᠯᠡᠨ᠂ ᠬᠤᠯᠪᠤᠭᠳᠠᠬᠤ ᠠᠵᠢᠯ ᠲᠦᠷᠦᠯ ᠪᠣᠯᠣᠨ ᠣᠷᠣᠨ ᠨᠣᠳᠤᠭ ᠲᠠᠬᠢ ᠣᠯᠣᠰ ᠪᠠ | ᠦᠪᠡᠷᠳᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠵᠢᠴᠢ ᠬᠤᠰᠢᠭᠤᠨ ᠤ ᠪᠡᠯᠡ ᠣᠷᠣᠭᠤᠯᠣᠯᠳᠠ ᠶᠢᠨ | ᠲᠦᠷᠦ ᠶᠢᠨ ᠪᠣᠳᠣᠯᠭ᠎ᠠ ᠪᠣᠯᠣᠨ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠦᠷᠳᠡᠨ | ᠪᠠᠶᠢᠴᠠᠭᠠᠨ᠎ᠠ︔ ᠲᠦᠪ᠂ ᠦᠪᠡᠷᠳᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠵᠢᠴᠢ ᠬᠤᠰᠢᠭᠤᠨ ᠤ ᠡᠳ᠋ ᠤᠨ | ᠵᠠᠰᠠᠭ ᠤᠨ ᠴᠢᠨᠠᠷᠲᠠᠢ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠭᠦ ᠶᠢᠨ ᠪᠡᠯᠡ ᠣᠷᠣᠭᠤᠯᠣᠯᠳᠠ ᠶᠢ ᠲᠣᠬᠢᠷᠠᠭᠤᠯᠣᠨ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃ | ᠠᠷᠪᠠᠨ ᠵᠢᠷᠭᠤᠭ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠤᠯᠠᠭᠠᠨᠬᠠᠳᠠ ᠬᠤᠲᠠ ᠶᠢᠨ | ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠠᠴᠠ ᠲᠣᠰᠢᠶᠠᠭᠰᠠᠨ ᠪᠣᠰᠣᠳ ᠵᠦᠢᠯ ᠢ ᠲᠠᠭᠠᠭᠠᠨ ᠬᠢᠨ᠎ᠡ᠃ | |