ᠬᠢᠨᠠᠨ ᠪᠣᠳᠤᠬᠤ ᠲᠣᠪᠴᠢᠶ᠎ᠠ
ᠨᠡᠶᠢᠲᠡᠯᠡᠭᠰᠡᠨ ᠴᠠᠭ᠄
2016/4/12
     ᠨᠢᠭᠡ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠪᠣᠯᠤᠨ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠦᠰᠦᠪ ᠤᠨ ᠬᠡᠷᠡᠭᠵᠢᠭᠦᠯᠦᠭᠳᠡᠭᠰᠡᠨ ᠪᠠᠶᠢᠳᠠᠯ ᠪᠣᠯᠤᠨ ᠲᠦᠰᠦᠪ ᠤᠨ ᠭᠦᠢᠴᠡᠳᠬᠡᠯ ᠵᠢᠴᠢ ᠪᠣᠰᠤᠳ ᠡᠳ᠋ ᠤᠨ ᠵᠠᠰᠠᠭ ᠤᠨ ᠣᠷᠤᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠣᠳᠤᠬᠤ ᠪᠠ ᠬᠢᠨᠠᠯᠲᠠ ᠲᠠᠯᠪᠢᠨ᠎ᠠ᠃      ᠬᠤᠶᠠᠷ᠂ ᠬᠤᠰᠢᠭᠤ ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ ᠬᠢᠨᠠᠨ ᠪᠣᠳᠤᠬᠤ ᠲᠣᠪᠴᠢᠶ᠎ᠠ ᠶᠢᠨ ᠤᠳᠤᠷᠢᠳᠤᠯᠭ᠎ᠠ ᠳᠣᠣᠷ᠎ᠠ᠂ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠬᠡᠷᠡᠭᠵᠢᠭᠦᠯᠦᠭᠳᠡᠭᠰᠡᠨ ᠪᠠᠶᠢᠳᠠᠯ ᠪᠣᠯᠤᠨ ᠪᠤᠰᠤᠳ ᠡᠳ᠋ ᠤᠨ ᠵᠠᠰᠠᠭ ᠤᠨ ᠣᠷᠤᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠣᠳᠤᠵᠤ᠂ ᠬᠤᠰᠢᠭᠤ ᠠᠷᠠᠳ  ᠤᠨ ᠵᠠᠰᠠᠭ ᠤᠨ ᠣᠷᠳᠣᠨ ᠪᠠ ᠬᠤᠲᠠ ᠶᠢᠨ ᠬᠢᠨᠠᠨ ᠪᠣᠳᠤᠬᠤ ᠲᠣᠪᠴᠢᠶ᠎ᠠ ᠳᠤ ᠦᠷ᠎ᠡ ᠳ᠋ᠦᠩ ᠤᠨ ᠮᠡᠳᠡᠭᠦᠯᠦᠯᠲᠡ ᠶᠢ ᠲᠤᠰᠢᠶᠠᠨ᠎ᠠ᠃      ᠭᠤᠷᠪᠠ᠂ ᠡᠷᠬᠡ ᠣᠯᠭᠤᠭᠰᠠᠨ ᠪᠠᠶᠢᠳᠠᠯ ᠢ ᠦᠨᠳᠦᠰᠦᠯᠡᠵᠦ᠂ ᠤᠯᠤᠰ ᠤᠨ ᠦᠮᠴᠢᠯᠡᠯᠲᠦ ᠮᠦᠩᠭᠦᠨ ᠭᠦᠢᠯᠭᠡᠭᠡᠨ ᠤ ᠪᠠᠶᠢᠭᠤᠯᠤᠮᠵᠢ ᠪᠠ ᠮᠦᠩᠭᠦᠨ ᠭᠦᠢᠯᠭᠡᠭᠡᠨ ᠤ ᠪᠣᠰᠣ ᠪᠠᠶᠢᠭᠤᠯᠤᠮᠵᠢ ᠶᠢᠨ ᠡᠳ᠋ ᠬᠦᠷᠦᠩᠭᠡ᠂ ᠦᠷᠢ ᠰᠢᠷᠢ᠂ ᠣᠯᠵᠠ ᠭᠠᠷᠤᠵᠠ ᠵᠡᠷᠭᠡ ᠶᠢ ᠬᠢᠨᠠᠨ ᠪᠣᠳᠤᠬᠤ ᠪᠠ ᠬᠢᠨᠠᠯᠲᠠ ᠲᠠᠯᠪᠢᠨ᠎ᠠ᠃      ᠳᠥᠷᠪᠡ᠂ ᠪᠦᠬᠦ ᠬᠤᠰᠢᠭᠤᠨ ᠤ ᠵᠠᠰᠠᠭ ᠵᠠᠬᠢᠷᠭᠠᠨ᠂ ᠠᠵᠢᠯ ᠦᠢᠯᠡᠰ ᠤᠨ ᠨᠢᠭᠡᠴᠡ ᠪᠣᠯᠤᠨ ᠡᠳ᠋ ᠤᠨ ᠵᠠᠰᠠᠭ  ᠤᠨ ᠪᠡᠯᠡ ᠮᠦᠩᠭᠦ ᠬᠡᠷᠡᠭᠯᠡᠬᠦ ᠪᠣᠰᠤᠳ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠣᠷᠤᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠣᠳᠤᠬᠤ ᠪᠠ ᠬᠢᠨᠠᠯᠲᠠ ᠲᠠᠯᠪᠢᠨ᠎ᠠ᠃      ᠲᠠᠪᠤ᠂ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠪᠠ ᠵᠠᠰᠠᠭ ᠤᠨ ᠣᠷᠳᠣᠨ ᠤ ᠪᠡᠯᠡ ᠣᠷᠤᠭᠤᠯᠤᠯᠲᠠ  ᠪᠠᠷ ᠭᠤᠣᠯ ᠪᠣᠯᠭᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠲᠥᠰᠥᠪ  ᠤᠨ ᠭᠦᠢᠴᠡᠳᠬᠡᠯ ᠢ ᠬᠢᠨᠠᠨ ᠪᠣᠳᠤᠬᠤ ᠪᠠ ᠬᠢᠨᠠᠯᠲᠠ ᠲᠠᠯᠪᠢᠨ᠎ᠠ᠃      ᠵᠢᠷᠭᠤᠭ᠎ᠠ᠂ ᠬᠤᠰᠢᠭᠤ ᠵᠠᠰᠠᠭ ᠤᠨ ᠣᠷᠳᠣᠨ ᠤ ᠰᠠᠯᠠᠭ᠎ᠠ ᠮᠦᠴᠢᠷ ᠠᠴᠠ ᠬᠠᠮᠢᠶᠠᠷᠴᠤ ᠪᠠᠶᠢᠭ᠎ᠠ ᠪᠠ ᠪᠣᠰᠤᠳ ᠪᠠᠶᠢᠭᠤᠯᠭ᠎ᠠ ᠳᠤ ᠨᠠᠶᠢᠳᠠᠨ ᠬᠠᠮᠢᠶᠠᠷᠤᠭᠤᠯᠵᠤ ᠪᠠᠶᠢᠭ᠎ᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠦᠩᠭᠦ᠂ ᠨᠡᠶᠢᠭᠡᠮ  ᠤᠨ ᠲᠤᠰᠠᠯᠠᠮᠵᠢ ᠶᠢᠨ ᠮᠦᠩᠭᠦ ᠵᠢᠴᠢ ᠪᠣᠰᠤᠳ ᠮᠦᠩᠭᠦᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠣᠳᠤᠬᠤ ᠪᠠ ᠬᠢᠨᠠᠯᠲᠠ ᠲᠠᠯᠪᠢᠨ᠎ᠠ᠃      ᠳᠣᠯᠤᠭ᠎ᠠ᠂ ᠣᠯᠠᠨ ᠤᠯᠤᠰ ᠪᠠ ᠭᠠᠳᠠᠭᠠᠳᠤ ᠶᠢᠨ ᠵᠠᠰᠠᠭ ᠤᠨ ᠣᠷᠳᠣᠨ ᠤ ᠲᠤᠰᠠᠯᠠᠮᠵᠢ ᠪᠣᠯᠤᠨ ᠵᠢᠭᠡᠯᠡᠯᠭᠡ  ᠶᠢᠨ ᠲᠥᠷᠥᠯ ᠵᠦᠢᠯ ᠤᠨ ᠡᠳ᠋ ᠤᠨ ᠶᠠᠪᠤᠳᠠᠯ ᠤᠨ ᠣᠷᠤᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠣᠳᠤᠬᠤ ᠪᠠ ᠬᠢᠨᠠᠯᠲᠠ ᠲᠠᠯᠪᠢᠨ᠎ᠠ᠃      ᠨᠠᠢᠮᠠ᠂ ᠨᠠᠮ ᠵᠠᠰᠠᠭ ᠤᠨ ᠰᠠᠯᠠᠭᠠᠨ ᠳᠡᠰ ᠤᠨ ᠵᠢᠩᠬᠢᠨᠢ ᠲᠤᠰᠢᠶᠠᠯ ᠲᠠᠢ ᠣᠳᠤᠷᠢᠳᠬᠤ ᠺᠠᠳ᠋ᠷ ᠵᠢᠴᠢ ᠤᠯᠤᠰ  ᠤᠨ ᠦᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠺᠠᠳ᠋ᠷ ᠤᠨ ᠲᠤᠰᠢᠶᠠᠯ ᠤᠨ ᠬᠤᠭᠤᠴᠠᠭᠠᠨ ᠳᠠᠬᠢ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠣᠳᠤᠬᠤ ᠪᠠ ᠬᠢᠨᠠᠯᠲᠠ ᠲᠠᠯᠪᠢᠨ᠎ᠠ᠃      ᠶᠢᠰᠦ᠂ ᠭᠠᠴᠠᠭ᠎ᠠ ᠲᠤᠰᠬᠤᠨ ᠪᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠠᠷᠠᠳ ᠤᠨ ᠵᠦᠪᠯᠡᠯ ᠤᠨ ᠭᠤᠣᠯ ᠬᠠᠷᠢᠭᠤᠴᠠᠯᠭᠠᠲᠠᠨ ᠤ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠣᠳᠤᠬᠤ ᠪᠠ ᠬᠢᠨᠠᠯᠲᠠ ᠲᠠᠯᠪᠢᠨ᠎ᠠ᠃      ᠠᠷᠪᠠ᠂ ᠤᠯᠤᠰ ᠤᠨ ᠡᠳ᠋ ᠤᠨ ᠵᠠᠰᠠᠭ ᠤᠨ ᠣᠷᠤᠯᠭ᠎ᠠ ᠵᠠᠷᠤᠯᠭ᠎ᠠ ᠲᠠᠢ ᠬᠤᠯᠪᠤᠭ᠎ᠠ ᠲᠠᠢ ᠣᠨᠴᠠᠭᠠᠢ ᠬᠡᠷᠡᠭ ᠶᠠᠪᠤᠳᠠᠯ ᠤᠨ ᠲᠤᠬᠠᠢ ᠬᠤᠯᠪᠤᠭᠳᠠᠯ ᠪᠦᠬᠦᠢ ᠰᠠᠯᠠᠭ᠎ᠠ ᠮᠦᠴᠢᠷ ᠪᠣᠯᠤᠨ ᠪᠠᠶᠢᠭᠤᠯᠭ᠎ᠠ ᠶᠢ ᠲᠤᠰᠬᠠᠢ ᠬᠢᠨᠠᠨ ᠪᠠᠶᠢᠴᠠᠭᠠᠬᠤ ᠡᠷᠬᠡ ᠲᠠᠢ᠃ ᠬᠢᠨᠠᠨ ᠪᠤᠳᠤᠭᠰᠠᠨ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠬᠤᠰᠢᠭᠤ ᠠᠷᠠᠳ ᠤᠨ ᠵᠠᠰᠠᠭ ᠤᠨ ᠣᠷᠳᠣᠨ ᠪᠣᠯᠤᠨ ᠬᠤᠲᠠ ᠶᠢᠨ ᠬᠢᠨᠠᠨ ᠪᠣᠳᠤᠬᠤ ᠲᠣᠪᠴᠢᠶ᠎ᠠ ᠳᠤ ᠮᠡᠳᠡᠭᠦᠯᠦᠨ᠎ᠡ᠃      ᠠᠷᠪᠠᠨ ᠨᠢᠭᠡ᠂ ᠬᠠᠮᠢᠶ᠎ᠠ ᠪᠦᠬᠦᠢ ᠬᠠᠤᠯᠢ ᠴᠠᠭᠠᠵᠠ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠢᠶᠠᠷ᠂ ᠪᠡᠶ᠎ᠡ ᠪᠠᠨ ᠳᠠᠭᠠᠭᠠᠨ ᠬᠠᠤᠯᠢ ᠶᠣᠰᠤᠭᠠᠷ ᠨᠡᠶᠢᠭᠡᠮ ᠤᠨ ᠬᠢᠨᠠᠨ ᠪᠣᠳᠤᠯᠲᠠ ᠬᠢᠵᠦ ᠳᠡᠶᠢᠯᠬᠦ ᠪᠠᠶᠢᠭᠤᠯᠤᠮᠵᠢ ᠪᠣᠯᠤᠨ ᠪᠦᠬᠦ ᠬᠤᠰᠢᠭᠤᠨ ᠤ ᠳᠣᠲᠤᠭᠠᠳᠤ ᠶᠢᠨ ᠬᠢᠨᠠᠨ ᠪᠣᠳᠤᠬᠤ ᠪᠠᠶᠢᠭᠤᠯᠤᠮᠵᠢ ᠳᠤ ᠬᠢᠨᠠᠯᠲᠠ ᠲᠠᠯᠪᠢᠬᠤ ᠪᠠ ᠵᠢᠭᠠᠨ ᠵᠢᠯᠤᠭᠤᠳᠤᠨ᠎ᠠ᠃      ᠠᠷᠪᠠᠨ ᠬᠤᠶᠠᠷ᠂ ᠬᠢᠨᠠᠨ ᠪᠣᠳᠤᠬᠤ ᠪᠠᠶᠢᠭᠤᠯᠭ᠎ᠠ ᠠᠴᠠ ᠪᠤᠰᠤᠳ ᠬᠠᠤᠯᠢ ᠴᠠᠭᠠᠵᠠ ᠪᠣᠯᠤᠨ ᠵᠠᠰᠠᠭ ᠵᠠᠬᠢᠷᠭᠠᠨ  ᠤ ᠬᠠᠤᠯᠢ ᠳᠦᠷᠢᠮ ᠤᠨ ᠲᠣᠭᠲᠠᠭᠠᠯ ᠤᠨ ᠬᠢᠨᠠᠨ ᠪᠣᠳᠤᠬᠤ ᠵᠦᠢᠯᠡᠰ ᠢ ᠬᠢᠨᠠᠨ ᠪᠣᠳᠤᠬᠤ ᠬᠠᠤᠯᠢ ᠪᠣᠯᠤᠨ ᠬᠠᠮᠢᠶ᠎ᠠ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠦᠷᠢᠮ ᠶᠣᠰᠤᠭᠠᠷ ᠬᠢᠨᠠᠨ ᠪᠣᠳᠤᠬᠤ ᠪᠠ ᠬᠢᠨᠠᠯᠲᠠ ᠲᠠᠯᠪᠢᠨ᠎ᠠ᠃      ᠠᠷᠪᠠᠨ ᠭᠤᠷᠪᠠ᠂ ᠬᠤᠰᠢᠭᠤ ᠵᠠᠰᠠᠭ ᠤᠨ ᠣᠷᠳᠣᠨ ᠪᠤᠯᠤᠨ ᠬᠤᠲᠠ ᠶᠢᠨ ᠬᠢᠨᠠᠨ ᠪᠣᠳᠤᠬᠤ ᠲᠣᠪᠴᠢᠶ᠎ᠠ ᠠᠴᠠ ᠳᠠᠭᠠᠭᠠᠯᠭᠠᠭᠰᠠᠨ ᠪᠣᠰᠤᠳ ᠵᠦᠢᠯᠡᠰ ᠢ ᠭᠦᠢᠴᠡᠳᠬᠡᠨ᠎ᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号