ᠤᠰᠤᠨ ᠠᠰᠢᠭᠯᠠᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2016/4/12
     ᠨᠢᠭᠡ᠂ ᠤᠰᠤᠨ ᠤ ᠡᠬᠢ ᠪᠠᠶᠠᠯᠢᠭ ᠢ ᠵᠣᠬᠢᠰᠲᠠᠢ ᠨᠡᠭᠡᠭᠡᠨ ᠠᠰᠢᠭᠯᠠᠬᠤ ᠶᠢ ᠪᠠᠲᠤᠯᠠᠬᠤ ᠶᠢ ᠬᠠᠷᠢᠭᠤᠴᠠᠵᠤ᠂ ᠪᠦᠬᠦ ᠬᠤᠰᠢᠭᠤᠨ ᠤ ᠣᠰᠣᠨ ᠠᠰᠢᠭᠯᠠᠯᠲᠠ ᠪᠣᠯᠤᠨ ᠵᠢᠭᠠᠰᠤᠨ ᠠᠵᠤ ᠠᠬᠤᠢ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ  ᠲᠤᠭᠤᠷᠪᠢᠨ ᠲᠣᠭᠲᠠᠭᠠᠵᠤ᠂ ᠣᠷᠣᠨ ᠤ ᠨᠤᠲᠤᠭ ᠤᠨ ᠴᠢᠨᠠᠷᠲᠠᠢ ᠬᠤᠯᠪᠤᠭᠳᠠᠯ ᠪᠦᠬᠦᠢ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠲᠦᠰᠦᠯ ᠢ ᠨᠤᠤᠷᠠᠭᠯᠠᠨ ᠪᠢᠴᠢᠵᠦ᠂ ᠪᠦᠬᠦ ᠬᠤᠰᠢᠭᠤᠨ ᠤ ᠴᠢᠬᠤᠯᠠ ᠭᠤᠣᠯ ᠮᠥᠷᠡᠨ ᠨᠠᠭᠤᠷ ᠴᠦᠭᠦᠷᠦᠮ ᠤᠨ ᠤᠷᠤᠰᠬᠠᠯ ᠤᠨ ᠣᠷᠣᠨ ᠤ ᠶᠡᠷᠦᠩᠬᠡᠢ ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ︔ ᠪᠦᠬᠦ ᠬᠤᠰᠢᠭᠤᠨ ᠤ ᠴᠢᠨᠠᠷᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠳᠦᠷᠢᠮ ᠤᠨ ᠲᠤᠭᠳᠠᠭᠠᠯ ᠶᠤᠰᠤᠭᠠᠷ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠪᠦᠬᠦ ᠬᠤᠰᠢᠭᠤᠨ ᠤ ᠤᠰᠤᠨ ᠠᠰᠢᠭᠯᠠᠯᠲᠠ ᠶᠢᠨ ᠲᠣᠭᠲᠠᠮᠠᠯ ᠬᠦᠷᠥᠩᠭᠡ ᠶᠢᠨ ᠪᠡᠯᠡ ᠣᠷᠤᠭᠤᠯᠤᠯᠲᠠ ᠶᠢᠨ ᠬᠡᠪᠴᠢᠶ᠎ᠡ ᠪᠠ ᠴᠢᠭᠯᠡᠯ᠂ ᠳᠡᠭᠡᠳᠦ ᠱᠠᠲᠤ ᠪᠣᠯᠤᠨ ᠬᠤᠰᠢᠭᠤᠨ ᠳᠡᠰ ᠤᠨ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠯ ᠳᠤᠷᠠᠳᠬᠤ ᠶᠢ ᠬᠠᠷᠢᠭᠤᠴᠠᠵᠤ᠂ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠲᠣᠭᠲᠠᠮᠠᠯ ᠬᠦᠷᠥᠩᠭᠡ ᠶᠢᠨ ᠪᠡᠯᠡ ᠣᠷᠤᠭᠤᠯᠤᠯᠲᠠ ᠶᠢᠨ ᠲᠥᠷᠥᠯ ᠵᠦᠢᠯ ᠢ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠬᠢᠨᠠᠨ ᠵᠥᠪᠰᠢᠶᠡᠷᠡᠨ᠎ᠡ︔ ᠬᠤᠰᠢᠭᠤᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠳᠤᠬᠢᠷᠠᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ᠬᠤᠶᠠᠷ᠂ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠠ ᠠᠮᠢ ᠠᠬᠤᠢ ᠶᠢᠨ ᠣᠷᠴᠢᠨ ᠲᠣᠭᠤᠷᠢᠨ ᠳᠤ ᠤᠰᠤ ᠬᠡᠷᠡᠭᠯᠡᠬᠦ ᠶᠢ ᠬᠠᠮᠳᠤ ᠳᠤᠨᠢ ᠬᠠᠷᠠᠭᠠᠯᠵᠠᠨ ᠨᠢᠭᠡᠳᠤᠯᠲᠠᠢ ᠲᠤᠭᠳᠠᠭᠠᠬᠤ ᠪᠠ ᠪᠠᠲᠤᠯᠠᠬᠤ ᠶᠢ ᠬᠠᠷᠢᠭᠤᠴᠠᠵᠤ᠂  ᠤᠰᠤᠨ ᠤ ᠡᠬᠢ ᠪᠠᠶᠠᠯᠢᠭ ᠢ ᠨᠢᠭᠡᠳᠦᠯᠲᠡᠢ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠪᠦᠬᠦ ᠬᠤᠰᠢᠭᠤᠨ ᠤ ᠤᠰᠤᠨ ᠤ ᠳᠤᠮᠳᠠ ᠤᠷᠲᠤ ᠬᠤᠭᠤᠴᠠᠭ᠎ᠠ ᠶᠢᠨ ᠬᠠᠩᠭᠠᠯᠭ᠎ᠠ ᠶᠢᠨ ᠲᠥᠯᠥᠪᠵᠢᠭᠦᠯᠭᠡ᠂ ᠤᠰᠤᠨ ᠤ ᠬᠡᠮᠵᠢᠶ᠎ᠡ ᠶᠢᠨ  ᠬᠤᠪᠢᠶᠠᠷᠢᠯᠠᠯᠲᠠ ᠶᠢᠨ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠤᠰᠤᠨ ᠤ ᠡᠬᠢ ᠪᠠᠶᠠᠯᠢᠭ ᠢ ᠪᠠᠶᠢᠴᠠᠭᠠᠵᠤ ᠦᠨᠡᠯᠡᠬᠦ ᠠᠵᠢᠯ ᠢ ᠥᠷᠨᠢᠭᠦᠯᠵᠦ᠂ ᠣᠰᠣᠨ ᠡᠨᠧᠷᠭᠢ ᠶᠢᠨ ᠡᠬᠢ ᠪᠠᠶᠠᠯᠢᠭ ᠢ ᠪᠠᠶᠢᠴᠠᠭᠠᠬᠤ ᠠᠵᠢᠯ ᠢ ᠲᠤᠭᠲᠠᠭᠠᠯ ᠶᠣᠰᠣᠭᠠᠷ ᠥᠷᠨᠢᠭᠦᠯᠦᠨ᠎ᠡ︔ ᠪᠦᠬᠦ ᠬᠤᠰᠢᠭᠤᠨ ᠤ ᠴᠢᠬᠤᠯᠠ ᠤᠷᠤᠰᠬᠠᠯ ᠤᠨ ᠣᠷᠣᠨ᠂ ᠣᠷᠣᠨ ᠪᠦᠰᠡ ᠵᠢᠴᠢ ᠴᠢᠬᠤᠯᠠ ᠶᠡᠭᠡ ᠤᠰᠤ ᠲᠣᠬᠢᠷᠠᠭᠤᠯᠬᠤ  ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠷᠢᠭᠤᠴᠠᠵᠤ᠂ ᠤᠰᠤ ᠲᠠᠲᠠᠬᠤ ᠵᠥᠪᠰᠢᠶᠡᠷᠡᠯ᠂ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠳᠦᠷᠢᠮ ᠪᠠ ᠤᠰᠤᠨ ᠤ ᠡᠬᠢ ᠪᠠᠶᠠᠯᠢᠭ ᠤᠨ ᠨᠤᠲᠠᠯᠠᠯ᠂ ᠦᠶᠡᠷ ᠰᠡᠷᠭᠡᠶᠢᠯᠡᠬᠦ ᠨᠤᠲᠠᠯᠠᠯ ᠤᠨ ᠳᠦᠷᠢᠮ ᠢ ᠬᠡᠷᠡᠭᠵᠢᠭᠦᠯᠦᠨ᠎ᠡ︔ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠤᠰᠤ ᠬᠠᠩᠭᠠᠬᠤ ᠪᠠ ᠰᠤᠮᠤ ᠪᠠᠯᠭᠠᠰᠤ ᠶᠢᠨ ᠤᠰᠤ ᠬᠠᠩᠭᠠᠬᠤ ᠠᠵᠢᠯ ᠢ ᠵᠢᠯᠣᠭᠤᠳᠤᠨ᠎ᠠ᠃      ᠭᠤᠷᠪᠠ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ ᠢ ᠬᠠᠷᠢᠭᠤᠴᠠᠵᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠴᠢᠬᠤᠯᠠ ᠭᠤᠣᠯ ᠮᠥᠷᠡᠨ ᠨᠠᠭᠤᠷ ᠴᠦᠭᠦᠷᠦᠮ ᠤᠨ ᠤᠰᠣᠨ ᠦᠢᠯᠡᠳᠦᠯ ᠤᠨ ᠣᠷᠣᠨ ᠬᠤᠪᠢᠶᠠᠷᠢᠯᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠤᠰᠤᠨ ᠤ ᠪᠤᠵᠠᠷ ᠪᠣᠷᠲᠠᠭ ᠢ ᠬᠠᠳᠠᠭᠠᠯᠠᠬᠤ ᠴᠢᠳᠠᠪᠤᠷᠢ ᠶᠢ ᠬᠢᠨᠠᠨ ᠲᠣᠭᠲᠠᠭᠠᠵᠤ᠂ ᠪᠣᠬᠢᠷ ᠪᠣᠳᠠᠰ ᠢ ᠭᠠᠳᠠᠭᠰᠢᠯᠠᠭᠤᠯᠬᠤ  ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠰᠠᠨᠠᠭᠤᠯᠭ᠎ᠠ ᠲᠤᠷᠠᠳᠤᠨ᠎ᠠ︔ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠠᠵᠢᠯ ᠢ ᠵᠢᠯᠣᠭᠤᠳᠴᠤ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠪᠠ ᠬᠤᠲᠠ ᠶᠢᠨ  ᠲᠥᠯᠥᠪᠵᠢᠭᠦᠯᠭᠡ ᠶᠢᠨ ᠤᠷᠤᠨ ᠤ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠠᠵᠢᠯ ᠢ ᠵᠢᠯᠣᠭᠤᠳᠤᠨ᠎ᠠ᠃     ᠳᠥᠷᠪᠡ᠂ ᠤᠰᠤᠳᠤᠯ ᠭᠠᠩᠳᠠᠯ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠶᠢ ᠬᠠᠷᠢᠭᠤᠴᠠᠵᠤ᠂ ᠬᠤᠰᠢᠭᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠪᠤᠲᠠᠲᠠᠢ ᠠᠵᠢᠯ ᠢ ᠡᠭᠦᠷᠭᠡᠯᠡᠨ᠎ᠡ︔ ᠪᠦᠬᠦ ᠬᠤᠰᠢᠭᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ  ᠠᠵᠢᠯ ᠢ ᠵᠣᠬᠢᠶᠠᠨ ᠪᠠᠶᠢᠭᠤᠯᠵᠤ ᠂ ᠵᠣᠬᠢᠴᠠᠭᠤᠯᠵᠤ᠂ ᠬᠢᠨᠠᠯᠲᠠ ᠲᠠᠯᠪᠢᠵᠤ᠂ ᠵᠢᠯᠣᠭᠤᠳᠴᠤ᠂ ᠴᠢᠬᠤᠯᠠ ᠭᠤᠣᠯ ᠮᠥᠷᠡᠨ ᠨᠠᠭᠤᠷ ᠴᠦᠭᠦᠷᠦᠮ ᠪᠠ ᠴᠢᠬᠤᠯᠠ ᠤᠰᠤᠨ ᠢᠨᠵᠧᠨᠧᠷᠢᠩ ᠳᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠲᠣᠬᠢᠷᠠᠭᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠤᠰᠤᠨ ᠬᠡᠮᠵᠢᠶ᠎ᠡ ᠶᠢᠨ ᠲᠣᠬᠢᠷᠠᠭᠤᠯᠭ᠎ᠠ ᠶᠢ ᠬᠡᠷᠡᠭᠵᠢᠭᠦᠯᠵᠦ᠂  ᠪᠦᠬᠦ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ  ᠪᠡᠯᠡᠳᠭᠡᠯ  ᠲᠥᠰᠥᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠰᠤᠨ  ᠠᠰᠢᠭᠯᠠᠯᠲᠠ ᠶᠢᠨ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠶᠠᠪᠤᠳᠠᠯ ᠤᠨ ᠪᠠᠴᠢᠮ ᠪᠠᠶᠢᠳᠠᠯ ᠢ  ᠠᠷᠭᠠᠴᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃     ᠲᠠᠪᠤ᠂ ᠤᠰᠤ ᠶᠢ ᠠᠷᠪᠢᠯᠠᠨ ᠬᠡᠷᠡᠭᠯᠡᠬᠦᠯᠬᠦ ᠠᠵᠢᠯ ᠢ ᠬᠠᠷᠢᠭᠤᠴᠠᠵᠤ᠂ ᠤᠰᠤ ᠠᠷᠪᠢᠯᠠᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠤᠰᠤ ᠠᠷᠪᠢᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠤᠯᠪᠣᠭᠳᠠᠯ ᠪᠦᠬᠦᠢ ᠪᠠᠷᠢᠮᠵᠢᠶ᠎ᠠ ᠲᠣᠭᠲᠠᠭᠠᠨ᠂ ᠠᠷᠪᠢᠴᠢ ᠨᠡᠶᠢᠬᠡᠮ ᠤᠨ ᠪᠦᠲᠦᠭᠡᠨ ᠪᠠᠶᠢᠭᠤᠯᠤᠯᠳᠠ   ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃       ᠵᠢᠷᠭᠤᠭ᠎ᠠ᠂ ᠪᠦᠬᠦ ᠬᠤᠰᠢᠭᠤᠨ ᠤ ᠵᠢᠭᠠᠰᠤᠨ ᠤ ᠠᠵᠤ ᠠᠬᠤᠢ ᠶᠢᠨ ᠬᠦᠭᠵᠢᠯᠲᠡ ᠶᠢᠨ ᠲᠦᠯᠦᠪᠵᠢᠭᠦᠯᠭᠡ ᠲᠦᠯᠦᠪᠯᠡᠭᠡ ᠶᠢ ᠲᠣᠭᠲᠠᠭᠠᠨ ᠬᠡᠷᠡᠭᠵᠢᠭᠦᠯᠵᠦ᠂ ᠵᠢᠭᠠᠰᠤᠨ ᠤ ᠠᠵᠤ ᠠᠬᠤᠢ ᠪᠣᠯᠤᠨ ᠤᠰᠤᠨ ᠭᠠᠷᠤᠯᠲᠠ ᠶᠢᠨ ᠶᠠᠰᠤ ᠴᠢᠨᠠᠷ ᠪᠠ ᠠᠮᠤᠷ ᠲᠥᠪᠰᠢᠨ ᠤ ᠬᠠᠮᠢᠶᠠᠷᠤᠯᠲᠠ ᠶᠢ ᠬᠠᠷᠢᠭᠤᠴᠠᠨ᠂ ᠪᠦᠬᠦ ᠬᠤᠰᠢᠭᠤᠨ ᠤ ᠵᠢᠭᠠᠰᠤᠨ ᠤ ᠠᠵᠤ ᠠᠬᠤᠢ  ᠶᠢᠨ ᠠᠵᠢᠯ ᠢ ᠵᠢᠯᠤᠭᠤᠳᠤᠨ᠎ᠠ᠃     ᠳᠣᠯᠤᠭ᠎ᠠ᠂ ᠣᠰᠣᠨ ᠠᠰᠢᠭᠯᠠᠯᠲᠠ ᠶᠢᠨ ᠪᠡᠯᠡᠳᠬᠡᠮᠵᠢ᠂ ᠤᠷᠤᠰᠬᠠᠯ ᠤᠨ ᠤᠷᠤᠨ ᠵᠢᠴᠢ ᠡᠷᠭᠢ ᠳᠠᠭᠠᠤ ᠶᠢᠨ ᠬᠠᠮᠢᠶᠠᠷᠤᠯᠲᠠ ᠪᠠ ᠬᠠᠮᠠᠭᠠᠯᠠᠯᠲᠠ ᠶᠢ ᠵᠢᠯᠣᠭᠤᠳᠴᠤ᠂ ᠪᠦᠬᠦ ᠬᠤᠰᠢᠭᠤᠨ ᠤ ᠴᠢᠬᠤᠯᠠ ᠭᠤᠣᠯ ᠮᠥᠷᠡᠨ᠂  ᠨᠠᠭᠤᠷ ᠴᠥᠬᠦᠷᠥᠮ ᠵᠢᠴᠢ ᠭᠤᠣᠯ ᠤᠨ ᠤᠯᠤᠮ ᠢ ᠵᠠᠰᠠᠬᠤ ᠪᠠ ᠨᠡᠭᠡᠭᠡᠨ ᠬᠦᠭᠵᠢᠭᠦᠯᠬᠦ ᠶᠢ ᠵᠢᠯᠣᠭᠤᠳᠤᠨ᠎ᠠ᠃     ᠨᠠᠢᠮᠠ᠂ ᠬᠥᠷᠥᠰᠥ ᠰᠢᠷᠣᠢ ᠶᠢᠨ ᠤᠷᠤᠰᠤᠭᠳᠠᠯ ᠢ ᠰᠡᠷᠭᠡᠶᠢᠯᠡᠨ ᠵᠠᠰᠠᠬᠤ ᠶᠢ ᠬᠠᠷᠢᠭᠤᠴᠠᠵᠤ᠂ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠤᠰᠤ ᠰᠢᠷᠣᠢ ᠶᠢᠨ ᠤᠷᠤᠰᠤᠭᠳᠠᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠭᠰᠠᠨ ᠬᠤᠭᠤᠴᠠᠭ᠎ᠠ  ᠲᠠᠢ ᠪᠠᠷ  ᠤᠯᠠᠨ ᠳᠤ ᠵᠠᠷᠯᠠᠨ᠎ᠠ︔ ᠬᠤᠰᠢᠭᠤᠨ ᠠᠴᠠ ᠲᠣᠭᠲᠠᠭᠠᠭᠰᠠᠨ ᠪᠦᠲᠦᠭᠡᠨ ᠪᠠᠶᠢᠭᠤᠯᠬᠤ ᠲᠦᠷᠦᠯ ᠵᠦᠢᠯ ᠤᠨ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠲᠦᠰᠦᠯ ᠢ ᠬᠢᠨᠠᠨ ᠵᠥᠪᠰᠢᠶᠡᠷᠡᠬᠦ᠂ ᠬᠢᠨᠠᠯᠲᠠ ᠲᠠᠯᠪᠢᠨ ᠬᠡᠷᠡᠭᠵᠢᠭᠦᠯᠬᠦ ᠵᠢᠴᠢ ᠬᠥᠷᠥᠰᠥ ᠰᠢᠷᠤᠢ ᠶᠢᠨ ᠬᠠᠮᠠᠭᠠᠯᠠᠯᠲᠠ ᠶᠢᠨ ᠪᠡᠯᠡᠳᠬᠡᠮᠵᠢ ᠶᠢᠨ ᠰᠢᠯᠭᠠᠨ ᠠᠪᠬᠤ ᠠᠵᠢᠯ ᠢ ᠬᠠᠷᠢᠭᠤᠴᠠᠨ᠎ᠠ︔ ᠭᠤᠤᠯᠳᠠᠯᠭ᠎ᠠ ᠲᠠᠢ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠡᠷᠡᠭᠵᠢᠭᠦᠯᠦᠯᠲᠡ ᠶᠢ ᠵᠢᠯᠣᠭᠤᠳᠤᠨ᠎ᠠ᠃     ᠶᠢᠰᠦ᠂ ᠮᠠᠯᠵᠢᠬᠤ ᠲᠠᠷᠢᠶᠠᠯᠠᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠴᠤ᠂ ᠪᠦᠬᠦ ᠬᠤᠰᠢᠭᠤᠨ ᠤ ᠲᠠᠷᠢᠶᠠᠨ ᠭᠠᠵᠠᠷ ᠬᠠᠳᠤᠯᠠᠩ ᠪᠡᠯᠴᠢᠭᠡᠷ ᠤᠨ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ  ᠪᠠᠶᠢᠭᠤᠯᠤᠯᠲᠠ ᠶᠢ ᠵᠣᠬᠢᠴᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤ ᠶᠢ ᠠᠶᠤᠯ ᠦᠭᠡᠢ ᠪᠠᠶᠢᠯᠭᠠᠬᠤ᠂ ᠤᠰᠤᠨ ᠳᠤ ᠠᠷᠪᠢᠲᠠᠢ ᠤᠰᠤᠯᠠᠯᠲᠠ ᠬᠢᠬᠦ ᠵᠡᠷᠭᠡ ᠢᠨᠵᠧᠨ᠋ᠷᠢᠩ ᠤᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ︔ ᠮᠠᠯᠵᠢᠬᠤ ᠲᠠᠷᠢᠶᠠᠯᠠᠬᠤ ᠣᠷᠣᠨ ᠤ ᠤᠰᠤᠨ ᠠᠰᠢᠭᠯᠠᠯᠲᠠ ᠶᠢᠨ  ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ︔ ᠮᠠᠯᠵᠢᠬᠤ  ᠲᠠᠷᠢᠶᠠᠯᠠᠬᠤ ᠣᠷᠣᠨ ᠤ ᠤᠰᠤᠨ ᠡᠨᠧᠷᠭᠢ ᠶᠢᠨ ᠡᠬᠢ ᠪᠠᠶᠠᠯᠢᠭ ᠤᠨ ᠨᠡᠭᠡᠭᠡᠨ ᠬᠦᠭᠵᠢᠭᠦᠯᠬᠦ ᠠᠵᠢᠯ ᠢ ᠲᠤᠭᠳᠠᠭᠠᠯ ᠶᠤᠰᠤᠭᠠᠷ ᠵᠢᠯᠣᠭᠤᠳᠴᠤ᠂ ᠤᠰᠤᠨ ᠴᠠᠬᠢᠯᠭᠠᠨ ᠢᠶᠠᠷ ᠬᠦᠳᠡᠭᠡ ᠲᠣᠰᠬᠤᠨ ᠢ ᠴᠠᠬᠢᠯᠭᠠᠨᠵᠢᠭᠤᠯᠬᠤ ᠪᠠ ᠵᠢᠵᠢᠭ  ᠤᠰᠤᠨ ᠴᠠᠬᠢᠯᠭᠠᠨ ᠢᠶᠠᠷ ᠰᠢᠳᠠᠭᠠᠯᠭ᠎ᠠ ᠶᠢᠨ ᠬᠡᠢ ᠶᠢ ᠤᠷᠤᠯᠠᠭᠤᠯᠬᠤ ᠠᠵᠢᠯ ᠢ ᠵᠢᠯᠣᠭᠤᠳᠤᠨ᠎ᠠ᠃     ᠠᠷᠪᠠ᠂ ᠪᠦᠬᠦ ᠬᠤᠰᠢᠭᠤᠨ ᠤ ᠤᠰᠤᠨ ᠠᠰᠢᠭᠯᠠᠯᠲᠠ ᠲᠠᠢ ᠬᠤᠯᠪᠣᠭᠳᠠᠭᠰᠠᠨ ᠬᠦᠨᠳᠦ ᠶᠡᠭᠡ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠰᠤᠮᠤ ᠪᠠᠯᠭᠠᠰᠤ ᠠᠯᠤᠰᠯᠠᠭᠰᠠᠨ ᠤᠰᠤᠨ ᠤ ᠬᠡᠷᠡᠭ ᠶᠠᠪᠤᠳᠠᠯ ᠤᠨ ᠵᠢᠭᠤᠷᠠᠯᠳᠤᠭᠠᠨ ᠢ ᠵᠤᠬᠢᠴᠠᠭᠤᠯᠬᠤ ᠪᠠ ᠬᠦᠨᠳᠡᠯᠡᠨ ᠠᠴᠠ ᠲᠠᠰᠤᠯᠤᠨ ᠰᠢᠢᠳᠪᠤᠷᠢᠯᠠᠵᠦ᠂ ᠤᠰᠤᠨ ᠤ ᠶᠠᠪᠤᠳᠠᠯ᠂ ᠵᠢᠭᠠᠰᠤᠨ ᠤ ᠦᠢᠯᠡᠰ ᠢ ᠬᠢᠨᠠᠨ ᠪᠠᠶᠢᠴᠠᠭᠠᠬᠤ ᠪᠠ ᠤᠰᠤᠨ ᠵᠢᠭᠠᠰᠤᠨ ᠤ ᠦᠢᠯᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ︔ ᠤᠰᠤᠨ ᠠᠰᠢᠭᠯᠠᠯᠲᠠ ᠪᠣᠯᠤᠨ ᠵᠢᠭᠠᠰᠤᠨ ᠤ ᠦᠢᠯᠡᠰ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠠᠤᠯᠢ ᠶᠤᠰᠤᠭᠠᠷ ᠬᠠᠷᠢᠭᠤᠴᠠᠵᠤ᠂ ᠤᠰᠤᠨ ᠴᠦᠭᠦᠷᠥᠮ ᠤᠨ ᠲᠣᠮᠣ ᠬᠠᠰᠢᠯᠭ᠎ᠠ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠵᠢᠯᠣᠭᠤᠳᠤᠨ᠎ᠠ︔ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠢᠯᠣᠭᠤᠳᠴᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠬᠢᠨᠠᠯᠲᠠ ᠲᠠᠯᠪᠢᠨ᠎ᠠ᠃     ᠠᠷᠪᠠᠨ ᠨᠢᠭᠡ᠂ ᠤᠰᠤᠨ ᠠᠰᠢᠭᠯᠠᠯᠲᠠ ᠶᠢᠨ ᠰᠢᠨᠵᠢᠯᠡᠭᠡ ᠮᠡᠷᠭᠡᠵᠢᠯ ᠤᠨ ᠠᠵᠢᠯ ᠢ ᠥᠷᠨᠢᠭᠦᠯᠵᠦ᠂ ᠤᠰᠤᠨ ᠠᠰᠢᠭᠯᠠᠯᠲᠠ ᠪᠣᠯᠤᠨ ᠵᠢᠭᠠᠰᠤᠨ ᠤ ᠦᠢᠯᠡᠰ ᠤᠨ ᠰᠢᠨᠵᠢᠯᠡᠭᠡ ᠮᠡᠷᠭᠡᠵᠢᠯ ᠤᠨ ᠲᠥᠷᠥᠯ ᠵᠦᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠭᠡ ᠮᠡᠷᠭᠡᠵᠢᠯ ᠤᠨ ᠦᠷ᠎ᠡ ᠪᠦᠲᠦᠮᠵᠢ ᠶᠢ ᠲᠦᠭᠡᠮᠡᠯᠵᠢᠭᠦᠯᠬᠦ ᠠᠵᠢᠯ ᠦᠷᠨᠢᠭᠦᠯᠦᠨ᠎ᠡ︔ ᠤᠰᠤᠨ ᠠᠰᠢᠭᠯᠠᠯᠲᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂  ᠮᠡᠷᠭᠡᠵᠢᠯ ᠤᠨ ᠪᠠᠷᠢᠮᠵᠢᠶ᠎ᠠ᠂ ᠳᠦᠷᠢᠮ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠤᠰᠤᠨ ᠠᠰᠢᠭᠯᠠᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠨ᠎ᠡ᠃     ᠠᠷᠪᠠᠨ ᠬᠤᠶᠠᠷ᠂ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠠ ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠳᠠᠭᠠᠭᠠᠯᠭᠠᠭᠰᠠᠨ ᠪᠣᠰᠣᠳ ᠶᠠᠪᠤᠳᠠᠯ ᠤᠳ ᠢ  ᠭᠦᠢᠴᠡᠳᠬᠡᠨ᠎ᠡ᠃     ᠠᠷᠪᠠᠨ ᠭᠤᠷᠪᠠ᠂ ᠪᠣᠰᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ     ︵ ᠨᠢᠭᠡ︶ ᠤᠰᠤᠨ ᠤ ᠡᠬᠢ ᠰᠣᠷᠪᠤᠯᠵᠢ ᠶᠢ ᠬᠠᠮᠠᠭᠠᠯᠠᠬᠤ ᠪᠤᠯᠤᠨ ᠤᠰᠤᠨ ᠤ ᠪᠣᠬᠢᠷᠳᠤᠯ ᠢ ᠵᠠᠰᠠᠬᠤ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ ᠤᠰᠤᠨ ᠤ ᠡᠬᠢ ᠰᠣᠷᠪᠤᠯᠵᠢ ᠶᠢ ᠬᠠᠮᠠᠭᠠᠯᠠᠬᠤ ᠠᠵᠢᠯ ᠢ ᠬᠠᠷᠢᠭᠤᠴᠠᠵᠤ᠂ ᠬᠤᠰᠢᠭᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠤᠰᠤᠨ ᠤ ᠣᠷᠴᠢᠨ ᠠᠬᠤᠢ ᠶᠢᠨ ᠶᠠᠰᠤ ᠴᠢᠨᠠᠷ ᠪᠠ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃ ᠬᠤᠶᠠᠷ ᠰᠠᠯᠠᠭ᠎ᠠ ᠮᠦᠴᠢᠷ ᠤᠯᠠᠮ ᠨᠢᠭᠡ ᠠᠯᠬᠤᠮ ᠬᠠᠮᠵᠢᠯᠴᠠᠨ ᠵᠣᠬᠢᠴᠠᠭᠤᠯᠵᠤ᠂ ᠵᠦᠪᠳᠡᠯᠴᠡᠬᠦ ᠲᠣᠭᠲᠠᠯᠴᠠᠭ᠎ᠠ ᠪᠠᠶᠢᠭᠤᠯᠤᠨ᠂ ᠤᠰᠤᠨ ᠤ ᠡᠬᠢ ᠰᠣᠷᠪᠤᠯᠵᠢ ᠶᠢ ᠬᠠᠮᠠᠭᠠᠯᠠᠬᠤ ᠪᠣᠯᠤᠨ ᠪᠣᠬᠢᠷᠳᠤᠯ ᠢ ᠵᠠᠰᠠᠭᠰᠠᠨ ᠬᠤᠯᠪᠤᠭᠳᠠᠯ ᠪᠦᠬᠦᠢ ᠪᠠᠶᠢᠳᠠᠯ ᠢ ᠲᠣᠭᠲᠠᠭᠰᠠᠨ ᠴᠠᠭ ᠲᠠᠢ ᠨᠡᠶᠢᠲᠡᠯᠡᠨ᠂ ᠬᠤᠯᠪᠤᠭᠳᠠᠬᠤ ᠬᠦᠨᠳᠦ ᠴᠢᠬᠤᠯᠠ ᠠᠰᠠᠭᠤᠳᠠᠯ ᠢ ᠵᠦᠪᠳᠡᠯᠴᠡᠨ ᠰᠢᠢᠳᠪᠦᠷᠢᠯᠡᠨ᠎ᠡ᠃ ᠬᠤᠰᠢᠭᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠤᠰᠤᠨ ᠤ ᠣᠷᠴᠢᠨ ᠠᠬᠤᠢ ᠶᠢᠨ ᠰᠤᠷᠠᠭ ᠵᠠᠩᠭᠢ ᠶᠢ ᠨᠡᠶᠢᠲᠡᠯᠡᠵᠦ᠂ ᠰᠤᠷᠠᠭ ᠵᠠᠩᠬᠢ ᠶᠢᠨ ᠣᠨᠤᠪᠴᠢᠲᠤ ᠴᠢᠨᠠᠷ ᠪᠣᠯᠤᠨ ᠴᠠᠭᠴᠢ ᠴᠢᠨᠠᠷ ᠢ ᠬᠠᠷᠢᠭᠤᠴᠠᠨ᠎ᠠ᠃ ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ ᠤᠰᠤᠨ ᠤ ᠡᠬᠢ ᠰᠣᠷᠪᠤᠯᠵᠢ ᠶᠢᠨ ᠰᠤᠷᠠᠭ ᠵᠠᠩᠬᠢ ᠳᠣᠲᠤᠷᠠᠬᠢ ᠤᠰᠤᠨ ᠤ ᠣᠷᠴᠢᠨ ᠠᠬᠤᠢ ᠶᠢᠨ ᠶᠠᠰᠤ ᠴᠢᠨᠠᠷ ᠲᠤ ᠬᠤᠯᠪᠤᠭᠳᠠᠭᠰᠠᠨ ᠠᠭᠤᠯᠭ᠎ᠠ ᠶᠢ ᠨᠡᠶᠢᠲᠡᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠲᠠᠢ ᠵᠦᠪᠳᠡᠯᠴᠡᠨ ᠨᠢᠭᠡᠲᠦᠭᠦᠯᠦᠨ᠎ᠡ᠃      ︵ᠬᠤᠶᠠᠷ︶ ᠭᠤᠣᠯ ᠤᠨ ᠡᠷᠭᠢ ᠠᠴᠠ ᠡᠯᠡᠰᠦ ᠬᠠᠶᠢᠷ ᠭᠠᠷᠭᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ ᠭᠤᠣᠯ ᠤᠨ ᠡᠷᠭᠢ ᠠᠴᠠ ᠡᠯᠡᠰᠦ ᠬᠠᠶᠢᠷ ᠠᠪᠬᠤ ᠳᠤ ᠦᠶᠡᠷ ᠢ ᠰᠡᠷᠭᠡᠶᠢᠯᠡᠬᠦ ᠠᠮᠤᠷ ᠲᠥᠪᠰᠢᠨ᠂ ᠭᠤᠣᠯ ᠤᠨ ᠲᠣᠭᠲᠠᠭᠤᠨ᠂ ᠳᠠᠯᠠᠩ ᠤᠨ ᠠᠮᠤᠷ ᠲᠥᠪᠰᠢᠨ  ᠢ ᠨᠦᠯᠦᠭᠡᠯᠡᠬᠦ ᠶᠢ ᠬᠠᠷᠢᠭᠤᠴᠠᠵᠤ᠂ ᠬᠤᠰᠢᠭᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠣᠪᠴᠢᠶ᠎ᠠ ᠭᠤᠣᠯ  ᠤᠨ ᠡᠷᠭᠢ ᠶᠢᠨ ᠡᠯᠡᠰᠦ ᠬᠠᠶᠢᠷ ᠢ ᠵᠣᠬᠢᠰᠲᠠᠢ ᠨᠡᠭᠡᠭᠡᠨ ᠠᠰᠢᠭᠯᠠᠬᠤ ᠶᠢ ᠪᠠᠲᠤᠯᠠᠬᠤ ᠳᠤ ᠬᠠᠷᠢᠭᠤᠴᠠᠨ᠎ᠠ᠃ ᠬᠤᠶᠢᠰᠭᠤ ᠤᠰᠤᠨ ᠠᠰᠢᠭᠯᠠᠯᠲᠠ ᠶᠢᠨ ᠲᠣᠪᠴᠢᠶ᠎ᠠ ᠲᠣᠯᠤᠭᠠᠶᠢᠯᠠᠵᠤ᠂ ᠬᠤᠰᠢᠭᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠣᠪᠴᠢᠶ᠎ᠠ ᠵᠡᠷᠭᠡ ᠪᠠᠶᠢᠭᠤᠯᠭ᠎ᠠ ᠲᠠᠢ ᠬᠠᠮᠲᠤᠷᠠᠨ᠂ ᠭᠤᠣᠯ ᠤᠨ ᠡᠷᠬᠢ ᠠᠴᠠ ᠡᠯᠡᠰᠦ ᠬᠠᠶᠢᠷ ᠭᠠᠷᠭᠠᠬᠤ ᠠᠵᠢᠯ ᠢ ᠬᠢᠨᠠᠨ ᠬᠠᠮᠢᠶᠠᠷᠴᠤ᠂ ᠭᠤᠣᠯ ᠤᠨ ᠡᠷᠭᠢ ᠠᠴᠠ ᠡᠯᠡᠰᠦ ᠬᠠᠶᠢᠷ ᠭᠠᠷᠭᠠᠬᠤ ᠲᠦᠯᠦᠪᠵᠢᠭᠦᠯᠭᠡ ᠪᠣᠯᠤᠨ ᠲᠦᠯᠦᠪᠯᠡᠭᠡ ᠶᠢ ᠨᠢᠭᠡᠲᠦᠯᠲᠡᠢ ᠲᠣᠭᠲᠠᠭᠠᠨ᠎ᠠ᠃      ︵ᠭᠤᠷᠪᠠ︶ ᠤᠯᠤᠰ ᠠᠴᠠ ᠤᠰᠤᠨ ᠤ ᠡᠬᠢ ᠰᠣᠷᠪᠤᠯᠵᠢ ᠶᠢ ᠨᠢᠭᠡᠲᠦᠯᠲᠡᠢ ᠬᠠᠮᠢᠶᠠᠷᠴᠤ᠂ ᠨᠢᠭᠡᠨᠲᠡ ᠬᠠᠶᠢᠵᠤ ᠣᠯᠣᠭᠰᠠᠨ ᠷᠠᠰᠢᠶᠠᠨ ᠤᠰᠤ ᠪᠣᠯᠤᠨ ᠭᠠᠵᠠᠷ ᠤᠨ ᠢᠯᠴᠢᠨ ᠤᠰᠤ ᠶᠢ ᠮᠠᠯᠲᠠᠬᠤ ᠳᠤ᠂ ᠤᠰᠤᠨ ᠤ ᠵᠠᠰᠠᠭ ᠵᠠᠬᠢᠷᠭᠠᠨ  ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠭᠠᠵᠠᠷ ᠳᠡᠭᠡᠷᠡᠬᠢ ᠪᠠ ᠭᠠᠵᠠᠷ ᠳᠣᠣᠷᠠᠬᠢ ᠤᠰᠤᠨ ᠤ ᠡᠬᠢ ᠰᠣᠷᠪᠤᠯᠵᠢ ᠶᠢᠨ ᠪᠠᠶᠢᠳᠠᠯ ᠵᠢᠴᠢ ᠠᠮᠢᠳᠤᠷᠠᠯ᠂ ᠲᠠᠷᠢᠶᠠᠯᠠᠩ᠂ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ ᠪᠤᠳᠠᠲᠠᠢ ᠬᠡᠷᠡᠭᠴᠡᠭᠡ ᠶᠢ ᠨᠢᠭᠡᠲᠦᠯᠲᠡᠢ ᠪᠣᠳᠤᠯᠬᠢᠯᠠᠭᠰᠠᠨ ᠤ ᠰᠠᠭᠤᠷᠢᠨ ᠳᠡᠭᠡᠷ᠎ᠡ ᠤᠰᠤ ᠲᠠᠲᠠᠬᠤ ᠵᠦᠪᠰᠢᠶᠡᠷᠡᠯ ᠤᠨ ᠦᠨᠡᠮᠯᠡᠯ ᠣᠯᠭᠤᠵᠤ᠂ ᠮᠠᠯᠲᠠᠬᠤ ᠬᠡᠮᠵᠢᠶ᠎ᠡ ᠶᠢ ᠲᠣᠭᠲᠠᠭᠠᠨ᠎ᠠ᠃ ᠷᠠᠰᠢᠶᠠᠨ ᠤᠰᠤ ᠪᠣᠯᠤᠨ ᠭᠠᠵᠠᠷ ᠤᠨ ᠢᠯᠴᠢᠨ ᠤᠰᠤ ᠶᠢ ᠮᠠᠯᠲᠠᠵᠤ᠂ ᠦᠢᠯᠡᠳᠪᠦᠷᠢ ᠡᠵᠡᠩᠨᠡᠯᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ︵ᠵᠢᠱᠢᠶᠡᠯᠡᠪᠡᠯ ᠷᠠᠰᠢᠶᠠᠨ ᠤᠰᠤᠨ ᠤ ᠦᠢᠯᠡᠳᠪᠦᠷᠢ᠂ ᠬᠠᠯᠠᠭᠤᠨ ᠷᠠᠰᠢᠶᠠᠨ ᠤ ᠪᠠᠭᠤᠳᠠᠯ᠂ ᠭᠠᠵᠠᠷ ᠤᠨ ᠢᠯᠴᠢ ᠶᠢᠨ ᠴᠠᠬᠢᠯᠭᠠᠨ ᠤ ᠦᠢᠯᠡᠳᠪᠦᠷᠢ︶ ᠳᠤ ᠬᠡᠷᠡᠭᠯᠡᠪᠡᠯ᠂ ᠤᠰᠤ ᠲᠠᠲᠠᠬᠤ ᠵᠦᠪᠰᠢᠶᠡᠷᠡᠯ ᠤᠨ ᠦᠨᠡᠮᠯᠡᠯ ᠢᠶᠠᠨ ᠠᠪᠴᠤ᠂ ᠭᠠᠵᠠᠷ ᠰᠢᠨᠵᠢᠯᠡᠭᠡᠨ ᠤ ᠠᠭᠤᠷᠬᠠᠢ ᠶᠢᠨ ᠭᠠᠷᠤᠯᠲᠠ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠳᠠᠩᠰᠠᠯᠠᠭᠤᠯᠤᠨ᠂ ᠬᠠᠮᠢᠶ᠎ᠠ ᠪᠦᠬᠦᠢ ᠠᠭᠤᠷᠬᠠᠢ ᠮᠠᠯᠲᠠᠬᠤ ᠵᠦᠪᠰᠢᠶᠡᠷᠡᠯ ᠤᠨ ᠦᠨᠡᠮᠯᠡᠯ ᠠᠪᠬᠤ ᠶᠢᠨ ᠬᠠᠮᠲᠤ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠲᠣᠭᠲᠠᠭᠠᠭᠰᠠᠨ ᠬᠡᠮᠵᠢᠶ᠎ᠡ  ᠪᠠᠷ ᠮᠠᠯᠲᠠᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号