ᠬᠤᠲᠠ ᠬᠦᠳᠡᠭᠡ ᠶᠢᠨ ᠲᠦᠯᠦᠪᠵᠢᠭᠦᠯᠭᠡ ᠶᠢᠨ ᠲᠣᠪᠴᠢᠶ᠎ᠠ
ᠨᠡᠶᠢᠲᠡᠯᠡᠭᠰᠡᠨ ᠴᠠᠭ᠄
2016/4/12
      ᠬᠤᠲᠠ ᠬᠦᠳᠡᠭᠡ ᠶᠢᠨ ᠲᠦᠯᠦᠪᠵᠢᠭᠦᠯᠭᠡ ᠶᠢᠨ ᠲᠣᠪᠴᠢᠶ᠎ᠠ ᠶᠢᠨ ᠠᠵᠢᠯ ᠤᠨ ᠬᠠᠷᠢᠭᠤᠴᠠᠯᠭ᠎ᠠ      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠲᠠ ᠬᠦᠳᠡᠭᠡ ᠶᠢᠨ ᠲᠦᠯᠦᠪᠵᠢᠭᠦᠯᠭᠡ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠳᠦᠷᠢᠮ ᠢ ᠬᠢᠨᠠᠮᠠᠭᠠᠢ ᠲᠤᠤᠱᠯᠠᠭᠤᠯᠤᠨ᠎ᠠ︔      ︵ᠬᠤᠶᠠᠷ︶ ᠪᠦᠬᠦ ᠬᠤᠰᠢᠭᠤᠨ ᠤ ᠬᠤᠲᠠ ᠪᠠᠯᠭᠠᠰᠤᠨ ᠤ ᠬᠥᠭᠵᠢᠯᠲᠡ ᠶᠢᠨ ᠪᠠᠶᠢᠯᠳᠤᠬᠤ ᠪᠣᠳᠤᠯᠭ᠎ᠠ ᠵᠢᠴᠢ ᠬᠤᠲᠠ ᠬᠦᠳᠡᠭᠡ ᠶᠢᠨ  ᠲᠦᠯᠦᠪᠵᠢᠭᠦᠯᠭᠡ ᠶᠢᠨ  ᠲᠦᠰᠦᠯ ᠢ ᠲᠣᠭᠲᠠᠭᠠᠨ᠎ᠠ︔      ︵ᠭᠤᠷᠪᠠ︶ ᠬᠤᠲᠠ ᠬᠦᠳᠡᠭᠡ ᠶᠢᠨ ᠡᠯ᠎ᠡ ᠲᠥᠷᠦᠯ ᠤᠨ ᠲᠦᠯᠦᠪᠵᠢᠭᠦᠯᠭᠡ ᠶᠢᠨ ᠲᠤᠭᠤᠷᠪᠢᠬᠤ᠂ ᠬᠢᠨᠠᠬᠤ ᠵᠢᠴᠢ ᠮᠡᠳᠡᠭᠦᠯᠦᠨ  ᠵᠦᠪᠰᠢᠶᠡᠷᠡᠭᠦᠯᠬᠦ ᠠᠵᠢᠯ ᠢ ᠬᠠᠷᠢᠭᠤᠴᠠᠨ᠎ᠠ︔      ︵ᠳᠥᠷᠪᠡ︶ ᠬᠤᠲᠠ ᠶᠢᠨ ᠲᠦᠯᠦᠪᠵᠢᠭᠦᠯᠭᠡ ᠶᠢᠨ ᠲᠣᠭᠤᠷᠢᠭ ᠲᠠᠬᠢ ᠡᠯ᠎ᠡ ᠲᠥᠷᠦᠯ ᠤᠨ ᠪᠠᠷᠢᠯᠭ᠎ᠠ᠂ ᠵᠠᠮ᠂ ᠱᠣᠭᠤᠮ ᠬᠤᠭᠤᠯᠠᠢ ᠵᠡᠷᠭᠡ ᠢᠨᠵᠧᠨᠧᠷᠢᠩ ᠤᠨ ᠬᠢᠨᠠᠨ ᠵᠥᠪᠰᠢᠶᠡᠷᠡᠬᠦ ᠪᠠ ᠰᠢᠯᠭᠠᠨ ᠪᠠᠶᠢᠴᠠᠭᠠᠵᠤ᠂ ᠪᠠᠷᠢᠯᠭ᠎ᠠ ᠶᠢᠨ ᠪᠣᠰᠤᠭ᠎ᠠ ᠳᠥᠷᠬᠦ᠂ ᠭᠠᠳᠠᠷ ᠥᠩᠬᠡ ᠪᠣᠳᠤᠭ᠂ ᠣᠷᠣᠨ ᠵᠠᠢ᠂ ᠲᠠᠯᠠᠪᠠᠢ ᠦᠨᠳᠦᠷ ᠤᠨ ᠬᠡᠮᠵᠢᠶ᠎ᠡ᠂ ᠱᠣᠭᠤᠮ ᠬᠤᠭᠤᠯᠠᠢ ᠵᠡᠷᠭᠡ ᠶᠢᠨ ᠲᠦᠯᠦᠪᠵᠢᠭᠦᠯᠭᠡ ᠪᠠ ᠵᠢᠷᠤᠭ ᠲᠦᠯᠦᠪᠯᠡᠭᠡ ᠶᠢ ᠬᠢᠨᠠᠨ ᠪᠠᠶᠢᠴᠠᠭᠠᠨ᠎ᠠ︔      ︵ᠲᠠᠪᠤ︶ ᠬᠤᠲᠠ ᠪᠠᠯᠭᠠᠰᠤ ︵ᠬᠦᠳᠡᠭᠡ︶ ᠶᠢᠨ ᠲᠦᠯᠦᠪᠵᠢᠭᠦᠯᠭᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ  ᠲᠦᠷᠦᠯ ᠵᠦᠢᠯ ᠤᠨ ᠭᠠᠵᠠᠷ ᠰᠤᠩᠭᠤᠬᠤ᠂ ᠭᠠᠵᠠᠷ ᠬᠡᠷᠡᠭᠯᠡᠬᠦ ᠲᠦᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠮᠢᠶᠠᠷᠤᠯᠲᠠ ᠶᠢ ᠬᠠᠷᠢᠭᠤᠴᠠᠵᠤ᠂ ︽ᠨᠢᠭᠡ ᠪᠢᠴᠢᠭ ᠭᠤᠷᠪᠠᠨ ᠦᠨᠡᠮᠡᠯᠡᠯ︾ ︵ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠠᠵᠠᠷ ᠰᠤᠩᠭᠤᠬᠤ ᠰᠠᠨᠠᠯ ᠤᠨ ᠪᠢᠴᠢᠭ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠦᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠂ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠡᠯᠡᠯ᠂ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠡᠯᠡᠯ︶ ᠲᠠᠷᠬᠠᠭᠠᠨ᠎ᠠ︔      ︵ᠵᠢᠷᠭᠤᠭ᠎ᠠ︶ ᠪᠦᠬᠦ ᠬᠤᠰᠢᠭᠤᠨ ᠤ ᠬᠤᠲᠠ ᠪᠣᠯᠤᠨ ᠪᠠᠯᠭᠠᠰᠤ ᠲᠤᠰᠬᠤᠨ ᠤ ᠲᠦᠯᠦᠪᠵᠢᠭᠦᠯᠭᠡ ᠶᠢ ᠬᠢᠨᠠᠨ ᠬᠡᠷᠡᠭᠵᠢᠭᠦᠯᠵᠦ᠂  ᠲᠦᠯᠦᠪᠵᠢᠭᠦᠯᠭᠡ ᠠᠴᠠ ᠵᠦᠷᠢᠴᠡᠭᠰᠡᠨ ᠪᠦᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ  ︔      ︵ᠲᠣᠯᠤᠭ᠎ᠠ︶  ᠲᠦᠷᠦᠯ ᠵᠦᠢᠯ ᠤᠨ ᠪᠠᠶᠢᠭᠤᠯᠤᠯᠲᠠ ᠶᠢᠨ ᠶᠠᠪᠤᠴᠠ ᠳᠤ᠂ ᠲᠥᠯᠥᠪᠯᠡᠭᠡᠨ ᠤ ᠱᠠᠭᠠᠷᠳᠠᠯᠭ᠎ᠠ ᠶᠣᠰᠤᠭᠠᠷ ᠮᠦᠷᠳᠡᠨ  ᠪᠠᠶᠢᠴᠠᠭᠠᠵᠤ᠂  ᠲᠦᠯᠦᠪᠯᠡᠭᠡ ᠠᠴᠠ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ︔      ︵ᠨᠠᠢᠮᠠ︶ ᠪᠦᠬᠦ ᠬᠤᠰᠢᠭᠤᠨ ᠤ ᠲᠦᠯᠦᠪᠵᠢᠭᠦᠯᠭᠡ ᠶᠢᠨ ᠳᠠᠩᠰᠠ ᠡᠪᠬᠡᠮᠡᠯ ᠢ ᠬᠠᠮᠢᠶᠠᠷᠤᠨ᠎ᠠ︔      ︵ᠶᠢᠰᠦ︶ ᠪᠦᠬᠦ ᠬᠤᠰᠢᠭᠤᠨ ᠤ ᠲᠦᠯᠦᠪᠵᠢᠭᠦᠯᠭᠡ ᠶᠢ ᠬᠡᠮᠵᠢᠨ ᠵᠢᠷᠤᠭᠯᠠᠨ᠎ᠠ︔       ︵ᠠᠷᠪᠠ︶ ᠪᠠᠷᠢᠯᠭ᠎ᠠ ᠶᠢᠨ ᠭᠠᠵᠠᠷ ᠲᠤ ᠮᠡᠷᠭᠡᠵᠢᠯ ᠤᠨ ᠪᠣᠰᠤ ᠪᠦᠬᠦ ᠲᠠᠯ᠎ᠠ ᠶᠢᠨ ᠬᠠᠮᠢᠶᠠᠷᠤᠯᠲᠠ ᠶᠠᠪᠤᠭᠤᠯᠤᠨ᠎ᠠ︔      ︵ᠠᠷᠪᠠᠨ ᠨᠢᠭᠡ︶ ᠬᠤᠲᠠ ᠬᠦᠳᠡᠭᠡ ᠶᠢᠨ ᠲᠦᠯᠦᠪᠵᠢᠭᠦᠯᠭᠡ ᠶᠢᠨ ᠬᠠᠮᠢᠶᠠᠷᠤᠯᠲᠠ ᠶᠢᠨ ᠲᠠᠯ᠎ᠠ ᠶᠢᠨ ᠤᠬᠠᠭᠤᠯᠭ᠎ᠠ ᠬᠢᠨ᠎ᠡ︔      ︵ᠠᠷᠪᠠᠨ ᠬᠤᠶᠠᠷ︶ ᠳᠡᠭᠡᠷ᠎ᠡ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠵᠢᠴᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠠᠴᠠ ᠳᠠᠭᠠᠭᠠᠯᠭᠠᠭᠰᠠᠨ ᠪᠣᠰᠤᠳ ᠠᠵᠢᠯ ᠢ ᠬᠠᠷᠢᠭᠤᠴᠠᠨ ᠭᠦᠢᠴᠡᠳᠭᠡᠨ᠎ᠡ

 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号