ᠪᠠᠭᠠᠷᠢᠨ ᠵᠡᠭᠦᠨ ᠬᠤᠰᠢᠭᠤᠨ ᠤ ᠵᠢᠭᠤᠯᠴᠢᠯᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2016/4/12
     ᠨᠢᠭᠡ᠂ ᠦᠨᠳᠦᠰᠦᠨ ᠪᠠᠶᠢᠳᠠᠯ      ᠪᠠᠭᠠᠷᠢᠨ ᠵᠡᠭᠦᠨ ᠬᠤᠰᠢᠭᠤᠨ ᠤ ᠵᠢᠭᠤᠯᠴᠢᠯᠠᠯ ᠤᠨ ᠲᠣᠪᠴᠢᠶ᠎ᠠ ᠪᠣᠯ ᠰᠠᠯᠠᠭᠠᠨ ᠳᠡᠰ ᠤᠨ ᠪᠦᠷᠢᠨ ᠤᠯᠭᠤᠮᠵᠢᠲᠤ ᠠᠵᠢᠯ ᠦᠢᠯᠡᠰ ᠤᠨ ᠨᠢᠭᠡᠴᠡ ᠪᠣᠯᠬᠤ ᠶᠤᠮ᠃ ᠠᠵᠢᠯ ᠦᠢᠯᠡᠰ ᠤᠨ ᠣᠷᠤᠨ ᠲᠣᠭᠠᠲᠤ ᠬᠤᠶᠠᠷ ᠨᠡᠷ᠎ᠡ ᠂ ᠳᠤᠷᠠᠰᠬᠠᠯᠲᠤ ᠪᠤᠳᠠᠰ ᠤᠨ ᠲᠣᠪᠴᠢᠶᠠᠨ ᠠᠴᠠ ᠬᠤᠶᠠᠷ ᠨᠡᠷ᠎ᠡ ᠶᠢ ᠰᠢᠯᠵᠢᠭᠦᠯᠵᠦ᠂ ᠲᠦᠷ ᠴᠠᠭ ᠤᠨ ᠵᠢᠯᠣᠭᠤᠴᠢ  ᠲᠠᠢ ᠪᠠᠨ ᠲᠠᠪᠤᠨ ᠠᠵᠢᠯᠲᠠᠨ ᠲᠠᠢ᠃ ᠭᠢᠳᠠᠨ ᠵᠡᠭᠡᠯᠢ ᠶᠢᠨ ᠳᠤᠮᠳᠠ ᠬᠥᠭᠦᠷᠭᠡ ᠶᠢᠨ ᠬᠤᠶᠢᠨᠠᠬᠢ ᠰᠣᠶᠤᠯ ᠲᠠᠮᠢᠷ ᠤᠨ ᠲᠣᠪᠴᠢᠶᠠᠨ ᠤ ᠭᠤᠷᠪᠠᠳᠤᠭᠠᠷ ᠳᠠᠪᠬᠤᠷᠭ᠎ᠠ ᠳᠤ ᠠᠯᠪᠠᠯᠠᠳᠠᠭ᠃      ᠪᠦᠬᠦ ᠬᠤᠰᠢᠭᠤᠨ ᠤ ᠵᠢᠭᠤᠯᠴᠢᠯᠠᠯ ᠤᠨ ᠴᠡᠭ ᠶᠢᠰᠦ ᠪᠤᠢ᠃ ᠡᠭᠦᠨ ᠳᠤ ᠬᠦᠮᠦᠨ ᠰᠣᠶᠤᠯ ᠤᠨ ᠦᠵᠡᠮᠵᠢ ᠶᠢᠨ ᠣᠷᠤᠨ ᠳᠥᠷᠪᠡ᠂ ᠪᠠᠶᠢᠭᠠᠯᠢ ᠶᠢᠨ ᠦᠵᠡᠮᠵᠢ ᠶᠢᠨ ᠣᠷᠤᠨ ᠲᠠᠪᠤ ᠪᠤᠢ᠃ ᠬᠢᠯᠤᠪᠠᠷ ᠵᠣᠣ᠂ ᠯᠢᠶᠣᠣ ᠶᠢᠨ ᠳᠡᠭᠡᠳᠦᠰ ᠤᠨ ᠣᠩᠭᠤᠨ᠂ ᠯᠢᠶᠣᠣ ᠶᠢᠨ ᠳᠡᠭᠡᠳᠦ ᠨᠡᠶᠢᠰᠡᠯᠡᠯ ᠤᠨ ᠮᠦᠽᠧᠢ ᠨᠢ ᠬᠤᠲᠠ ᠶᠢᠨ ᠵᠢᠭᠤᠯᠴᠢᠯᠠᠯ ᠤᠨ ᠲᠣᠪᠴᠢᠶᠠᠨ ᠤ ᠰᠤᠩᠭᠤᠮᠠᠯ ᠵᠢᠭᠤᠯᠴᠢᠯᠠᠯ ᠤᠨ ᠱᠣᠭᠤᠮ ᠳᠤ ᠪᠠᠭᠲᠠᠵᠠᠢ᠃ ᠪᠦᠬᠦ ᠬᠤᠰᠢᠭᠤᠨ ᠳᠤ ᠤᠯᠤᠰ ᠤᠨ3A ᠳᠡᠰ ᠤᠨ ᠵᠢᠭᠤᠯᠴᠢᠯᠠᠯ ᠤᠨ ᠴᠡᠭ᠂2Aᠳᠡᠰ ᠤᠨ ᠵᠢᠭᠤᠯᠴᠢᠯᠠᠯ ᠤᠨ ᠴᠡᠭ ᠲᠣᠰᠪᠤᠷᠢ ᠨᠢᠭᠡ ᠪᠠᠶᠢᠳᠠᠭ᠃ ᠶᠡᠭᠡ ᠪᠠᠭ᠎ᠠ ᠵᠣᠴᠢᠳ ᠤᠨ ᠪᠠᠭᠤᠳᠠᠯ᠂ ᠠᠶᠠᠨᠴᠢᠳ ᠤᠨ ᠪᠠᠭᠤᠳᠠᠯ118 ᠪᠤᠢ᠃ ᠣᠷᠤᠨ ᠤ ᠵᠢᠭᠤᠯᠴᠢᠯᠠᠯ ᠤᠨ ᠳᠣᠭᠲᠠᠭᠰᠠᠨ ᠵᠣᠴᠢᠯᠠᠬᠤ ᠨᠢᠭᠡᠴᠡ ᠬᠤᠶᠠᠷ᠂ ᠰᠣᠶᠤᠯ ᠵᠢᠭᠤᠯᠴᠢᠯᠠᠯ ᠤᠨ ᠠᠵᠤ ᠠᠬᠤᠶᠢᠯᠠᠯ ᠳᠣᠯᠤᠭ᠎ᠠ᠂ ᠵᠢᠭᠤᠯᠴᠢᠯᠠᠯ ᠤᠨ ᠰᠠᠯᠠᠭ᠎ᠠ ᠮᠦᠴᠢᠷ ᠲᠤ ᠠᠵᠢᠯᠯᠠᠳᠠᠭ ᠬᠦᠮᠦᠨ1500 ᠭᠠᠷᠤᠢ ᠪᠠᠶᠢᠳᠠᠭ᠃     2014ᠣᠨ ᠳᠤ ᠪᠦᠬᠦ ᠬᠤᠰᠢᠭᠤ ᠨᠢ ᠤᠯᠤᠰ ᠤᠨ ᠳᠣᠲᠤᠭᠠᠳᠤ ᠭᠠᠳᠠᠭᠠᠳᠤ ᠶᠢᠨ ᠵᠢᠭᠤᠯᠴᠢᠨ ᠢ53.3 ᠲᠥᠮᠡᠨ ᠤᠳᠠᠭ᠎ᠠ ᠬᠦᠯᠢᠶᠡᠨ ᠠᠪᠴᠠᠢ᠃ ᠠᠳᠠᠯᠢ ᠬᠤᠭᠤᠴᠠᠭᠠᠨ ᠠᠴᠠ11% ᠪᠠᠷ ᠨᠡᠮᠡᠭᠳᠡᠪᠡ᠃ ᠵᠢᠭᠤᠯᠴᠢᠯᠠᠯ ᠤᠨ ᠣᠷᠤᠯᠭ᠎ᠠ4.74 ᠳ᠋ᠦᠩᠰᠢᠭᠤᠷ ᠲᠤ ᠬᠦᠷᠴᠦ᠂3% ᠪᠠᠷ ᠨᠡᠮᠡᠭᠳᠡᠪᠡ᠃ᠬᠤᠶᠠᠷ᠂ ᠠᠵᠢᠯ ᠤᠨ ᠴᠢᠳᠠᠪᠬᠢ ᠬᠠᠷᠢᠭᠤᠴᠠᠯᠭ᠎ᠠ      ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠭᠤᠣᠯᠯᠠᠨ ᠬᠠᠮᠢᠶᠠᠷᠬᠤ ᠪᠠᠶᠢᠭᠤᠯᠭ᠎ᠠ ᠶᠢᠨ ᠵᠢᠯᠤᠭᠤᠳᠤᠯᠭ᠎ᠠ ᠶᠢᠨ ᠳᠣᠣᠷ᠎ᠠ ᠬᠠᠮᠢᠶ᠎ᠠ ᠪᠦᠬᠦᠢ ᠬᠠᠤᠯᠢ ᠳᠦᠷᠢᠮ ᠪᠠ ᠲᠥᠷᠦ ᠶᠢᠨ ᠪᠣᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠤᠯᠠ ᠶᠢᠨ ᠲᠥᠰᠦᠯ ᠪᠠ ᠵᠢᠯ ᠤᠨ ᠲᠥᠯᠦᠪᠯᠡᠯᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠬᠢᠨᠠᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠤᠬᠠᠭᠤᠯᠭ᠎ᠠ᠂ ᠪᠣᠷᠤᠯᠠᠭᠤᠯᠭ᠎ᠠ ᠶᠢᠨ ᠠᠵᠢᠯ ᠢ ᠬᠠᠷᠢᠭᠤᠴᠠᠨ᠎ᠠ᠃ ᠵᠢᠭᠤᠯᠴᠢᠯᠠᠯ ᠤᠨ ᠠᠵᠢᠯᠲᠠᠨ ᠤ ᠬᠦᠮᠦᠵᠢᠯ ᠪᠤᠯᠪᠠᠰᠤᠷᠠᠯ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠪᠠᠷᠢᠮᠵᠢᠶ᠎ᠠ ᠶᠣᠰᠤᠭᠠᠷ ᠵᠢᠭᠤᠯᠴᠢᠯᠠᠯ ᠡᠷᠬᠢᠯᠡᠬᠦ ᠠᠵᠢᠯᠯᠠᠭ᠎ᠠ ᠶᠢ ᠳᠦᠷᠢᠮᠵᠢᠭᠦᠯᠵᠦ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠳᠤ ᠬᠢᠨᠠᠯᠲᠠ ᠲᠠᠯᠪᠢᠬᠤ᠂ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠵᠢᠭᠤᠯᠴᠢᠯᠠᠯ ᠤᠨ ᠵᠠᠭᠠᠯᠳᠤᠯᠭ᠎ᠠ ᠶᠢᠨ ᠬᠡᠷᠡᠭ ᠢ ᠵᠣᠬᠢᠴᠠᠭᠤᠯᠵᠤ ᠰᠢᠢᠳᠪᠦᠷᠢᠯᠡᠨ ᠵᠢᠭᠤᠯᠴᠢᠯᠠᠭᠴᠢ ᠪᠠ ᠵᠢᠭᠤᠯᠴᠢᠯᠠᠯ ᠤᠨ ᠦᠢᠡᠯᠰ ᠡᠵᠡᠩᠨᠡᠭᠴᠢ ᠶᠢᠨ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠨ᠎ᠠ᠃ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠮᠲᠤᠷᠴᠤ ᠵᠢᠭᠤᠯᠴᠢᠯᠠᠯ ᠤᠨ ᠦᠨ᠎ᠡ ᠶᠢ ᠬᠢᠨᠠᠨ᠎ᠠ᠂ ᠵᠢᠭᠤᠯᠴᠢᠯᠠᠯ ᠤᠨ ᠲᠤᠭ᠎ᠠ ᠪᠦᠷᠢᠳᠭᠡᠯ ᠤᠨ ᠠᠵᠢᠯ ᠢ ᠬᠠᠷᠢᠭᠤᠴᠠᠨ᠎ᠠ᠃      2011ᠣᠨ ᠤ ᠬᠤᠲᠠ ᠶᠢᠨ ᠵᠢᠭᠤᠯᠴᠢᠯᠠᠯ ᠤᠨ ᠠᠵᠢᠯ ᠤᠨ ᠶᠡᠷᠦᠩᠬᠡᠶᠢᠯᠡᠭᠰᠡᠨ ᠱᠠᠩᠨᠠᠯ ᠢ ᠬᠦᠷᠲᠡᠪᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号