ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2016/4/12
      ᠪᠠᠭᠠᠷᠢᠨ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠣᠯ ᠬᠤᠰᠢᠭᠤ ᠵᠠᠰᠠᠭ ᠤᠨ ᠣᠷᠳᠣᠨ  ᠠᠴᠠ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠬᠠᠮᠢᠶᠠᠷᠬᠤ ᠡᠷᠬᠡ ᠲᠤᠰᠢᠶᠠᠯᠲᠤ ᠰᠠᠯᠠᠭ᠎ᠠ ᠮᠦᠴᠢᠷ ᠶᠤᠮ᠃       ᠨᠢᠭᠡ᠂ ᠨᠠᠮ ᠤᠨ ᠱᠣᠭᠤᠮ᠂ ᠴᠢᠭᠯᠡᠯᠲᠡ᠂ ᠲᠥᠷᠦ ᠶᠢᠨ ᠪᠣᠳᠤᠯᠭ᠎ᠠ ᠶᠢ ᠡᠯ᠎ᠡ ᠪᠠᠶᠢᠭᠤᠯᠭ᠎ᠠ ᠳᠤ  ᠲᠤᠤᠱᠯᠠᠭᠤᠯᠬᠤ ᠶᠢ ᠬᠠᠷᠢᠭᠤᠴᠠᠵᠤ᠂ ᠲᠣᠭᠲᠠᠭᠤᠨ ᠪᠠ ᠪᠦᠯᠬᠦᠮᠳᠡᠯ ᠢ ᠬᠠᠮᠠᠭᠠᠯᠠᠬᠤ ᠪᠠ ᠪᠦᠬᠦ ᠬᠤᠰᠢᠭᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠯᠭᠤᠮ ᠶᠠᠪᠤᠭᠳᠠᠬᠤ ᠳᠤ ᠬᠠᠤᠯᠢ ᠶᠢᠨ ᠦᠢᠯᠡᠴᠢᠯᠡᠭᠡ ᠬᠠᠩᠭᠠᠨ᠎ᠠ᠃       ᠬᠤᠶᠠᠷ᠂ ᠪᠦᠬᠦ ᠬᠤᠰᠢᠭᠤᠨ ᠤ ᠬᠠᠤᠯᠢ ᠳᠦᠷᠢᠮ ᠤᠨ ᠤᠬᠠᠭᠤᠯᠭ᠎ᠠ ᠬᠦᠮᠦᠵᠢᠯ᠂ ᠬᠠᠤᠯᠢ ᠪᠠᠷ ᠵᠠᠰᠠᠬᠤ ᠠᠵᠢᠯ ᠤᠨ ᠠᠯᠤᠰ ᠤᠨ ᠲᠥᠯᠥᠪᠵᠢᠭᠦᠯᠭᠡ ᠪᠠ ᠬᠠᠤᠯᠢ ᠳᠦᠷᠢᠮ ᠤᠨ ᠤᠬᠠᠭᠤᠯᠭ᠎ᠠ ᠪᠣᠯᠤᠨ ᠬᠠᠤᠯᠢ ᠪᠠᠷ ᠵᠠᠰᠠᠬᠤ ᠠᠵᠢᠯ ᠤᠨ ᠨᠢᠭᠡ ᠬᠤᠭᠤᠴᠠᠭᠠᠨ ᠤ ᠲᠥᠯᠥᠪᠵᠢᠭᠦᠯᠭᠡ ᠶᠢ ᠳᠤᠭᠤᠷᠪᠢᠵᠤ ᠬᠡᠷᠡᠭᠵᠢᠭᠦᠯᠦᠨ᠎ᠡ᠃       ᠭᠤᠷᠪᠠ᠂ ᠪᠦᠬᠦ ᠬᠤᠰᠢᠭᠤᠨ ᠤ ᠬᠠᠤᠯᠢ ᠲᠦᠭᠡᠮᠡᠯᠵᠢᠭᠦᠯᠬᠦ ᠬᠦᠮᠦᠵᠢᠯ᠂ ᠬᠠᠤᠯᠢ ᠳᠦᠷᠢᠮ ᠤᠨ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃       ᠳᠥᠷᠪᠡ᠂ ᠪᠦᠬᠦ ᠬᠤᠰᠢᠭᠤᠨ ᠤ ᠬᠠᠤᠯᠢᠴᠢ ᠪᠣᠯᠤᠨ ᠠᠯᠪᠠᠨ ᠭᠡᠷᠡᠴᠢᠯᠡᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠠᠪᠤ᠂ ᠪᠦᠬᠦ ᠬᠤᠰᠢᠭᠤᠨ ᠤ ᠨᠡᠶᠢᠭᠡᠮ ᠲᠣᠭᠤᠷᠢᠭ ᠤᠨ ᠵᠠᠰᠠᠵᠤ ᠵᠠᠯᠠᠷᠠᠭᠤᠯᠬᠤ ᠪᠣᠯᠤᠨ ᠳᠣᠬᠢᠷᠠᠭᠤᠯᠵᠤ ᠲᠦᠪᠬᠢᠨᠡᠭᠦᠯᠬᠦ ᠶᠢ ᠬᠠᠪᠰᠤᠷᠤᠨ ᠬᠦᠮᠦᠵᠢᠭᠦᠯᠬᠦ ᠠᠵᠢᠯ ᠢ ᠬᠠᠷᠢᠭᠤᠴᠠᠨ᠎ᠠ᠃       ᠵᠢᠷᠭᠤᠭ᠎ᠠ᠂ ᠪᠦᠬᠦ ᠬᠤᠰᠢᠭᠤᠨ ᠤ ᠬᠠᠤᠯᠢ ᠶᠢᠨ ᠲᠤᠰᠠᠯᠠᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ᠳᠣᠯᠤᠭ᠎ᠠ᠂ ᠪᠦᠬᠦ ᠬᠤᠰᠢᠭᠤᠨ ᠤ ᠬᠠᠤᠯᠢ ᠴᠠᠭᠠᠵᠠ ᠶᠢᠨ ᠰᠠᠯᠪᠤᠷᠢ ᠶᠢᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ᠃  ᠡᠯ᠎ᠡ ᠰᠣᠮᠣ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠶᠢ ᠤᠳᠤᠷᠢᠳᠴᠤ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠴᠠᠭᠳᠠᠭ᠎ᠠ ᠶᠢᠨ ᠲᠤᠰᠢᠶᠠᠯ ᠲᠣᠮᠢᠯᠠᠯ᠂ ᠳᠣᠬᠢᠷᠠᠭᠤᠯᠤᠯᠭ᠎ᠠ᠂ ᠬᠢᠨᠠᠨ ᠦᠨᠡᠯᠡᠯᠲᠡ᠂  ᠱᠠᠩᠨᠠᠯ ᠲᠣᠷᠭᠠᠭᠤᠯᠢ᠂  ᠳᠠᠪᠲᠠᠨ ᠪᠣᠯᠪᠠᠰᠤᠷᠠᠯ ᠤᠨ ᠠᠵᠢᠯ ᠢ ᠬᠠᠷᠢᠭᠤᠴᠠᠨ᠎ᠠ᠃ ᠠᠷᠠᠳ ᠤᠨ ᠡᠶᠡᠳᠡᠭᠦᠯᠭᠡ ᠶᠢᠨ ᠠᠵᠢᠯ ᠢ ᠵᠢᠯᠤᠭᠤᠳᠤᠨ᠂ ᠬᠢᠨᠠᠵᠤ ᠬᠠᠮᠢᠶᠠᠷᠤᠨ᠎ᠠ᠃       ᠨᠠᠢᠮᠠ᠂ ᠦᠨᠳᠦᠰᠦᠨ ᠱᠠᠲᠤᠨ ᠤ ᠬᠠᠤᠯᠢ ᠶᠢᠨ ᠦᠢᠯᠡᠴᠢᠯᠡᠭᠡ ᠶᠢ  ᠵᠢᠯᠤᠭᠤᠳᠤᠨ᠂ ᠵᠤᠬᠢᠴᠠᠭᠤᠯᠵᠤ  ᠂ ᠬᠠᠮᠢᠶᠠᠷᠤᠨ᠎ᠠ᠃       ᠶᠢᠰᠦ᠂ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠠᠵᠢᠯ ᠳᠤ ᠤᠷᠤᠯᠴᠠᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号