| ︵ᠨᠢᠭᠡ︶ ᠤᠯᠤᠰ ᠤᠷᠤᠨ᠂ ᠥᠪᠡᠷᠲᠡᠭᠡᠨ ᠵᠠᠰᠠᠬᠤ ᠣᠷᠣᠨ ᠂ ᠤᠯᠠᠭᠠᠨᠬᠠᠳᠠ ᠬᠤᠲᠠ ᠶᠢᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠢ ᠬᠥᠭᠵᠢᠭᠦᠯᠬᠦ ᠲᠥᠯᠥᠪᠵᠢᠭᠦᠯᠭᠡ᠂ | ᠪᠠᠭᠠᠷᠢᠨ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠳᠤᠯᠠᠭ᠎ᠠ ᠵᠢᠨᠠᠵᠢᠯ | ᠦᠢᠯᠡᠰ ᠤᠨ ᠬᠦᠭᠵᠢᠬᠦᠯᠤᠯᠳᠡ ᠶᠢᠨ ᠲᠥᠯᠥᠪᠵᠢᠭᠦᠯᠭᠡ ᠲᠤᠭᠤᠷᠪᠢᠨ ᠲᠤᠬᠳᠠᠭᠠᠬᠤ ᠶᠢᠨ ᠬᠠᠮᠲᠤ ᠵᠣᠬᠢᠶᠠᠨ | ᠪᠠᠶᠢᠭᠤᠯᠵᠤ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠯᠳᠠ ᠬᠢᠬᠦ ᠬᠡᠷᠡᠭᠲᠡᠢ᠃ | ︵ᠬᠤᠶᠠᠷ︶ ᠪᠠᠭᠠᠷᠢᠨ ᠵᠡᠬᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ | ᠠᠰᠢᠭᠯᠠᠬᠤ ᠲᠥᠯᠥᠪᠵᠢᠭᠦᠯᠭᠡ ᠳᠥᠯᠭᠢᠨ ᠠᠬᠢᠭᠤᠯᠵᠤ ᠲᠤᠭᠤᠷᠪᠢᠨ ᠲᠣᠭᠲᠠᠭᠠᠵᠤ ᠂ ᠴᠢᠳᠠᠪᠤᠷᠢᠲᠠᠨ ᠤ ᠪᠠᠶᠢᠯᠳᠤᠬᠤ | ᠪᠣᠳᠣᠯᠭ᠎ᠠ ᠬᠡᠷᠡᠭᠵᠢᠭᠦᠯᠵᠦ᠂ ᠴᠢᠳᠠᠪᠤᠷᠢᠲᠠᠨ ᠢ ᠨᠥᠭᠡᠴᠡᠯᠡᠬᠦ ᠳᠦᠷᠢᠮ ᠢ ᠲᠡᠭᠦᠯᠳᠡᠷᠵᠢᠭᠦᠯᠵᠦ ᠪᠠᠶᠢᠨ᠎ᠠ︔ ᠲᠤᠭᠤᠷᠪᠢᠨ | ᠲᠣᠭᠲᠠᠭᠠᠬᠤ ᠵᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠭᠦ ᠬᠤᠰᠢᠭᠤᠨ ᠤ ᠬᠥᠮᠦᠨ ᠤ ᠬᠦᠴᠦᠨ ᠤ | ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠭᠦᠭᠵᠢᠯᠳᠡ ᠶᠢᠨ ᠲᠦᠯᠤᠪᠵᠢᠭᠦᠯᠭᠡ᠂ ᠪᠦᠭᠦ ᠬᠤᠰᠢᠭᠤᠨ ᠤ ᠨᠢᠭᠡᠳᠦᠯᠲᠡᠢ | ᠪᠥᠭᠡᠳ ᠵᠢᠷᠤᠮᠵᠢᠭᠰᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠪᠠᠶᠢᠭᠤᠯᠵᠤ᠂ ᠬᠥᠮᠦᠨ ᠤ | ᠬᠦᠴᠦᠨ ᠤ ᠡᠬᠢ ᠪᠠᠶᠠᠯᠢᠭ ᠤᠨ ᠵᠦᠢ ᠵᠣᠬᠢᠰᠲᠠᠢ ᠪᠠᠷ ᠰᠢᠯᠵᠢᠬᠦ ᠶᠢ ᠠᠬᠢᠭᠤᠯᠬᠤ ᠪᠦᠲᠦᠮᠵᠢᠲᠡᠢ ᠲᠣᠬᠢᠷᠠᠭᠤᠯᠬᠤ | ᠪᠣᠯᠤᠨ᠎ᠠ᠃ | ︵ᠭᠤᠷᠪᠠ︶ ᠬᠤᠲᠠ ᠬᠥᠳᠡᠭᠡ ᠶᠢᠨ ᠠᠵᠢᠯ ᠣᠯᠭᠤᠯᠲᠠ ᠶᠢ ᠨᠢᠭᠡᠳᠦᠯᠲᠡᠶ ᠲᠥᠯᠥᠪᠯᠡᠨ ᠬᠥᠭᠵᠢᠭᠦᠯᠬᠦ | ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ᠂ ᠪᠠᠭᠠᠷᠢᠨ ᠵᠡᠬᠦᠨ ᠬᠤᠰᠢᠭᠤᠨ ᠤ ᠬᠤᠲᠠ | ᠬᠥᠳᠡᠭᠡ ᠶᠢᠨ ᠠᠵᠢᠯ ᠣᠯᠭᠤᠯᠲᠠ ᠶᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠵᠤ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ ᠪᠠᠶᠢᠨ᠎ᠠ | ︔ ᠵᠣᠬᠢᠶᠠᠨ ᠪᠠᠶᠢᠭᠤᠯᠬᠤ ᠠᠵᠢᠯ ᠣᠯᠭᠤᠯᠲᠠ ᠵᠨ ᠲᠤᠰᠠᠯᠠᠮᠵᠢ ᠦᠵᠡᠭᠦᠯᠬᠦ ᠳᠦᠷᠢᠮ ᠢ ᠨᠠᠶᠢᠳᠠᠪᠤᠷᠢᠵᠢᠭᠤᠯᠬᠤ ᠪᠠ | ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠢ ᠨᠢᠭᠡᠳᠦᠯᠲᠡᠢ ᠲᠥᠯᠥᠪᠯᠡᠵᠦ᠂ ᠬᠤᠳᠠ ᠬᠥᠳᠡᠭᠡ ᠵᠨ | ᠬᠥᠳᠡᠯᠮᠦᠷᠢᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠯ ᠬᠢᠯᠭᠡᠬᠦ ᠲᠦᠷᠢᠮ ᠢ ᠬᠡᠷᠡᠭᠵᠢᠬᠦᠯᠵᠦ | ᠳᠠᠭᠠᠭᠤᠯᠤᠭᠴᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ ᠠᠵᠢᠯ | ᠣᠯᠭᠤᠬᠤ ᠲᠥᠷᠥ ᠶᠢᠨ ᠪᠣᠳᠣᠯᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠵᠤ ᠪᠠᠶᠢᠭᠠᠳ | ᠲᠤᠤᠱᠯᠠᠭᠤᠯᠬᠤ ᠪᠥᠭᠡᠳ ᠬᠡᠷᠡᠭᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠢ ᠬᠥᠮᠦᠵᠢᠭᠦᠯᠬᠦ᠂ ᠵᠠᠰᠠᠭ | ᠵᠠᠬᠢᠷᠭᠠᠨ ᠤ ᠣᠨᠴᠠᠭᠠᠢ ᠣᠷᠣᠨ ᠤ ᠳᠣᠲᠣᠭᠠᠳᠤ ᠳᠤ ᠬᠡᠷᠡᠭᠵᠢᠭᠦᠯᠬᠦ ᠳᠥᠷᠢᠮ ᠢ ᠪᠣᠳᠠᠲᠤ ᠪᠠᠶᠢᠳᠠᠯ ᠢ ᠨᠢ | ᠦᠨᠳᠦᠰᠦᠯᠡᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠠᠤᠯᠢ ᠪᠠᠷ | ᠲᠣᠭᠲᠠᠭᠠᠨ᠎ᠠ ᠃ ᠵᠠᠰᠠᠭ ᠵᠠᠬᠢᠷᠭᠠᠨ ᠤ ᠬᠡᠷᠡᠭ ᠢ ᠵᠣᠬᠢᠴᠠᠭᠤᠯᠬᠤ ᠪᠠ ᠵᠠᠰᠠᠭ ᠵᠠᠬᠢᠷᠭᠠᠨ ᠤ ᠪᠤᠰᠤ ᠬᠡᠷᠡᠭ ᠢ | ᠬᠦᠢᠴᠡᠳᠬᠡᠬᠦ ᠵᠡᠷᠭᠡ ᠠᠵᠢᠯ ᠢ ᠴᠢᠩᠭᠠᠳᠬᠠᠵᠤ᠂ ᠵᠠᠰᠠᠭ ᠵᠠᠬᠢᠷᠭᠠᠨ ᠤ ᠵᠢᠭᠤᠷᠠᠯᠳᠤᠭᠠᠨ ᠢ ᠰᠡᠢᠳᠪᠤᠷᠢᠯᠡᠬᠦ ᠠᠵᠢᠯ ᠢ | ᠠᠬᠢᠭᠤᠯᠪᠠ ᠃ ᠦᠨᠡᠯᠡᠬᠦ ᠪᠠ ᠤᠷᠮᠠᠰᠢᠭᠤᠯᠬᠤ ᠲᠥᠷᠥ ᠶᠢᠨ ᠪᠣᠳᠣᠯᠭ᠎ᠠ ᠠᠪᠤᠨ᠎ᠡ᠃ | ︵ᠲᠦᠷᠪᠡ︶ ᠳᠠᠭᠠᠳᠬᠠᠯ ᠤᠨ ᠲᠦᠷᠦ ᠵᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ | ᠬᠥᠳᠡᠭᠡ ᠵᠨ ᠨᠡᠶᠢᠭᠡᠮ ᠤᠨ ᠳᠠᠭᠠᠳᠬᠠᠯ ᠵᠢᠴᠢ ᠲᠡᠭᠦᠨ ᠤ ᠨᠥᠬᠦᠪᠥᠷᠢ︔ ᠬᠤᠲᠠ ᠬᠥᠳᠡᠭᠡ ᠶᠢ ᠬᠠᠮᠤᠷᠤᠭᠰᠠᠨ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠢᠭᠡᠳᠦᠯᠲᠡᠶ ᠲᠥᠯᠥᠪᠯᠡᠨ ᠪᠠᠶᠢᠭᠤᠯᠬᠤ︔ ᠲᠤᠤᠱᠯᠠᠭᠤᠯᠤᠨ | ᠨᠠᠶ᠋ᠳᠠᠪᠤᠷᠢᠵᠢᠭᠤᠯᠵᠤ᠂ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠶ᠋ᠯᠡᠰ ᠤᠨ ᠨᠢᠭᠡᠴᠢ ᠵᠨ ᠨᠠᠰᠤᠵᠢᠯ ᠤᠨ | ᠦᠨᠳᠦᠰᠦᠨ ᠠᠰᠠᠷᠠᠮᠵᠢ ᠵᠨ ᠳᠠᠭᠠᠳᠬᠠᠯ ᠤᠨ ᠲᠦᠷᠦ ᠵᠨ ᠪᠤᠳᠤᠯᠭ᠎ᠠ ᠶᠢ ᠬᠦᠷᠳᠡᠨ᠎ᠠ ; ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠤᠯᠤᠰ ᠣᠷᠣᠨ᠂ ᠥᠪᠡᠷᠲᠡᠭᠡᠨ ᠵᠠᠰᠠᠬᠤ ᠣᠷᠣᠨ ᠂ ᠤᠯᠠᠭᠠᠨᠬᠠᠳᠠ ᠬᠤᠲᠠ ᠶᠢᠨ | ᠨᠡᠶᠢᠭᠡᠮ ᠤᠨ ᠳᠠᠭᠠᠳᠬᠠᠯ ᠵᠢᠴᠢ ᠲᠡᠭᠦᠨ ᠤ ᠨᠥᠬᠦᠪᠥᠷᠢ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠪᠠ | ᠬᠢᠨᠠᠯᠲᠠ ᠲᠠᠯᠪᠢᠬᠤ ᠳᠦᠷᠢᠮ︔ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ | ᠭᠦᠶ᠋ᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠪᠦᠬᠦ ᠬᠤᠰᠢᠭᠤᠨ ᠤ ᠬᠡᠷᠡᠭᠲᠡᠢ᠃ | ︵ᠲᠠᠪᠤ︶ ᠪᠦᠬᠦ ᠬᠤᠰᠢᠭᠤᠨ ᠤ ᠠᠵᠢᠯ ᠣᠯᠭᠤᠯᠲᠠ ᠬᠠᠷᠢᠭᠤᠴᠠᠵᠤ᠂ ᠠᠵᠢᠯ ᠠᠯᠳᠠᠬᠤ ᠨᠡᠶᠢᠬᠡᠮ ᠤᠨ | ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ | ᠵᠠᠩᠭᠢ ᠪᠠᠷ ᠬᠥᠲᠥᠯᠥᠨ ᠵᠢᠯᠣᠭᠤᠳᠬᠤ᠂ ᠠᠷᠭᠠᠴᠠᠬᠤ ᠪᠡᠯᠡᠳᠬᠡᠯ ᠲᠥᠰᠦᠯ ᠢ ᠲᠤᠭᠤᠷᠪᠢᠨ ᠲᠣᠭᠲᠠᠭᠠᠵᠤ᠂ | ᠬᠡᠷᠡᠭᠵᠢᠭᠦᠯᠵᠦ᠂ ᠤᠷᠢᠳᠴᠢᠯᠠᠨ ᠰᠡᠷᠭᠡᠶᠢᠯᠡᠬᠦ᠂ ᠲᠣᠬᠢᠷᠠᠭᠤᠯᠬᠤ ᠪᠠ ᠬᠢᠵᠠᠭᠠᠷᠯᠠᠵᠤ᠂ ᠠᠵᠢᠯ ᠣᠯᠭᠤᠯᠲᠠ ᠶᠢᠨ | ᠪᠠᠶᠢᠳᠠᠯ ᠤᠨ ᠲᠣᠭᠲᠠᠭᠤᠨ ᠪᠠᠶᠢᠬᠤ ᠪᠠ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠪᠦᠬᠦ ᠣᠷᠣᠯᠭ᠎ᠠ | ᠵᠠᠷᠤᠯᠭ᠎ᠠ ᠲᠡᠩᠴᠡᠭᠦᠷᠢᠲᠡᠶ ᠪᠣᠯᠤᠨ᠎ᠠ᠃ | ︵ᠵᠢᠷᠭᠤᠭ᠎ᠠ︶ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠴᠠᠯᠢᠩ ᠤᠨ ᠣᠷᠣᠯᠭ᠎ᠠ ᠶᠢᠨ | ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ᠂ ᠶᠡᠷᠤᠩᠭᠡᠶᠢᠯᠡᠨ ᠬᠠᠮᠢᠶᠠᠷᠬᠤ᠂ ᠪᠦᠭᠦ ᠬᠤᠰᠢᠭᠤᠨ ᠤ ᠪᠠᠶᠢᠭᠤᠯᠭ᠎ᠠ᠂ | ᠠᠵᠢᠯ ᠦᠢᠯᠡᠰ ᠤᠨ ᠨᠢᠭᠡᠴᠢ ᠶᠢᠨ ᠴᠠᠯᠢᠩ ᠠᠰᠠᠷᠠᠮᠵᠢ ᠪᠣᠯᠤᠨ ᠠᠵᠢᠯᠲᠠᠨ ᠠᠵᠢᠯ ᠠᠴᠠ ᠠᠮᠠᠷᠠᠭᠰᠠᠨ ᠠᠵᠢᠯ ᠠᠴᠠ | ᠪᠠᠭᠤᠭᠰᠠᠨ ᠠᠵᠢᠯ᠂ ᠤᠯᠤᠰ ᠤᠷᠤᠨ᠂ ᠥᠪᠡᠷᠲᠡᠭᠡᠨ ᠵᠠᠰᠠᠬᠤ ᠣᠷᠣᠨ ᠂ ᠤᠯᠠᠭᠠᠨᠬᠠᠳᠠ ᠬᠤᠲᠠ ᠶᠢᠨ ᠪᠠᠶᠢᠭᠤᠯᠭ᠎ᠠ | ᠠᠵᠤ ᠠᠬᠤᠶᠢᠯᠠᠯ ᠬᠥᠮᠦᠰ ᠤᠨ ᠠᠰᠠᠷᠠᠮᠵᠢ ᠶᠢᠨ ᠪᠠ ᠨᠠᠰᠤᠨ ᠤ ᠠᠮᠠᠷᠠᠯᠲᠠ ᠠᠪᠬᠤ ᠲᠥᠷᠥ ᠶᠢᠨ ᠪᠣᠳᠣᠯᠭ᠎ᠠ᠃ | ︵ᠲᠤᠯᠤᠭ᠎ᠠ︶ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠭᠦ ᠬᠤᠰᠢᠭᠤᠨ ᠤ ᠠᠵᠢᠯ | ᠦᠶ᠋ᠯᠡᠰ ᠤᠨ ᠨᠢᠭᠡᠴᠡ ᠵᠨ ᠠᠵᠢᠯᠲᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠵᠢᠯᠣᠭᠤᠳᠬᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠ ᠪᠠᠶᠢᠭᠤᠯᠭ᠎ᠠ ᠰᠤᠯᠠ | ᠠᠵᠢᠯᠯᠠᠭᠴᠢ ᠶᠢ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ | ᠪᠠ ᠦᠷᠭᠦᠯᠵᠢᠯᠡᠬᠦ ᠰᠤᠷᠭᠠᠨ ᠬᠥᠮᠦᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ︔ | ᠮᠡᠷᠭᠡᠵᠢᠯ ᠤᠨ ᠴᠣᠯᠠ ᠵᠨ ᠳᠦᠷᠢᠮ ᠤᠨ ᠥᠭᠡᠷᠡᠴᠢᠯᠡᠯᠲᠡ ᠵᠨ ᠠᠵᠢᠯ᠂ ᠳᠡᠭᠡᠳᠦ ᠳᠡᠰ ᠤᠨ ᠲᠤᠰᠬᠠᠶ ᠮᠡᠷᠭᠡᠵᠢᠯ ᠤᠨ | ᠴᠢᠳᠠᠪᠤᠷᠢᠲᠠᠨ ᠢ ᠰᠢᠯᠢᠨ ᠳᠡᠪᠰᠢᠭᠦᠯᠬᠦ ᠪᠠ ᠬᠥᠮᠦᠵᠢᠭᠦᠯᠬᠦ ᠠᠵᠢᠯ ᠢ ᠬᠠᠷᠢᠭᠤᠴᠠᠵᠤ᠂ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠠᠲᠠᠭᠳᠠᠭᠰᠠᠨ ᠤᠯᠤᠰ ︵ᠬᠢᠯᠢ︶ ᠤᠨ ᠭᠠᠳᠠᠨ᠎ᠠ ᠲᠤᠰᠬᠠᠶ ᠮᠡᠷᠭᠡᠵᠢᠯᠲᠡᠨ᠂ ᠭᠠᠳᠠᠭᠠᠳᠤ ᠳᠤ | ᠰᠤᠷᠤᠯᠴᠠᠭᠰᠠᠨ ᠬᠥᠮᠦᠰ ᠤᠨ ᠤᠯᠤᠰ ᠲᠠᠭᠠᠨ ᠪᠤᠴᠠᠨ ᠢᠷᠡᠭᠰᠡᠨ ᠵᠡᠭᠦᠨ ᠬᠤᠰᠢᠭᠤ ︵︶ ᠠᠵᠢᠯ ᠪᠤᠶᠤ | ᠰᠠᠭᠤᠷᠢᠰᠢᠭᠰᠠᠨ ᠲᠥᠷᠥ ᠶᠢᠨ ᠪᠣᠳᠣᠯᠭ᠎ᠠ ᠮᠥᠨ᠃ | ︵ ᠨᠠᠢᠮᠠ︶ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠢ ᠮᠡᠷᠭᠡᠵᠢᠯ ᠤᠨ ᠺᠠᠳ᠋ᠷ ᠢ | ᠨᠠᠶᠢᠳᠠᠪᠤᠷᠢᠵᠢᠭᠤᠯᠵᠤ᠂ ᠴᠡᠷᠢᠭ ᠲᠥᠪᠬᠢᠨᠡᠭᠦᠯᠬᠦ ᠲᠦᠷᠦ ᠶᠢᠨ ᠪᠤᠳᠤᠯᠭ᠎ᠠ ᠪᠠ ᠲᠥᠯᠥᠪᠯᠡᠭᠡ ᠶᠢ ᠬᠠᠷᠢᠭᠤᠴᠠᠵᠤ᠂ | ᠴᠡᠷᠢᠭ ᠠᠴᠠ ᠬᠠᠯᠠᠭᠳᠠᠭᠰᠠᠨ ᠺᠠᠳ᠋ᠷ ᠤᠨ ᠬᠥᠮᠦᠵᠢᠯ ᠪᠣᠯᠪᠠᠰᠤᠷᠠᠯ ᠬᠢᠵᠦ᠂ ᠬᠦᠴᠢᠷᠳᠡᠯ ᠢ ᠠᠷᠢᠯᠭᠠᠬᠤ ᠪᠠ | ᠲᠣᠭᠲᠠᠭᠤᠨ ᠲᠦᠷᠦ ᠵᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠲᠤᠤᠱᠯᠠᠭᠤᠯᠬᠤ ᠂ ᠬᠡᠰᠡᠭ ᠠᠵᠤ ᠠᠬᠤᠶᠢᠯᠡᠯ᠂ | ᠴᠡᠷᠢᠭ ᠠᠩᠭᠢ ᠠᠴᠠ ᠠᠵᠢᠯ ᠰᠢᠯᠵᠢᠬᠦ ᠺᠠᠳ᠋ᠷ᠂ ᠥᠪᠡᠷ ᠤᠨ ᠲᠤᠰᠠᠯᠠᠮᠵᠢ ᠶᠢᠨ ᠠᠵᠢᠯ ᠰᠣᠩᠭᠤᠬᠤ ᠴᠡᠷᠢᠭ ᠠᠴᠠ | ᠬᠠᠯᠠᠭᠳᠠᠭᠰᠠᠨ ᠺᠠᠳ᠋ᠷ ᠤᠨ ᠬᠠᠮᠢᠶᠠᠷᠤᠯᠲᠠ ᠤ ᠦᠢᠯᠡᠴᠢᠯᠡᠭᠡᠨ ᠠᠵᠢᠯ ᠢ ᠬᠠᠷᠢᠭᠤᠴᠠᠨ᠎ᠠ᠃ | ︵ᠶᠢᠰᠦ︶ ᠪᠦᠬᠦ ᠬᠤᠰᠢᠭᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠲᠠᠨ ᠪᠠ ︽ᠠᠯᠪᠠᠲᠠᠨ ᠤ | ᠬᠠᠤᠯᠢ︾ ᠶᠢ ᠬᠠᠮᠢᠶᠠᠷᠬᠤ ᠠᠵᠢᠯ ᠦᠢᠯᠡᠰ ᠤᠨ ᠨᠢᠭᠡᠴᠢ ᠶᠢᠨ ᠶᠡᠷᠦᠩᠬᠡᠶᠢᠯᠡᠨ ᠬᠠᠮᠢᠶᠠᠷᠬᠤ ᠤᠯᠤᠰ ᠤᠨ | ᠲᠤᠤᠱᠯᠠᠭᠤᠯᠤᠨ ᠨᠠᠶᠢᠳᠠᠪᠤᠷᠢᠵᠢᠭᠤᠯᠤᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ | ᠵᠨ ᠬᠤᠯᠪᠣᠭᠳᠠᠯ ᠪᠦᠬᠦᠢ ᠠᠵᠢᠯᠳᠠᠨ ᠰᠢᠯᠵᠢᠭᠦᠯᠦᠨ ᠲᠣᠬᠢᠷᠠᠭᠤᠯᠬᠤ ᠲᠦᠷᠤ ᠶᠢᠨ ᠪᠤᠳᠤᠯᠭ᠎ᠠ ᠪᠣᠯᠤᠨ ᠲᠤᠰᠬᠠᠢ | ᠬᠥᠮᠦᠰ ᠢ ᠲᠥᠪᠬᠢᠨᠡᠭᠦᠯᠬᠦ ᠠᠷᠭ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠵᠤ ᠪᠠᠶᠢᠭᠠᠳ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠢᠷᠠᠭᠤ ᠠᠯᠳᠠᠷ ᠤᠨ ᠳᠦᠷᠢᠮ ᠪᠠ ᠵᠠᠰᠠᠭ ᠤᠨ ᠣᠷᠳᠣᠨ | ᠱᠠᠩᠨᠠᠨ ᠬᠥᠬᠢᠭᠦᠯᠬᠦ ᠳᠦᠷᠢᠮ ᠢ ᠵᠠᠰᠠᠭ ᠤᠨ ᠣᠷᠳᠣᠨ ᠱᠠᠩᠨᠠᠨ ᠵᠣᠷᠢᠭᠵᠢᠭᠤᠯᠬᠤ ᠪᠠ ᠬᠥᠬᠢᠭᠦᠯᠦᠨ ᠰᠠᠶᠢᠰᠢᠶᠠᠬᠤ | ᠠᠵᠢᠯ ᠳᠤ ᠶᠡᠷᠦᠩᠬᠡᠶᠢᠯᠡᠨ ᠬᠠᠮᠢᠶᠠᠷᠬᠤ᠃ | ︵ᠠᠷᠪᠠ︶ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠴᠢᠨ ᠮᠠᠯᠴᠢᠨ ᠬᠦᠴᠦ | ᠶᠠᠪᠤᠭᠰᠠᠳ ᠶᠡᠷᠤᠩᠬᠡᠶᠢᠯᠡᠭᠰᠡᠨ ᠴᠢᠨᠠᠷᠲᠠᠢ ᠲᠦᠷᠤ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠬᠡᠷᠡᠭᠲᠡᠢ᠂ ᠲᠤᠭᠤᠷᠪᠢᠨ ᠲᠣᠭᠲᠠᠭᠠᠵᠤ᠂ ᠪᠦᠬᠦ ᠬᠤᠰᠢᠭᠤᠨ ᠤ ᠮᠠᠯᠴᠢᠨ ᠲᠠᠷᠢᠶᠠᠴᠢᠨ ᠠᠵᠢᠯᠴᠢᠨ ᠤ ᠠᠵᠢᠯ ᠤᠨ | ᠲᠥᠯᠥᠪᠵᠢᠭᠦᠯᠭᠡ ᠶᠢ ᠠᠬᠢᠭᠤᠯᠵᠤ᠂ ᠮᠠᠯᠴᠢᠨ ᠲᠠᠷᠢᠶᠠᠴᠢᠨ ᠠᠵᠢᠯᠴᠢᠨ᠂ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠨᠠᠶᠢᠳᠠᠪᠤᠷᠢᠵᠢᠭᠤᠯᠬᠤ ᠠᠵᠢᠯ ᠢ ᠭᠤᠣᠯᠳᠠᠯᠭ᠎ᠠ ᠲᠠᠢ ᠪᠡᠷᠬᠡᠲᠡᠶ ᠠᠰᠠᠭᠤᠳᠠᠯ ᠢ ᠵᠣᠬᠢᠴᠠᠭᠤᠯᠤᠨ | ᠰᠡᠢᠳᠪᠤᠷᠢᠯᠡᠵᠤ᠂ ᠮᠠᠯᠴᠢᠨ ᠲᠠᠷᠢᠶᠠᠴᠢᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ ᠪᠣᠯᠤᠨ᠎ᠠ᠃ | | ︵ᠠᠷᠪᠠᠨ ᠨᠢᠭᠡ︶ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠬᠥᠳᠡᠯᠮᠦᠷᠢ᠂ ᠠᠵᠢᠯᠲᠠᠨ ᠤ ᠶᠠᠪᠤᠳᠠᠯ ᠤᠨ | ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠳᠦᠷᠢᠮ ᠪᠣᠯᠤᠨ ᠬᠥᠳᠡᠯᠮᠦᠷᠢ ᠶᠢᠨ ᠬᠠᠷᠢᠴᠠᠭ᠎ᠠ | ᠪᠣᠳᠣᠯᠭ᠎ᠠ᠂ ᠬᠦᠳᠡᠯᠮᠤᠷᠢ ᠶᠢᠨ ᠬᠠᠷᠢᠴᠠᠭ᠎ᠠ ᠶᠢ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠦᠷᠦ ᠵᠨ | ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠠᠤᠯᠢ ᠪᠤᠰᠤ ᠪᠠᠷ ᠬᠡᠤᠬᠡᠳ ᠠᠵᠢᠯᠴᠢᠨ ᠬᠡᠷᠡᠭᠯᠡᠬᠦ ᠶᠢ ᠠᠷᠢᠯᠭᠠᠬᠤ | ᠪᠠ ᠡᠮᠡᠭᠲᠡᠢ ᠠᠵᠢᠯᠴᠢᠳ᠂ ᠨᠠᠰᠤᠨ ᠳᠤ ᠬᠦᠷᠦᠭᠡᠳᠦᠢ ᠠᠵᠢᠯᠴᠢᠨ ᠤ ᠣᠨᠴᠠᠭᠠᠢ ᠬᠥᠳᠡᠯᠮᠦᠷᠢ ᠵᠨ | ᠬᠠᠮᠠᠭᠠᠯᠠᠯᠳᠠ ᠶᠢᠨ ᠲᠦᠷᠤ ᠶᠢᠨ ᠪᠤᠳᠤᠯᠭ᠎ᠠ︔ ᠬᠥᠳᠡᠯᠮᠦᠷᠢ ᠶᠢᠨ ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠬᠥᠳᠡᠯᠮᠦᠷᠢᠴᠢᠨ ᠤ ᠡᠷᠬᠡ ᠪᠠᠨ ᠬᠠᠮᠠᠭᠠᠯᠠᠬᠤ ᠠᠵᠢᠯ ᠢ ᠵᠣᠬᠢᠴᠠᠭᠤᠯᠬᠤ᠂ ᠬᠠᠤᠯᠢ ᠶᠢ ᠵᠥᠷᠢᠴᠡᠵᠦ | ᠰᠠᠬᠢᠯᠭ᠎ᠠ ᠶᠢ ᠡᠪᠳᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠡᠢᠳᠪᠤᠷᠢᠯᠡᠨ᠎ᠡ᠃ | ︵ᠠᠷᠪᠠᠨ ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ ᠂ ᠬᠤᠲᠠ ᠤᠯᠤᠰ ︵ᠬᠢᠯᠢ︶ ᠤᠨ ᠭᠠᠳᠠᠨ᠎ᠠ | ᠂ ᠴᠢᠳᠠᠪᠤᠷᠢᠲᠠᠨ ᠢ ᠣᠷᠣᠭᠤᠯᠬᠤ ᠪᠠ ᠵᠠᠰᠠᠬᠤ ᠲᠦᠷᠦ ᠵᠨ ᠪᠤᠳᠤᠯᠭ᠎ᠠ ᠲᠤᠤᠱᠯᠠᠭᠤᠯᠤᠨ ᠬᠡᠷᠡᠭᠵᠢᠭᠦᠯᠵᠦ ᠂ ᠪᠦᠭᠦ | ᠬᠤᠰᠢᠭᠤᠨ ᠤ ᠤᠯᠤᠰ ︵ᠬᠢᠯᠢ︶ ᠤᠨ ᠭᠠᠳᠠᠨ᠎ᠠ᠂ ᠴᠢᠳᠠᠪᠤᠷᠢᠲᠠᠨ ᠢ ᠣᠷᠣᠭᠤᠯᠬᠤ ᠪᠠ ᠵᠠᠰᠠᠬᠤ ᠠᠵᠢᠯ ᠢ | ᠬᠠᠷᠢᠭᠤᠴᠠᠨ᠎ᠠ︔ ᠪᠠᠭᠠᠷᠢᠨ ᠵᠡᠬᠦᠨ ᠬᠤᠰᠢᠭᠤᠨ ᠤ ᠠᠵᠢᠯ ᠢ ᠬᠠᠮᠢᠶᠠᠷᠬᠤ ᠭᠠᠳᠠᠭᠠᠳᠤ ᠶᠢᠨ ᠲᠤᠰᠬᠠᠶ ᠮᠡᠷᠭᠡᠵᠢᠯᠲᠡᠨ᠂ | ᠰᠢᠰᠲ᠋ᠧᠮᠵᠢᠭᠦᠯᠦᠨ ᠬᠠᠮᠢᠶᠠᠷᠬᠤ ᠪᠦᠬᠦ ᠬᠤᠰᠢᠭᠤᠨ ᠤ ᠪᠣᠯᠪᠠᠰᠤᠷᠠᠭᠤᠯᠬᠤ ᠠᠵᠢᠯ ︵ᠬᠢᠯᠢ︶ ᠠᠴᠠ ᠭᠠᠷᠬᠤ᠃ | ︵ᠠᠷᠪᠠᠨ ᠭᠤᠷᠪᠠ︶ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠠ ᠤᠯᠠᠭᠠᠨᠬᠠᠳᠠ | ᠬᠤᠳᠠ᠂ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠳᠤᠯᠠᠭ᠎ᠠ ᠶᠢᠨ ᠲᠣᠪᠴᠢᠶ᠎ᠠ ᠲᠤᠰᠢᠶᠠᠭᠰᠠᠨ | ᠪᠤᠰᠤᠳ ᠶᠠᠪᠤᠳᠠᠯ ᠢ ᠳᠠᠭᠠᠭᠠᠨ ᠭᠦᠶ᠋ᠴᠡᠳᠬᠡᠨ᠎ᠡ᠃ |