ᠬᠤᠳᠠ ᠶᠢᠨ  ᠬᠠᠮᠢᠶᠠᠷᠤᠯᠳᠠ ᠶᠢᠨ  ᠲᠤᠪᠴᠢᠶ᠎ᠠ 
ᠨᠡᠶᠢᠲᠡᠯᠡᠭᠰᠡᠨ ᠴᠠᠭ᠄
2016/4/12
        ᠬᠤᠳᠠ ᠶᠢᠨ  ᠬᠠᠮᠢᠶᠠᠷᠤᠯᠳᠠ ᠶᠢᠨ  ᠲᠤᠪᠴᠢᠶ᠎ᠠ ᠶᠢᠨ ᠡᠭᠦᠷᠭᠡ ᠬᠠᠷᠢᠭᠤᠴᠠᠯᠭ᠎ᠠ      1 .  ᠤᠯᠤᠰ ᠤᠷᠤᠨ᠂ ᠥᠪᠡᠷᠲᠡᠭᠡᠨ ᠵᠠᠰᠠᠬᠤ ᠣᠷᠣᠨ  ᠂ ᠤᠯᠠᠭᠠᠨᠬᠠᠳᠠ ᠬᠤᠲᠠ ᠶᠢᠨ ᠬᠤᠯᠪᠣᠭᠳᠠᠯ ᠪᠦᠬᠦᠢ ᠬᠤᠲᠠ ᠶᠢᠨ ᠬᠠᠮᠢᠶᠠᠷᠤᠯᠲᠠ ᠶᠢᠨ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ᠂  ᠲᠤᠬᠠᠢ ᠵᠨ ᠭᠠᠵᠠᠷ ᠤᠨ ᠪᠣᠳᠠᠲᠤ  ᠪᠠᠶᠢᠳᠠᠯ ᠲᠠᠢ ᠪᠠᠨ ᠤᠶᠠᠯᠳᠤᠭᠤᠯᠤᠨ ᠲᠤᠰ  ᠬᠤᠳᠠ ᠶᠢᠨ ᠬᠠᠮᠢᠶᠠᠷᠤᠯᠳᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ  ᠢ ᠠᠪᠴᠤ  ᠬᠠᠮᠲᠤ ᠵᠣᠬᠢᠶᠠᠨ ᠪᠠᠶᠢᠭᠤᠯᠵᠦ ᠬᠡᠷᠡᠭᠵᠢᠭᠦᠯᠦᠨ᠎ᠡ᠃      2 . ᠬᠤᠲᠠ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠵᠢᠴᠢ ᠥᠩᠭᠡ  ᠲᠦᠷᠰᠤ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢᠨ ᠤᠬᠠᠭᠤᠯᠭ᠎ᠠ ᠬᠥᠮᠦᠵᠢᠯ ᠬᠢᠵᠦ᠂ ᠬᠤᠲᠠ ᠶᠢᠨ ᠦᠵᠡᠯ ᠤᠬᠠᠮᠰᠠᠷ ᠢ ᠨᠡᠮᠡᠭᠳᠡᠭᠦᠯᠬᠦ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠦᠵᠡᠯ ᠤᠬᠠᠮᠰᠠᠷ᠂ ᠬᠤᠲᠠ ᠶᠢᠨ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ ᠶᠢ ᠬᠠᠷᠢᠭᠤᠴᠠᠨ᠎ᠡ  ᠃      3 . ᠲᠤᠰ ᠭᠠᠵᠠᠷ ᠣᠷᠣᠨ ᠬᠤᠳᠠ ᠶᠢᠨ ᠦᠩᠬᠡ ᠲᠦᠷᠰᠤ ᠪᠠ ᠣᠷᠴᠢᠨ ᠲᠤᠭᠤᠷᠢᠨ ᠤ ᠠᠷᠢᠭᠤᠨ ᠴᠡᠪᠡᠷ  ᠬᠦᠭᠵᠢᠯᠳᠡ ᠶᠢᠨ ᠲᠥᠯᠥᠪᠵᠢᠭᠦᠯᠭᠡ ᠵᠢᠴᠢ ᠣᠨ ᠤ ᠠᠵᠢᠯ ᠤᠨ ᠲᠥᠯᠥᠪᠯᠡᠭᠡ ᠶᠢ  ᠰᠤᠳᠤᠯᠤᠨ ᠲᠣᠭᠲᠠᠭᠠᠨ᠎ᠠ︔ ᠬᠤᠲᠠ ᠶᠢᠨ ᠥᠩᠭᠡ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠬᠠᠷᠢᠭᠤᠴᠠᠵᠤ᠂   ᠬᠤᠳᠠ ᠶᠢᠨ ᠪᠠᠷᠢᠮᠵᠢᠶ᠎ᠠ  ᠳᠤ ᠨᠡᠶᠢᠴᠡᠬᠦ ᠦᠬᠡᠢ ᠶᠢ ᠨᠤᠷᠠᠭᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠷᠢᠮᠵᠢᠶ᠎ᠠ ᠶᠢ ᠲᠦᠷ ᠴᠠᠭ ᠤᠨ ᠪᠠᠷᠢᠯᠭ᠎ᠠ ᠪᠤᠶᠤ  ᠲᠦᠬᠦᠭᠡᠷᠤᠮᠵᠢ ᠶᠢ ᠶᠤᠮ᠃      4  . ᠪᠠᠯᠭᠠᠰᠤᠨ ᠤ ᠲᠣᠭᠤᠷᠢᠭ ᠤᠨ ᠳᠣᠲᠣᠷ᠎ᠠ ᠬᠤᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠ ᠥᠩᠭᠡ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠵᠨ ᠲᠣᠭᠤᠷᠢᠭ ᠤᠨ ᠳᠣᠲᠣᠷ᠎ᠠ  ᠭᠡᠷ ᠤᠨ ᠭᠠᠳᠠᠨᠠᠬᠢ ᠵᠠᠷ ᠮᠡᠳᠡᠭᠡ᠂ ᠳ᠋ᠧᠩ ᠬᠠᠶᠢᠷᠴᠠᠭ ᠫᠠᠶᠢᠰᠠ ᠢᠯᠡᠷᠬᠡᠶᠢᠯᠡᠯ᠂ ᠰᠣᠯᠣᠩᠭᠠᠨ ᠳ᠋ᠧᠩ ‍ᠦᠨ‌‍ᠲ᠋ᠠᠯᠠᠪᠤᠷ ᠭᠠᠷᠭᠠᠬᠤ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ︔ ᠡᠯ᠎ᠡ ᠲᠥᠷᠥᠯ ᠤᠨ ᠳᠡᠯᠭᠡᠭᠦᠷ ᠨᠢ ᠡᠮᠦᠨᠡᠬᠢ ᠬᠢᠨᠠᠨ ᠵᠥᠪᠰᠢᠶᠡᠷᠡᠬᠦ ᠠᠵᠢᠯ ᠢ ᠡᠵᠡᠩᠨᠡᠬᠦ ᠭᠡᠷᠡᠴᠢ ᠶᠢ ᠬᠢᠨᠠᠨ ᠵᠥᠪᠰᠢᠶᠡᠷᠡᠬᠦ︔  ᠬᠤᠲᠠ ᠵᠨ ᠲᠣᠭᠤᠷᠢᠭ ᠲᠤ ᠮᠠᠰᠢᠨ ᠲᠡᠷᠭᠡᠨ ᠤ ᠴᠡᠪᠡᠷᠯᠡᠬᠦ ᠦᠷᠳᠡᠭᠡ ︵ᠴᠡᠭ︶  ᠢ ᠬᠠᠷᠢᠭᠤᠴᠡᠨ ᠬᠠᠮᠢᠶᠠᠷᠬᠤ︔ ᠪᠠᠷᠢᠯᠭ᠎ᠠ ᠶᠢᠨ ᠬᠤᠭ ᠨᠣᠪᠰᠢ ᠬᠠᠷᠢᠭᠤᠴᠠᠵᠤ ᠪᠠᠶᠢᠭ᠎ᠠ ᠪᠠᠯᠭᠠᠰᠤ ᠲᠣᠭᠤᠷᠢᠭ᠂ ᠪᠠᠷᠢᠯᠭ᠎ᠠ ᠶᠢᠨ  ᠨᠤᠪᠰᠢ ᠶᠢ ᠰᠡᠢᠳᠪᠤᠷᠢᠯᠡᠬᠦ ᠠᠵᠢᠯ ᠢ ᠬᠠᠮᠢᠶᠠᠷᠤᠨ᠎ᠠ᠃      5 .  ᠲᠣᠭᠤᠷᠢᠭ ᠤᠨ ᠳᠣᠲᠣᠷᠠᠬᠢ ᠵᠠᠮ ᠬᠠᠷᠢᠯᠴᠠᠭᠠᠨ ᠤ ᠡᠮᠬᠢ ᠵᠢᠷᠤᠮ ᠢ ᠬᠠᠮᠠᠭᠠᠯᠠᠬᠤ ᠬᠡᠷᠡᠭᠲᠡᠢ᠂ ᠡᠯ᠎ᠡ ᠲᠦᠷᠦᠯ ᠤᠨ ᠮᠠᠰᠢᠨ ᠲᠡᠷᠭᠡ ᠲᠣᠭᠤᠷᠢᠭ ᠤᠨ ᠭᠤᠤᠯ ᠪᠣᠯᠬᠤ ᠵᠡᠭᠡᠯᠢ᠂ ᠳᠤᠷ᠎ᠠ ᠪᠠᠷ ᠢᠶᠠᠨ ᠵᠣᠭᠰᠣᠬᠤ ᠪᠠ ᠳᠤᠷ᠎ᠠ ᠪᠠᠷ ᠢᠶᠠᠨ ᠲᠠᠯᠪᠢᠬᠤ ᠶᠢ ᠬᠤᠷᠢᠭᠯᠠᠨ  ᠵᠤᠬᠰᠤᠭᠠᠬᠤ ᠬᠡᠷᠡᠭᠲᠡᠢ᠃ ᠲᠣᠭᠤᠷᠢᠭ ᠤᠨ ᠳᠣᠲᠣᠷᠠᠬᠢ ᠨᠡᠶᠢᠲᠡ ᠶᠢᠨ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠱᠤᠭᠤᠮ ᠲᠣᠬᠢᠷᠠᠭᠤᠯᠬᠤ ᠪᠠ ᠲᠡᠷᠭᠡᠨ ᠤ ᠥᠷᠲᠡᠭᠡ ︵ᠴᠡᠭ︶  ᠲᠤᠬᠢᠷᠠᠭᠤᠯᠤᠨ᠎ᠠ᠃      6 . ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠣᠷᠣᠯᠴᠠᠬᠤ᠂  ᠬᠤᠳᠠ ᠶᠢᠨ ᠲᠣᠭᠤᠷᠢᠭ  ᠲᠤ ᠲᠥᠷ  ᠴᠠᠭ ᠤᠨ ᠪᠠᠷᠢᠯᠭ᠎ᠠ᠂ ᠣᠯᠠᠨ  ᠨᠡᠶᠢᠳᠠ ᠵᠢᠨ‌‍ᠲ᠋ᠠᠯᠠᠪᠤᠷ ᠲᠤ ᠬᠤᠶᠠᠷ ᠭᠤᠤᠯ ᠵᠠᠮ ᠲᠠᠢ ᠨᠢᠭᠤᠷᠳᠠᠵᠤ ᠪᠠᠶᠢᠨ᠎ᠠ᠂ ᠪᠠᠷᠢᠮᠠᠯ ᠪᠤᠶᠤ ᠪᠤᠰᠤᠳ ᠲᠥᠬᠦᠭᠡᠷᠦᠮᠵᠢ ᠶᠢ ᠬᠢᠨᠠᠨ ᠬᠠᠷᠭᠤᠭᠤᠯᠤᠭᠤᠯᠬᠤ ᠬᠡᠷᠡᠭᠲᠡᠢ︔ ᠪᠠᠯᠭᠠᠰᠤᠨ ᠤ ᠲᠦᠷ ᠴᠠᠭ ᠤᠨ ᠵᠠᠬ᠎ᠠ ᠳᠡᠯᠭᠡᠭᠦᠷ ᠪᠠ ᠳᠡᠯᠭᠡᠭᠦᠷ ᠫᠦᠰᠡ ᠬᠢᠨᠠᠨ ᠬᠠᠷᠭᠤᠭᠤᠯᠬᠤ  ᠠᠵᠢᠯ ᠳᠤ ᠤᠷᠤᠯᠴᠠᠵᠤ︔  ᠬᠤᠳᠠ ᠶᠢᠨ ᠵᠠᠮ ᠤᠨ ᠬᠤᠶᠠᠷ ᠬᠠᠵᠠᠭᠤ ᠪᠣᠯᠤᠨ ᠤᠯᠡᠠ ᠨᠡᠶᠢᠳᠠ ᠶᠢᠨ ᠲᠠᠯᠠᠪᠤᠷ ᠲᠤ ᠲᠡᠷᠭᠡ ᠵᠣᠭᠰᠣᠭᠠᠬᠤ ᠲᠠᠯᠠᠪᠠᠢ ︵ᠴᠡᠭ︶ ᠬᠢᠨᠠᠨ ᠬᠠᠷᠭᠤᠭᠤᠯᠤᠭᠤᠯᠬᠤ   ᠳᠤ ᠤᠷᠤᠯᠴᠠᠬᠤ ᠬᠡᠷᠡᠭᠲᠡᠢ︔ ᠬᠤᠰᠢᠭᠤ ᠵᠠᠰᠠᠭ ᠤᠨ ᠣᠷᠳᠣᠨ ᠤ ᠲᠣᠭᠲᠠᠭᠠᠭᠰᠠᠨ ᠪᠠᠶᠢᠪᠠᠯ᠂ ᠬᠤᠰᠢᠭᠤ ᠬᠤᠲᠠ ᠶᠢ ᠬᠠᠮᠢᠶᠠᠷᠬᠤ ᠲᠣᠪᠴᠢᠶ᠎ᠠ ᠬᠢᠨᠠᠨ ᠲᠣᠭᠲᠠᠭᠠᠬᠤ ᠪᠤᠶᠤ ᠳᠠᠩᠰᠠᠯᠠᠭᠤᠯᠤᠭᠰᠠᠨ ᠪᠤᠰᠤᠳ ᠬᠡᠷᠡᠭ ᠶᠠᠪᠤᠳᠠᠯ ᠳᠤ ᠣᠷᠣᠯᠴᠠᠬᠤ᠃      7 .  ᠬᠤᠳᠠ ᠶᠢᠨ ᠶᠠᠪᠤᠳᠠᠯ ᠤᠨ ᠲᠦᠬᠦᠭᠡᠷᠤᠮᠵᠢ ᠶᠢᠨ ᠬᠠᠮᠠᠭᠠᠯᠠᠯᠲᠠ ᠪᠠ ᠬᠠᠮᠢᠶᠠᠷᠤᠯᠲᠠ᠂ ᠬᠠᠮᠢᠶᠠᠷᠤᠯᠲᠠ ᠵᠨ ᠲᠣᠭᠤᠷᠢᠭ ᠤᠨ ᠳᠣᠲᠣᠷᠠᠬᠢ ᠵᠠᠮ ᠬᠦᠬᠦᠷᠭᠡ ᠶᠢᠨ ᠭᠤᠯᠳᠤᠩ  ᠬᠠᠷᠢᠭᠤᠴᠠᠨ᠎ᠠ᠂ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠬᠤ︔ ᠬᠤᠲᠠ ᠶᠢᠨ ᠨᠣᠭᠤᠭᠠᠷᠠᠭᠤᠯᠤᠯᠲᠠ ᠶᠢᠨ ᠬᠠᠷᠢᠭᠤᠴᠠᠵᠤ ᠬᠡᠷᠡᠭᠵᠢᠭᠦᠯᠬᠦ︔ ᠬᠤᠲᠠ ᠵᠨ ᠲᠣᠭᠤᠷᠢᠭ ᠲᠤ ᠤᠰᠤ ᠲᠠᠲᠠᠷᠠᠭᠤᠯᠬᠤ ᠪᠡᠯᠡᠳᠬᠡᠮᠵᠢ᠂ ᠵᠢᠴᠢ ᠴᠡᠴᠡᠷᠯᠢᠭ᠂   ᠨᠡᠶᠢᠳᠠ ᠶᠢᠨ ᠵᠣᠷᠯᠣᠩ᠂ ᠬᠠᠮᠢᠶᠠᠷᠤᠯᠲᠠ ᠪᠠ ᠰᠡᠯᠪᠢᠨ ᠵᠠᠰᠠᠬᠤ ᠵᠡᠷᠭᠡ ᠪᠣᠯᠤᠨ᠎ᠠ︔ ᠲᠣᠭᠤᠷᠢᠭ ᠤᠨ ᠬᠠᠷᠢᠭᠤᠴᠠᠵᠤ᠂ ᠦᠶᠡᠷ ᠢ ᠰᠡᠷᠭᠡᠶᠢᠯᠡᠬᠦ ᠠᠵᠢᠯ  ᠬᠠᠷᠢᠭᠤᠴᠠᠨ᠎ᠠ᠃      8 . ᠠᠷᠢᠭᠤᠨ ᠴᠡᠪᠡᠷ ᠬᠠᠮᠢᠶᠠᠷᠬᠤ ᠦᠷᠳᠡᠭᠡ ᠠᠵᠢᠯ ᠢ ᠬᠠᠷᠢᠭᠤᠴᠠᠵᠤ᠂ ᠬᠢᠨᠠᠯᠲᠠ ᠬᠠᠮᠢᠶᠠᠷᠤᠯᠲᠠ ᠬᠤᠳᠠ ᠵᠢᠨ‌ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠵᠣᠬᠢᠶᠠᠨ ᠪᠠᠶᠢᠭᠤᠯᠬᠤ ᠳᠤ ᠣᠷᠣᠯᠴᠠᠬᠤ ᠬᠡᠷᠡᠭᠲᠡᠢ᠃      9 . ᠬᠤᠭ ᠨᠣᠪᠰᠢ ᠲᠥᠯᠥᠪᠦᠷᠢ ᠲᠠᠢ ᠪᠠᠷ ᠦᠢᠯᠡᠴᠢᠯᠡᠭᠡᠨ ᠤ ᠵᠠᠷᠤᠳᠠᠯ ᠬᠤᠷᠢᠶᠠᠵᠤ᠂  ᠬᠤᠰᠢᠭᠤᠨ ᠤ ᠡᠳ᠋ ᠤᠨ ᠵᠠᠰᠠᠭ ᠠᠴᠠ ᠵᠣᠬᠢᠬᠤ ᠣᠷᠣᠭᠤᠯᠤᠯᠲᠠ ᠬᠢᠬᠦ ᠤᠷᠢᠲᠠᠯ ᠳᠣᠣᠷ᠎ᠠ᠂ ᠠᠷᠢᠭᠤᠨ ᠴᠡᠪᠡᠷ ᠤᠨ ᠥᠷᠲᠡᠭᠡ ᠬᠡᠪ ᠤᠨ ᠡᠷᠭᠢᠯᠲᠡ ᠶᠢ ᠪᠠᠲᠤᠯᠠᠬᠤ ᠶᠢ ᠬᠠᠷᠢᠭᠤᠴᠠᠨ ᠵᠣᠬᠢᠴᠠᠭᠤᠯᠬᠤ᠃      10 . ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂  ᠣᠷᠴᠢᠨ ᠲᠣᠭᠤᠷᠢᠨ ᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤ ᠪᠠᠷ ᠬᠡᠷᠡᠭᠵᠢᠭᠦᠯᠵᠦ  ᠬᠤᠳᠠ ᠶᠢᠨ ᠳᠦᠷᠰᠦ ᠪᠠᠶᠢᠳᠠᠯ  ᠂ ᠮᠠᠰᠢᠨ ᠲᠡᠷᠭᠡ ᠲᠠᠯᠪᠢᠬᠤ ᠬᠠᠮᠢᠶᠠᠷᠤᠯᠲᠠ᠂ ᠲᠦᠷᠢᠶᠡᠰᠦᠨ ᠮᠠᠰᠢᠨ ᠲᠡᠷᠭᠡ ᠤ  ᠵᠦᠭᠡᠭᠡᠪᠤᠷᠢ ᠶᠢᠨ ᠬᠠᠮᠢᠶᠠᠷᠤᠯᠲᠠ᠂ ᠡᠷᠡᠭᠦᠯ ᠬᠠᠮᠠᠭᠠᠯᠠᠯ᠂ ᠣᠷᠴᠢᠨ ᠠᠬᠤᠢ ᠵᠨ ᠬᠠᠮᠠᠭᠠᠯᠠᠯᠲᠠ ᠵᠡᠷᠭᠡ ᠲᠠᠯ᠎ᠠ ᠪᠠᠷ ᠬᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ  ᠡᠯ᠎ᠡ ᠵᠦᠢᠯ ᠤᠨ ᠲᠦᠷᠢᠮ ᠲᠣᠭᠲᠠᠭᠠᠯ᠂ ᠲᠦᠷᠢᠮ ᠢ ᠲᠤᠤᠱᠯᠠᠭᠤᠯᠤᠨ ᠬᠡᠷᠡᠭᠵᠢᠭᠦᠯᠬᠦ ᠪᠠ ᠵᠠᠰᠠᠭ ᠵᠠᠬᠢᠷᠭᠠᠨ ᠤ  ᠰᠢᠳᠭᠡᠯ‌ᠥᠭᠬᠦ ᠡᠷᠬᠡ ᠲᠠᠢ ᠶᠤᠮ᠃      11 . ᠪᠠᠶᠢᠴᠠᠭᠠᠨ ᠰᠤᠳᠤᠯᠤᠯᠲᠠ ᠥᠷᠨᠢᠭᠦᠯᠵᠦ᠂ ᠬᠤᠳᠠ ᠶᠢᠨ ᠬᠠᠮᠢᠶᠠᠷᠤᠯᠲᠠ᠂ ᠤᠬᠠᠭᠤᠯᠭ᠎ᠠ ᠬᠥᠮᠦᠵᠢᠯ ᠪᠣᠯᠤᠨ ᠮᠡᠳᠡᠭᠡ ᠵᠠᠩᠭᠢ ᠰᠣᠯᠢᠯᠴᠠᠬᠤ ᠠᠵᠢᠯ ᠢ ᠰᠠᠶᠢᠲᠤᠷ ᠬᠢᠬᠦ᠂ ᠬᠤᠳᠠ ᠶᠢᠨ ᠬᠠᠮᠢᠶᠠᠷᠤᠯᠲᠠ ᠪᠠ ᠡᠭᠦᠳᠦᠨ ᠪᠠᠶᠢᠭᠤᠯᠬᠤ ᠠᠵᠢᠯ ᠤᠨ ᠡᠯ᠎ᠡ  ᠲᠦᠷᠤᠯ ᠤᠨ ᠤᠷᠤᠯᠳᠤᠭᠠᠨ‌ᠵᠣᠬᠢᠶᠠᠨ ᠪᠠᠶᠢᠭᠤᠯᠤᠨ ᠦᠷᠨᠢᠬᠦᠯᠤᠨ᠂ ᠬᠢᠨᠠᠨ ᠰᠢᠯᠭᠠᠵᠤ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ᠂ ᠬᠤᠰᠢᠭᠤ ᠨᠠᠮ ᠣᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠬᠤᠲᠠ ᠵᠨ ᠬᠠᠮᠢᠶᠠᠷᠤᠯᠲᠠ ᠵᠨ ᠴᠢᠬᠤᠯᠠ ᠶᠡᠭᠡ  ᠰᠡᠢᠳᠪᠤᠷᠢᠳᠤ ᠪᠤᠳᠤᠯᠭ᠎ᠠ ᠲᠣᠭᠲᠠᠭᠠᠬᠤ ᠦᠨᠳᠦᠰᠦᠯᠡᠯ ᠬᠠᠩᠭᠠᠬᠤ ᠬᠡᠷᠡᠭᠲᠡᠢ᠃      12 . ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠬᠠᠷᠢᠭᠤᠴᠠᠵᠤ᠂ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      13 . ᠬᠤᠰᠢᠭᠤ ᠵᠠᠰᠠᠭ ᠤᠨ ᠤᠷᠳᠤᠨ ᠤ ᠨᠠᠶᠢᠳᠠᠯᠠᠭ᠎ᠠ ᠪᠠᠷ᠂ ᠪᠦᠳᠤᠬᠡᠨ ᠪᠠᠶᠢᠭᠤᠯᠤᠯᠳᠠ᠂ ᠬᠤᠳᠠᠯᠳᠤᠭ᠎ᠠ᠂ ᠲᠤᠳᠤᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠡᠷᠡᠬᠦᠯ ᠬᠠᠮᠠᠭᠠᠯᠠᠯ᠂  ᠯᠢᠨᠳᠦ᠋ᠩ ᠪᠠᠯᠭᠠᠰᠤ᠂ ᠵᠡᠬᠦᠨ ᠪᠠᠷᠠᠭᠤᠨ ᠬᠤᠳᠠ ᠶᠢᠨ ᠬᠡᠷᠡᠭ ᠡᠷᠬᠢᠯᠡᠬᠦ ᠭᠠᠵᠠᠷ ᠵᠠᠷᠭᠡ ᠰᠠᠯᠠᠭ᠎ᠠ ᠮᠦᠴᠢᠷ ᠬᠢᠭᠡᠳ ᠨᠢᠭᠡᠴᠡ ᠲᠠᠢ ᠬᠤᠯᠪᠤᠬᠳᠠᠬᠤ ᠬᠤᠳᠠ ᠶᠢᠨ ᠬᠠᠮᠢᠶᠠᠷᠤᠯᠳᠠ ᠶᠢᠨ ᠠᠵᠢᠯ ᠤᠨ ᠪᠠᠶᠢᠳᠠᠯ ᠳᠤ ᠲᠤᠬᠢᠷᠠᠭᠤᠯᠤᠯᠳᠠ ᠬᠢᠨ᠎ᠡ᠃      14 . ᠪᠤᠰᠤᠳ ᠪᠠᠶᠢᠭᠤᠯᠤᠯᠳᠤ ᠪᠠᠯᠭᠠᠰᠤ ᠳᠤ ᠬᠤᠲᠠ ᠪᠠᠯᠭᠠᠰᠤᠨ ᠤ ᠬᠠᠮᠢᠶᠠᠷᠤᠯᠲᠠ ᠶᠢ ᠵᠢᠯᠣᠭᠤᠳᠬᠤ᠃      15 . ᠬᠤᠰᠢᠭᠤᠨ ᠤ ᠬᠤᠷᠢᠶ᠎ᠠ᠂ ᠬᠤᠰᠢᠭᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠢᠬᠦ ᠬᠡᠷᠡᠭᠲᠡᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号