ᠲᠠᠷᠢᠶᠠᠯᠠᠩ ᠤᠨ ᠮᠠᠰᠢᠨ ᠤ ᠲᠣᠪᠴᠢᠶ᠎ᠠ
ᠨᠡᠶᠢᠲᠡᠯᠡᠭᠰᠡᠨ ᠴᠠᠭ᠄
2016/4/12
     ᠪᠠᠭᠠᠷᠢᠨ ᠵᠡᠭᠦᠨ ᠬᠤᠰᠢᠭᠤᠨ ᠤ ᠲᠠᠷᠢᠶᠠᠯᠠᠩ ᠤᠨ ᠮᠠᠰᠢᠨ ᠤ ᠲᠣᠪᠴᠢᠶ᠎ᠠ ᠨᠢ ᠬᠤᠰᠢᠭᠤ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠪᠦᠭᠦ ᠬᠤᠰᠢᠭᠤᠨ ᠤ ᠲᠠᠷᠢᠶᠠᠯᠠᠩ ᠤᠨ ᠮᠠᠰᠢᠨ ᠤ ᠦᠢᠯᠡᠰ ᠤᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠲᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄      ᠨᠢᠭᠡ ᠳᠤ  ᠂ ᠨᠠᠮ ᠪᠠ ᠵᠠᠰᠠᠭ ᠤᠨ ᠣᠷᠳᠣᠨ ᠤ ᠬᠤᠯᠪᠣᠭᠳᠠᠯ ᠪᠥᠬᠦᠢ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠴᠢᠭᠯᠡᠯᠲᠡ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠲᠤᠤᠱᠯᠠᠭᠤᠯᠤᠨ ᠬᠡᠷᠡᠭᠵᠢᠭᠦᠯᠵᠦ  ︔        ᠬᠤᠶᠠᠷ ᠲᠤ  ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠦᠢᠯᠡᠳᠬᠦᠨ ᠲᠤᠷᠰᠢᠨ ᠰᠢᠯᠭᠠᠵᠤ ᠬᠢᠨᠠᠨ ᠲᠣᠭᠲᠠᠭᠠᠬᠤ᠂ ᠶᠠᠰᠤ ᠴᠢᠨᠠᠷ ᠢ ᠪᠠᠶᠢᠴᠠᠭᠠᠨ ᠰᠢᠯᠭᠠᠬᠤ᠂ ᠭᠡᠷᠡᠴᠢᠯᠡᠨ ᠮᠠᠭᠠᠳᠯᠠᠬᠤ ᠬᠠᠮᠢᠶᠠᠷᠤᠯᠲᠠ ᠶᠢᠨ ᠠᠵᠢᠯ ᠢ ᠴᠣᠬᠢᠯᠲᠠ ᠥᠭᠴᠦ᠂ ᠬᠤᠳᠠᠯ ᠬᠠᠭᠤᠷᠮᠠᠭ ᠴᠢᠨᠠᠷ ᠮᠠᠭᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠵᠣᠬᠢᠶᠠᠨ ᠪᠠᠶᠢᠭᠤᠯᠤᠨ ᠬᠡᠷᠡᠭᠵᠢᠭᠦᠯᠵᠦ︔      ᠭᠤᠷᠪᠠ ᠳᠤ᠂ ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠬᠠᠮᠢᠶᠠᠷᠤᠯᠲᠠ ᠪᠣᠯᠤᠨ ᠠᠮᠤᠷ ᠲᠦᠪᠰᠢᠨ ᠤ ᠠᠵᠢᠯ᠂ ᠪᠦᠬᠦ ᠬᠤᠰᠢᠭᠤᠨ ᠤ ᠲᠷᠠᠺᠲ᠋ᠣᠷ᠂ ᠬᠠᠳᠤᠵᠤ ᠬᠤᠷᠢᠶᠠᠬᠤ  ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠠᠮᠤᠷ ᠲᠦᠪᠰᠢᠨ ᠤ ᠲᠤᠬᠠᠶ ᠮᠡᠷᠭᠡᠵᠢᠯ ᠤᠨ ᠰᠢᠯᠭᠠᠨ᠂ ᠳᠠᠩᠰᠠᠯᠠᠭᠤᠯᠤᠭᠰᠠᠨ᠂ ᠫᠠᠶᠢᠰᠠ ᠦᠨᠡᠮᠯᠡᠯ ᠬᠢᠨᠠᠨ ᠣᠯᠭᠤᠵᠤ᠂ ᠲᠠᠷᠢᠶᠠᠯᠠᠩ ᠤᠨ ᠮᠠᠰᠢᠨ ᠤ ᠮᠡᠷᠭᠡᠵᠢᠯ ᠰᠢᠯᠭᠠᠨ ᠪᠠᠶᠢᠴᠠᠭᠠᠬᠤ᠂ ᠬᠢᠨᠠᠨ ᠰᠢᠯᠭᠠᠵᠤ ᠦᠨᠡᠮᠯᠡᠯ ᠣᠯᠭᠤᠬᠤ᠂  ᠣᠨ ᠤ ᠬᠢᠨᠠᠨ ᠰᠢᠯᠭᠠᠬᠤ ᠵᠡᠷᠭᠡ ᠠᠵᠢᠯ ᠢ ᠬᠠᠷᠢᠭᠤᠴᠠᠵᠤ᠂ ᠲᠠᠷᠢᠶᠠᠯᠠᠩ ᠤᠨ  ᠮᠠᠰᠢᠨ ᠤ ᠠᠶᠤᠯ ᠥᠭᠡᠢ  ᠦᠢᠯᠡᠳᠪᠤᠷᠢᠯᠡᠯ ᠤᠨ ᠪᠠᠶᠢᠴᠠᠭᠠᠵᠤ᠂ ᠵᠠᠯᠠᠷᠠᠭᠤᠯᠬᠤ ᠳᠦᠷᠢᠮ ᠲᠣᠭᠲᠠᠭᠠᠯ ᠢ ᠵᠥᠷᠢᠴᠡᠨ᠂ ᠬᠠᠶᠢᠨ ᠪᠠᠶᠢᠴᠠᠭᠠᠬᠤ  ᠲᠠᠷᠢᠶᠠᠯᠠᠩ ᠤᠨ  ᠮᠠᠰᠢᠨ ᠤ ᠬᠦᠨᠳᠦ ᠶᠡᠭᠡ ᠡ᠊ᠨᠳᠡᠯ ᠢ ᠰᠡᠷᠭᠡᠶᠢᠯᠡᠬᠦ ᠠᠷᠭ᠎ᠠ ᠬᠡᠮᠵᠢᠶ᠎ᠡ ᠳᠤᠷᠠᠳᠤᠨ ᠭᠠᠷᠭᠠᠬᠤ  ᠪᠥᠭᠡᠳ ᠰᠢᠶ᠋ᠳᠪᠦᠷᠢᠯᠡᠬᠦ ᠬᠡᠷᠡᠭᠲᠡᠶ︔      ᠲᠦᠷᠪᠡ ᠳᠤ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠵᠢᠯᠣᠭᠤᠳᠴᠤ ᠠᠵᠢᠯᠯᠠᠭᠤᠯᠬᠤ ᠬᠥᠮᠦᠰ ᠬᠠᠷᠢᠭᠤᠴᠠᠬᠤ ᠮᠡᠷᠭᠡᠵᠢᠯ ᠤᠨ ᠪᠣᠯᠪᠠᠰᠤᠷᠠᠭᠤᠯᠤᠯ᠂ ᠬᠥᠳᠡᠭᠡ ᠠᠵᠤ ᠠᠬᠤᠶ ᠶᠢᠨ ᠮᠧᠬᠠᠨᠢᠭ ᠤᠨ ᠲᠧᠭᠨᠢᠭ ᠮᠡᠷᠭᠡᠵᠢᠯ ᠢ ᠳᠡᠯᠭᠡᠷᠡᠭᠦᠯᠬᠦ᠂ ᠬᠥᠳᠡᠭᠡ ᠠᠵᠤ ᠠᠬᠤᠶ ᠶᠢᠨ ᠮᠧᠬᠠᠨᠢᠭᠵᠢᠭᠤᠯᠤᠯᠲᠠ ᠶᠢ ᠠᠬᠢᠭᠤᠯᠬᠤ ᠶᠠᠪᠤᠴᠠ ᠮᠥᠨ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号