ᠬᠤᠳᠠ ᠶᠢᠨ ᠨᠠᠮ ᠤᠨ ᠬᠤᠷᠢᠶ᠎ᠠ ᠶᠢᠨ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2017/12/22
        12 ᠰᠠᠷ᠎ᠠ ᠶᠢᠨ 12 ᠤᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠤ ᠶᠠᠳᠠᠭᠤ ᠶᠢ ᠲᠡᠳᠬᠦᠬᠦ ᠬᠦᠷᠢᠶᠡᠨ ᠳᠠᠬᠢ ︽ᠠᠰᠢᠭ ᠯᠡ ᠦᠵᠡᠪᠡᠯ ᠰᠢᠨᠤᠬᠤ︾ ᠢᠯᠵᠠᠷᠠᠯ ᠤᠨ ᠠᠰᠠᠭᠤᠳᠠᠯ ᠢ ᠲᠤᠰᠬᠠᠢ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠬᠤ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠭᠤᠷᠢᠨ ᠪᠠᠶᠢᠴᠠᠭᠠᠬᠤ ᠠᠵᠢᠯ ᠤᠨ ᠠᠯᠪᠠᠨ ᠭᠡᠷ ᠤᠨ ᠡᠷᠭᠢᠯᠡᠭᠴᠢ ᠸᠠᠩ ᠠᠢ ᠭᠦᠸᠧ᠂ ᠬᠤᠳᠠ ᠶᠢᠨ ᠨᠠᠮ ᠤᠨ ᠬᠤᠷᠢᠶ᠎ᠠ ᠶᠢᠨ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ  ᠤᠨ ᠳᠤᠭᠤᠶᠢᠯᠠᠩ ᠤᠨ ᠳᠠᠷᠤᠭ᠎ᠠ ᠯᠢᠦᠢ ᠵᠢᠶᠦ᠋ᠨ ᠵᠢᠶᠧ ᠵᠢᠴᠢ ᠯᠢ ᠬᠤᠣ ᠨᠠᠨ᠂ ᠮᠦᠩᠬᠡᠳᠠᠯᠠᠢ᠂ ᠸᠠᠩ ᠴᠢᠩ ᠬᠤ᠋ ᠨᠠᠷ ᠬᠤᠷᠠᠯ ᠳᠤ ᠣᠷᠤᠯᠴᠠᠪᠠ᠃        ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠠᠯᠪᠠᠨ ᠭᠡᠷ ᠤᠨ ᠡᠷᠬᠢᠯᠡᠭᠴᠢ ᠸᠠᠩ ᠠᠢ ᠭᠦᠸᠧ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠪᠠ ᠲᠦᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠵᠣᠷᠢᠭ ᠰᠠᠨᠠᠭ᠎ᠠ ᠶᠢ ᠰᠤᠷᠤᠯᠴᠠᠬᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠱᠠᠭᠠᠷᠳᠠᠯᠭ᠎ᠠ ᠶᠢ ᠨᠠᠶᠢᠳᠠᠪᠦᠷᠢᠵᠢᠭᠤᠯᠬᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ᠂ ᠲᠣᠭᠤᠷᠢᠨ ᠪᠠᠶᠢᠴᠠᠭᠠᠭᠰᠠᠨ ᠬᠠᠷᠢᠭᠤ ᠲᠤᠰᠬᠠᠬᠤ ᠰᠠᠨᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠵᠢᠴᠢ ᠵᠠᠰᠠᠨ ᠴᠡᠭᠴᠡᠯᠡᠯᠲᠡ ᠶᠢᠨ ᠡᠯ᠎ᠡ ᠭᠤᠭᠴᠤᠭᠠᠨ ᠤ ᠠᠵᠢᠯ ᠳᠤ ᠪᠤᠳᠠᠲᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃᠂ ᠬᠤᠲᠠ ᠶᠢᠨ ᠨᠠᠮ ᠤᠨ ᠬᠤᠷᠢᠶ᠎ᠠ  ᠶᠢᠨ ᠱᠦᠵᠢ ᠶᠢᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠣᠶᠢᠯᠠᠭᠠᠵᠤ᠂ ᠵᠠᠰᠠᠨ ᠴᠡᠭᠴᠡᠯᠡᠬᠦ ᠤᠯᠤᠰ ᠲᠦᠷᠦ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠢ︔ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠤ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠠᠰᠠᠨ ᠴᠡᠭᠴᠡᠯᠡᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠢ︔ ᠲᠣᠭᠤᠷᠢᠨ ᠪᠠᠶᠢᠴᠠᠭᠠᠭᠰᠠᠨ ᠦᠷ᠎ᠡ ᠪᠦᠲᠦᠮᠵᠢ ᠶᠢᠨ ᠬᠤᠪᠢᠷᠠᠯᠲᠠ ᠶᠢ ᠴᠢᠩᠭ᠎ᠠ ᠠᠳᠬᠤᠵᠤ᠂ ᠣᠨᠤᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠢ ᠣᠷᠤᠭᠰᠢᠲᠠᠢ ᠶᠠᠪᠤᠭᠳᠠᠬᠤ ᠶᠢ ᠪᠠᠲᠤᠯᠠᠬᠤ ᠭᠡᠷᠡᠭᠲᠡᠢ ᠭᠡᠵᠦ ᠬᠤᠷᠠᠯ ᠠᠴᠠ ᠴᠢᠬᠤᠯᠠᠴᠢᠯᠠᠪᠠ᠃         ᠬᠤᠳᠠ ᠶᠢᠨ ᠨᠠᠮ ᠤᠨ ᠬᠤᠷᠢᠶ᠎ᠠ ᠶᠢᠨ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ ᠯᠢᠦᠢ ᠵᠢᠶᠦ᠋ᠨ ᠵᠢᠶᠧ ᠮᠠᠨ ᠤ ᠬᠤᠰᠢᠭᠤᠨ ᠳᠠᠬᠢ ᠲᠣᠭᠤᠷᠢᠨ ᠪᠠᠶᠢᠴᠠᠭᠠᠭᠰᠠᠨ ᠪᠠᠶᠢᠳᠠᠯ  ᠢᠶᠠᠨ ᠬᠠᠷᠢᠭᠤ ᠲᠤᠰᠬᠠᠨ᠂ ᠲᠣᠭᠤᠷᠢᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠳᠣᠪᠤᠶᠢᠮ᠎ᠠ ᠠᠰᠠᠭᠤᠳᠠᠯ ᠢ ᠴᠢᠩᠭ᠎ᠠ ᠵᠢᠭᠠᠨ ᠭᠠᠷᠭᠠᠵᠤ᠂ ᠵᠠᠰᠠᠨ ᠴᠡᠭᠴᠡᠯᠡᠬᠦ ᠰᠠᠨᠠᠯ ᠰᠠᠨᠠᠭᠤᠯᠭ᠎ᠠ ᠲᠤᠳᠤᠷᠬᠠᠢ ᠳᠤᠷᠠᠳᠪᠠ᠃         ᠬᠤᠷᠠᠯ ᠳᠡᠭᠡᠷ᠎ᠡ᠂᠂ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠬᠰᠠᠨ ᠰᠠᠨᠠᠯ ᠦᠨᠡᠨ ᠠᠴᠠ ᠵᠦᠪ ᠢ ᠡᠷᠢᠵᠦ᠂ ᠪᠣᠰᠤᠳᠴᠢ᠂ ᠵᠦᠪ ᠣᠨᠤᠪᠴᠢᠲᠠᠢ᠂ ᠪᠢᠳᠡᠨ ᠳᠤ ᠵᠠᠰᠠᠨ ᠴᠡᠭᠴᠡᠯᠡᠬᠦ ᠴᠢᠭᠯᠡᠯ ᠢ ᠵᠢᠭᠠᠵᠤ ᠦᠭᠴᠠᠢ ᠭᠡᠵᠦ ᠬᠤᠰᠢᠭᠤ ᠨᠠᠮ ᠤᠨ ᠬᠤᠷᠢᠶᠠᠨ ᠤ ᠱᠦᠵᠢ ᠯᠢ ᠬᠤᠣ ᠨᠠᠨ ᠣᠪᠤᠷ ᠢᠶᠠᠨ ᠢᠯᠡᠳᠬᠡᠭᠰᠡᠨ ᠪᠠᠶᠢᠨ᠎ᠠ  ᠃ ᠵᠠᠰᠠᠨ ᠴᠡᠭᠴᠡᠯᠡᠬᠦ ᠠᠵᠢᠯ ᠢ ᠰᠠᠶᠢᠲᠤᠷ ᠪᠡᠶᠡᠯᠡᠭᠦᠯᠬᠦ ᠲᠤᠬᠠᠢ᠂ ᠲᠡᠷᠡ ᠪᠠᠰᠠ ᠴᠢᠩᠭ᠎ᠠ ᠣᠪᠤᠷ ᠢᠶᠠᠷ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠵᠤ᠂ ᠲᠦᠪ ᠰᠤᠷᠲᠠᠯ ᠢᠶᠠᠷ ᠵᠠᠰᠠᠨ ᠴᠡᠭᠴᠡᠯᠡᠯᠲᠡ ᠶᠢ ᠠᠳᠬᠤᠨ᠂ ᠲᠡᠮᠦᠷ ᠮᠡᠲᠦ ᠰᠠᠬᠢᠯᠭ᠎ᠠ ᠪᠠᠲᠤ ᠪᠠᠷ ᠮᠦᠷᠳᠡᠨ ᠭᠦᠢᠴᠡᠳᠬᠡᠯᠭᠡᠵᠦ᠂ ᠬᠦᠴᠦᠲᠡᠢ ᠠᠷᠭ᠎ᠠ ᠪᠣᠳᠤᠯᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠢ ᠣᠷᠤᠭᠰᠢ ᠠᠬᠢᠭᠤᠯᠤᠨ᠂ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠰᠠᠨ ᠴᠡᠭᠴᠡᠯᠡᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ  ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠵᠠᠰᠠᠨ ᠴᠡᠭᠴᠡᠯᠡᠬᠦ ᠡᠭᠦᠷᠭᠡ ᠪᠠᠨ ᠬᠤᠭᠤᠴᠠᠭᠠᠨ ᠳᠠᠭᠠᠨ ᠪᠡᠶᠡᠯᠡᠭᠦᠯᠵᠦ᠂ ᠣᠯᠠᠨ ᠲᠦᠮᠡᠨ ᠤ ᠡᠷᠬᠡ ᠠᠰᠢᠭ ᠢ ᠬᠤᠬᠢᠷᠠᠭᠤᠯᠤᠭᠰᠠᠨ ᠠᠵᠢᠯᠯᠠᠭ᠎ᠠ᠂ ᠣᠨᠴᠠᠭᠠᠶᠢᠯᠠᠨ ᠶᠠᠳᠠᠭᠤ ᠬᠦᠴᠢᠷᠲᠡᠢ ᠣᠯᠠᠨ ᠲᠦᠮᠡᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠳᠠᠯ ᠡᠭᠦᠰᠭᠦ ᠶᠢ ᠦᠨᠡᠨᠬᠦ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠪᠦᠬᠦ ᠬᠤᠰᠢᠭᠤᠨ ᠤ ᠡᠯ᠎ᠡ ᠱᠠᠲᠤᠨ ᠤ ᠺᠠᠳ᠋ᠷᠴᠤᠳ ᠨᠠᠷᠢᠨ ᠬᠢᠨᠠᠮᠠᠭᠠᠢ ᠰᠤᠷᠤᠯᠴᠠᠨ᠂ ᠭᠦᠨᠵᠡᠭᠡᠢ ᠣᠶᠢᠯᠠᠭᠠᠵᠤ᠂ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠲᠤᠰ ᠤᠳᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠪᠠᠷ ᠵᠠᠰᠠᠨ ᠴᠡᠭᠴᠡᠯᠡᠬᠦ ᠰᠢᠨ᠎ᠡ ᠬᠦᠳᠡᠯᠭᠡᠭᠴᠢ ᠬᠦᠴᠦ ᠪᠣᠯᠭᠠᠵᠤ᠂ ︽ᠲᠣᠭᠤᠷᠢᠨ ᠪᠠᠶᠢᠴᠠᠭᠠᠬᠤ ᠶᠢᠨ ᠶᠠᠪᠤᠴᠠ ᠳᠤ ᠵᠠᠰᠠᠨ ᠴᠡᠭᠴᠡᠯᠡᠬᠦ︾ ᠶᠢᠨ ᠰᠠᠭᠤᠷᠢᠨ ᠳᠡᠭᠡᠷ᠎ᠡ᠂ ᠡᠷᠴᠢᠮ ᠢᠶᠠᠨ ᠴᠢᠩᠭᠠᠷᠠᠭᠤᠯᠤᠨ᠂ ᠨᠢᠭᠡ ᠠᠴᠠ ᠵᠦᠢᠴᠢᠯᠡᠨ ᠭᠤᠷᠪᠠ ᠶᠢ ᠮᠡᠳᠡᠵᠦ᠂ ᠡᠯ᠎ᠡ ᠵᠦᠢᠯ ᠤᠨ ᠵᠠᠰᠠᠨ ᠴᠡᠭᠴᠡᠯᠡᠬᠦ ᠱᠠᠭᠠᠷᠳᠠᠯᠭ᠎ᠠ ᠶᠢ ᠦᠨᠡᠨᠬᠦ ᠲᠡᠷᠡ ᠶᠣᠰᠤᠭᠠᠷ ᠨᠢ ᠨᠠᠶᠢᠳᠠᠪᠦᠷᠢᠵᠢᠭᠤᠯᠤᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号