ᠲᠦᠯᠦᠭᠡᠯᠡᠭᠴᠢᠳ ᠡ᠂ 2015 ᠣᠨ ᠪᠣᠯ ︽ᠠᠷᠪᠠᠨ ᠬᠤᠶᠠᠳᠤᠭᠠᠷ ᠲᠠᠪᠤᠨ ᠵᠢᠯ︾ ᠤᠨ ᠬᠦᠭᠵᠢᠯᠲᠡ | ᠶᠢᠨ ᠬᠤᠷᠢᠶᠠᠩᠭᠤᠢ ᠳᠦᠷᠰᠦ ᠮᠦᠨ᠃ ︽ᠠᠷᠪᠠᠨ ᠬᠤᠶᠠᠳᠤᠭᠠᠷ ᠲᠠᠪᠤᠨ ᠵᠢᠯ︾ ᠢᠶᠠᠨ ᠡᠷᠭᠢᠴᠡᠭᠦᠯᠬᠦ ᠳᠤ᠂ ᠶᠡᠷᠦ | ᠪᠣᠰᠤ ᠶᠢᠨ ᠬᠦᠭᠵᠢᠯᠲᠡ ᠲᠠᠢ ᠪᠠᠶᠢᠬᠤ ᠶᠢ ᠪᠢᠳᠡ ᠮᠡᠳᠡᠵᠦ ᠲᠡᠶᠢᠯᠦᠨ᠎ᠡ᠃ ᠴᠢᠩᠭ᠎ᠠ ᠪᠤᠳᠤᠯᠢᠶᠠᠨᠲᠠᠢ ᠠᠵᠤ ᠠᠬᠤᠢ | ᠶᠢᠨ ᠪᠠᠶᠢᠳᠠᠯ ᠪᠣᠯᠤᠨ ᠬᠦᠨᠳᠦ ᠬᠠᠲᠠᠭᠤᠵᠢᠯᠲᠠᠢ ᠦᠭᠡᠷᠡᠴᠢᠯᠡᠯᠲᠡ ᠶᠢᠨ ᠡᠭᠦᠷᠭᠡ ᠳᠤ ᠬᠠᠨᠳᠤᠭᠤᠯᠤᠨ᠂ ᠪᠢᠳᠡ | ᠬᠦᠭᠵᠢᠯᠲᠡ ᠶᠢᠨ ᠳᠣᠬᠢᠶᠠᠯ ᠢ ᠴᠢᠩᠭ᠎ᠠ ᠠᠳᠬᠤᠵᠤ᠂ ᠡᠯ᠎ᠡ ᠵᠦᠢᠯ ᠤᠨ ᠬᠦᠴᠢᠷᠳᠡᠯ ᠪᠠ ᠦᠷᠢᠰᠦᠯᠳᠦᠭᠡᠨ ᠢ | ᠢᠳᠡᠪᠬᠢᠲᠠᠢ ᠠᠷᠭᠠᠴᠠᠭᠠᠨ᠂ ᠠᠵᠤ ᠠᠬᠤᠢ ᠨᠡᠶᠢᠭᠡᠮ ᠢ ᠦᠷᠭᠦᠯᠵᠢᠯᠡᠨ ᠡᠷᠡᠭᠦᠯ ᠢᠶᠠᠷ ᠬᠦᠭᠵᠢᠭᠦᠯᠵᠦ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠬᠦᠭᠵᠢᠯᠲᠡ ᠪᠣᠯᠤᠨ ᠴᠢᠨᠡᠭᠡᠯᠢᠭ ᠨᠡᠶᠢᠭᠡᠮ ᠤᠨ ᠪᠦᠬᠦ ᠲᠠᠯ᠎ᠠ ᠶᠢᠨ ᠪᠡᠶᠡᠯᠡᠯᠲᠡ ᠳᠤ | ᠪᠠᠲᠤ ᠴᠢᠩᠭ᠎ᠠ ᠰᠠᠭᠤᠷᠢ ᠲᠠᠯᠪᠢᠪᠠ᠃ | — ᠡᠨᠡᠬᠦ ᠲᠠᠪᠤᠨ ᠵᠢᠯ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠤᠯᠠᠮ ᠨᠢᠭᠡ ᠠᠯᠬᠤᠮ ᠨᠡᠮᠡᠭᠳᠡᠪᠡ᠃ | ᠪᠦᠬᠦ ᠬᠤᠰᠢᠭᠤᠨ ᠤ ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠨᠢ 2010 ᠣᠨ ᠤ 67.2 | ᠳ᠋ᠦᠩᠰᠢᠭᠤᠷ ᠲᠦᠭᠦᠷᠢᠭ ᠠᠴᠠ ᠨᠡᠮᠡᠭᠳᠡᠭᠡᠳ 123.6 ᠳ᠋ᠦᠩᠰᠢᠭᠤᠷ ᠲᠦᠭᠦᠷᠢᠭ ᠪᠣᠯᠵᠤ᠂ ᠵᠢᠯ ᠪᠦᠷᠢ | ᠲᠡᠭᠰᠢᠳᠬᠡᠭᠡᠳ 11.4% ᠪᠠᠷ ᠨᠡᠮᠡᠭᠳᠡᠪᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠤᠯᠭ᠎ᠠ | ᠨᠢ 2010 ᠣᠨ ᠤ 2.54 ᠳ᠋ᠦᠩᠰᠢᠭᠤᠷ ᠲᠦᠭᠦᠷᠢᠭ ᠠᠴᠠ ᠨᠡᠮᠡᠭᠳᠡᠭᠡᠳ 5.01 ᠳ᠋ᠦᠩᠰᠢᠭᠤᠷ ᠲᠦᠭᠦᠷᠢᠭ | ᠪᠣᠯᠵᠤ᠂ ᠵᠢᠯ ᠪᠦᠷᠢ ᠲᠡᠭᠰᠢᠳᠬᠡᠭᠡᠳ 14.5% ᠪᠠᠷ ᠨᠡᠮᠡᠭᠳᠡᠪᠡ︔ 500 ᠲᠦᠮᠡᠨ ᠲᠦᠭᠦᠷᠢᠭ ᠠᠴᠠ ᠳᠡᠭᠡᠭᠰᠢᠬᠢ | ᠲᠦᠷᠦᠯ ᠵᠦᠢᠯ ᠤᠨ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠨᠢ 2010 ᠣᠨ ᠤ 29 ᠳ᠋ᠦᠩᠰᠢᠭᠤᠷ | ᠲᠦᠭᠦᠷᠢᠭ ᠠᠴᠠ ᠨᠡᠮᠡᠭᠳᠡᠭᠡᠳ 100.2 ᠳ᠋ᠦᠩᠰᠢᠭᠤᠷ ᠲᠦᠭᠦᠷᠢᠭ ᠪᠣᠯᠵᠤ᠂ ᠵᠢᠯ ᠪᠦᠷᠢ ᠲᠡᠭᠰᠢᠳᠬᠡᠭᠡᠳ 23.7% | ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠨᠢ | 2010 ᠣᠨ ᠤ 20.56 ᠳ᠋ᠦᠩᠰᠢᠭᠤᠷ ᠲᠦᠭᠦᠷᠢᠭ ᠠᠴᠠ ᠨᠡᠮᠡᠭᠳᠡᠭᠡᠳ 38.7 ᠳ᠋ᠦᠩᠰᠢᠭᠤᠷ ᠲᠦᠭᠦᠷᠢᠭ ᠪᠣᠯᠵᠤ | ᠂ ᠵᠢᠯ ᠪᠦᠷᠢ ᠲᠡᠭᠰᠢᠳᠬᠡᠭᠡᠳ 13.5% ᠪᠠᠷ ᠨᠡᠮᠡᠭᠳᠡᠪᠡ︔ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠬᠦᠮᠦᠨ ᠪᠦᠷᠢ ᠳᠤ ᠲᠡᠭᠰᠢᠳᠬᠡᠭᠰᠡᠨ ᠬᠤᠪᠢᠶᠠᠷᠢᠯᠠᠵᠤ ᠪᠣᠯᠬᠤ ᠣᠷᠤᠯᠭ᠎ᠠ ᠨᠢ 2010 ᠣᠨ ᠤ 12410 | ᠲᠦᠭᠦᠷᠢᠭ ᠪᠠ 5080 ᠲᠦᠭᠦᠷᠢᠭ ᠠᠴᠠ ᠨᠡᠮᠡᠭᠳᠡᠭᠡᠳ 22330 ᠲᠦᠭᠦᠷᠢᠭ ᠪᠠ 7841 ᠲᠦᠭᠦᠷᠢᠭ ᠪᠣᠯᠵᠤ᠂ | ᠵᠢᠯ ᠪᠦᠷᠢ ᠲᠡᠭᠰᠢᠳᠬᠡᠭᠡᠳ ᠲᠤᠰ ᠲᠤᠰ 12.5% ᠪᠠ 11.2% ᠢᠶᠠᠷ ᠨᠡᠮᠡᠭᠳᠡᠪᠡ᠃ | — ᠡᠨᠡᠬᠦ ᠲᠠᠪᠤᠨ ᠵᠢᠯ᠂ ᠠᠵᠤ ᠦᠢᠯᠡᠰ ᠤᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ ᠠᠵᠤ | ᠦᠢᠯᠡᠳᠪᠦᠷᠢ ᠶᠢᠨ ᠭᠤᠣᠯᠯᠠᠬᠤ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠥᠩᠭᠡᠲᠦ ᠲᠡᠮᠦᠷᠯᠢᠭ | ᠤᠨ ᠠᠭᠤᠷᠬᠠᠢ ᠶᠢᠨ ᠴᠢᠯᠠᠭᠤ ᠶᠢᠨ ᠬᠠᠳᠠᠭᠠᠯᠠᠭᠳᠠᠴᠠ ᠨᠢ 1.4 ᠳ᠋ᠦᠩᠰᠢᠭᠤᠷ ᠳᠤᠨ ᠬᠦᠷᠴᠦ᠂ ᠡᠳᠦᠷ ᠪᠦᠷᠢ ᠶᠢᠨ | ᠬᠦᠳᠡᠷ ᠰᠢᠯᠢᠬᠦ ᠴᠢᠳᠠᠪᠦᠷᠢ ᠨᠢ 2 ᠲᠦᠮᠡᠨ ᠳᠤᠨ ᠢ ᠳᠠᠪᠠᠵᠤ᠂ ᠵᠢᠯ ᠤᠨ ᠬᠠᠶᠢᠯᠤᠭᠤᠯᠬᠤ ᠴᠢᠳᠠᠪᠦᠷᠢ ᠨᠢ 20 | ᠲᠦᠮᠡᠨ ᠳᠤᠨ ᠳᠤ ᠬᠦᠷᠴᠡᠢ᠃ ᠠᠵᠤ ᠦᠢᠯᠡᠳᠪᠦᠷᠢ ᠶᠢᠨ ᠲᠣᠭᠤᠷᠢᠭ ᠲᠤ ᠰᠠᠭᠤᠷᠢᠰᠢᠭᠰᠠᠨ ᠠᠵᠤ ᠠᠬᠤᠶᠢᠯᠠᠯ 36 | ᠡᠷᠦᠬᠡ ᠪᠣᠯᠵᠤ᠂ 125 ᠳ᠋ᠦᠩᠰᠢᠭᠤᠷ ᠲᠦᠭᠦᠷᠢᠭ ᠤᠨ ᠦᠢᠯᠡᠳᠪᠦᠷᠢᠯᠡᠯ ᠤᠨ ᠦᠷᠲᠡᠭ ᠢ ᠪᠡᠶᠡᠯᠡᠭᠦᠯᠦᠨ᠂ ᠥᠪᠥᠷ | ᠮᠣᠩᠭᠤᠯ ᠤᠨ ᠵᠡᠭᠦᠨ ᠬᠡᠰᠡᠭ ᠣᠷᠤᠨ ᠳᠠᠬᠢ ᠥᠪᠡᠷᠲᠡᠭᠡᠨ ᠵᠠᠰᠠᠬᠤ ᠣᠷᠤᠨ ᠤ 13 ᠭᠤᠣᠯᠳᠠᠯᠭ᠎ᠠ ᠲᠠᠢ ᠲᠣᠭᠤᠷᠢᠭ | ᠤᠨ ᠨᠢᠭᠡ ᠪᠠᠷ ᠵᠢᠭᠰᠠᠭᠠᠭᠳᠠᠪᠠ᠃ ᠲᠠᠷᠢᠶᠠᠯᠠᠩ ᠮᠠᠯ ᠠᠵᠤ ᠠᠬᠤᠢ ᠶᠢᠨ ᠦᠨᠳᠦᠰᠦᠨ ᠪᠠᠶᠢᠷᠢ ᠰᠠᠭᠤᠷᠢ ᠶᠢ | ᠪᠠᠬᠢᠵᠢᠭᠦᠯᠵᠦ᠂ ᠲᠠᠷᠢᠶᠠᠨ ᠭᠠᠵᠠᠷ ᠤᠨ ᠲᠠᠯᠠᠪᠠᠢ ᠶᠢ 180 ᠲᠦᠮᠡᠨ ᠮᠦ ᠠᠴᠠ ᠳᠡᠭᠡᠭᠰᠢ ᠪᠠᠶᠢᠯᠭᠠᠨ᠂ ᠲᠠᠷᠢᠶᠠᠯᠠᠩ | ᠤᠨ ᠮᠠᠰᠢᠨᠴᠢᠯᠠᠯᠲᠠ ᠶᠢᠨ ᠨᠣᠷᠮ᠎ᠠ ᠶᠢ 60% ᠳᠤ ᠬᠦᠷᠭᠡᠵᠦ᠂ ᠪᠣᠷᠤᠯᠠᠭᠤᠯᠭ᠎ᠠ ᠶᠢᠨ ᠣᠷᠤᠯᠭ᠎ᠠ ᠨᠢ 500 ᠲᠦᠮᠡᠨ | ᠲᠦᠭᠦᠷᠢᠭ ᠠᠴᠠ ᠳᠡᠭᠡᠭᠰᠢᠬᠢ ᠲᠠᠷᠢᠶᠠᠯᠠᠩ ᠤᠨ ᠪᠦᠲᠦᠭᠡᠭᠳᠡᠬᠦᠨ ᠪᠠ ᠮᠠᠯ ᠤᠨ ᠠᠰᠢᠭ ᠰᠢᠮ᠎ᠡ ᠶᠢ ᠡᠳ᠋ᠰᠢᠭᠦᠯᠦᠨ | ᠪᠣᠯᠪᠠᠰᠤᠷᠠᠭᠤᠯᠬᠤ ᠠᠵᠤ ᠠᠬᠤᠶᠢᠯᠠᠯ 46 ᠪᠣᠯᠵᠠᠢ᠃ ᠦᠢᠯᠡᠴᠢᠯᠡᠭᠡᠨ ᠤ ᠦᠢᠯᠡᠰ ᠢ ᠲᠦᠷᠭᠡᠨ ᠬᠦᠭᠵᠢᠭᠦᠯᠵᠦ᠂ | ᠱᠠᠩ ᠵᠢᠩ ᠪᠤᠳᠠᠰ ᠤᠨ ᠭᠦᠢᠯᠭᠡᠭᠡᠨ ᠤ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠤᠨ᠂ | ᠳᠡᠭᠡᠳᠦ ᠨᠡᠶᠢᠰᠯᠡᠯ ᠭᠢᠳᠠᠨ ᠰᠤᠶᠤᠯ ᠤᠨ ᠠᠵᠤ ᠦᠢᠯᠡᠰ ᠤᠨ ᠪᠠᠷᠢᠯᠭ᠎ᠠ ᠳᠠᠭᠤᠰᠬᠤ ᠣᠶᠢᠷᠠᠲᠤᠵᠤ᠂ ᠯᠢᠶᠤᠤ ᠶᠢᠨ | ᠳᠡᠭᠡᠳᠦ ᠨᠡᠶᠢᠰᠯᠡᠯ ᠪᠣᠯᠤᠨ ᠳᠡᠭᠡᠳᠦᠰ ᠤᠨ ᠦᠯᠡᠳᠡᠭᠳᠡᠯ ᠪᠠᠭᠤᠷᠢ ᠨᠢ ᠳᠤᠮᠳᠠᠳᠤ ᠤᠯᠤᠰ ᠤᠨ ᠳᠡᠯᠡᠭᠡᠢ ᠶᠢᠨ ᠰᠤᠶᠤᠯ | ᠤᠨ ᠦᠪ ᠤᠨ ᠪᠡᠯᠡᠳᠬᠡᠯ ᠨᠡᠷᠡᠰ ᠲᠤ ᠵᠢᠭᠰᠠᠭᠠᠭᠳᠠᠵᠤ᠂ ᠨᠡᠶᠢᠲᠡ 235 ᠲᠦᠮᠡᠨ ᠵᠢᠭᠤᠯᠴᠢᠯᠠᠭᠴᠢᠳ ᠢ ᠬᠦᠯᠢᠶᠡᠨ | ᠠᠪᠴᠤ᠂ 23.2 ᠳ᠋ᠦᠩᠰᠢᠭᠤᠷ ᠲᠦᠭᠦᠷᠢᠭ ᠤᠨ ᠵᠢᠭᠤᠯᠴᠢᠯᠠᠯ ᠤᠨ ᠣᠷᠤᠯᠭ᠎ᠠ ᠣᠯᠪᠠ᠃ | — ᠡᠨᠡᠬᠦ ᠲᠠᠪᠤᠨ ᠵᠢᠯ᠂ ᠬᠤᠲᠠ ᠬᠦᠳᠡᠭᠡ ᠶᠢᠨ ᠥᠩᠭᠡ ᠳᠦᠷᠰᠦ ᠢᠯᠡᠳᠲᠡ ᠰᠠᠶᠢᠵᠢᠷᠠᠪᠠ᠃ ᠬᠤᠲᠠ | ᠶᠢᠨ ᠪᠠᠷᠠᠭᠤᠨ ᠲᠡᠭᠦᠷᠭᠡ ᠶᠢ ᠦᠨᠳᠦᠰᠦᠨ ᠳᠡᠭᠡᠨ ᠪᠠᠶᠢᠭᠤᠯᠵᠤ ᠳᠠᠭᠤᠰᠪᠠ᠃ ᠬᠠᠭᠤᠴᠢᠨ ᠬᠤᠲᠠ ᠲᠣᠭᠤᠷᠢᠭ ᠤᠨ | ᠤᠰᠤ᠂ ᠴᠠᠬᠢᠯᠭᠠᠨ᠂ ᠵᠠᠮ ᠪᠣᠯᠤᠨ ᠣᠳᠣ ᠪᠠᠶᠢᠭ᠎ᠠ ᠣᠷᠤᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ | ᠦᠭᠡᠷᠡᠴᠢᠯᠡᠯᠲᠡ ᠶᠢ ᠯᠠᠪᠳᠠᠭᠤᠨ ᠠᠬᠢᠭᠤᠯᠪᠠ᠃ ᠰᠢᠨ᠎ᠡ ᠮᠠᠯᠵᠢᠬᠤ ᠲᠠᠷᠢᠶᠠᠯᠠᠬᠤ ᠣᠷᠤᠨ ᠤ ᠬᠦᠭᠵᠢᠯᠲᠡ ᠶᠢ | ᠲᠦᠷᠭᠡᠳᠬᠡᠵᠦ᠂ 139 ᠭᠠᠴᠠᠭ᠎ᠠ ᠲᠤᠰᠬᠤᠨ ᠳᠤ ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠪᠡᠶᠡᠯᠡᠭᠦᠯᠪᠡ᠃ | 66 ᠺᠢᠯᠦᠸᠣᠯᠲ ᠠᠮᠫᠧᠷ ᠤᠨ ᠴᠠᠬᠢᠯᠭᠠᠨ ᠬᠤᠪᠢᠰᠬᠠᠬᠤ ᠦᠷᠲᠡᠭᠡ 4 ᠰᠢᠨ᠎ᠡ ᠪᠠᠷ ᠪᠠᠶᠢᠭᠤᠯᠵᠤ᠂ ᠴᠠᠬᠢᠯᠭᠠᠨ | ᠬᠦᠷᠭᠡᠬᠦ ᠬᠡᠯᠬᠢᠶ᠎ᠡ 74.5 ᠺᠢᠯᠦᠮᠧᠲᠷ ᠲᠠᠲᠠᠪᠠ᠃ ᠵᠠᠰᠠᠮᠠᠯ ᠵᠠᠮ ᠤᠨ ᠲᠡᠷᠭᠡ ᠨᠡᠪᠲᠡᠷᠡᠬᠦ ᠵᠠᠮ ᠤᠨ ᠤᠷᠲᠤ ᠨᠢ | 1200 ᠺᠢᠯᠦᠮᠧᠲᠷ ᠬᠦᠷᠴᠦ᠂ ᠭᠠᠴᠠᠭ᠎ᠠ ᠲᠤᠰᠬᠤᠨ ᠳᠤ ᠲᠣᠰᠤᠨ ︵ᠱᠦᠢᠨᠢ︶ ᠵᠠᠮ ᠨᠡᠪᠲᠡᠷᠡᠭᠰᠡᠨ ᠨᠣᠷᠮ᠎ᠠ ᠨᠢ | 86% ᠳᠤ ᠬᠦᠷᠴᠡᠢ᠃ ᠬᠦᠳᠡᠭᠡ ᠲᠤᠰᠬᠤᠨ ᠮᠠᠯᠵᠢᠬᠤ ᠣᠷᠤᠨ ᠤ ᠠᠮᠦᠷ ᠲᠦᠪᠰᠢᠨ ᠤᠤᠭᠤᠬᠤ ᠤᠰᠤᠨ ᠤ | ᠢᠨᠵᠧᠨᠧᠷᠢᠩ 217 ᠬᠡᠰᠡᠭ ᠨᠠᠶᠢᠳᠠᠪᠦᠷᠢᠵᠢᠭᠤᠯᠵᠤ᠂ 15.5 ᠲᠦᠮᠡᠨ ᠬᠦᠮᠦᠨ ᠠᠷᠠᠳ ᠤᠨ ᠤᠤᠭᠤᠬᠤ ᠤᠰᠤᠨ ᠤ | ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ 53.4 ᠲᠦᠮᠡᠨ ᠮᠦ ᠣᠶᠢᠵᠢᠭᠤᠯᠵᠤ᠂ ᠣᠢ ᠰᠢᠭᠤᠢ ᠶᠢᠨ | ᠪᠦᠷᠬᠦᠴᠡ ᠨᠢ 32.2% ᠠᠴᠠ ᠪᠠᠨ ᠨᠡᠮᠡᠭᠳᠡᠭᠡᠳ 34.5% ᠪᠣᠯᠵᠤ᠂ ᠤᠯᠠᠭᠠᠨᠳᠠᠪᠠᠭ᠎ᠠ ᠪᠠᠶᠢᠭᠠᠯᠢ ᠶᠢᠨ | ᠬᠠᠮᠠᠭᠠᠯᠠᠯᠲᠠ ᠶᠢᠨ ᠣᠷᠤᠨ ᠨᠢ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ ᠪᠣᠯᠵᠠᠢ᠃ | — ᠡᠨᠡᠬᠦ ᠲᠠᠪᠤᠨ ᠵᠢᠯ᠂ ᠦᠭᠡᠷᠡᠴᠢᠯᠡᠯᠲᠡ ᠨᠡᠭᠡᠭᠡᠯᠲᠡ ᠶᠢ ᠭᠦᠨᠵᠡᠭᠡᠢ ᠠᠬᠢᠭᠤᠯᠪᠠ᠃ ᠰᠤᠮᠤ ᠰᠢᠶᠠᠩ | ᠪᠠᠯᠭᠠᠰᠤ ᠶᠢᠨ ᠵᠠᠰᠠᠭ ᠵᠠᠬᠢᠷᠭᠠᠨ ᠤ ᠬᠤᠪᠢᠶᠠᠷᠢᠯᠠᠯ ᠢ ᠰᠢᠨ᠎ᠡ ᠪᠠᠷ ᠳᠣᠬᠢᠷᠠᠭᠤᠯᠪᠠ᠃ ᠢᠳᠡᠭᠡᠨ ᠪᠠ ᠡᠮ ᠤᠨ ᠵᠦᠢᠯᠡᠰ | ᠂ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠤᠨ ᠬᠢᠨᠠᠨ ᠪᠠᠶᠢᠴᠠᠭᠠᠯᠲᠠ᠂ ᠡᠷᠡᠭᠦᠯ ᠬᠠᠮᠠᠭᠠᠯᠠᠯ ᠪᠣᠯᠤᠨ | ᠲᠦᠯᠦᠪᠯᠡᠭᠡᠲᠦ ᠦᠷᠡᠵᠢᠯ ᠵᠡᠷᠭᠡ ᠰᠠᠯᠠᠭ᠎ᠠ ᠮᠦᠴᠢᠷ ᠤᠨ ᠪᠠᠶᠢᠭᠤᠯᠤᠮᠵᠢ ᠶᠢ ᠦᠭᠡᠷᠡᠴᠢᠯᠡᠵᠦ᠂ ᠵᠠᠰᠠᠭ ᠤᠨ ᠣᠷᠳᠤᠨ | ᠤ 76 ᠰᠠᠯᠠᠭ᠎ᠠ ᠮᠦᠴᠢᠷ ᠢ ᠬᠠᠰᠤᠨ ᠨᠡᠶᠢᠯᠡᠭᠦᠯᠬᠦ ᠪᠠ ᠳᠦᠷᠢᠮᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ | ᠵᠦᠢᠯᠡᠰ 25.4% ᠪᠠᠭᠠᠰᠴᠠᠢ᠃ ᠬᠠᠮᠲᠤ ᠶᠢᠨ ᠣᠢ ᠰᠢᠭᠤᠢ ᠶᠢᠨ ᠡᠷᠬᠡ ᠶᠢᠨ ᠳᠦᠷᠢᠮ ᠤᠨ ᠭᠤᠣᠯ ᠴᠣᠭᠴᠠ | ᠶᠢᠨ ᠦᠭᠡᠷᠡᠴᠢᠯᠡᠯᠲᠡ ᠶᠢᠨ ᠡᠭᠦᠷᠭᠡ ᠶᠢ 347.8 ᠲᠦᠮᠡᠨ ᠮᠦ ᠨᠠᠶᠢᠳᠠᠪᠦᠷᠢᠵᠢᠭᠤᠯᠵᠤ᠂ ᠡᠷᠬᠡ ᠶᠢ ᠳᠣᠲᠤᠷᠬᠠᠶᠢᠯᠠᠨ | ᠦᠨᠡᠮᠯᠡᠯ ᠲᠠᠷᠬᠠᠭᠠᠭᠰᠠᠨ ᠨᠣᠷᠮ᠎ᠠ ᠨᠢ 97.8% ᠳᠤ ᠬᠦᠷᠴᠡᠢ᠃ ᠥᠪᠡᠷᠲᠡᠭᠡᠨ ᠵᠠᠰᠠᠬᠤ ᠣᠷᠤᠨ ᠤ ︽ᠬᠦᠳᠡᠭᠡ | ᠲᠤᠰᠬᠤᠨ ᠤ ᠭᠠᠵᠠᠷ ᠰᠢᠷᠤᠢ ᠶᠢᠨ ᠡᠷᠬᠡ ᠶᠢ ᠲᠣᠳᠤᠷᠬᠠᠶᠢᠯᠠᠨ ᠳᠠᠩᠰᠠᠯᠠᠵᠤ ᠦᠨᠡᠮᠯᠡᠯ ᠲᠠᠷᠬᠠᠭᠠᠬᠤ ᠲᠤᠷᠰᠢᠯᠲᠠ ᠶᠢᠨ | ᠴᠢᠭᠲᠦ ᠬᠤᠰᠢᠭᠤ︾ ᠪᠠᠷ ᠵᠢᠭᠰᠠᠭᠠᠭᠳᠠᠪᠠ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ᠂ ᠡᠮ ᠡᠮᠨᠡᠯᠭᠡ ᠶᠢᠨ | ᠪᠠᠶᠢᠭᠤᠯᠦᠮᠵᠢ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠤᠰᠢᠭᠤᠨ ᠤ ᠠᠯᠪᠠᠨ | ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠦᠩᠬᠡᠢ ᠦᠭᠡᠷᠡᠴᠢᠯᠡᠯᠲᠡ ᠶᠢ ᠠᠬᠢᠭᠤᠯᠤᠨ᠂ ᠦᠨᠳᠦᠰᠦᠨ ᠡᠮ ᠢ | ᠬᠤᠳᠠᠯᠳᠤᠨ ᠠᠪᠤᠭᠰᠠᠨ ᠦᠨ᠎ᠡ ᠬᠠᠩᠰᠢ ᠪᠠᠷ ᠪᠣᠷᠤᠯᠠᠭᠤᠯᠪᠠ᠃ ᠭᠠᠳᠠᠭᠠᠲᠤ ᠲᠠᠢ ᠦᠷᠭᠡᠨ ᠢᠶᠠᠷ ᠬᠠᠮᠲᠤᠷᠠᠨ | ᠠᠵᠢᠯᠯᠠᠵᠤ᠂ ᠨᠡᠶᠢᠲᠡ 491 ᠲᠦᠷᠦᠯ ᠵᠦᠢᠯ ᠣᠷᠤᠭᠤᠯᠤᠨ᠂ 352.9 ᠳ᠋ᠦᠩᠰᠢᠭᠤᠷ ᠲᠦᠭᠦᠷᠢᠭ | ᠨᠠᠶᠢᠳᠠᠪᠦᠷᠢᠵᠢᠭᠤᠯᠪᠠ᠃ | — ᠡᠨᠡᠬᠦ ᠲᠠᠪᠤᠨ ᠵᠢᠯ᠂ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠪᠠ᠃ 70 ᠳ᠋ᠦᠩᠰᠢᠭᠤᠷ | ᠲᠦᠭᠦᠷᠢᠭ ᠤᠨ ᠪᠡᠯᠡ ᠣᠷᠤᠭᠤᠯᠵᠤ᠂ ᠠᠷᠠᠳ ᠤᠨ ᠠᠮᠢᠳᠤᠷᠠᠯ ᠤᠨ ᠠᠵᠢᠯᠯᠠᠭᠠᠨ ᠤ ᠲᠦᠯᠦᠪᠯᠡᠭᠡ 267 ᠵᠦᠢᠯ | ᠨᠠᠶᠢᠳᠠᠪᠦᠷᠢᠵᠢᠭᠤᠯᠪᠠ᠃ ᠬᠢᠮᠳᠠ ᠪᠠ ᠨᠡᠶᠢᠲᠡ ᠶᠢᠨ ᠳᠦᠷᠢᠶᠡᠰᠦᠨ ᠭᠡᠷ 1471 ᠢᠵᠢ ᠪᠠᠶᠢᠭᠤᠯᠤᠨ᠂ ᠬᠤᠲᠠ ᠶᠢᠨ | 1972 ᠡᠷᠦᠬᠡ ᠶᠢᠨ ᠳᠦᠭᠦᠮ ᠪᠦᠲᠦᠴᠡᠲᠦ ᠣᠷᠤᠨ ᠰᠠᠭᠤᠴᠠ ᠪᠠ ᠬᠦᠳᠡᠭᠡ ᠲᠤᠰᠬᠤᠨ ᠤ 21243 ᠡᠷᠦᠬᠡ | ᠶᠢᠨ ᠠᠶᠤᠯᠲᠠᠢ ᠭᠡᠷ ᠪᠠᠶᠢᠰᠢᠩ ᠢ ᠵᠠᠰᠠᠨ ᠦᠭᠡᠷᠡᠴᠢᠯᠡᠪᠡ᠃ ᠰᠤᠷᠭᠠᠭᠤᠯᠢ ᠶᠢᠨ ᠠᠮᠤᠷ ᠲᠥᠪᠰᠢᠨ ᠤ ᠢᠨᠵᠧᠨᠧᠷᠢᠩ ᠢ | ᠦᠨᠳᠦᠰᠦᠨ ᠳᠡᠭᠡᠨ ᠪᠡᠶᠡᠯᠡᠭᠦᠯᠪᠡ᠃ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠶᠡᠭᠡ ᠰᠤᠷᠭᠠᠭᠤᠯᠢ ᠶᠢᠨ ᠵᠢᠩᠬᠢᠨᠢ | ᠠᠩᠬᠢ ᠳᠤ ᠰᠢᠯᠭᠠᠭᠳᠠᠨ ᠣᠷᠤᠭᠰᠠᠨ ᠨᠣᠷᠮ᠎ᠠ ᠨᠢ ᠥᠪᠡᠷᠲᠡᠭᠡᠨ ᠵᠠᠰᠠᠬᠤ ᠣᠷᠤᠨ ᠪᠠ ᠤᠯᠠᠭᠠᠨᠬᠠᠳᠠ ᠬᠤᠲᠠ ᠶᠢᠨ | ᠳᠤᠮᠳᠠᠴᠢ ᠲᠥᠪᠰᠢᠨ ᠠᠴᠠ ᠭᠤᠷᠪᠠᠨ ᠵᠢᠯ ᠳᠠᠷᠠᠭᠠᠯᠠᠨ ᠦᠨᠳᠦᠷ ᠪᠠᠶᠢᠪᠠ᠃ ᠬᠤᠰᠢᠭᠤ ᠳᠡᠰ ᠤᠨ ᠡᠮᠨᠡᠯᠭᠡ ᠶᠢᠨ | ᠬᠤᠷᠢᠶ᠎ᠠ 2᠂ ᠡᠷᠡᠭᠦᠯ ᠬᠠᠮᠠᠭᠠᠯᠠᠯ ᠤᠨ ᠬᠢᠨᠠᠨ ᠬᠠᠮᠢᠶᠠᠷᠤᠯᠲᠠ ᠶᠢᠨ ᠰᠠᠯᠪᠤᠷᠢ 1᠂ ᠰᠤᠮᠤ ᠰᠢᠶᠠᠩ ᠪᠠᠯᠭᠠᠰᠤ ᠶᠢᠨ | ᠡᠷᠡᠭᠦᠯ ᠬᠠᠮᠠᠭᠠᠯᠠᠯ ᠤᠨ ᠬᠤᠷᠢᠶ᠎ᠠ 11᠂ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ 132 ᠰᠢᠨ᠎ᠡ | ᠪᠠᠷ ᠪᠠᠶᠢᠭᠤᠯᠤᠭᠰᠠᠨ ᠪᠠ ᠦᠷᠭᠡᠳᠬᠡᠨ ᠪᠠᠶᠢᠭᠤᠯᠪᠠ᠃ ᠬᠤᠲᠠ ᠪᠠᠯᠭᠠᠰᠤ ᠶᠢᠨ ᠠᠵᠢᠯ ᠠᠯᠳᠠᠭᠰᠠᠳ ᠤᠨ ᠨᠣᠷᠮ᠎ᠠ ᠶᠢ | 4% ᠳᠣᠲᠤᠷ᠎ᠠ ᠬᠢᠵᠠᠭᠠᠷᠯᠠᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ | ᠣᠷᠤᠯᠴᠠᠭᠰᠠᠨ ᠬᠦᠮᠦᠨ ᠤ ᠲᠤᠭ᠎ᠠ 15 ᠲᠦᠮᠡ ᠬᠦᠷᠴᠦ᠂ 6.5 ᠲᠦᠮᠡᠨ ᠬᠦᠮᠦᠨ ᠢ ᠶᠠᠳᠠᠭᠤ ᠠᠴᠠ | ᠠᠩᠭᠢᠵᠢᠷᠠᠭᠤᠯᠪᠠ᠃ ᠡᠯ᠎ᠡ ᠵᠦᠢᠯ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠮᠦᠩᠭᠦ ᠨᠡᠶᠢᠲᠡ 5.8 | ᠳ᠋ᠦᠩᠰᠢᠭᠤᠷ ᠲᠦᠭᠦᠷᠢᠭ ᠲᠠᠷᠬᠠᠭᠠᠵᠤ᠂ ᠨᠡᠶᠢᠭᠡᠮ ᠤᠨ ᠪᠠᠶᠢᠳᠠᠯ ᠡᠶ᠎ᠡ ᠵᠣᠬᠢᠴᠠᠯ ᠲᠠᠢ ᠪᠦᠭᠡᠳ ᠲᠣᠭᠲᠠᠭᠤᠨ ᠪᠠᠶᠢᠬᠤ | ᠶᠢ ᠪᠠᠲᠤᠯᠠᠵᠠᠢ᠃ | ᠲᠠᠪᠤᠨ ᠵᠢᠯ ᠤᠨ ᠲᠤᠷᠰᠢᠬᠢ ᠲᠠᠰᠤᠷᠠᠯᠲᠠ ᠦᠭᠡᠢ ᠬᠦᠭᠵᠢᠯᠲᠡ ᠪᠠᠷ ᠳᠠᠮᠵᠢᠵᠤ᠂ ︽ᠠᠷᠪᠠᠨ ᠬᠤᠶᠠᠳᠤᠭᠠᠷ | ᠲᠠᠪᠤᠨ ᠵᠢᠯ︾ ᠠᠮᠵᠢᠯᠲᠠ ᠲᠠᠢ ᠰᠡᠭᠦᠯ ᠬᠤᠷᠢᠶᠠᠵᠤ᠂ ᠬᠤᠶᠢᠰᠢᠲᠠ ᠶᠢᠨ ᠨᠢᠭᠡ ᠬᠤᠭᠤᠴᠠᠭᠠᠨ ᠤ ᠬᠦᠭᠵᠢᠯᠲᠡ ᠳᠤ | ᠰᠠᠭᠤᠷᠢ ᠲᠠᠯᠪᠢᠨ᠂ ᠳᠠᠪᠠᠭᠤᠯᠢᠭ ᠢ ᠨᠡᠮᠡᠭᠳᠡᠭᠦᠯᠵᠦ᠂ ᠬᠦᠴᠦᠨ ᠴᠢᠳᠠᠯ ᠬᠤᠷᠠᠮᠳᠤᠭᠤᠯᠪᠠ᠃ ᠡᠳᠡᠭᠡᠷ ᠦᠷ᠎ᠡ | ᠪᠦᠲᠦᠮᠵᠢ ᠪᠣᠯ ᠬᠤᠰᠢᠭᠤ ᠨᠠᠮ ᠤᠨ ᠬᠤᠷᠢᠶᠠᠨ ᠤ ᠰᠢᠨᠵᠢᠯᠡᠬᠦ ᠤᠬᠠᠭᠠᠨᠴᠢ ᠪᠣᠳᠤᠯᠭ᠎ᠠ ᠲᠣᠭᠲᠠᠭᠠᠬᠤ ᠪᠠ ᠴᠢᠩᠭ᠎ᠠ | ᠤᠳᠤᠷᠢᠳᠤᠯᠭ᠎ᠠ ᠶᠢᠨ ᠠᠴᠢ ᠭᠠᠪᠢᠶ᠎ᠠ ᠶᠣᠮ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ | ᠤᠯᠤᠰ ᠲᠦᠷᠦ ᠶᠢᠨ ᠵᠦᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠠᠢ ᠬᠢᠨᠠᠯᠲᠠ ᠪᠣᠯᠤᠨ | ᠳᠡᠮᠵᠢᠯᠭᠡ ᠶᠢᠨ ᠠᠴᠢ ᠭᠠᠪᠢᠶ᠎ᠠ ᠶᠣᠮ᠂ ᠪᠠᠰᠠᠴᠤ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠪᠦᠯᠬᠦᠮᠳᠡᠯ | ᠬᠠᠮᠵᠢᠯᠴᠠᠭ᠎ᠠ ᠪᠣᠯᠤᠨ ᠨᠡᠭᠡᠭᠡᠯᠲᠡ ᠴᠢᠷᠮᠠᠶᠢᠯᠭ᠎ᠠ ᠶᠢᠨ ᠠᠴᠢ ᠭᠠᠪᠢᠶ᠎ᠠ ᠶᠣᠮ᠃ ᠠᠳᠡ ᠪᠢ᠂ ᠬᠤᠰᠢᠭᠤ ᠠᠷᠠᠳ ᠤᠨ | ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠪᠣᠯᠤᠨ | ᠪᠠᠭᠠᠷᠢᠨ ᠵᠡᠭᠦᠨ ᠬᠤᠰᠢᠭᠤᠨ ᠤ ᠬᠦᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠪᠦᠬᠦᠶᠢᠯᠡ ᠬᠦᠮᠦᠰ ᠵᠢᠴᠢ | ᠪᠠᠭᠠᠷᠢᠨ ᠵᠡᠭᠦᠨ ᠬᠤᠰᠢᠭᠤᠨ ᠤ ᠠᠵᠢᠯ ᠢ ᠬᠠᠯᠠᠮᠵᠢᠯᠠᠨ ᠳᠡᠮᠵᠢᠭᠰᠡᠨ ᠠᠬ᠎ᠠ ᠳᠡᠭᠦᠦ ᠨᠠᠷ ᠲᠤ ᠴᠢᠩ ᠰᠡᠳᠬᠢᠯ ᠤᠨ | ᠲᠠᠯᠠᠷᠬᠠᠯ ᠪᠠ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕ | ᠦᠷ᠎ᠡ ᠪᠦᠲᠦᠮᠵᠢ ᠪᠠᠨ ᠳ᠋ᠦᠩᠨᠡᠬᠦ ᠶᠢᠨ ᠬᠠᠮᠲᠤ ᠪᠢᠳᠡ ᠪᠠᠰᠠ ᠪᠦᠬᠦ ᠬᠤᠰᠢᠭᠤᠨ ᠤ ᠠᠵᠤ ᠠᠬᠤᠢ ᠨᠡᠶᠢᠭᠡᠮ | ᠤᠨ ᠬᠦᠭᠵᠢᠯᠲᠡ ᠳᠤᠮᠳᠠ ᠣᠯᠠᠨ ᠬᠦᠴᠢᠷᠳᠡᠯ ᠪᠣᠯᠣᠨ ᠠᠰᠠᠭᠤᠳᠠᠯ ᠣᠷᠤᠰᠢᠵᠤ ᠪᠠᠶᠢᠬᠤ ᠶᠢ ᠰᠡᠷᠭᠡᠭ ᠢᠶᠠᠷ ᠣᠯᠵᠤ | ᠲᠠᠨᠢᠪᠠ᠃ ᠭᠤᠣᠯᠳᠠᠭᠤ᠄ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠠᠨᠠᠢ᠂ ᠠᠭᠠᠷ ᠮᠠᠨᠳᠠᠯ᠂ ᠤᠰᠤ ᠵᠢᠴᠢ | ᠬᠦᠷᠦᠰᠦ ᠰᠢᠷᠤᠢ ᠶᠢᠨ ᠪᠣᠬᠢᠷᠳᠤᠯ ᠮᠦᠨ ᠣᠷᠤᠰᠢᠭᠰᠠᠭᠠᠷ︔ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ | ᠤᠨ ᠪᠦᠲᠦᠴᠡ ᠵᠣᠬᠢᠰ ᠦᠭᠡᠢ᠂ ᠬᠦᠳᠡᠭᠡ ᠲᠤᠰᠬᠤᠨ ᠮᠠᠯᠵᠢᠬᠤ ᠣᠷᠤᠨ ᠤ ᠬᠦᠭᠵᠢᠯᠲᠡ ᠶᠢᠨ ᠰᠠᠭᠤᠷᠢ ᠨᠢ | ᠦᠷᠢᠲᠦᠯ ᠶᠡᠭᠡ᠂ ᠬᠡᠰᠡᠭ ᠮᠠᠯᠴᠢᠨ ᠲᠠᠷᠢᠶᠠᠴᠢᠳ ᠤᠨ ᠠᠮᠢᠳᠤᠷᠠᠯ ᠮᠦᠨ ᠬᠦᠴᠢᠷᠲᠠᠢ ᠪᠠᠶᠢᠭᠰᠠᠭᠠᠷ︔ ᠠᠵᠤ | ᠦᠢᠯᠡᠳᠪᠦᠷᠢ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠶᠠᠰᠤ ᠴᠢᠨᠠᠷ ᠪᠣᠯᠤᠨ ᠦᠷ᠎ᠡ ᠠᠰᠢᠭ ᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ︔ ᠰᠤᠶᠤᠯ ᠪᠠ ᠵᠢᠭᠤᠯᠴᠢᠯᠠᠯ ᠤᠨ ᠡᠬᠢ ᠰᠤᠷᠪᠤᠯᠵᠢ ᠶᠢ ᠭᠦᠢᠴᠡᠳ | ᠠᠰᠢᠭᠯᠠᠵᠤ ᠳᠡᠶᠢᠯᠦᠭᠡᠳᠦᠢ ᠪᠠᠶᠢᠵᠤ᠂ ᠬᠤᠶᠠᠭᠤᠯᠠ ᠶᠢ ᠨᠢᠭᠡᠲᠦᠭᠦᠯᠦᠨ ᠬᠦᠭᠵᠢᠭᠦᠯᠬᠦ ᠡᠭᠦᠷᠭᠡ ᠬᠦᠨᠳᠦ ᠵᠠᠮ ᠤᠷᠲᠤ | ᠪᠠᠶᠢᠭᠰᠠᠭᠠᠷ︔ ᠣᠯᠠᠨ ᠨᠡᠶᠢᠲᠡ ᠶᠢᠨ ᠦᠢᠯᠡᠴᠢᠯᠡᠭᠡᠨ ᠢ ᠬᠦᠳᠡᠭᠡ ᠲᠤᠰᠬᠤᠨ ᠮᠠᠯᠵᠢᠬᠤ ᠣᠷᠣᠨ ᠳᠤ ᠬᠦᠷᠭᠡᠬᠦ ᠶᠢ | ᠳᠠᠭᠠᠯᠳᠤᠨ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠬᠤ ᠪᠠ ᠰᠠᠶᠢᠵᠢᠷᠠᠭᠤᠯᠬᠤ ᠳᠤ ᠨᠡᠩ ᠴᠢᠷᠮᠠᠶᠢᠬᠤ | ᠴᠢᠬᠤᠯᠠᠲᠠᠢ︔ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ᠵᠠᠰᠠᠭ ᠢ ᠴᠣᠮᠬᠠᠳᠬᠠᠵᠤ ᠡᠷᠬᠡ | ᠶᠢ ᠲᠠᠯᠪᠢᠵᠤ ᠳᠡᠶᠢᠯᠦᠭᠡᠳᠦᠢ ᠪᠠᠶᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠤᠨ ᠪᠠᠶᠢᠭᠤᠯᠤᠯᠲᠠ ᠶᠢ | ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ︔ ᠡᠳᠡᠭᠡᠷ ᠠᠰᠠᠭᠤᠳᠠᠯ ᠤᠳ ᠢ ᠪᠢᠳᠡ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠴᠢᠩᠭ᠎ᠠ ᠠᠳᠬᠤᠨ᠂ ᠦᠷᠭᠦᠯᠵᠢᠯᠡᠨ ᠦᠷ᠎ᠡ ᠪᠦᠲᠦᠮᠵᠢ ᠭᠠᠷᠭᠠᠵᠤ᠂ ᠠᠰᠠᠭᠤᠳᠠᠯ ᠤᠨ | ᠲᠦᠷᠭᠡᠨ ᠪᠦᠭᠡᠳ ᠪᠦᠲᠦᠮᠵᠢᠲᠠᠢ ᠰᠢᠢᠳᠪᠦᠷᠢᠯᠡᠭᠳᠡᠬᠦ ᠶᠢ ᠠᠬᠢᠭᠤᠯᠤᠨ᠎ᠠ᠃ | ᠬᠤᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠪᠠᠷᠠᠯᠠᠯ ᠬᠢᠭᠡᠳ 2016 ᠣᠨ ᠤ ᠭᠤᠣᠯ | ᠡᠭᠦᠷᠭᠡ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠬᠤᠰᠢᠭᠤᠨ ᠤ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠢᠯᠠᠵᠤ ᠢᠯᠠᠭᠳᠠᠬᠤ ᠵᠠᠩᠭᠢᠯᠠᠭ᠎ᠠ ᠶᠢᠨ ᠬᠤᠭᠤᠴᠠᠭ᠎ᠠ᠂ ᠦᠭᠡᠷᠡᠴᠢᠯᠡᠯᠲᠡ | ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠬᠢᠯᠡᠯᠲᠡ ᠶᠢ ᠰᠢᠪᠲᠤᠯᠬᠤ ᠬᠤᠭᠤᠴᠠᠭ᠎ᠠ᠂ ᠮᠦᠨᠴᠦ ᠪᠦᠬᠦ ᠲᠠᠯ᠎ᠠ ᠪᠠᠷ | ᠬᠠᠤᠯᠢ ᠪᠠᠷ ᠬᠤᠰᠢᠭᠤ ᠪᠠᠨ ᠵᠠᠰᠠᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠬᠤᠰᠢᠭᠤ ᠨᠠᠮ ᠤᠨ ᠬᠤᠷᠢᠶᠠᠨ ᠤ | ︽ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠦᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ | ᠤᠨ ᠲᠦᠯᠦᠪᠵᠢᠭᠦᠯᠭᠡ ᠶᠢ ᠲᠣᠭᠲᠠᠭᠠᠬᠤ ᠲᠤᠬᠠᠢ ᠰᠠᠨᠠᠯ︾ ᠪᠠ ᠬᠤᠰᠢᠭᠤ ᠨᠠᠮ ᠤᠨ ᠬᠤᠷᠢᠶᠠᠨ ᠤ ᠠᠷᠪᠠᠨ | ᠳᠦᠷᠪᠡᠳᠦᠭᠡᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ | ᠦᠨᠳᠦᠰᠦᠯᠡᠵᠦ᠂ ᠪᠢᠳᠡ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠪᠦᠬᠦ ᠬᠤᠰᠢᠭᠤᠨ ᠤ | ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠶᠡᠷᠦᠩᠬᠡᠢ ᠱᠠᠭᠠᠷᠳᠠᠯᠭ᠎ᠠ᠂ ᠵᠢᠱᠢᠭᠰᠡᠨ ᠭᠤᠣᠯ ᠬᠠᠷᠠᠯᠲᠠ ᠵᠢᠴᠢ | ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠭᠲᠠᠭᠠᠪᠠ᠃ ᠡᠳᠡᠭᠡᠷ ᠠᠭᠤᠯᠭ᠎ᠠ ᠶᠢ ᠨᠢᠭᠡᠨᠲᠡ ︽ᠪᠠᠭᠠᠷᠢᠨ ᠵᠡᠭᠦᠨ | ᠬᠤᠰᠢᠭᠤᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠦᠭᠵᠢᠯᠲᠡ ᠶᠢᠨ ᠠᠷᠪᠠᠨ ᠭᠤᠷᠪᠠᠳᠤᠭᠠᠷ | ᠲᠠᠪᠤᠨ ᠵᠢᠯ ᠤᠨ ᠲᠦᠯᠦᠪᠵᠢᠭᠦᠯᠭᠡ ᠶᠢᠨ ᠬᠦᠲᠦᠯᠪᠦᠷᠢ ︵ᠡᠬᠡ ᠨᠣᠣᠷᠠᠭ︶︾ ᠲᠤ ᠪᠦᠬᠦ ᠲᠠᠯ᠎ᠠ ᠪᠠᠷ ᠢᠯᠡᠷᠡᠭᠦᠯᠵᠦ᠂ | ᠲᠤᠰ ᠤᠳᠠᠭᠠᠨ ᠤ ᠬᠤᠷᠠᠯ ᠢᠶᠠᠷ ᠬᠢᠨᠠᠨ ᠵᠦᠪᠯᠡᠬᠦ ᠪᠠᠷ ᠲᠤᠰᠢᠶᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠲᠦᠯᠦᠪᠵᠢᠭᠦᠯᠭᠡ ᠨᠢ ᠨᠡᠶᠢᠭᠡᠮ ᠤᠨ ᠡᠯ᠎ᠡ ᠲᠠᠯ᠎ᠠ ᠶᠢᠨ ᠤᠶᠤᠨ ᠤᠬᠠᠭᠠᠨ ᠢ ᠨᠢᠭᠲᠠᠷᠠᠭᠤᠯᠵᠤ᠂ ᠪᠦᠬᠦ | ᠬᠤᠰᠢᠭᠤᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠠᠴᠢᠶᠠᠯᠠᠵᠤ ᠪᠣᠢ᠃ ᠢᠷᠡᠬᠦ ᠲᠠᠪᠤᠨ ᠵᠢᠯ᠂ ᠪᠢᠳᠡ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠠᠷᠠᠯᠲᠠ ᠶᠢᠨ ᠲᠣᠭᠤᠷᠢᠨ ᠳᠤ᠂ ᠬᠦᠭᠵᠢᠯᠲᠡ | ᠶᠢᠨ ᠡᠭᠦᠷᠭᠡ ᠶᠢ ᠴᠢᠩᠭ᠎ᠠ ᠪᠠᠷᠢᠮᠲᠠᠯᠠᠵᠤ᠂ ᠰᠢᠷᠭᠠᠭᠤ ᠬᠦᠳᠡᠯᠮᠦᠷᠢᠯᠡᠨ᠂ ᠴᠢᠷᠮᠠᠶᠢᠨ ᠲᠡᠮᠡᠴᠡᠵᠦ᠂ ᠠᠵᠤ ᠠᠬᠤᠢ ᠶᠢᠨ | ᠬᠦᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ | ᠲᠠᠰᠤᠷᠠᠯᠲᠠ ᠦᠭᠡᠢ ᠰᠠᠶᠢᠵᠢᠷᠠᠭᠤᠯᠵᠤ᠂ 2020 ᠣᠨ ᠪᠣᠯᠬᠤ ᠳᠤ ᠪᠦᠬᠦ ᠤᠯᠤᠰ ᠲᠠᠢ ᠵᠡᠷᠭᠡᠪᠡᠷ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢ ᠭᠦᠢᠴᠡᠳᠬᠡᠬᠦ ᠳᠤ ᠡᠷᠬᠡᠪᠰᠢ | ᠬᠦᠭᠵᠢᠯᠲᠡ ᠶᠢᠨ ᠡᠭᠦᠷᠭᠡ ᠶᠢ ᠢᠮᠠᠭᠲᠠ ᠪᠠᠷᠢᠮᠲᠠᠯᠠᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ | ᠭᠤᠣᠯᠳᠠᠯᠭ᠎ᠠ ᠪᠣᠯᠭᠠᠨ᠂ ᠲᠤᠭᠲᠠᠭᠤᠨ ᠤ ᠳᠤᠮᠳᠠ ᠤᠷᠤᠭᠰᠢᠯᠠᠵᠤ᠂ ᠰᠠᠶᠢᠨ ᠪᠦᠭᠡᠳ ᠲᠦᠷᠭᠡᠨ ᠬᠦᠭᠵᠢᠭᠦᠯᠦᠨ᠎ᠡ᠃ | ᠬᠤᠶᠢᠰᠢᠲᠠ ᠶᠢᠨ ᠲᠠᠪᠤᠨ ᠵᠢᠯ ᠤᠨ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠣᠯ | ᠬᠠᠷᠠᠯᠲᠠ ᠪᠣᠯ᠄ ᠠᠵᠤ ᠠᠬᠤᠢ ᠶᠢ ᠳᠤᠮᠳᠠ ᠳᠡᠭᠡᠳᠦ ᠬᠤᠷᠳᠤᠴᠠ ᠪᠠᠷ ᠬᠦᠭᠵᠢᠭᠦᠯᠵᠦ᠂ ᠭᠠᠵᠠᠷ ᠣᠷᠤᠨ ᠤ | ᠦᠢᠯᠡᠳᠪᠦᠷᠢᠯᠡᠯ ᠤᠨ ᠶᠡᠷᠦᠩᠬᠡᠢ ᠦᠷᠲᠡᠭ ᠢ ᠵᠢᠯ ᠪᠦᠷᠢ ᠲᠡᠭᠰᠢᠳᠬᠡᠭᠡᠳ 9% ᠪᠠᠷ ᠨᠡᠮᠡᠭᠳᠡᠭᠦᠯᠦᠨ᠂ 190 | ᠳ᠋ᠦᠩᠰᠢᠭᠤᠷ ᠲᠦᠭᠦᠷᠢᠭ ᠬᠦᠷᠭᠡᠨ᠎ᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠤᠯᠭ᠎ᠠ ᠶᠢ | ᠵᠢᠯ ᠪᠦᠷᠢ ᠲᠡᠭᠰᠢᠳᠬᠡᠭᠡᠳ 7% ᠪᠠᠷ ᠨᠡᠮᠡᠭᠳᠡᠭᠦᠯᠵᠦ᠂ 7 ᠳ᠋ᠦᠩᠰᠢᠭᠤᠷ ᠲᠦᠭᠦᠷᠢᠭ ᠲᠤ ᠬᠦᠷᠭᠡᠨ᠎ᠡ︔ 500 | ᠲᠦᠮᠡᠨ ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠤᠨ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ | ᠵᠢᠯ ᠪᠦᠷᠢ ᠲᠡᠭᠰᠢᠳᠬᠡᠭᠡᠳ 14% ᠪᠠᠷ ᠨᠡᠮᠡᠭᠳᠡᠭᠦᠯᠵᠦ᠂ 193 ᠳ᠋ᠦᠩᠰᠢᠭᠤᠷ ᠲᠦᠭᠦᠷᠢᠭ ᠲᠤ ᠬᠦᠷᠭᠡᠨ᠎ᠡ︔ | ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢ ᠵᠢᠯ ᠪᠦᠷᠢ ᠲᠡᠭᠰᠢᠳᠬᠡᠭᠡᠳ | 12% ᠪᠠᠷ ᠨᠡᠮᠡᠭᠳᠡᠭᠦᠯᠵᠦ᠂ 68.2 ᠳ᠋ᠦᠩᠰᠢᠭᠤᠷ ᠲᠦᠭᠦᠷᠢᠭ ᠲᠤ ᠬᠦᠷᠭᠡᠨ᠎ᠡ᠃ ᠠᠵᠤ ᠠᠬᠤᠢ ᠶᠢᠨ ᠪᠦᠲᠦᠴᠡ | ᠶᠢᠨ ᠳᠣᠬᠢᠷᠠᠭᠤᠯᠤᠯᠲᠠ ᠶᠢ ᠲᠦᠷᠭᠡᠳᠬᠡᠵᠦ᠂ ᠭᠤᠷᠪᠠ ᠤᠳᠠᠭᠠᠨ ᠤ ᠠᠵᠤ ᠦᠢᠯᠡᠰ ᠤᠨ ᠬᠤᠪᠢ ᠶᠢᠨ ᠵᠢᠩ ᠢ | 2015 ᠣᠨ ᠤ 17.7᠄ 50.4᠄ 31.9 ᠠᠴᠠ ᠰᠢᠯᠢᠳᠡᠭᠵᠢᠭᠦᠯᠦᠨ 15.2᠄ 52.8᠄ 32 ᠪᠣᠯᠭᠠᠨ᠎ᠠ᠃ | ᠠᠷᠠᠳ ᠤᠨ ᠠᠮᠢᠳᠤᠷᠠᠯ ᠢ ᠤᠯᠠᠮ ᠴᠢᠨᠡᠭᠡᠯᠢᠭᠵᠢᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ | ᠪᠦᠷᠢ ᠳᠤ ᠲᠡᠭᠰᠢᠳᠬᠡᠭᠰᠡᠨ ᠬᠤᠪᠢᠶᠠᠷᠢᠯᠠᠵᠤ ᠪᠣᠯᠬᠤ ᠣᠷᠤᠯᠭ᠎ᠠ ᠶᠢ ᠵᠢᠯ ᠪᠦᠷᠢ ᠲᠡᠭᠰᠢᠳᠬᠡᠭᠡᠳ 11% ᠪᠠ 12% | ᠢᠶᠠᠷ ᠨᠡᠮᠡᠭᠳᠡᠭᠦᠯᠦᠨ᠂ ᠲᠤᠰ ᠲᠤᠰ 37630 ᠲᠦᠭᠦᠷᠢᠭ ᠪᠠ 13820 ᠲᠦᠭᠦᠷᠢᠭ ᠪᠣᠯᠭᠠᠨ᠎ᠠ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠪᠢᠳᠡ᠄ | — ᠰᠢᠨ᠎ᠡ ᠶᠢ ᠡᠭᠦᠳᠬᠦ ᠬᠦᠭᠵᠢᠯᠲᠡ ᠶᠢ ᠪᠠᠷᠢᠮᠲᠠᠯᠠᠵᠤ᠂ ᠬᠦᠭᠵᠢᠯᠲᠡ ᠶᠢᠨ ᠬᠦᠳᠡᠯᠭᠡᠭᠴᠢ ᠬᠦᠴᠦᠨ ᠢ | ᠴᠢᠩᠭᠠᠳᠬᠠᠨ᠎ᠠ᠃ ᠰᠢᠨ᠎ᠡ ᠶᠢ ᠡᠭᠦᠳᠬᠦ ᠪᠠᠶᠢᠯᠳᠤᠬᠤ ᠪᠣᠳᠤᠯᠭ᠎ᠠ ᠶᠢ ᠭᠦᠨᠵᠡᠭᠡᠢ ᠨᠠᠶᠢᠳᠠᠪᠦᠷᠢᠵᠢᠭᠤᠯᠵᠤ᠂ ᠰᠢᠨ᠎ᠡ | ᠬᠡᠷᠡᠭᠴᠡᠭᠡ ᠶᠢ ᠨᠡᠮᠡᠭᠳᠡᠭᠦᠯᠦᠨ᠂ ᠰᠢᠨ᠎ᠡ ᠬᠠᠩᠭᠠᠯᠭ᠎ᠠ ᠶᠢ ᠡᠭᠦᠳᠴᠦ᠂ ᠰᠢᠨ᠎ᠡ ᠣᠷᠤᠨ ᠵᠠᠢ ᠶᠢ ᠪᠣᠢ ᠪᠣᠯᠭᠠᠵᠤ᠂ | ᠠᠵᠤ ᠦᠢᠯᠡᠰ ᠤᠨ ᠰᠢᠨ᠎ᠡ ᠲᠣᠭᠲᠠᠯᠴᠠᠭ᠎ᠠ ᠶᠢ ᠪᠠᠶᠢᠭᠤᠯᠤᠨ᠎ᠠ᠃ ᠠᠵᠤ ᠦᠢᠯᠡᠳᠪᠦᠷᠢ ᠶᠢᠨ ︽ᠳᠥᠷᠪᠡᠨ ᠲᠣᠭᠤᠷᠢᠭ | ᠨᠢᠭᠡ ᠬᠦᠷᠢᠶᠡᠯᠡᠩ︾᠂ ᠲᠠᠷᠢᠶᠠᠯᠠᠩ ᠮᠠᠯ ᠠᠵᠤ ᠠᠬᠤᠢ᠂ ᠣᠢ ᠰᠢᠭᠤᠢ ᠶᠢᠨ ᠠᠵᠤ ᠦᠢᠯᠡᠰ ᠤᠨ ︽ᠳᠥᠷᠪᠡᠨ | ᠪᠦᠰᠡ ᠭᠤᠷᠪᠠᠨ ᠬᠡᠰᠡᠭ ᠬᠤᠶᠠᠷ ᠰᠠᠭᠤᠷᠢᠨ ᠭᠠᠵᠠᠷ︾ ᠵᠢᠴᠢ ᠰᠤᠶᠤᠯ ᠵᠢᠭᠤᠯᠴᠢᠯᠠᠯ ᠤᠨ ︽ᠨᠢᠭᠡ ᠲᠥᠪ ᠬᠤᠶᠠᠷ | ᠵᠢᠭᠦᠷ︾ ᠤᠨ ᠬᠦᠭᠵᠢᠯᠲᠡ ᠶᠢᠨ ᠪᠠᠶᠢᠳᠠᠯ ᠤᠨ ᠲᠣᠭᠤᠷᠢᠨ ᠳᠤ᠂ ᠳᠠᠪᠠᠭᠤᠯᠢᠭ ᠪᠦᠭᠡᠳ ᠣᠨᠴᠠᠯᠢᠭᠲᠤ ᠠᠵᠤ | ᠦᠢᠯᠡᠰ ᠤᠨ ᠬᠤᠷᠢᠶᠠᠩᠭᠤᠢ᠂ ᠨᠢᠭᠡᠲᠦᠯᠲᠠᠢ᠂ ᠡᠷᠴᠢᠮᠲᠠᠢ ᠬᠦᠭᠵᠢᠯᠲᠡ ᠶᠢ ᠲᠦᠷᠭᠡᠳᠬᠡᠨ᠎ᠡ᠃ ᠠᠵᠤ ᠦᠢᠯᠡᠳᠪᠦᠷᠢ | ᠶᠢᠨ ᠠᠵᠤ ᠠᠬᠤᠢ ᠶᠢ ᠳᠡᠰ ᠳᠡᠪᠰᠢᠭᠦᠯᠦᠨ᠂ 2020 ᠣᠨ ᠪᠣᠯᠬᠤ ᠳᠤ᠂ ᠠᠵᠤ ᠦᠢᠯᠡᠳᠪᠦᠷᠢ ᠶᠢᠨ | ᠦᠢᠯᠡᠳᠪᠦᠷᠢᠯᠡᠯ ᠤᠨ ᠦᠷᠲᠡᠭ ᠢ 285 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠵᠢᠯ ᠪᠦᠷᠢ ᠲᠡᠭᠰᠢᠳᠬᠡᠭᠡᠳ | 13% ᠪᠠᠷ ᠨᠡᠮᠡᠭᠳᠡᠭᠦᠯᠦᠨ᠂ ᠨᠡᠮᠡᠭᠳᠡᠯ ᠦᠷᠲᠡᠭ ᠢ 81 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠵᠢᠯ ᠪᠦᠷᠢ | ᠲᠡᠭᠰᠢᠳᠬᠡᠭᠡᠳ 11% ᠪᠠᠷ ᠨᠡᠮᠡᠭᠳᠡᠭᠦᠯᠦᠨ᠎ᠡ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ | ᠬᠦᠭᠵᠢᠭᠦᠯᠵᠦ᠂ 2020 ᠣᠨ ᠪᠣᠯᠬᠤ ᠳᠤ᠂ ᠦᠢᠯᠡᠳᠪᠦᠷᠢᠯᠡᠯ ᠤᠨ ᠦᠷᠲᠡᠭ ᠢ ᠨᠢ 50 ᠳ᠋ᠦᠩᠰᠢᠭᠤᠷ ᠲᠦᠭᠦᠷᠢᠭ | ᠠᠴᠠ ᠳᠡᠭᠡᠭᠰᠢ ᠪᠣᠯᠭᠠᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ 10 ᠳ᠋ᠦᠩᠰᠢᠭᠤᠷ ᠵᠢᠩ ᠤᠨ ᠨᠠᠭᠠᠨ᠎ᠠ | ᠴᠠᠭᠠᠨ᠎ᠠ ᠬᠦᠷᠭᠡᠵᠦ᠂ ᠮᠠᠯ ᠤᠨ ᠵᠢᠯ ᠤᠨ ᠵᠣᠭᠰᠤᠭ᠎ᠠ ᠲᠤᠭ᠎ᠠ ᠶᠢ 200 ᠲᠦᠮᠡ ᠪᠣᠯᠭᠠᠨ᠎ᠠ᠃ ᠰᠤᠶᠤᠯ ᠵᠢᠭᠤᠯᠴᠢᠯᠠᠯ | ᠢ ᠴᠡᠴᠡᠭᠯᠡᠨ ᠬᠦᠭᠵᠢᠭᠦᠯᠵᠦ᠂ 2020 ᠣᠨ ᠪᠤᠯᠬᠤ ᠳᠤ᠂ ᠤᠯᠤᠰ ᠤᠨ ᠳᠣᠲᠤᠭᠠᠳᠤ ᠭᠠᠳᠠᠭᠠᠳᠤ ᠶᠢᠨ | ᠵᠢᠭᠤᠯᠴᠢᠯᠠᠭᠴᠢᠳ ᠢ 110 ᠲᠦᠮᠡ ᠠᠴᠠ ᠳᠡᠭᠡᠭᠰᠢ ᠬᠦᠯᠢᠶᠡᠨ ᠠᠪᠴᠤ᠂ ᠵᠢᠭᠤᠯᠴᠢᠯᠠᠯ ᠤᠨ ᠣᠷᠤᠯᠭ᠎ᠠ ᠶᠢ 15 | ᠳ᠋ᠦᠩᠰᠢᠭᠤᠷ ᠲᠦᠭᠦᠷᠢᠭ ᠪᠡᠶᠡᠯᠡᠭᠦᠯᠦᠨ᠂ ᠰᠤᠶᠤᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ | ᠪᠤᠯᠭᠠᠨ ᠬᠦᠭᠵᠢᠭᠦᠯᠦᠨ᠎ᠡ᠃ | — ᠵᠣᠬᠢᠴᠠᠩᠭᠤᠢ ᠬᠦᠭᠵᠢᠯᠲᠡ ᠶᠢ ᠪᠠᠷᠢᠮᠲᠠᠯᠠᠵᠤ᠂ ᠬᠤᠲᠠ ᠬᠦᠳᠡᠭᠡ ᠶᠢ ᠨᠢᠭᠡ ᠴᠣᠭᠴᠠᠵᠢᠭᠤᠯᠤᠭᠰᠠᠨ | ᠠᠬᠢᠴᠠ ᠶᠢ ᠲᠦᠷᠭᠡᠳᠬᠡᠨ᠎ᠡ᠃ ᠬᠤᠲᠠ ᠬᠦᠳᠡᠭᠡ ᠶᠢ ᠨᠢᠭᠡ ᠴᠣᠭᠴᠠᠵᠢᠭᠤᠯᠤᠭᠰᠠᠨ ᠬᠦᠭᠵᠢᠯᠲᠡ ᠶᠢᠨ ᠠᠯᠬᠤᠮ ᠢ | ᠲᠦᠷᠭᠡᠳᠬᠡᠵᠦ᠂ ᠣᠯᠠᠨ ᠨᠡᠶᠢᠲᠡ ᠶᠢᠨ ᠡᠬᠢ ᠰᠤᠷᠪᠤᠯᠵᠢ ᠶᠢ ᠲᠡᠩᠴᠡᠭᠦᠦ ᠬᠤᠪᠢᠶᠠᠷᠢᠯᠠᠬᠤ ᠪᠠ ᠦᠨᠳᠦᠰᠦᠨ | ᠦᠢᠯᠡᠴᠢᠯᠡᠭᠡᠨ ᠤ ᠲᠡᠩᠴᠡᠭᠦᠷᠢᠰᠢᠯ ᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︽ᠬᠠᠷᠢᠮᠠᠬᠠᠢ ᠴᠢᠳᠠᠪᠬᠢᠲᠤ | ᠬᠤᠲᠠ︾᠂ ︽ᠤᠶᠤᠨ ᠤᠬᠠᠭᠠᠨᠲᠤ ᠬᠤᠲᠠ︾ ᠶᠢᠨ ᠬᠦᠭᠵᠢᠯᠲᠡ ᠶᠢᠨ ᠦᠵᠡᠯᠲᠡ ᠶᠢ ᠪᠣᠢ ᠪᠣᠯᠭᠠᠵᠤ᠂ ᠰᠢᠨ᠎ᠡ | ᠬᠤᠲᠠ ᠲᠣᠭᠤᠷᠢᠭ ᠢ ᠲᠡᠭᠦᠯᠳᠡᠷᠵᠢᠭᠦᠯᠦᠨ᠂ ᠬᠠᠭᠤᠴᠢᠨ ᠬᠤᠲᠠ ᠲᠣᠭᠤᠷᠢᠭ ᠢ ᠦᠭᠡᠷᠡᠴᠢᠯᠡᠵᠦ᠂ ᠰᠢᠨ᠎ᠡ ᠬᠠᠭᠤᠴᠢᠨ | ᠬᠤᠲᠠ ᠶᠢ ᠵᠣᠬᠢᠴᠠᠩᠭᠤᠢ ᠬᠦᠭᠵᠢᠭᠦᠯᠦᠨ᠎ᠡ᠃ ᠠᠵᠤ ᠦᠢᠯᠡᠰ ᠤᠨ ᠬᠦᠭᠵᠢᠯᠲᠡ ᠪᠠ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠵᠦ᠂ ᠠᠵᠤ ᠦᠢᠯᠡᠳᠪᠦᠷᠢ ᠶᠢᠨ ᠲᠣᠭᠤᠷᠢᠭ᠂ ᠪᠤᠳᠠᠰ ᠤᠨ ᠭᠦᠢᠯᠭᠡᠭᠡᠨ ᠤ | ᠲᠣᠭᠤᠷᠢᠭ᠂ ᠳᠡᠭᠡᠳᠦ ᠨᠡᠶᠢᠰᠯᠡᠯ ᠭᠢᠳᠠᠨ ᠰᠤᠶᠤᠯ ᠤᠨ ᠠᠵᠤ ᠦᠢᠯᠡᠰ ᠤᠨ ᠲᠣᠭᠤᠷᠢᠭ ᠵᠢᠴᠢ ᠣᠳᠣ ᠦᠶ᠎ᠡ ᠶᠢᠨ | ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠵᠤ | ᠠᠬᠤᠶᠢᠯᠠᠯ ᠢ ᠴᠤᠭᠯᠠᠷᠠᠭᠤᠯᠤᠨ᠂ ᠦᠢᠯᠡᠴᠢᠯᠡᠭᠡᠨ ᠤ ᠴᠢᠳᠠᠪᠦᠷᠢ ᠪᠠᠨ ᠳᠡᠭᠡᠭᠰᠢᠯᠡᠭᠦᠯᠵᠦ᠂ ᠠᠵᠤ ᠦᠢᠯᠡᠰ ᠪᠤᠯᠤᠨ | ᠬᠤᠲᠠ ᠶᠢ ᠨᠢᠭᠡᠲᠦᠯᠲᠡᠢ ᠬᠦᠭᠵᠢᠭᠦᠯᠦᠨ᠎ᠡ᠃ ᠡᠬᠢ ᠰᠤᠷᠪᠤᠯᠵᠢ ᠶᠢᠨ ᠨᠦᠬᠦᠴᠡᠯ ᠪᠠ ᠠᠵᠤ ᠦᠢᠯᠡᠰ ᠤᠨ ᠣᠨᠴᠠᠯᠢᠭ | ᠢ ᠦᠨᠳᠦᠰᠦᠯᠡᠵᠦ᠂ ᠨᠢᠭᠡ ᠪᠦᠯᠦᠭ ᠪᠠᠭ᠎ᠠ ᠬᠤᠲᠠ ᠪᠠᠯᠭᠠᠰᠤ ᠶᠢ ᠭᠤᠣᠯᠳᠠᠯᠭ᠎ᠠ ᠲᠠᠢ ᠪᠠᠶᠢᠭᠤᠯᠤᠨ᠂ ᠨᠢᠭᠡ ᠪᠦᠯᠦᠭ | ᠰᠢᠨ᠎ᠡ ᠮᠠᠶ᠋ᠢᠭ ᠤᠨ ᠬᠦᠳᠡᠭᠡ ᠲᠤᠰᠬᠤᠨ ᠮᠠᠯᠵᠢᠬᠤ ᠣᠷᠣᠨ ᠪᠠ ᠨᠡᠶᠢᠭᠡᠮ ᠲᠣᠭᠤᠷᠢᠭ ᠢ ᠪᠠᠶᠢᠭᠤᠯᠬᠤ ᠪᠠᠷ | ᠰᠦᠪᠡᠭᠴᠢᠯᠡᠵᠦ᠂ ᠰᠠᠴᠤᠷᠠᠭ ᠳᠠᠭᠠᠭᠭᠤᠯᠬᠤ ᠦᠢᠯᠡᠳᠦᠯ ᠪᠠ ᠬᠦᠮᠦᠨ ᠠᠮᠠ ᠶᠢ ᠲᠦᠪᠯᠡᠷᠡᠭᠦᠯᠬᠦ ᠴᠢᠳᠠᠪᠦᠷᠢ ᠶᠢ | ᠨᠡᠮᠡᠭᠳᠡᠭᠦᠯᠦᠨ᠎ᠡ᠃ ︽ᠪᠦᠬᠦ ᠲᠠᠯ᠎ᠠ ᠪᠠᠷ ᠬᠡᠷᠡᠭᠵᠢᠭᠦᠯᠵᠦ᠂ ᠢᠳᠡᠭ ᠢᠳᠡᠭ ᠢᠶᠠᠷ ᠠᠬᠢᠭᠤᠯᠤᠨ᠂ ᠶᠡᠷᠦᠩᠬᠡᠶᠢᠯᠡᠨ | ᠳᠡᠭᠡᠭᠰᠢᠯᠡᠭᠦᠯᠬᠦ︾ ᠵᠠᠷᠴᠢᠮ ᠢ ᠪᠠᠷᠢᠮᠲᠠᠯᠠᠵᠤ᠂ ᠣᠯᠠᠨ ᠲᠦᠮᠡᠨ ᠢ ᠢᠳᠡᠪᠬᠢᠲᠠᠢ ᠣᠷᠤᠯᠴᠠᠭᠤᠯᠤᠨ᠂ ᠪᠦᠬᠦ ᠣᠷᠤᠨ | ᠲᠠᠢ ᠵᠡᠷᠭᠡᠪᠡᠷ ᠬᠦᠳᠡᠭᠡ ᠲᠤᠰᠬᠤᠨ ᠮᠠᠯᠵᠢᠬᠤ ᠣᠷᠤᠨ ᠤ ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠪᠦᠬᠦ | ᠲᠠᠯ᠎ᠠ ᠪᠠᠷ ᠪᠡᠶᠡᠯᠡᠭᠦᠯᠦᠨ᠎ᠡ᠃ 2020 ᠣᠨ ᠪᠣᠯᠬᠤ ᠳᠤ᠂ ᠪᠦᠬᠦ ᠬᠤᠰᠢᠭᠤᠨ ᠤ ᠬᠤᠲᠠᠴᠢᠯᠠᠯᠲᠠ ᠶᠢᠨ ᠬᠡᠮᠵᠢᠶ᠎ᠡ ᠶᠢ | 50% ᠠᠴᠠ ᠳᠡᠭᠡᠭᠰᠢ ᠪᠣᠯᠭᠠᠨ᠎ᠠ᠃ | — ᠪᠤᠬᠢᠷᠳᠤᠯ ᠦᠭᠡᠢ ᠬᠦᠭᠵᠢᠯᠲᠡ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠢ ᠰᠠᠶᠢᠵᠢᠷᠠᠭᠤᠯᠤᠨ᠎ᠠ | ᠃ ᠠᠮᠢ ᠠᠬᠤᠢ ᠶᠢᠨ ᠣᠷᠴᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ | ᠴᠢᠩᠭᠠᠳᠬᠠᠨ᠂ ︽ᠠᠮᠢ ᠠᠬᠤᠢ ᠶᠢᠨ ᠪᠣᠯᠪᠠᠰᠤᠨ︾ ᠪᠣᠯᠤᠨ ︽ᠡᠨᠧᠷᠬᠢ ᠶᠢᠨ ᠵᠠᠷᠤᠴᠠᠭᠤᠯᠭ᠎ᠠ ᠪᠠᠭ᠎ᠠ᠂ ᠴᠡᠪᠡᠷ | ᠣᠷᠴᠢᠨ ᠲᠣᠭᠤᠷᠢᠨ ᠲᠠᠢ ᠨᠡᠶᠢᠭᠡᠮ︾ ᠢ ᠪᠠᠶᠢᠭᠤᠯᠵᠤ᠂ ᠪᠣᠬᠢᠷᠳᠤᠯ ᠦᠭᠡᠢ ᠬᠦᠭᠵᠢᠯᠲᠡ ᠶᠢᠨ ᠬᠡᠯᠪᠡᠷᠢ ᠶᠢ ᠪᠣᠢ | ᠪᠣᠯᠭᠠᠨ᠎ᠠ᠃ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠶᠢ ᠵᠡᠷᠭᠡᠪᠡᠷ ᠴᠢᠬᠤᠯᠠᠴᠢᠯᠠᠵᠤ᠂ ᠨᠤᠲᠤᠭ ᠪᠡᠯᠴᠢᠭᠡᠷ ᠤᠨ ᠠᠮᠢ | ᠠᠬᠤᠢ ᠶᠢᠨ ᠬᠠᠮᠠᠭᠠᠯᠠᠯᠲᠠ ᠶᠢᠨ ᠱᠠᠩᠨᠠᠵᠤ ᠨᠦᠬᠦᠪᠦᠷᠢᠯᠡᠬᠦ ᠲᠦᠷᠦ ᠶᠢᠨ ᠪᠣᠳᠤᠯᠭ᠎ᠠ ᠶᠢ ᠨᠠᠶᠢᠳᠠᠪᠦᠷᠢᠵᠢᠭᠤᠯᠤᠨ᠂ | ᠪᠡᠯᠴᠢᠭᠡᠷᠯᠡᠭᠦᠯᠬᠦ ᠶᠢ ᠬᠤᠷᠢᠭᠯᠠᠬᠤ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠣᠢ ᠰᠢᠭᠤᠢ ᠶᠢᠨ ᠠᠮᠢ ᠠᠬᠤᠢ ᠶᠢᠨ | ᠬᠠᠮᠠᠭᠠᠯᠠᠯᠲᠠ ᠶᠢ ᠴᠢᠩᠭᠠᠳᠬᠠᠨ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ | ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ ᠪᠤᠬᠢᠷᠳᠤᠯ ᠢ ᠵᠠᠰᠠᠬᠤ ᠲᠦᠯᠦᠪᠯᠡᠭᠡ ᠶᠢ ᠪᠦᠬᠦ ᠲᠠᠯ᠎ᠠ ᠪᠠᠷ | ᠦᠷᠨᠢᠭᠦᠯᠵᠦ᠂ ᠣᠷᠴᠢᠨ ᠲᠣᠭᠤᠷᠢᠨ ᠤ ᠣᠨᠴᠠ ᠶᠡᠭᠡ ᠬᠡᠷᠡᠭ ᠪᠣᠯᠤᠨ ᠪᠤᠬᠢᠷᠳᠤᠯ ᠤᠨ ᠬᠡᠷᠡᠭ ᠤᠨ ᠬᠠᠷᠢᠭᠤᠴᠠᠯᠭ᠎ᠠ | ᠨᠡᠬᠡᠮᠵᠢᠯᠡᠬᠦ ᠳᠦᠷᠢᠮ ᠢ ᠴᠢᠩᠭ᠎ᠠ ᠬᠡᠷᠡᠭᠵᠢᠭᠦᠯᠦᠨ᠂ ᠰᠢᠨ᠎ᠡ ᠪᠠᠷ ᠪᠠᠶᠢᠭᠤᠯᠤᠭᠰᠠᠨ ᠲᠦᠷᠦᠯ ᠵᠦᠢᠯ ᠤᠨ ᠣᠷᠴᠢᠨ | ᠲᠣᠭᠤᠷᠢᠨ ᠢ ᠬᠢᠨᠠᠨ ᠰᠢᠯᠭᠠᠬᠤ ᠠᠵᠢᠯ ᠢ ᠴᠢᠩᠭᠠᠳᠬᠠᠵᠤ᠂ ᠣᠷᠴᠢᠨ ᠲᠣᠭᠤᠷᠢᠨ ᠢ ᠴᠡᠭᠴᠡᠯᠡᠬᠦ ᠪᠠ ᠪᠤᠬᠢᠷᠳᠤᠯ ᠢ | ᠭᠠᠳᠠᠭᠰᠢᠯᠠᠭᠤᠯᠬᠤ ᠬᠤᠣᠰ ᠡᠵᠡᠮᠰᠢᠯᠲᠦ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠤᠷᠴᠢᠯᠲᠤ ᠠᠵᠤ ᠦᠢᠯᠡᠳᠪᠦᠷᠢ᠂ | ᠲᠠᠷᠢᠶᠠᠯᠠᠩ ᠮᠠᠯ ᠠᠵᠤ ᠠᠬᠤᠢ ᠵᠢᠴᠢ ᠦᠢᠯᠡᠴᠢᠯᠡᠭᠡᠨ ᠤ ᠦᠢᠯᠡᠰ ᠤᠨ ᠲᠣᠭᠲᠠᠯᠴᠠᠭ᠎ᠠ ᠪᠠᠶᠢᠭᠤᠯᠵᠤ᠂ | ᠦᠢᠯᠡᠳᠪᠦᠷᠢᠯᠡᠯ᠂ ᠭᠦᠢᠯᠭᠡᠭᠡ ᠪᠣᠯᠤᠨ ᠪᠣᠷᠤᠯᠠᠭᠤᠯᠭ᠎ᠠ ᠶᠢᠨ ᠡᠯ᠎ᠡ ᠭᠤᠭᠴᠤᠭᠠᠨ ᠤ ᠣᠷᠴᠢᠯᠲᠤ ᠬᠦᠭᠵᠢᠯᠲᠡ ᠶᠢ | ᠠᠬᠢᠭᠤᠯᠤᠨ᠂ ᠪᠦᠬᠦ ᠨᠡᠶᠢᠭᠡᠮ ᠤᠨ ᠡᠬᠢ ᠰᠤᠷᠪᠤᠯᠵᠢ ᠶᠢᠨ ᠭᠠᠷᠭᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠠᠵᠤ | ᠠᠬᠤᠶᠢᠯᠠᠯ ᠤᠨ ᠬᠦᠭᠵᠢᠯᠲᠡ ᠶᠢᠨ ᠴᠡᠪᠡᠷ ᠦᠢᠯᠡᠳᠪᠦᠷᠢᠯᠡᠯ ᠢ ᠵᠣᠷᠢᠭᠵᠢᠭᠤᠯᠤᠨ ᠳᠡᠮᠵᠢᠵᠦ᠂ ᠬᠤᠴᠤᠷᠤᠩᠭᠤᠢ | ᠪᠦᠭᠡᠳ ᠡᠨᠧᠷᠭᠢ ᠶᠡᠭᠡ ᠵᠠᠷᠤᠴᠠᠭᠤᠯᠬᠤ ᠲᠦᠬᠦᠭᠡᠷᠦᠮᠵᠢ ᠶᠢ ᠲᠠᠶᠠᠭᠳᠠᠵᠤ᠂ ᠳᠡᠭᠡᠳᠦ ᠱᠠᠳᠣᠨ ᠠᠴᠠ ᠳᠠᠭᠠᠭᠠᠯᠭᠠᠭᠰᠠᠨ | ᠡᠨᠧᠷᠬᠢ ᠠᠷᠪᠢᠯᠠᠵᠤ ᠬᠠᠶᠠᠭᠳᠠᠮᠠᠯ ᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠡ᠃ 2020 ᠣᠨ ᠪᠣᠯᠬᠤ ᠳᠤ᠂ ᠪᠦᠬᠦ | ᠬᠤᠰᠢᠭᠤᠨ ᠤ ᠣᠶᠢᠵᠢᠭᠤᠯᠤᠯᠲᠠ ᠶᠢ 100 ᠲᠦᠮᠡᠨ ᠮᠦ ᠠᠴᠠ ᠳᠡᠭᠡᠭᠰᠢ ᠪᠣᠯᠭᠠᠵᠤ᠂ ᠣᠢ ᠰᠢᠭᠤᠢ ᠶᠢᠨ | ᠪᠦᠷᠬᠦᠴᠡ ᠶᠢ 42% ᠠᠴᠠ ᠳᠡᠭᠡᠭᠰᠢ ᠪᠣᠯᠭᠠᠨ᠎ᠠ᠃ |