—ᠨᠡᠭᠡᠭᠡᠯᠲᠡ ᠲᠠᠢ ᠬᠦᠭᠵᠢᠯᠲᠡ ᠶᠢ ᠪᠠᠷᠢᠮᠲᠠᠯᠠᠵᠤ᠂ ᠠᠵᠤ ᠠᠬᠤᠢ ᠶᠢ ᠭᠠᠳᠠᠭᠰᠢ ᠬᠦᠭᠵᠢᠭᠦᠯᠦᠨ᠎ᠡ᠃ | ᠨᠡᠩ ᠶᠡᠭᠡ ᠰᠠᠨᠠᠭᠠᠴᠢᠯᠠᠭᠠᠲᠤ ᠴᠢᠨᠠᠷᠲᠠᠢ ᠭᠠᠳᠠᠭᠠᠳᠤ ᠳᠤ ᠨᠡᠭᠡᠭᠡᠯᠲᠡ ᠲᠠᠢ ᠪᠠᠶᠢᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠵᠦ᠂ ᠪᠦᠬᠦ ᠲᠠᠯ᠎ᠠ ᠪᠠᠷ ᠭᠠᠳᠠᠭᠠᠳᠤ ᠲᠠᠢ ᠴᠢᠯᠦᠭᠡᠲᠡᠢ ᠶᠠᠪᠤᠯᠴᠠᠨ᠂ ᠭᠠᠳᠠᠭᠠᠳᠤ ᠳᠤ ᠬᠠᠨᠳᠤᠭᠤᠯᠤᠭᠰᠠᠨ | ᠠᠵᠤ ᠠᠬᠤᠢ ᠶᠢᠨ ᠬᠦᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ︽ᠨᠢᠭᠡ ᠪᠦᠰᠡ ᠨᠢᠭᠡ ᠵᠠᠮ︾ | ᠪᠣᠯᠤᠨ ︽ᠳᠤᠮᠳᠠᠳᠤ ᠮᠣᠩᠭᠤᠯ ᠣᠷᠤᠰ ᠤᠨ ᠠᠵᠤ ᠠᠬᠤᠢ ᠶᠢᠨ ᠬᠤᠩᠬᠢᠯ︾ ᠪᠠᠶᠢᠭᠤᠯᠬᠤ ᠲᠡᠥᠬᠡᠨ ᠳᠤᠬᠢᠶᠠᠯ ᠢ | ᠴᠢᠩᠭ᠎ᠠ ᠠᠳᠬᠤᠵᠤ᠂ ᠪᠤᠭᠤᠮᠳᠠ ᠶᠢᠨ ᠭᠠᠳᠠᠨᠠᠬᠢ ᠡᠬᠢ ᠰᠤᠷᠪᠤᠯᠵᠢ ᠶᠢ ᠪᠣᠯᠪᠠᠰᠤᠷᠠᠭᠤᠯᠤᠨ ᠬᠤᠪᠢᠷᠠᠭᠤᠯᠬᠤ ᠠᠷᠭ᠎ᠠ | ᠰᠦᠪᠡᠭᠴᠢᠯᠡᠵᠦ᠂ ᠥᠩᠭᠡᠲᠦ ᠲᠡᠮᠦᠷᠯᠢᠭ ᠪᠠ ᠡᠨᠧᠷᠭᠢ᠂ ᠬᠢᠮᠢ ᠶᠢᠨ ᠦᠢᠯᠡᠳᠪᠦᠷᠢ ᠵᠡᠷᠭᠡ ᠠᠵᠤ ᠦᠢᠯᠡᠰ ᠤᠨ | ᠬᠦᠭᠵᠢᠯᠲᠡ ᠳᠤ ᠪᠠᠲᠤᠯᠠᠭ᠎ᠠ ᠬᠠᠩᠭᠠᠨ᠎ᠠ᠃ ᠪᠡᠭᠡᠵᠢᠩ ᠲᠢᠶᠠᠨᠵᠢᠨ ᠾᠧᠪᠸᠢ ᠶᠢᠨ ᠬᠠᠮᠲᠤᠷᠠᠯᠴᠠᠭ᠎ᠠ ᠪᠠ ᠪᠡᠭᠡᠵᠢᠩ | ᠥᠪᠥᠷ ᠮᠣᠩᠭᠤᠯ ᠬᠤᠯᠪᠤᠭᠠᠯᠠᠨ ᠲᠡᠳᠬᠦᠬᠦ ᠬᠤᠷᠰᠢᠯᠴᠠᠭ᠎ᠠ ᠵᠡᠷᠭᠡ ᠪᠠᠶᠢᠯᠳᠤᠬᠤ ᠪᠤᠳᠤᠯᠭ᠎ᠠ ᠶᠢᠨ ᠳᠣᠬᠢᠶᠠᠯ ᠢ | ᠭᠦᠢᠴᠡᠳ ᠠᠰᠢᠭᠯᠠᠵᠤ᠂ ᠳᠠᠪᠠᠭᠤᠯᠢᠭ ᠡᠮ ᠡᠮᠨᠡᠯᠭᠡ ᠪᠠ ᠠᠵᠢᠯ ᠮᠡᠷᠭᠡᠵᠢᠯ ᠤᠨ ᠰᠤᠷᠭᠠᠨ ᠬᠦᠮᠦᠵᠢᠯ ᠵᠡᠷᠭᠡ ᠡᠬᠢ | ᠰᠤᠷᠪᠤᠯᠵᠢ ᠶᠢ ᠣᠷᠤᠭᠤᠯᠤᠨ᠂ ᠠᠷᠠᠯᠵᠢᠶᠠᠴᠢᠨ ᠤᠷᠢᠵᠤ ᠪᠡᠯᠡ ᠲᠠᠲᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠤᠯᠠᠭᠠᠨᠬᠠᠳᠠ ᠬᠤᠲᠠ ᠶᠢᠨ ᠤᠯᠤᠰ ᠤᠨ ᠳᠡᠰ ᠤᠨ ᠠᠵᠤ ᠦᠢᠯᠡᠰ ᠤᠨ ᠬᠤᠷᠰᠢᠯᠴᠠᠭ᠎ᠠ ᠪᠣᠯᠤᠨ ᠬᠡᠯᠪᠡᠷᠢ ᠪᠠᠨ | ᠦᠭᠡᠷᠡᠴᠢᠯᠡᠨ ᠳᠡᠰ ᠳᠡᠪᠰᠢᠭᠦᠯᠬᠦ ᠵᠢᠴᠢ ᠵᠢᠱᠢᠶ᠎ᠡ ᠦᠵᠡᠭᠦᠯᠬᠦ ᠲᠣᠭᠤᠷᠢᠭ ᠪᠠᠶᠢᠭᠤᠯᠬᠤ ᠶᠢ ᠳᠣᠬᠢᠶᠠᠯᠳᠤᠭᠤᠯᠤᠨ᠂ | ᠬᠦᠳᠡᠯᠮᠦᠷᠢ ᠬᠦᠴᠦ ᠶᠢ ᠲᠦᠪᠯᠡᠷᠡᠭᠦᠯᠦᠭᠰᠡᠨ᠂ ᠡᠬᠢ ᠰᠤᠷᠪᠤᠯᠵᠢ ᠶᠢ ᠠᠷᠪᠢᠯᠠᠭᠰᠠᠨ ᠬᠡᠯᠪᠡᠷᠢᠲᠦ ᠠᠵᠤ ᠦᠢᠯᠡᠰ ᠤᠨ | ᠬᠦᠭᠵᠢᠯᠲᠡ ᠪᠠᠷ ᠭᠤᠣᠯᠳᠠᠯᠭ᠎ᠠ ᠪᠣᠯᠭᠠᠵᠤ᠂ ᠬᠦᠭᠵᠢᠭᠰᠡᠨ ᠭᠠᠵᠠᠷ ᠤᠷᠤᠨ ᠤ ᠠᠵᠤ ᠦᠢᠯᠡᠰ ᠤᠨ ᠰᠢᠯᠵᠢᠯᠲᠠ ᠶᠢ | ᠵᠠᠯᠭᠠᠮᠵᠢᠯᠠᠨ᠎ᠠ᠃ ᠠᠷᠠᠯᠵᠢᠶᠠᠴᠢᠨ ᠤᠷᠢᠵᠤ ᠪᠡᠯᠡ ᠲᠠᠲᠠᠬᠤ ᠬᠡᠯᠪᠡᠷᠢ ᠪᠠᠨ ᠲᠠᠰᠤᠷᠠᠯᠲᠠ ᠦᠭᠡᠢ ᠰᠢᠨᠡᠴᠢᠯᠡᠵᠦ᠂ | ᠪᠦᠯᠬᠦᠮ ᠪᠠᠶᠢᠭᠤᠯᠤᠨ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠤ | ᠨᠡᠶᠢᠭᠡᠮᠯᠢᠭ ᠢᠶᠠᠷ ᠠᠷᠠᠯᠵᠢᠶᠠᠴᠢᠨ ᠤᠷᠢᠬᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂ ᠭᠤᠣᠯᠳᠠᠯᠭ᠎ᠠ ᠲᠠᠢ | ᠲᠣᠭᠤᠷᠢᠭ ᠪᠠ ᠲᠦᠷᠦᠯ ᠵᠦᠢᠯ ᠵᠢᠴᠢ ᠨᠦᠭᠡᠴᠡ ᠬᠦᠷᠦᠩᠭᠡ ᠶᠢ ᠭᠠᠳᠠᠭᠰᠢ ᠳᠠᠭᠠᠭᠠᠴᠢᠯᠠᠭᠤᠯᠬᠤ ᠬᠡᠯᠪᠡᠷᠢ ᠪᠠᠷ | ᠠᠷᠠᠯᠵᠢᠶᠠᠴᠢᠨ ᠤᠷᠢᠵᠤ᠂ ︽ᠣᠷᠤᠭᠤᠯᠵᠤ ᠠᠪᠴᠢᠷᠠᠬᠤ︾ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠨᠡᠭᠡᠭᠡᠯᠲᠡ ᠪᠠᠷ | ᠦᠭᠡᠷᠡᠴᠢᠯᠡᠯᠡᠲᠡ ᠶᠢ ᠠᠬᠢᠭᠤᠯᠵᠤ᠂ ᠵᠠᠰᠠᠭ ᠤᠨ ᠣᠷᠳᠣᠨ ᠤ ᠪᠠᠶᠢᠭᠤᠯᠤᠮᠵᠢ᠂ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠬᠦ ᠳᠦᠷᠢᠮ ᠵᠢᠴᠢ ᠡᠳ᠋ ᠤᠨ ᠵᠠᠰᠠᠭ ᠤᠨ ᠲᠦᠰᠦᠪ ᠤᠨ ᠳᠦᠷᠢᠮ ᠵᠡᠷᠭᠡ ᠡᠯ᠎ᠡ ᠲᠠᠯ᠎ᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠭᠡᠷᠡᠴᠢᠯᠡᠯᠲᠡ ᠶᠢᠨ ᠠᠰᠢᠭ ᠣᠯᠵᠠᠪᠦᠷᠢ ᠪᠠᠷ ᠬᠦᠭᠵᠢᠯᠲᠡ ᠶᠢᠨ | ᠬᠦᠳᠡᠯᠭᠡᠭᠴᠢ ᠬᠦᠴᠦᠨ ᠪᠣᠯᠭᠠᠨ᠎ᠠ᠃ | — ᠬᠠᠮᠲᠤ ᠪᠠᠷ ᠡᠳ᠋ᠯᠡᠬᠦ ᠬᠦᠭᠵᠢᠯᠲᠡ ᠶᠢ ᠪᠠᠷᠢᠮᠲᠠᠯᠠᠵᠤ᠂ ᠠᠷᠠᠳ ᠲᠤ ᠪᠤᠶᠠᠨ ᠬᠡᠰᠢᠭ ᠠᠪᠴᠢᠷᠠᠨ᠎ᠠ᠃ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠲᠤᠯᠠᠬᠤ ᠶᠠᠪᠤᠳᠠᠯ ᠢ ᠠᠯᠢᠪᠠ ᠠᠵᠢᠯ ᠤᠨ ᠡᠬᠢᠯᠡᠯᠲᠡ ᠪᠠ | ᠵᠣᠭᠰᠤᠴᠠ ᠪᠣᠯᠭᠠᠵᠤ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠤᠭᠳᠠᠭᠰᠠᠨ ᠳᠣᠪᠤᠶᠢᠮ᠎ᠠ | ᠠᠰᠠᠭᠤᠳᠠᠯ ᠢ ᠦᠨᠡᠨᠬᠦ ᠰᠢᠢᠳᠪᠦᠷᠢᠯᠡᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠴᠦᠨ ᠢ ᠦᠷᠭᠦᠯᠵᠢᠯᠡᠨ | ᠴᠢᠩᠭᠠᠳᠬᠠᠨ᠎ᠠ᠃ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠢᠳᠡᠪᠬᠢᠲᠠᠢ ᠬᠠᠷᠢᠭᠤᠯᠲᠠ ᠦᠭᠴᠦ᠂ | ᠠᠯᠪᠠᠨ ᠵᠢᠷᠦᠮ ᠤᠨ ᠰᠤᠷᠭᠠᠨ ᠬᠦᠮᠦᠵᠢᠯ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ ᠵᠡᠷᠭᠡ ᠣᠯᠠᠨ ᠨᠡᠶᠢᠲᠡ | ᠶᠢᠨ ᠦᠢᠯᠡᠴᠢᠯᠡᠭᠡᠨ ᠳᠠᠬᠢ ᠣᠷᠤᠭᠤᠯᠤᠯᠲᠠ ᠪᠠᠨ ᠦᠷᠭᠡᠳᠬᠡᠵᠦ᠂ ᠣᠯᠠᠨ ᠲᠦᠮᠡᠨ ᠳᠤ ᠵᠤᠯ ᠵᠢᠷᠭᠠᠯ ᠡᠳ᠋ᠯᠡᠭᠦᠯᠦᠨ᠎ᠡ᠃ | ︽ᠣᠯᠠᠨ ᠲᠦᠮᠡᠨ ᠦᠢᠯᠡᠰ ᠪᠤᠰᠬᠠᠵᠤ ᠰᠢᠨ᠎ᠡ ᠶᠢ ᠡᠭᠦᠳᠬᠦ︾ ᠶᠢ ᠵᠣᠷᠢᠭᠵᠢᠭᠤᠯᠵᠤ᠂ ᠠᠵᠢᠯ ᠣᠯᠭᠤᠯᠲᠠ ᠶᠢ | ᠠᠬᠢᠭᠤᠯᠬᠤ ᠪᠠ ᠲᠣᠭᠲᠠᠪᠦᠷᠢᠵᠢᠭᠤᠯᠬᠤ ᠶᠢ ᠵᠡᠷᠭᠡᠪᠡᠷ ᠠᠳᠬᠤᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠳᠤ᠂ ᠬᠤᠲᠠ ᠪᠠᠯᠭᠠᠰᠤ ᠶᠢᠨ ᠠᠵᠢᠯ ᠠᠯᠳᠠᠭᠰᠠᠳ ᠢ 4% ᠳᠣᠲᠤᠷ᠎ᠠ ᠬᠢᠵᠠᠭᠠᠷᠯᠠᠨ᠎ᠠ᠃ ᠶᠠᠳᠠᠭᠤ | ᠠᠴᠠ ᠠᠩᠭᠢᠵᠢᠷᠠᠭᠤᠯᠵᠤ ᠪᠠᠬᠢᠯᠡᠯᠲᠡ ᠶᠢ ᠰᠢᠪᠲᠤᠯᠬᠤ ᠪᠠᠶᠢᠯᠳᠤᠭᠠᠨ ᠢ ᠢᠯᠠᠵᠤ᠂ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠪᠠ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠵᠡᠷᠭᠡ ︽ᠳᠣᠯᠣᠭᠠᠨ ᠶᠡᠭᠡ ᠢᠨᠵᠧᠨᠧᠷᠢᠩ︾ ᠢ | ᠪᠦᠬᠦ ᠲᠠᠯ᠎ᠠ ᠪᠠᠷ ᠠᠬᠢᠭᠤᠯᠤᠨ᠂ 2020 ᠣᠨ ᠪᠣᠯᠬᠤ ᠳᠤ᠂ ᠪᠦᠬᠦ ᠬᠤᠰᠢᠭᠤᠨ ᠤ ᠶᠠᠳᠠᠭᠤ ᠬᠦᠴᠢᠷᠳᠡᠯᠲᠡᠢ ᠣᠯᠠᠨ | ᠲᠦᠮᠡᠨ ᠢ ᠯᠠᠪᠳᠠᠭᠤᠨ ᠶᠠᠳᠠᠭᠤ ᠠᠴᠠ ᠠᠩᠭᠢᠵᠢᠷᠠᠭᠤᠯᠤᠨ᠎ᠠ᠃ ᠡᠶ᠎ᠡ ᠵᠣᠬᠢᠴᠠᠯᠲᠤ ᠵᠡᠭᠦᠨ ᠬᠤᠰᠢᠭᠤ ᠶᠢ ᠪᠦᠲᠦᠭᠡᠨ | ᠪᠠᠶᠢᠭᠤᠯᠵᠤ᠂ ᠨᠡᠶᠢᠭᠡᠮ ᠤᠨ ᠴᠡᠭᠴᠡᠯᠡᠯᠲᠡ᠂ ᠵᠠᠬᠢᠳᠠᠯ ᠰᠣᠷᠪᠤᠯᠵᠢᠯᠠᠭ᠎ᠠ᠂ ᠠᠶᠤᠯ ᠦᠭᠡᠢ ᠦᠢᠯᠡᠳᠪᠦᠷᠢᠯᠡᠯ᠂ | ᠢᠳᠡᠭᠡᠨ ᠪᠠ ᠡᠮ ᠤᠨ ᠵᠦᠢᠯᠡᠰ ᠤᠨ ᠠᠮᠤᠷ ᠲᠥᠪᠰᠢᠨ ᠵᠡᠷᠭᠡ ᠠᠵᠢᠯ ᠢ ᠴᠢᠩᠭ᠎ᠠ ᠠᠳᠬᠤᠵᠤ᠂ ᠪᠦᠬᠦ ᠠᠷᠠᠳ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠭᠰᠡᠨ ᠨᠡᠶᠢᠭᠡᠮ ᠤᠨ ᠴᠡᠭᠴᠡᠯᠡᠯᠲᠡ ᠶᠢᠨ ᠪᠠᠶᠢᠳᠠᠯ ᠢ ᠲᠦᠷᠭᠡᠨ | ᠪᠠᠶᠢᠭᠤᠯᠤᠨ᠎ᠠ᠃ | ᠲᠦᠯᠦᠭᠡᠯᠡᠭᠴᠢᠳ ᠡ᠂ ᠦᠨᠦ ᠵᠢᠯ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠡᠬᠢᠯᠡᠯᠲᠡ ᠶᠢᠨ ᠵᠢᠯ | ᠪᠦᠭᠡᠳ ᠪᠠᠰᠠᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠢᠯᠠᠵᠤ ᠢᠯᠠᠭᠳᠠᠬᠤ ᠱᠠᠲᠤᠨ ᠤ ᠠᠩᠬᠠᠨ | ᠤ ᠵᠢᠯ ᠪᠣᠯᠤᠨ᠎ᠠ᠃ ᠦᠨᠦ ᠵᠢᠯ ᠤᠨ ᠠᠵᠢᠯ ᠢ ᠰᠠᠶᠢᠲᠤᠷ ᠪᠡᠶᠡᠯᠡᠭᠦᠯᠬᠦ ᠳᠤ᠂ ᠪᠢᠳᠡ ᠡᠷᠬᠡᠪᠰᠢ ᠳᠡᠭᠡᠳᠦ ᠭᠤᠷᠪᠠᠨ | ᠱᠠᠲᠤᠨ ᠤ ᠨᠠᠮ ᠤᠨ ᠬᠤᠷᠢᠶ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠰᠢᠷᠢᠰ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠣᠶᠢᠯᠠᠭᠠᠵᠤ᠂ ︽ᠲᠠᠪᠤᠨ ᠶᠡᠭᠡ ᠬᠦᠭᠵᠢᠯᠲᠡ ᠶᠢᠨ ᠦᠵᠡᠯᠲᠡ︾ ᠶᠢ ᠪᠣᠢ ᠪᠤᠯᠭᠠᠨ᠂ ︽ᠲᠠᠪᠤᠨ ᠶᠡᠭᠡ | ᠡᠭᠦᠷᠭᠡ︾ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ︽ᠲᠠᠪᠤᠨ ᠭᠤᠣᠯᠳᠠᠯᠭ᠎ᠠ ᠲᠠᠢ ᠠᠵᠢᠯ︾ ᠢ ᠰᠠᠶᠢᠲᠤᠷ | ᠠᠳᠬᠤᠨ᠂ ᠲᠣᠭᠲᠠᠭᠤᠨ ᠨᠡᠮᠡᠭᠳᠡᠯ᠂ ᠪᠦᠲᠦᠴᠡ ᠶᠢᠨ ᠳᠣᠬᠢᠷᠠᠭᠤᠯᠤᠯᠲᠠ᠂ ᠥᠭᠡᠷᠡᠴᠢᠯᠡᠯᠲᠡ ᠶᠢᠨ ᠠᠬᠢᠴᠠ ᠵᠢᠴᠢ | ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠨᠢᠭᠡᠲᠦᠯᠲᠡᠢ ᠠᠬᠢᠭᠤᠯᠵᠤ᠂ ᠠᠵᠤ ᠠᠬᠤᠢ ᠨᠡᠶᠢᠭᠡᠮ ᠤᠨ | ᠬᠦᠭᠵᠢᠯᠲᠡ ᠶᠢ ᠰᠢᠨ᠎ᠡ ᠨᠢᠭᠡ ᠱᠠᠲᠤᠨ ᠳᠤ ᠬᠦᠷᠭᠡᠨ᠎ᠡ᠃ | 2016 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠬᠠᠳᠠ ᠬᠤᠲᠠ ᠶᠢᠨ ᠡᠯ᠎ᠡ ᠲᠦᠷᠦᠯ ᠤᠨ ᠰᠢᠢᠳᠪᠦᠷᠢ | ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠠᠷᠪᠠᠨ ᠳᠦᠷᠪᠡᠳᠦᠭᠡᠷ | ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ | ᠪᠠᠷ ᠨᠠᠶᠢᠳᠠᠪᠦᠷᠢᠵᠢᠭᠤᠯᠤᠨ᠂ ᠬᠡᠯᠪᠡᠷᠢ ᠪᠠᠨ ᠬᠤᠪᠢᠷᠠᠭᠤᠯᠬᠤ ᠪᠠ ᠪᠦᠲᠦᠴᠡ ᠶᠢ ᠳᠣᠬᠢᠷᠠᠭᠤᠯᠬᠤ ᠪᠠᠷ ᠭᠤᠣᠯ | ᠪᠣᠯᠭᠠᠵᠤ᠂ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠪᠠᠷ ᠬᠦᠳᠡᠯᠭᠡᠭᠴᠢ ᠬᠦᠴᠦ ᠪᠣᠯᠭᠠᠨ᠂ ᠳᠤᠲᠠᠭᠳᠠᠯ ᠢ ᠨᠦᠬᠦᠬᠦ | ᠪᠠᠷ ᠬᠦᠴᠦᠯᠡᠬᠦ ᠴᠡᠭ ᠪᠣᠯᠭᠠᠵᠤ᠂ ᠬᠠᠩᠭᠠᠯᠭ᠎ᠠ ᠵᠦᠭ ᠬᠡᠯᠪᠡᠶᠢᠭᠰᠡᠨ ᠪᠦᠲᠦᠴᠡᠲᠦ ᠦᠭᠡᠷᠡᠴᠢᠯᠡᠯᠲᠡ ᠪᠠᠷ ᠭᠤᠣᠯ | ᠡᠭᠦᠷᠭᠡ ᠪᠠᠨ ᠪᠣᠯᠭᠠᠨ᠂ ︽ᠠᠮᠢ ᠠᠬᠤᠢ ᠶᠢᠨ ᠣᠷᠴᠢᠨ ᠲᠣᠭᠤᠷᠢᠨ ᠢ ᠲᠡᠷᠢᠭᠦᠨ ᠳᠤ ᠲᠠᠯᠪᠢᠬᠤ᠂ ᠠᠵᠤ ᠦᠢᠯᠡᠰ | ᠤᠨ ᠣᠷᠤᠯᠭ᠎ᠠ ᠶᠢᠨ ᠨᠡᠮᠡᠭᠳᠡᠯ ᠢᠶᠠᠷ ᠠᠷᠠᠳ ᠢ ᠪᠠᠶᠠᠵᠢᠭᠤᠯᠬᠤ᠂ ᠠᠵᠤ ᠦᠢᠯᠡᠳᠪᠦᠷᠢ ᠶᠢ ᠶᠡᠬᠡᠰᠬᠡᠨ | ᠪᠣᠵᠠᠭᠠᠶᠢᠷᠠᠭᠤᠯᠬᠤ᠂ ᠰᠤᠶᠤᠯ ᠪᠠ ᠵᠢᠭᠤᠯᠴᠢᠯᠠᠯ ᠢ ᠬᠦᠭᠵᠢᠭᠦᠯᠬᠦ᠂ ᠬᠤᠲᠠ ᠬᠦᠳᠡᠭᠡ ᠶᠢᠨ ᠬᠦᠭᠵᠢᠯᠲᠡ ᠶᠢ | ᠨᠢᠭᠡᠲᠦᠯᠲᠡᠢ ᠲᠦᠯᠦᠪᠯᠡᠬᠦ︾ ᠵᠡᠷᠭᠡ ᠲᠠᠪᠤᠨ ᠲᠦᠷᠦᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ | ᠠᠬᠢᠭᠤᠯᠵᠤ᠂ ᠠᠵᠤ ᠠᠬᠤᠢ ᠡᠷᠡᠭᠦᠯ ᠢᠶᠠᠷ ᠲᠦᠷᠭᠡᠨ ᠬᠦᠭᠵᠢᠭᠦᠯᠦᠨ᠂ ᠠᠷᠠᠳ ᠤᠨ ᠠᠮᠢᠳᠤᠷᠠᠯ ᠢ ᠦᠷᠭᠦᠯᠵᠢᠯᠡᠨ | ᠰᠠᠶᠢᠵᠢᠷᠠᠭᠤᠯᠵᠤ᠂ ᠨᠡᠶᠢᠭᠡᠮ ᠤᠨ ᠠᠵᠢᠯ ᠦᠢᠯᠡᠰ ᠢ ᠲᠠᠰᠤᠷᠠᠯᠲᠠ ᠦᠭᠡᠢ ᠠᠬᠢᠭᠤᠯᠤᠨ᠂ ᠨᠡᠶᠢᠭᠡᠮ ᠤᠨ ᠪᠠᠶᠢᠳᠠᠯ | ᠡᠶ᠎ᠡ ᠵᠣᠬᠢᠴᠠᠯ ᠲᠠᠢ ᠪᠦᠭᠡᠳ ᠲᠣᠭᠲᠠᠭᠤᠨ ᠪᠠᠶᠢᠬᠤ ᠶᠢ ᠪᠠᠲᠤᠯᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠦᠭᠵᠢᠯᠲᠡ ᠶᠢ ᠰᠠᠶᠢᠲᠤᠷ ᠡᠬᠢᠯᠡᠭᠦᠯᠦᠨ᠎ᠡ᠃ ᠵᠢᠱᠢᠭᠰᠡᠨ ᠭᠤᠣᠯ ᠬᠠᠷᠠᠯᠲᠠ ᠪᠣᠯ᠄ ᠪᠦᠬᠦ ᠬᠤᠰᠢᠭᠤᠨ ᠤ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 133.5 ᠳ᠋ᠦᠩᠰᠢᠭᠤᠷ ᠲᠦᠭᠦᠷᠢᠭ ᠪᠡᠶᠡᠯᠡᠭᠦᠯᠵᠦ᠂ 8% | ᠨᠡᠮᠡᠭᠳᠡᠭᠦᠯᠦᠨ᠎ᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠤᠯᠭ᠎ᠠ ᠶᠢ 5.34 ᠳ᠋ᠦᠩᠰᠢᠭᠤᠷ | ᠲᠦᠭᠦᠷᠢᠭ ᠪᠡᠶᠡᠯᠡᠭᠦᠯᠵᠦ᠂ 6.5% ᠨᠡᠮᠡᠭᠳᠡᠭᠦᠯᠦᠨ᠎ᠡ︔ 500 ᠲᠦᠮᠡᠨ ᠲᠦᠭᠦᠷᠢᠭ ᠠᠴᠠ ᠳᠡᠭᠡᠭᠰᠢᠬᠢ ᠲᠦᠷᠦᠯ | ᠵᠦᠢᠯ ᠤᠨ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ 113 ᠳ᠋ᠦᠩᠰᠢᠭᠤᠷ ᠲᠦᠭᠦᠷᠢᠭ ᠪᠡᠶᠡᠯᠡᠭᠦᠯᠵᠦ᠂ | 13% ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢ | 43 ᠳ᠋ᠦᠩᠰᠢᠭᠤᠷ ᠲᠦᠭᠦᠷᠢᠭ ᠪᠡᠶᠡᠯᠡᠭᠦᠯᠵᠦ᠂ 11% ᠨᠡᠮᠡᠭᠳᠡᠭᠦᠯᠦᠨ᠎ᠡ︔ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠬᠤᠪᠢᠶᠠᠷᠢᠯᠠᠵᠤ ᠪᠣᠯᠬᠤ ᠣᠷᠤᠯᠭ᠎ᠠ ᠶᠢ 24790 ᠲᠦᠭᠦᠷᠢᠭ ᠪᠠ | 8780 ᠲᠦᠭᠦᠷᠢᠭ ᠲᠤ ᠬᠦᠷᠭᠡᠵᠦ᠂ ᠲᠤᠰ ᠲᠤᠰ 11% ᠪᠠ 12% ᠨᠡᠮᠡᠭᠳᠡᠭᠦᠯᠦᠨ᠎ᠡ | ᠲᠡᠭᠡᠷ᠎ᠡ ᠲᠤᠷᠠᠳᠤᠭᠰᠠᠨ ᠬᠠᠷᠠᠯᠳᠠ ᠡᠬᠦᠷᠬᠡ ᠶᠢᠨ ᠲᠤᠭᠤᠷᠢᠨ ᠳᠤ᠂ ᠡᠨᠡ ᠵᠢᠯ ᠪᠢᠳᠡ ᠲᠤᠤᠷᠠᠬᠢ ᠶᠢᠰᠤᠨ | ᠲᠠᠯ᠎ᠠ ᠶᠢᠨ ᠠᠵᠢᠯ ᠢ ᠰᠠᠶᠢᠳᠤᠷ ᠬᠢᠨ᠎ᠡ᠄ | ︵ᠨᠢᠬᠡ︶ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠶᠡᠬᠡᠪᠡᠷ ᠲᠦᠯᠬᠢᠨ ᠠᠬᠢᠭᠤᠯᠵᠤ᠂ | ᠦᠷᠬᠦᠯᠵᠢᠯᠡᠨ ᠬᠦᠭᠵᠢᠭᠦᠯᠬᠦ ᠴᠢᠳᠠᠪᠦᠷᠢ ᠶᠢ ᠲᠡᠭᠡᠭᠰᠢᠯᠡᠬᠦᠯᠤᠨ᠎ᠡ | ᠠᠮᠢ ᠠᠬᠤᠢ ᠶᠢᠨ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ︽ᠪᠠᠭᠠᠷᠢᠨ ᠵᠡᠬᠦᠨ | ᠬᠤᠰᠢᠭᠤᠨ ᠤ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠪᠡᠯᠴᠢᠬᠡᠷᠯᠡᠬᠦᠯᠬᠦ ᠶᠢ ᠵᠤᠭᠰᠤᠭᠠᠬᠤ ᠠᠵᠢᠯ ᠤᠨ | ᠬᠠᠮᠢᠶᠠᠷᠤᠯᠳᠠ ᠶᠢᠨ ᠠᠷᠭ᠎ᠠ ︵ᠲᠦᠷ ᠬᠡᠷᠡᠭᠵᠢᠭᠦᠯᠬᠦ︶︾ ᠶᠢ ᠴᠢᠩᠭ᠎ᠠ ᠬᠡᠷᠡᠭᠵᠢᠬᠦᠯᠵᠤ᠂ ᠪᠦᠬᠦ ᠬᠤᠰᠢᠭᠤᠨ ᠤ | ᠲᠠᠷᠢᠶᠠᠯᠠᠬᠤ ᠤᠷᠤᠨ ᠳᠤ ᠤᠷᠳᠤ ᠬᠤᠭᠤᠴᠠᠭ᠎ᠠ ᠪᠠᠷ ᠪᠡᠯᠴᠢᠬᠡᠷᠯᠡᠬᠦᠯᠬᠦ ᠶᠢ ᠵᠤᠭᠰᠤᠭᠠᠨ᠂ ᠮᠠᠯᠵᠢᠬᠤ ᠤᠷᠤᠨ ᠳᠤ | ᠤᠯᠠᠷᠢᠯ ᠤᠨ ᠴᠢᠨᠠᠷᠳᠠᠢ ᠰᠡᠯᠬᠦᠨ ᠮᠠᠯᠵᠢᠬᠤ ᠠᠳᠠᠯᠢ ᠪᠤᠰᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠨ᠂ ᠠᠮᠢ | ᠠᠬᠤᠢ ᠶᠢ ᠰᠠᠶᠢᠵᠢᠷᠠᠭᠤᠯᠤᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠤᠭᠳᠠᠯᠴᠠᠭ᠎ᠠ | ᠶᠢ ᠨᠠᠶᠢᠳᠠᠪᠦᠷᠢᠵᠢᠭᠤᠯᠤᠨ᠂ ᠪᠡᠯᠴᠢᠬᠡᠷᠯᠡᠬᠦᠯᠬᠦ ᠶᠢ ᠵᠤᠭᠰᠤᠭᠠᠬᠤ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ᠂ | ᠪᠠᠶᠢᠭᠠᠯᠢᠯᠢᠭ ᠬᠠᠳᠤᠯᠠᠩ ᠪᠡᠯᠴᠢᠬᠡᠷ ᠤᠨ ᠲᠠᠯᠠᠪᠠᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠬᠦᠴᠦᠨ ᠢ | ᠲᠡᠭᠡᠭᠰᠢᠯᠡᠬᠦᠯᠤᠨ᠎ᠡ᠃ ᠤᠢ ᠰᠢᠭᠤᠢ᠂ ᠬᠠᠳᠤᠯᠠᠩ ᠪᠡᠯᠴᠢᠬᠡᠷ ᠢ ᠡᠪᠳᠡᠭᠰᠡᠨ ᠪᠠ ᠬᠠᠤᠯᠢ ᠪᠤᠰᠤ ᠪᠠᠷ ᠡᠵᠡᠯᠡᠵᠤ | ᠬᠡᠷᠡᠭᠯᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠠᠮᠢ ᠠᠬᠤᠢ ᠶᠢᠨ ᠪᠠᠶᠢᠭᠤᠯᠤᠯᠳᠠ ᠶᠢᠨ ᠦᠷ᠎ᠡ | ᠪᠦᠳᠦᠮᠵᠢ ᠶᠢ ᠤᠯᠠᠮ ᠪᠠᠳᠤᠳᠬᠠᠨ᠎ᠠ᠃ ᠪᠢᠳᠡᠬᠦᠮᠵᠢᠯᠡᠨ ᠬᠠᠮᠠᠭᠠᠯᠠᠬᠤ᠂ ᠪᠢᠳᠡᠬᠦᠮᠵᠢᠯᠡᠬᠦ ᠪᠠᠷ ᠭᠤᠤᠯᠯᠠᠨ | ᠦᠢᠵᠢᠭᠤᠯᠬᠤ ᠪᠤᠶᠤ ᠪᠡᠯᠴᠢᠬᠡᠷ ᠢ ᠰᠡᠷᠬᠦᠬᠡᠬᠦ ᠶᠢ ᠪᠠᠷᠢᠮᠳᠠᠯᠠᠨ᠂ ᠭᠤᠤᠯᠳᠠᠯᠭᠠᠳᠤ ᠤᠷᠤᠨ ᠪᠦᠰᠡ ᠶᠢ ᠣᠶᠢᠵᠢᠭᠤᠯᠵᠤ | ᠨᠤᠭᠤᠭᠠᠷᠠᠭᠤᠯᠤᠨ᠂ ᠪᠡᠬᠡᠵᠢᠩ ᠲᠢᠶᠠᠨᠵᠢᠨ ᠤ ᠰᠠᠯᠬᠢ ᠡᠯᠡᠰᠤᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠤᠭᠰᠤᠭᠠᠨ | ᠤᠶᠢᠵᠢᠭᠤᠯᠬᠤ ᠵᠡᠷᠬᠡ ᠠᠮᠢ ᠠᠬᠤᠢ ᠶᠢᠨ ᠢᠨᠵᠧᠨᠧᠷᠢᠩ ᠢ ᠬᠦᠢᠴᠡᠳᠬᠡᠵᠤ᠂ ᠤᠶᠢᠵᠢᠭᠤᠯᠤᠯᠳᠠ ᠶᠢᠨ ᠲᠠᠯᠠᠪᠠᠢ ᠶᠢ 8. | 5 ᠲᠦᠮᠡᠨ ᠮᠤ᠋ ᠪᠡᠶᠡᠯᠡᠬᠦᠯᠦᠨ᠎ᠡ᠃ ᠯᠢᠨᠳᠦ᠋ᠡᠭ ᠬᠤᠳᠠ ᠲᠤᠭᠤᠷᠢᠭ ᠤᠨ ᠠᠮᠢ ᠠᠬᠤᠢ ᠶᠢᠨ ᠤᠷᠴᠢᠨ ᠲᠤᠭᠤᠷᠢᠨ ᠤ | ᠢᠨᠵᠧᠨᠧᠷᠢᠩ ᠢ ᠭᠤᠤᠯᠳᠠᠯᠭ᠎ᠠ ᠲᠠᠢ ᠪᠡᠶᠡᠯᠡᠬᠦᠯᠵᠤ᠂ ᠰᠢᠷᠭ᠎ᠠ ᠶᠢᠨ ᠭᠤᠤᠯ ᠶᠢᠨ ᠤᠷᠤᠰᠬᠠᠯ ᠤᠨ ᠤᠷᠤᠨ ᠤ | ᠴᠢᠬᠢᠭᠯᠢᠭ ᠭᠠᠵᠠᠷ ᠤᠨ ᠪᠠᠶᠢᠭᠤᠯᠤᠯᠳᠠ ᠶᠢ ᠡᠬᠢᠯᠡᠬᠦᠯᠦᠨ᠂ ᠤᠯᠠᠭᠠᠨᠳᠠᠪᠠᠭ᠎ᠠ ᠤᠯᠤᠰ ᠤᠨ ᠲᠡᠰ ᠤᠨ ᠪᠠᠶᠢᠭᠠᠯᠢ ᠶᠢᠨ | ᠬᠠᠮᠠᠭᠠᠯᠠᠯᠳᠠ ᠶᠢᠨ ᠤᠷᠤᠨ ᠤ ᠨᠢᠬᠡᠳᠤᠬᠡᠷ ᠬᠤᠭᠤᠴᠠᠭᠠᠨ ᠤ ᠢᠨᠵᠧᠨᠧᠷᠢᠩ ᠢ ᠡᠬᠢᠯᠡᠨ ᠪᠠᠶᠢᠭᠤᠯᠵᠤ᠂ ᠲᠤᠯᠤᠭᠠᠨ | ᠲᠤᠭᠤᠭᠠᠳᠤ ᠠᠭᠤᠯᠠ ᠶᠢᠨ ᠭᠠᠵᠠᠷ ᠰᠢᠨᠵᠢᠯᠡᠬᠡᠨ ᠤ ᠴᠡᠴᠡᠷᠯᠢᠭ ᠢ ᠲᠡᠰ ᠲᠡᠪᠰᠢᠬᠦᠯᠦᠨ ᠤᠯᠤᠰ ᠤᠨ ᠲᠡᠰ ᠤᠨ | ᠭᠠᠵᠠᠷ ᠰᠢᠨᠵᠢᠯᠡᠬᠡᠨ ᠤ ᠴᠡᠴᠡᠷᠯᠢᠭ ᠪᠤᠯᠭᠠᠬᠤ ᠪᠠᠷ ᠴᠢᠷᠮᠠᠶᠢᠨ᠎ᠠ᠃ ᠤᠢ ᠰᠢᠭᠤᠢ ᠶᠢᠨ ᠬᠠᠷᠢᠶᠠᠨ ᠳᠠᠬᠢ ᠠᠵᠤ | ᠦᠢᠯᠡᠰ ᠪᠠ ᠤᠰᠤ ᠠᠷᠪᠢᠯᠠᠬᠤ ᠠᠵᠤ ᠠᠬᠤᠢ ᠶᠢᠨ ᠤᠢ ᠶᠢ ᠢᠳᠡᠪᠬᠢᠳᠡᠢ ᠪᠤᠶᠢᠵᠢᠭᠤᠯᠵᠤ᠂ 10 ᠲᠦᠮᠡᠨ ᠮᠤ᠋ | ᠬᠡᠬᠡᠷ᠎ᠡ ᠶᠢᠨ ᠬᠦᠢᠯᠡᠰᠤ ᠲᠠᠷᠢᠵᠤ ᠪᠢᠳᠡᠬᠦᠮᠵᠢᠯᠡᠨ᠂ ᠠᠵᠤ ᠠᠬᠤᠢ ᠶᠢᠨ ᠤᠢ ︵ᠬᠦᠢᠯᠡᠰᠤ︶ ᠶᠢ ᠲᠦᠮᠡᠨ ᠮᠦ ᠠᠴᠠ | ᠲᠡᠭᠡᠭᠰᠢ ᠦᠷᠬᠡᠳᠬᠡᠨ᠂ ᠠᠮᠢ ᠠᠬᠤᠢ ᠪᠠ ᠠᠵᠤ ᠠᠬᠤᠢ ᠬᠤᠶᠠᠷ ᠲᠠᠯ᠎ᠠ ᠶᠢᠨ ᠦᠷ᠎ᠡ ᠠᠰᠢᠭ ᠤᠯᠬᠤ ᠪᠠᠷ | ᠴᠢᠷᠮᠠᠶᠢᠨ᠎ᠠ᠃ | ᠤᠷᠴᠢᠨ ᠲᠤᠭᠤᠷᠢᠨ ᠢ ᠬᠠᠮᠠᠭᠠᠯᠠᠨ ᠵᠠᠰᠠᠬᠤ ᠪᠠᠨ ᠴᠢᠩᠭᠠᠳᠬᠠᠨ᠎ᠠ᠃ ᠤᠰᠤᠨ ᠤ ᠡᠬᠢ ᠰᠤᠷᠪᠤᠯᠵᠢ ᠶᠢᠨ | ᠬᠠᠮᠢᠶᠠᠷᠤᠯᠳᠠ ᠶᠢᠨ ᠴᠢᠩᠭ᠎ᠠ ᠲᠦᠷᠢᠮ ᠢ ᠬᠡᠷᠡᠭᠵᠢᠬᠦᠯᠵᠤ᠂ ᠤᠰᠤᠨ ᠰᠤᠷᠪᠤᠯᠵᠢ ᠶᠢᠨ ᠭᠠᠵᠠᠷ ᠤᠨ ᠤᠷᠴᠢᠨ | ᠲᠤᠭᠤᠷᠢᠨ ᠤ ᠬᠠᠮᠠᠭᠠᠯᠠᠯᠳᠠ ᠪᠠᠨ ᠴᠢᠩᠭᠠᠳᠬᠠᠨ᠂ ᠬᠤᠳᠠ ᠶᠢᠨ ᠪᠤᠵᠠᠷᠳᠤᠯ ᠤᠰᠤ᠂ ᠠᠵᠤ ᠦᠢᠯᠡᠳᠪᠦᠷᠢ ᠶᠢᠨ | ᠬᠠᠶᠠᠭᠳᠠᠮᠠᠯ ᠤᠰᠤ ᠶᠢ ᠲᠦᠪᠯᠡᠷᠡᠩᠬᠦᠢ ᠰᠢᠢᠳᠪᠦᠷᠢᠯᠡᠵᠦ᠂ ᠤᠰᠤᠨ ᠤ ᠡᠬᠢ ᠰᠤᠷᠪᠤᠯᠵᠢ ᠶᠢᠨ ᠴᠢᠨᠠᠷ ᠴᠢᠨᠰᠠᠭ᠎ᠠ ᠪᠠ | ᠠᠮᠤᠷ ᠲᠦᠪᠰᠢᠨ ᠢ ᠪᠠᠳᠤᠯᠠᠨ᠎ᠠ᠃ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠠᠭᠤᠷᠢ ᠲᠦᠬᠦᠬᠡᠷᠦᠮᠵᠢ ᠶᠢ | ᠦᠷᠬᠦᠯᠵᠢᠯᠡᠨ ᠪᠦᠷᠢᠨᠰᠢᠬᠦᠯᠵᠤ᠂ ᠦᠢᠯᠡᠳᠪᠦᠷᠢᠯᠡᠯ ᠤᠨ ᠶᠠᠪᠤᠴᠠ ᠳᠠᠬᠢ ᠪᠤᠬᠢᠷᠳᠤᠯ ᠢ ᠬᠢᠨᠠᠨ ᠡᠵᠡᠮᠳᠡᠬᠦ ᠲᠦᠪ | ᠪᠠᠶᠢᠭᠤᠯᠵᠤ᠂ ᠡᠬᠢ ᠰᠤᠷᠪᠤᠯᠵᠢ ᠶᠢ ᠨᠢ ᠴᠡᠪᠡᠷᠰᠢᠬᠦᠯᠬᠦ ᠪᠤᠵᠠᠷᠳᠤᠯ ᠤᠰᠤ ᠰᠢᠢᠳᠪᠦᠷᠢᠯᠡᠬᠦ ᠦᠢᠯᠡᠳᠪᠦᠷᠢ ᠶᠢ | ᠦᠷᠬᠡᠳᠬᠡᠨ ᠪᠠᠶᠢᠭᠤᠯᠬᠤ ᠪᠠ ᠪᠠᠷᠢᠮᠵᠢᠶ᠎ᠠ ᠪᠠᠨ ᠲᠡᠭᠡᠭᠰᠢᠯᠡᠬᠦᠯᠦᠨ ᠦᠬᠡᠷᠡᠴᠢᠯᠡᠬᠦ ᠢᠨᠵᠧᠨᠧᠷᠢᠩ ᠤᠨ ᠠᠵᠢᠯᠯᠠᠭᠠᠨ ᠢ | ᠪᠠᠳᠤᠯᠠᠨ᠎ᠠ᠃ ᠬᠢᠨᠠᠨ ᠪᠠᠶᠢᠴᠠᠭᠠᠯᠳᠠ ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ ᠤᠷᠴᠢᠨ ᠲᠤᠭᠤᠷᠢᠨ ᠢ | ᠬᠠᠮᠠᠭᠠᠯᠠᠬᠤ ᠬᠠᠤᠯᠢ ᠬᠡᠷᠡᠭᠵᠢᠬᠦᠯᠦᠯᠳᠡ ᠶᠢᠨ ᠪᠠᠶᠢᠴᠠᠭᠠᠯᠳᠠ ᠶᠢᠨ ᠲᠤᠭ᠎ᠠ ᠶᠢ ᠨᠡᠮᠡᠭᠳᠡᠬᠦᠯᠵᠤ᠂ ᠪᠤᠵᠠᠷᠳᠤᠯ ᠪᠤᠳᠠᠰ | ᠤᠨ ᠭᠠᠳᠠᠭᠰᠢᠭᠤᠯᠬᠤ ᠪᠠᠷᠢᠮᠵᠢᠶ᠎ᠠ ᠳᠤ ᠨᠡᠶᠢᠴᠡᠬᠦᠯᠦᠨ᠎ᠡ᠃ ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ᠂ ᠬᠤᠳᠠ | ᠬᠦᠳᠡᠭᠡ ᠶᠢᠨ ᠤᠳᠤᠭ᠎ᠠ ᠲᠤᠭᠤᠰᠤ ᠰᠢᠷᠦᠢ ᠶᠢᠨ ᠪᠤᠬᠢᠷᠳᠤᠯ ᠢ ᠰᠠᠶᠢᠳᠤᠷ ᠵᠠᠰᠠᠵᠤ᠂ 10 ᠲᠤᠨ ᠠᠴᠠ | ᠲᠤᠭᠤᠭᠰᠢᠬᠢ ᠨᠡᠬᠦᠷᠡᠰᠤ ᠰᠢᠳᠠᠭᠠᠭᠰᠠᠨ ᠵᠤᠤᠬ᠎ᠠ ᠶᠢ ᠦᠬᠡᠶᠢᠰᠬᠡᠬᠦ᠂ ᠹᠦ᠋ ᠯᠦᠡᠭ ᠢᠯᠴᠢ ᠶᠢᠨ ᠬᠦᠴᠦᠨ ᠤ | ᠲᠤᠯᠠᠭᠠᠯᠠᠮᠵᠢ ᠬᠠᠨᠭ᠍ᠭᠠᠬᠤ ᠲᠦᠬᠦᠬᠡᠷᠦᠮᠵᠢ ᠶᠢᠨ ᠲᠤᠭᠤᠰᠤ ᠠᠷᠢᠯᠭᠠᠬᠤ ᠦᠬᠡᠷᠡᠴᠢᠯᠡᠯᠳᠡ ᠵᠡᠷᠬᠡ ᠢᠨᠵᠧᠨᠧᠷᠢᠩ ᠢ | ᠪᠡᠶᠡᠯᠡᠬᠦᠯᠦᠨ᠎ᠡ᠃ ᠬᠦᠨᠳᠤ ᠲᠡᠮᠦᠷᠯᠢᠭ ᠤᠨ ᠪᠤᠬᠢᠷᠳᠤᠯ ᠢ ᠰᠡᠷᠬᠡᠶᠢᠯᠡᠨ ᠵᠠᠰᠠᠬᠤ᠂ ᠬᠦᠨᠳᠤ ᠲᠡᠮᠦᠷᠯᠢᠭ ᠲᠤ | ᠬᠤᠯᠪᠤᠭᠳᠠᠭᠰᠠᠨ ᠠᠵᠤ ᠠᠬᠤᠶᠢᠯᠡᠯ ᠦᠯᠡᠳᠡᠭᠳᠡᠯ ᠬᠦᠳᠡᠷ ᠤᠨ ᠭᠠᠵᠠᠷ ᠤᠨ ᠠᠮᠢ ᠠᠬᠤᠢ ᠶᠢ ᠰᠡᠷᠬᠦᠬᠡᠬᠦ | ᠢᠨᠵᠧᠨᠧᠷᠢᠩ ᠢ ᠬᠡᠷᠡᠭᠵᠢᠬᠦᠯᠵᠤ᠂ ᠠᠭᠤᠷᠬᠠᠢ ᠶᠢᠨ ᠦᠢᠯᠡᠰ ᠤᠨ ᠨᠡᠬᠡᠬᠡᠯᠳᠡ ᠪᠠ ᠤᠷᠴᠢᠨ ᠲᠤᠭᠤᠷᠢᠨ ᠤ | ᠬᠠᠮᠠᠭᠠᠯᠠᠯᠳᠠ ᠶᠢ ᠬᠠᠷᠢᠯᠴᠠᠨ ᠤᠶᠠᠯᠳᠤᠭᠤᠯᠤᠭᠰᠠᠨ ᠤᠷᠳᠤᠮᠵᠢ ᠶᠢᠨ ᠴᠢᠨᠠᠷᠲᠠᠢ ᠲᠤᠭᠳᠠᠯᠴᠠᠭ᠎ᠠ ᠪᠠᠶᠢᠭᠤᠯᠤᠨ᠎ᠠ᠃ | ᠲᠠᠷᠢᠶᠠᠯᠠᠩ ᠤᠨ ᠠᠮᠢ ᠠᠬᠤᠢ ᠶᠢ ᠬᠠᠮᠠᠭᠠᠯᠠᠬᠤ ᠪᠠ ᠰᠡᠷᠬᠦᠬᠡᠬᠦ ᠪᠠᠨ ᠴᠢᠩᠭᠠᠳᠬᠠᠨ᠂ ᠲᠠᠷᠢᠶᠠᠯᠠᠩ ᠤᠨ ᠦᠢᠯᠡᠰ ᠪᠠ | ᠬᠦᠷᠦᠰᠤ ᠰᠢᠷᠦᠢ ᠶᠢᠨ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠢ ᠢᠳᠡᠪᠬᠢᠳᠡᠢ ᠦᠷᠨᠢᠬᠦᠯᠦᠨ᠎ᠡ᠃ ᠭᠤᠤᠯᠳᠠᠯᠭ᠎ᠠ | ᠲᠠᠢ ᠠᠵᠤ ᠦᠢᠯᠡᠰ ᠪᠠ ᠠᠵᠤ ᠠᠬᠤᠶᠢᠯᠠᠯ ᠤᠨ ᠬᠦᠬᠦᠷ ᠤᠨ ᠲᠠᠪᠬᠤᠷ ᠢᠰᠦᠯ᠂ ᠠᠽᠤᠲ ᠢᠰᠦᠯ ᠢ ᠦᠬᠡᠶᠢᠳᠡᠬᠦᠯᠬᠦ | ᠦᠬᠡᠷᠡᠴᠢᠯᠡᠯᠳᠡ ᠶᠢ ᠲᠦᠷᠬᠡᠳᠬᠡᠨ᠂ ᠭᠤᠤᠯ ᠪᠤᠵᠠᠷᠳᠤᠯ ᠪᠤᠳᠠᠰ ᠢ ᠬᠢᠵᠠᠭᠠᠷᠯᠠᠬᠤ᠂ ᠭᠠᠳᠠᠭᠰᠢᠯᠠᠯᠳᠠ ᠶᠢ ᠨᠢ | ᠪᠠᠭᠠᠰᠬᠠᠬᠤ ᠠᠵᠢᠯ ᠢ ᠦᠷᠬᠦᠯᠵᠢᠯᠡᠨ ᠰᠠᠶᠢᠳᠤᠷ ᠬᠢᠵᠤ᠂ ᠲᠡᠭᠡᠷ᠎ᠡ ᠱᠠᠳᠤᠨ ᠤ ᠪᠠᠭᠤᠯᠭᠠᠭᠰᠠᠨ ᠡᠯ᠎ᠡ ᠲᠦᠷᠦᠯ ᠤᠨ | ᠬᠢᠵᠠᠭᠠᠷᠯᠠᠬᠤ ᠴᠢᠨᠠᠷᠳᠠᠢ ᠬᠦᠢᠴᠡᠳᠬᠡᠯ ᠲᠤᠭ᠎ᠠ ᠶᠢ ᠪᠡᠶᠡᠯᠡᠬᠦᠯᠦᠨ᠎ᠡ᠃ | ︵ᠬᠤᠶᠠᠷ︶ ︽ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠬᠤ ᠮᠠᠯᠵᠢᠬᠤ ᠤᠷᠤᠨ᠂ ᠲᠠᠷᠢᠶᠠᠴᠢᠨ ᠮᠠᠯᠴᠢᠨ︾ | ᠤ ᠠᠵᠢᠯ ᠢ ᠴᠢᠩᠭ᠎ᠠ ᠠᠳᠬᠤᠨ᠂ ᠠᠵᠤ ᠦᠢᠯᠡᠰ ᠤᠨ ᠤᠷᠤᠯᠭ᠎ᠠ ᠶᠢ ᠨᠡᠮᠡᠭᠳᠡᠬᠦᠯᠵᠤ ᠠᠷᠠᠳ ᠢ ᠪᠠᠶᠠᠵᠢᠭᠤᠯᠬᠤ | ᠪᠤᠳᠠᠳᠤ ᠦᠷ᠎ᠡ ᠠᠰᠢᠭ ᠢ ᠨᠡᠮᠡᠭᠳᠡᠬᠦᠯᠦᠨ᠎ᠡ | ᠶᠠᠳᠠᠭᠤ ᠠᠴᠠ ᠠᠩᠬᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠦᠷᠨᠢᠬᠦᠯᠦᠨ᠎ᠡ᠃ ︽ᠨᠠᠷᠢᠯᠢᠭ ᠤᠨᠤᠪᠴᠢᠳᠠᠢ | ᠶᠠᠳᠠᠭᠤ ᠶᠢ ᠲᠡᠳᠬᠦᠬᠦ︾ ᠠᠷᠭ᠎ᠠ ᠲᠡᠮ ᠢ ᠤᠨᠤᠪᠴᠢᠳᠠᠢ ᠠᠳᠬᠤᠵᠤ᠂ ᠬᠤᠰᠢᠭᠤ᠂ ᠰᠤᠮᠤ ᠰᠢᠶᠠᠩ ᠪᠠᠯᠭᠠᠰᠤ᠂ | ᠭᠠᠴᠠᠭ᠎ᠠ ᠲᠤᠰᠬᠤᠨ᠂ ᠶᠠᠳᠠᠭᠤ ᠬᠦᠴᠢᠷᠳᠡᠢ ᠡᠷᠦᠬᠡ ᠵᠡᠷᠬᠡ ᠡᠯ᠎ᠡ ᠲᠡᠰ ᠲᠡᠪᠬᠤᠷᠭᠠᠨ ᠤ ᠶᠠᠳᠠᠭᠤ ᠠᠴᠠ | ᠠᠩᠬᠢᠵᠢᠷᠠᠭᠤᠯᠬᠤ ᠲᠦᠯᠦᠪᠵᠢᠬᠦᠯᠬᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠤ ᠲᠡᠬᠦᠯᠳᠡᠷᠵᠢᠬᠦᠯᠦᠨ᠎ᠡ᠃ ︽ | ᠭᠤᠷᠪᠠ ᠶᠢ ᠲᠤᠰᠬᠤᠨ ᠪᠠ ᠡᠷᠦᠬᠡ ᠳᠤ ᠬᠦᠷᠬᠡᠬᠦ︾᠂ ᠮᠦᠡᠭᠬᠦᠨ ᠬᠦᠢᠯᠬᠡᠬᠡ ᠪᠠᠷ ᠶᠠᠳᠠᠭᠤ ᠶᠢ ᠲᠡᠳᠬᠦᠬᠦ ᠵᠢᠴᠢ | ᠭᠠᠵᠠᠷ ᠰᠢᠯᠵᠢᠬᠦᠯᠵᠤ ᠨᠡᠬᠦᠯᠬᠡᠬᠦ ᠵᠡᠷᠬᠡ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠤ᠂ ᠲᠦᠮᠡᠨ ᠶᠠᠳᠠᠭᠤ ᠬᠦᠴᠢᠷᠳᠡᠢ | ᠡᠷᠦᠬᠡ ᠶᠢ ᠲᠤᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠤᠨ᠎ᠠ᠃ ︽ᠪᠠᠩᠬᠢ ᠶᠢᠨ ᠵᠢᠬᠡᠯᠡᠯᠬᠡ ᠪᠠᠷ ᠲᠡᠳᠬᠦᠬᠦ︾ | ᠪᠡᠯᠡ ᠮᠦᠡᠭᠬᠦ ᠶᠢ ᠰᠠᠶᠢᠳᠤᠷ ᠤᠷᠤᠭᠤᠯᠵᠤ᠂ 78 ᠬᠦᠴᠢᠷᠳᠡᠢ ᠭᠠᠴᠠᠭ᠎ᠠ ᠲᠤᠰᠬᠤᠨ ᠢ ᠭᠤᠤᠯᠳᠠᠯᠭ᠎ᠠ ᠲᠠᠢ ᠲᠡᠳᠬᠦᠨ | ᠶᠠᠳᠠᠭᠤ ᠠᠴᠠ ᠠᠩᠬᠢᠵᠢᠷᠠᠭᠤᠯᠬᠤ ᠠᠵᠤ ᠦᠢᠯᠡᠰ ᠢ ᠬᠦᠭᠵᠢᠬᠦᠯᠦᠨ᠎ᠡ᠃ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ᠂ | ᠡᠯᠧᠺᠲᠷᠤᠨ ᠠᠷᠠᠯᠵᠢᠶ᠎ᠠ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ᠂ ᠨᠠᠷᠠᠨ ᠤ ᠡᠨᠧᠷᠬᠢ ᠶᠢᠨ ᠴᠠᠬᠢᠯᠭᠠᠨ | ᠭᠠᠷᠭᠠᠯᠳᠠ ᠪᠠᠷ ᠶᠠᠳᠠᠭᠤ ᠶᠢ ᠲᠡᠳᠬᠦᠬᠦ ᠵᠡᠷᠬᠡ ᠪᠦᠳᠦᠮᠵᠢᠳᠡᠢ ᠠᠷᠭ᠎ᠠ ᠵᠠᠮ ᠢ ᠢᠳᠡᠪᠬᠢᠳᠡᠢ ᠰᠦᠪᠡᠭᠴᠢᠯᠡᠨ᠂ ᠶᠠᠳᠠᠭᠤ | ᠠᠴᠠ ᠠᠩᠬᠢᠵᠢᠷᠠᠭᠤᠯᠵᠤ ᠤᠷᠤᠯᠭ᠎ᠠ ᠶᠢ ᠨᠢ ᠨᠡᠮᠡᠭᠳᠡᠬᠦᠯᠬᠦ ᠠᠷᠭ᠎ᠠ ᠵᠠᠮ ᠢ ᠦᠷᠬᠡᠳᠬᠡᠨ᠎ᠡ᠃ ᠨᠡᠶᠢᠬᠡᠮ ᠤᠨ | ᠬᠠᠪᠰᠤᠷᠤᠮᠵᠢ ᠲᠡᠳᠬᠦᠮᠵᠢ ᠶᠢᠨ ᠲᠤᠭᠳᠠᠯᠴᠠᠭ᠎ᠠ ᠶᠢ ᠤᠯᠠᠮ ᠨᠢᠬᠡ ᠠᠯᠬᠤᠮ ᠲᠡᠬᠦᠯᠳᠡᠷᠵᠢᠬᠦᠯᠵᠤ᠂ ᠪᠡᠬᠡᠵᠢᠩ ᠤᠨ | ᠱᠦᠨ ᠢ ᠤᠷᠤᠨ ᠤ ᠲᠤᠭᠳᠠᠭᠰᠠᠨ ᠴᠢᠭ ᠤᠨ ᠬᠠᠪᠰᠤᠷᠤᠨ ᠲᠡᠮᠵᠢᠬᠦ᠂ ᠰᠠᠨ ᠰᠢᠶᠠ ᠪᠦᠯᠦᠭᠯᠡᠯ ᠤᠨ ᠲᠤᠭᠳᠠᠭᠰᠠᠨ | ᠴᠢᠭ ᠤᠨ ᠬᠠᠪᠰᠤᠷᠤᠨ ᠲᠡᠮᠵᠢᠬᠦ᠂ ᠤᠷᠤᠨ ᠤ ᠲᠡᠰ ᠤᠨ ᠤᠳᠤᠷᠢᠳᠤᠯᠭ᠎ᠠ ᠵᠢᠴᠢ ᠰᠠᠯᠠᠭ᠎ᠠ ᠮᠦᠴᠢᠷ ᠤᠨ | ᠲᠠᠭᠠᠭᠠᠴᠢᠯᠠᠨ ᠬᠠᠷᠢᠯᠴᠠᠵᠤ ᠬᠠᠪᠰᠤᠷᠤᠨ ᠲᠡᠮᠵᠢᠯᠬᠡ ᠶᠢ ᠤᠯᠬᠤ ᠪᠠᠷ ᠴᠢᠷᠮᠠᠶᠢᠨ᠎ᠠ᠃ ᠶᠠᠳᠠᠭᠤ ᠶᠢ ᠲᠡᠳᠬᠦᠬᠦ ᠪᠠ | ᠨᠡᠬᠦᠯᠬᠡᠬᠦ ᠵᠡᠷᠬᠡ ᠲᠦᠷᠦ ᠶᠢᠨ ᠪᠤᠳᠤᠯᠭ᠎ᠠ ᠶᠢᠨ ᠴᠢᠨᠠᠷᠳᠠᠢ ᠵᠢᠬᠡᠯᠡᠯᠬᠡ ᠶᠢ ᠴᠢᠷᠮᠠᠶᠢᠨ ᠤᠯᠵᠤ᠂ ᠶᠠᠳᠠᠭᠤ ᠶᠢ ᠲᠡᠳᠬᠦᠬᠦ | ᠪᠡᠯᠡ ᠮᠦᠡᠭᠬᠦ ᠬᠦᠷᠦᠯᠴᠡᠬᠦ ᠦᠬᠡᠢ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ | ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ︽ | ᠤᠷᠢᠳᠴᠢᠯᠠᠨ ᠲᠦᠯᠦᠪᠯᠡᠵᠤ᠂ ᠠᠵᠤ ᠦᠢᠯᠡᠰ ᠢᠶᠠᠷ ᠲᠤᠯᠭᠠᠭᠤᠷᠢᠯᠠᠨ᠂ ᠵᠢᠱᠢᠶ᠎ᠠ ᠦᠵᠡᠬᠦᠯᠵᠤ ᠵᠢᠯᠤᠭᠤᠳᠤᠨ | ᠲᠠᠭᠠᠭᠤᠯᠬᠤ︾ ᠶᠢ ᠪᠠᠷᠢᠮᠳᠠᠯᠠᠨ᠂ 414 ᠠᠶᠢᠯ ᠲᠤᠰᠬᠤᠨ ᠤ ︽ᠠᠷᠪᠠ ᠶᠢ ᠪᠦᠷᠬᠦᠬᠦᠯᠬᠦ︾ ᠢᠨᠵᠧᠨᠧᠷᠢᠩ ᠢ | ᠪᠠᠳᠤᠳᠠᠢ ᠠᠬᠢᠭᠤᠯᠤᠨ᠎ᠠ᠃ ᠤᠯᠠᠨ ᠠᠷᠭ᠎ᠠ ᠵᠠᠮ ᠢᠶᠠᠷ ᠪᠡᠯᠡ ᠮᠦᠩᠭᠦ ᠬᠤᠷᠠᠮᠳᠤᠭᠤᠯᠤᠨ᠂ PPP ᠪᠡᠯᠡ | ᠬᠤᠷᠠᠮᠳᠤᠭᠤᠯᠬᠤ ᠵᠠᠭᠪᠤᠷ ᠢᠶᠠᠷ ᠵᠡᠬᠡᠯᠢ ᠭᠤᠳᠤᠮᠵᠢ ᠶᠢ 1582 ᠺᠢᠯᠤᠮᠧᠲᠷ ᠬᠠᠲᠠᠭᠤᠵᠢᠭᠤᠯᠵᠤ᠂ 2800 ᠡᠷᠦᠬᠡ | ᠳᠤ ᠷᠠᠳᠢᠤ᠋ ᠲᠧᠯᠸᠢᠰ ᠨᠡᠪᠳᠡᠷᠡᠬᠦᠯᠦᠨ᠂ 62 ᠰᠠᠭᠤᠷᠢ ᠤᠤᠭᠤᠬᠤ ᠤᠰᠤᠨ ᠤ ᠠᠮᠤᠷ ᠲᠦᠪᠰᠢᠨ ᠢᠨᠵᠧᠨᠧᠷᠢᠩ ᠪᠠ | 4 ᠰᠤᠷᠭᠠᠭᠤᠯᠢ ᠶᠢᠨ ᠪᠦᠳᠦᠬᠡᠨ ᠪᠠᠶᠢᠭᠤᠯᠤᠯᠳᠠ ᠪᠠ ᠠᠮᠤᠷ ᠲᠦᠪᠰᠢᠨ ᠤ ᠦᠬᠡᠷᠡᠴᠢᠯᠡᠯᠳᠡ ᠶᠢᠨ ᠢᠨᠵᠧᠨᠧᠷᠢᠩ ᠢ | ᠪᠡᠶᠡᠯᠡᠬᠦᠯᠵᠤ᠂ 14 ᠡᠷᠡᠬᠦᠯ ᠬᠠᠮᠠᠭᠠᠯᠠᠯ ᠤᠨ ᠲᠠᠰᠤᠭ᠂ 29 ᠰᠤᠶᠤᠯ ᠤᠨ ᠦᠷᠦᠬᠡ᠂ 30 ᠠᠷᠠᠳ ᠲᠤ ᠲᠦᠬᠦᠮ | ᠦᠵᠡᠬᠦᠯᠬᠦ ᠬᠡᠯᠬᠢᠶᠡᠳᠤ ᠲᠡᠯᠭᠡᠭᠦᠷ ᠪᠠᠶᠢᠭᠤᠯᠵᠤ᠂ ᠨᠠᠰᠤᠵᠢᠯ ᠤᠨ ᠲᠠᠭᠠᠳᠬᠠᠯ᠂ ᠡᠷᠡᠬᠦᠯ ᠬᠠᠮᠠᠭᠠᠯᠠᠯ ᠤᠨ ᠲᠠᠭᠠᠳᠬᠠᠯ᠂ | ᠲᠤᠤᠷ᠎ᠠ ᠪᠠᠳᠤᠯᠠᠭ᠎ᠠ ᠵᠡᠷᠬᠡ ᠨᠡᠶᠢᠬᠡᠮ ᠤᠨ ᠪᠠᠳᠤᠯᠠᠭ᠎ᠠ ᠶᠢ ᠰᠠᠶᠢᠳᠤᠷ ᠠᠳᠬᠤᠵᠤ ᠪᠦᠬᠦᠨ ᠢ ᠪᠦᠷᠬᠦᠬᠦᠯᠤᠨᠡ᠃ | ᠬᠦᠳᠡᠭᠡ ᠲᠤᠰᠬᠤᠨ ᠮᠠᠯᠵᠢᠬᠤ ᠤᠷᠤᠨ ᠤ ᠰᠢᠷᠦᠢ ᠶᠢᠨ ᠬᠡᠷ ᠢ ᠵᠠᠰᠠᠨ ᠦᠬᠡᠷᠡᠴᠢᠯᠡᠵᠤ᠂ ᠰᠢᠨ᠎ᠡ ᠪᠠᠷ ᠪᠠᠶᠢᠭᠤᠯᠬᠤ᠂ | ᠨᠤᠷᠠᠭᠠᠬᠤ᠂ ᠰᠡᠯᠪᠢᠨ ᠵᠠᠰᠠᠬᠤ ᠵᠢᠴᠢ ᠨᠠᠰᠤᠳᠠᠨ ᠢ ᠠᠰᠠᠷᠠᠬᠤ ᠬᠦᠷᠢᠶᠡᠯᠡᠩ ᠪᠠᠶᠢᠭᠤᠯᠬᠤ ᠪᠠᠷ ᠲᠠᠮᠵᠢᠨ᠂ ᠬᠦᠳᠡᠭᠡ | ᠲᠤᠰᠬᠤᠨ ᠮᠠᠯᠵᠢᠬᠤ ᠤᠷᠤᠨ ᠤ ᠠᠶᠤᠯᠳᠠᠢ ᠬᠡᠷ ᠪᠠᠶᠢᠰᠢᠩ ᠬᠠᠭᠤᠴᠢᠨ ᠬᠡᠷ ᠪᠠᠶᠢᠰᠢᠩ ᠢ 17800 ᠡᠷᠦᠬᠡ | ᠵᠠᠰᠠᠵᠤ ᠦᠬᠡᠷᠡᠴᠢᠯᠡᠨ᠎ᠡ᠃ ᠬᠠᠰᠢᠶ᠎ᠠ ᠬᠡᠷᠡᠮ ᠢ ᠵᠠᠰᠠᠬᠤ᠂ ᠠᠶᠢᠯ ᠲᠤᠰᠬᠤᠨ ᠢ ᠨᠤᠭᠤᠭᠠᠷᠠᠭᠤᠯᠬᠤ᠂ ᠭᠠᠵᠠᠷ ᠤᠨ | ᠨᠡᠷ᠎ᠡ ᠶᠢᠨ ᠫᠠᠶᠢᠰᠠ ᠭᠠᠷᠭᠠᠬᠤ ᠵᠡᠷᠬᠡ ᠠᠵᠢᠯ ᠢ ᠦᠷᠬᠦᠯᠵᠢᠯᠡᠨ ᠬᠢᠨ᠎ᠠ᠃ ᠭᠠᠴᠠᠭ᠎ᠠ ᠲᠤᠰᠬᠤᠨ ᠢᠶᠠᠷ ᠭᠤᠤᠯ | ᠴᠤᠭᠴᠠ ᠪᠤᠯᠭᠠᠭᠰᠠᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠬᠠᠮᠢᠶᠠᠷᠤᠯᠳᠠ ᠬᠠᠮᠠᠭᠠᠯᠠᠯᠳᠠ ᠶᠢᠨ | ᠤᠷᠳᠤᠮᠵᠢ ᠶᠢᠨ ᠴᠢᠨᠠᠷᠳᠠᠢ ᠲᠤᠭᠳᠠᠴᠠᠯᠭᠠ ᠶᠢ ᠰᠦᠪᠡᠭᠴᠢᠯᠡᠨ ᠪᠠᠶᠢᠭᠤᠯᠵᠤ᠂ ᠢᠨᠵᠧᠨᠧᠷᠢᠩ ᠤᠨ ᠬᠡᠪ ᠤᠨ | ᠶᠤᠰᠤᠭᠠᠷ ᠶᠠᠪᠤᠭᠳᠠᠬᠤ ᠪᠠ ᠦᠷ᠎ᠡ ᠠᠰᠢᠭ ᠤᠨ ᠤᠳᠠᠭᠠᠨ ᠴᠢᠨᠠᠷᠳᠠᠢ ᠦᠢᠯᠡᠳᠦᠯ ᠢᠶᠠᠨ ᠪᠠᠳᠠᠷᠠᠭᠤᠯᠤᠨ᠎ᠠ᠃ | ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠦᠭᠵᠢᠬᠦᠯᠦᠨ᠎ᠡ᠃ ︽ᠪᠠᠭᠠᠷᠢᠨ ᠵᠡᠬᠦᠨ | ᠬᠤᠰᠢᠭᠤᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠤᠢ ᠰᠢᠭᠤᠢ ᠶᠢᠨ ᠦᠢᠯᠡᠰ ᠤᠨ ᠬᠦᠭᠵᠢᠯᠳᠡ ᠶᠢ | ᠲᠦᠷᠬᠡᠳᠬᠡᠬᠦ ᠲᠤᠬᠠᠢ ᠵᠢᠯᠤᠭᠤᠳᠬᠤ ᠰᠠᠨᠠᠯ︾ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠦᠨᠳᠦᠷ ᠦᠷ᠎ᠡ | ᠠᠰᠢᠭᠲᠤ ᠤᠰᠤ ᠠᠷᠪᠢᠯᠠᠬᠤ ᠤᠰᠤᠯᠠᠯᠳᠠ ᠶᠢᠨ ᠢᠨᠵᠧᠨᠧᠷᠢᠩ ᠢ ᠦᠷᠬᠦᠯᠵᠢᠯᠡᠨ ᠠᠬᠢᠭᠤᠯᠵᠤ᠂ ᠵᠢᠱᠢᠶ᠎ᠡ ᠦᠵᠡᠬᠦᠯᠬᠦ | ᠬᠡᠪ ᠲᠠᠭᠤᠷᠢᠶᠠᠯ ᠢ ᠰᠠᠶᠢᠳᠤᠷ ᠠᠳᠬᠤᠨ᠂ ᠠᠮᠤ ᠪᠤᠳᠠᠭᠠᠨ ᠤ ᠤᠨᠠᠯᠳᠠ ᠶᠢ 10 ᠳ᠋ᠦᠡᠭᠰᠢᠭᠤᠷ ᠵᠢᠩ ᠠᠴᠠ ᠲᠡᠭᠡᠭᠰᠢ | ᠬᠦᠷᠬᠡᠬᠦ ᠪᠠᠷ ᠴᠢᠷᠮᠠᠶᠢᠨ᠎ᠠ᠃ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠬᠤ ᠲᠤᠷᠰᠢᠯᠳᠠ ᠶᠢᠨ ᠬᠤᠰᠢᠭᠤ ᠪᠤᠯᠬᠤ | ᠪᠠᠷ ᠴᠢᠷᠮᠠᠶᠢᠨ᠂ ᠲᠠᠷᠢᠮᠠᠯ ᠤᠨ ᠪᠦᠳᠦᠴᠡ ᠶᠢᠨ ᠲᠤᠬᠢᠷᠠᠭᠤᠯᠤᠯᠳᠠ ᠶᠢᠨ ᠵᠢᠱᠢᠶ᠎ᠡ ᠦᠵᠡᠬᠦᠯᠬᠦ ᠲᠤᠭᠤᠷᠢᠭ ᠪᠠᠶᠢᠭᠤᠯᠵᠤ | ᠂ ᠴᠢᠨᠠᠷ ᠰᠠᠶᠢᠨ ᠤᠨᠠᠯᠳᠠ ᠦᠨᠳᠦᠷ ᠪᠤᠷᠳᠤᠭ᠎ᠠ ᠲᠠᠷᠢᠬᠤ ᠬᠠᠷᠢᠴᠠᠯ ᠢ ᠲᠡᠭᠡᠭᠰᠢᠯᠡᠬᠦᠯᠵᠤ᠂ ᠡᠷᠳᠡᠨᠢ ᠰᠢᠰᠢ ᠲᠠᠷᠢᠬᠤ | ᠲᠠᠯᠠᠪᠠᠢ ᠶᠢ 10 ᠲᠦᠮᠡᠨ ᠮᠤ᠋ ᠪᠠᠭᠠᠰᠬᠠᠨ᠎ᠠ᠃ ᠵᠤᠤ ᠤᠳᠠ ᠶᠢᠨ ᠠᠯᠠᠰᠢᠨ ᠬᠤᠨᠢ᠂ ᠰᠢᠮᠧᠨ᠋ᠲᠷ ᠠᠯᠠᠰᠢᠨ ᠦᠬᠡᠷ | ᠢᠶᠠᠷ ᠭᠤᠤᠯᠳᠠᠯᠭ᠎ᠠ ᠪᠤᠯᠭᠠᠭᠰᠠᠨ ᠮᠠᠯ ᠠᠵᠤ ᠠᠬᠤᠢ ᠶᠢ ᠶᠡᠬᠡᠪᠡᠷ ᠬᠦᠭᠵᠢᠬᠦᠯᠵᠤ᠂ ᠬᠤᠨᠢ 100 ᠲᠦᠮᠡᠨ ᠲᠤᠯᠤᠭᠠᠢ | ᠂ ᠦᠬᠡᠷ 8 ᠲᠦᠮᠡ ᠠᠴᠠ ᠲᠡᠭᠡᠭᠰᠢ ᠪᠤᠷᠤᠯᠠᠭᠤᠯᠤᠨ᠎ᠠ᠃ ᠱᠦᠬᠦᠷ ᠡᠪᠡᠰᠤᠨ ᠤ ᠰᠦᠷᠡᠯ᠂ ᠲᠦᠮᠦᠰᠤ᠂ ᠪᠤᠭᠤ᠂ | ᠬᠠᠷ᠎ᠠ ᠲᠤᠯᠤᠭᠠᠶᠢᠳᠤ ᠡᠯᠵᠢᠬᠡ ᠪᠠ ᠪᠦᠳᠦᠬᠦᠯᠢᠭ ᠠᠮᠤ ᠪᠤᠳᠠᠭ᠎ᠠ ᠪᠤᠷᠴᠠᠭ ᠤᠨ ᠠᠵᠤ ᠦᠢᠯᠡᠰ ᠢ ᠴᠢᠩᠭ᠎ᠠ | ᠠᠳᠬᠤᠵᠤ᠂ ᠠᠯᠠᠰᠢᠨ ᠡᠯᠵᠢᠬᠡ 20 ᠲᠦᠮᠡᠨ ᠲᠤᠯᠤᠭᠠᠢ ᠲᠡᠵᠢᠬᠡᠵᠤ᠂ ᠱᠦᠬᠦᠷ ᠡᠪᠡᠰᠤ 30 ᠲᠦᠮᠡᠨ ᠮᠤ᠋᠂ | ᠲᠦᠮᠦᠰᠤ 10 ᠲᠦᠮᠡᠨ ᠮᠤ᠋᠂ ᠠᠮᠤ ᠪᠤᠳᠠᠭ᠎ᠠ ᠪᠤᠷᠴᠠᠭ 50 ᠲᠦᠮᠡᠨ ᠮᠤ᠋ ᠠᠴᠠ ᠲᠡᠭᠡᠭᠰᠢ ᠲᠠᠷᠢᠨ᠎ᠠ᠃ ᠪᠤᠬᠢᠷᠳᠤᠯ | ᠦᠬᠡᠢ ᠦᠢᠯᠡᠳᠪᠦᠷᠢᠯᠡᠯ ᠤᠨ ᠵᠠᠬᠪᠤᠷ ᠢᠶᠠᠷ᠂ ᠲᠦᠮᠡᠨ ᠲᠤᠯᠤᠭᠠᠶᠢᠳᠤ ᠵᠤᠤ ᠤᠳᠠ ᠠᠯᠠᠰᠢᠨ ᠬᠤᠨᠢ ᠶᠢ ᠡᠬᠦᠯᠳᠡᠷ | ᠰᠠᠶᠢᠵᠢᠷᠠᠭᠤᠯᠬᠤ ᠰᠠᠭᠤᠷᠢᠨ ᠭᠠᠵᠠᠷ᠂1000 ᠲᠦᠮᠡᠨ ᠪᠠᠭᠴᠠ ᠱᠦᠬᠦᠷ ᠡᠪᠡᠰᠤ ᠪᠤᠯᠪᠠᠰᠤᠷᠠᠭᠤᠯᠬᠤ ᠰᠠᠭᠤᠷᠢᠨ | ᠭᠠᠵᠠᠷ᠂ 10 ᠲᠦᠮᠡᠨ ᠮᠤ᠋ ᠨᠠᠷᠢᠮᠤ ᠲᠠᠷᠢᠬᠤ ᠰᠠᠭᠤᠷᠢᠨ ᠭᠠᠵᠠᠷ᠂ ᠲᠦᠮᠡᠨ ᠮᠤ᠋ ᠲᠦᠮᠦᠰᠤ ᠲᠠᠷᠢᠵᠤ | ᠪᠤᠯᠪᠠᠰᠤᠷᠠᠭᠤᠯᠬᠤ ᠰᠠᠭᠤᠷᠢᠨ ᠭᠠᠵᠠᠷ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢ ᠬᠦᠭᠵᠢᠬᠦᠯᠬᠦ ᠰᠠᠭᠤᠷᠢ | ᠮᠦᠡᠭᠬᠦ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠴᠤᠭᠴᠠ | ᠬᠦᠮᠦᠵᠢᠬᠦᠯᠵᠤ᠂ ᠲᠠᠷᠢᠮᠠᠯ ᠲᠡᠵᠢᠬᠡᠪᠦᠷᠢ ᠶᠢᠨ ᠲᠤᠮᠤ ᠡᠷᠦᠬᠡ150 ᠡᠷᠦᠬᠡ᠂ ᠬᠡᠷ ᠪᠦᠯᠢ ᠶᠢᠨ ᠲᠠᠷᠢᠶᠠᠯᠠᠩ ᠮᠠᠯᠵᠢᠯ | ᠤᠨ ᠲᠠᠯᠠᠪᠠᠢ 40 ᠶᠢ ᠬᠦᠭᠵᠢᠬᠦᠯᠵᠤ᠂ ᠬᠤᠳᠠ ᠶᠢᠨ ᠲᠡᠰ ᠠᠴᠠ ᠲᠡᠭᠡᠭᠰᠢ ᠵᠢᠱᠢᠶ᠎ᠡ ᠦᠵᠡᠬᠦᠯᠬᠦ ᠬᠤᠷᠰᠢᠶᠠᠵᠢᠯ ᠢ | 25 ᠪᠤᠯᠭᠠᠬᠤ ᠪᠠᠷ ᠴᠢᠷᠮᠠᠶᠢᠨ᠎ᠠ᠃ ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮ᠎ᠡ ᠡᠵᠡᠩᠨᠡᠵᠤ | ᠪᠤᠷᠤᠯᠠᠭᠤᠯᠬᠤ ᠠᠷᠭ᠎ᠠ ᠵᠠᠮ ᠢ ᠦᠷᠬᠡᠳᠬᠡᠨ᠂ ᠵᠠᠬᠢᠶᠠᠯᠠᠭ᠎ᠠ ᠶᠢᠨ ᠬᠡᠯᠪᠡᠷᠢᠳᠤ ᠲᠠᠷᠢᠶᠠᠯᠠᠩ ᠮᠠᠯ ᠠᠵᠤ ᠠᠬᠤᠢ᠂ | ᠲᠠᠷᠢᠶᠠᠯᠠᠩ ᠬᠡᠳᠤ ᠲᠡᠯᠬᠡᠬᠦᠷ ᠬᠠᠷᠢᠯᠴᠠᠭᠰᠠᠨ᠂ ᠡᠯᠧᠺᠲᠷᠤᠨ ᠠᠷᠠᠯᠵᠢᠶ᠎ᠠ ᠵᠡᠷᠬᠡ ᠤᠳᠤᠬᠢᠴᠢᠯᠠᠭᠰᠠᠨ ᠡᠵᠡᠩᠨᠡᠯᠳᠡ | ᠪᠤᠷᠤᠯᠠᠭᠤᠯᠤᠯᠳᠠ ᠶᠢᠨ ᠬᠡᠯᠪᠡᠷᠢ ᠶᠢ ᠲᠦᠷᠬᠡᠨ ᠢᠶᠠᠷ ᠬᠦᠭᠵᠢᠬᠦᠯᠵᠤ᠂ ᠲᠠᠷᠢᠶᠠᠯᠠᠩ ᠤᠨ ᠪᠦᠳᠦᠬᠡᠭᠳᠡᠬᠦᠨ ᠮᠠᠯ ᠤᠨ | ᠠᠰᠢᠭ ᠰᠢᠮ᠎ᠡ ᠶᠢᠨ ᠪᠤᠷᠤᠯᠠᠭᠤᠯᠤᠯᠳᠠ ᠶᠢᠨ ᠨᠤᠷᠮ᠎ᠠ ᠶᠢ 60% ᠠᠴᠠ ᠲᠡᠭᠡᠭᠰᠢ ᠬᠦᠷᠬᠡᠨ᠎ᠡ᠃ | ᠤᠯᠠᠨ ᠠᠷᠭ᠎ᠠ ᠵᠠᠮ ᠢᠶᠠᠷ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠦᠨ᠎ᠡ᠃ ᠬᠦᠳᠡᠭᠡ | ᠲᠤᠰᠬᠤᠨ ᠮᠠᠯᠵᠢᠬᠤ ᠤᠷᠤᠨ ᠤ ᠠᠵᠤ ᠦᠢᠯᠡᠰ ᠢ ᠨᠡᠶᠢᠯᠡᠬᠦᠯᠬᠦ ᠪᠠᠨ ᠲᠦᠷᠬᠡᠳᠬᠡᠵᠤ᠂ ᠲᠦᠬᠦᠬᠡᠷᠦᠮᠵᠢᠳᠤ | ᠲᠠᠷᠢᠶᠠᠯᠠᠩ ᠮᠠᠯ ᠠᠵᠤ ᠠᠬᠤᠢ᠂ ᠰᠡᠯᠡᠬᠦᠴᠡᠯ ᠵᠤᠭᠠᠴᠠᠯ ᠤᠨ ᠲᠠᠷᠢᠶᠠᠯᠠᠩ ᠮᠠᠯ ᠠᠵᠤ ᠠᠬᠤᠢ ᠶᠢ ᠬᠦᠭᠵᠢᠬᠦᠯᠦᠨ᠂ | ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮᠡᠡᠵᠡᠩᠨᠡᠵᠤ ᠪᠤᠷᠤᠯᠠᠭᠤᠯᠬᠤ ᠦᠢᠯᠡᠴᠢᠯᠡᠬᠡᠨ ᠤ ᠲᠡᠪᠴᠡᠩ | ᠪᠠᠶᠢᠭᠤᠯᠬᠤ ᠶᠢ ᠲᠡᠮᠵᠢᠵᠤ᠂ ᠮᠠᠯᠴᠢᠨ ᠲᠠᠷᠢᠶᠠᠴᠢᠨ ᠤ ᠡᠵᠡᠩᠨᠡᠯᠳᠡ ᠶᠢᠨ ᠴᠢᠨᠠᠷᠳᠠᠢ ᠤᠷᠤᠯᠭ᠎ᠠ ᠶᠢ ᠨᠡᠮᠡᠭᠳᠡᠬᠦᠯᠤᠨ᠎ᠡ᠃ | ᠠᠵᠢᠯ ᠮᠡᠷᠬᠡᠵᠢᠯᠳᠤ ᠮᠠᠯᠴᠢᠨ ᠲᠠᠷᠢᠶᠠᠴᠢᠨ ᠢ ᠬᠦᠮᠦᠵᠢᠬᠦᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠦᠯᠡᠬᠦᠤ | ᠬᠦᠳᠡᠯᠮᠦᠷᠢ ᠬᠦᠴᠦᠨ ᠢ ᠤᠶᠢᠷ᠎ᠠ ᠤᠷᠴᠢᠮ ᠲᠤᠬᠠᠢ ᠶᠢᠨ ᠭᠠᠵᠠᠷ ᠲᠤ ᠠᠵᠢᠯ ᠤᠯᠭᠤᠬᠤ ᠪᠠᠷ ᠵᠢᠭᠠᠨ ᠵᠢᠯᠤᠭᠤᠳᠤᠨ᠂ | ᠮᠠᠯᠴᠢᠨ ᠲᠠᠷᠢᠶᠠᠴᠢᠨ ᠤ ᠴᠠᠯᠢᠩ ᠬᠦᠯᠦᠰᠤ ᠶᠢᠨ ᠬᠡᠯᠪᠡᠷᠢᠳᠤ ᠤᠷᠤᠯᠭ᠎ᠠ ᠶᠢ ᠨᠡᠮᠡᠭᠳᠡᠬᠦᠯᠦᠨ᠎ᠡ᠃ ᠬᠦᠳᠡᠭᠡ ᠲᠤᠰᠬᠤᠨ | ᠮᠠᠯᠵᠢᠬᠤ ᠤᠷᠤᠨ ᠤ ᠭᠠᠵᠠᠷ ᠰᠢᠷᠦᠢ᠂ ᠬᠠᠳᠤᠯᠠᠩ ᠪᠡᠯᠴᠢᠬᠡᠷ ᠶᠢ ᠬᠠᠤᠯᠢ ᠶᠤᠰᠤᠭᠠᠷ ᠲᠦᠷᠢᠮᠵᠢᠳᠡᠢ ᠡᠷᠬᠢᠯᠳᠦᠬᠦ ᠶᠢ | ᠠᠬᠢᠭᠤᠯᠵᠤ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠠᠮᠢᠵᠢᠷᠠᠯ ᠤᠨ ᠬᠦᠴᠦᠨ ᠢ ᠴᠢᠯᠦᠬᠡᠯᠡᠵᠤ᠂ | ᠮᠠᠯᠴᠢᠨ ᠲᠠᠷᠢᠶᠠᠴᠢᠨ ᠤ ᠡᠳ᠋ ᠬᠦᠷᠦᠩᠬᠡ ᠶᠢᠨ ᠴᠢᠨᠠᠷᠳᠠᠢ ᠤᠷᠤᠯᠭ᠎ᠠ ᠶᠢ ᠨᠡᠮᠡᠭᠳᠡᠬᠦᠯᠦᠨ᠎ᠡ᠃ ᠡᠯ᠎ᠡ ᠵᠦᠢᠯ ᠤᠨ | ᠦᠬᠡᠷᠡᠴᠢᠯᠡᠵᠤ ᠤᠯᠭᠤᠬᠤ ᠪᠡᠯᠡ ᠮᠦᠡᠭᠬᠦ ᠶᠢ ᠴᠢᠷᠮᠠᠶᠢᠨ ᠤᠯᠵᠤ᠂ ᠮᠠᠯᠴᠢᠨ ᠲᠠᠷᠢᠶᠠᠴᠢᠳ ᠲᠤ ᠠᠰᠢᠭ ᠬᠦᠷᠳᠡᠬᠡᠬᠦ | ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠦᠷᠢᠵᠢᠭᠤᠯᠤᠨ᠂ ᠠᠷᠭ᠎ᠠ ᠪᠦᠬᠦᠨ ᠢ ᠰᠦᠪᠡᠭᠴᠢᠯᠡᠨ | ᠮᠠᠯᠴᠢᠨ ᠲᠠᠷᠢᠶᠠᠴᠢᠨ ᠤ ᠲᠦᠷᠦ ᠶᠢᠨ ᠪᠤᠳᠤᠯᠭ᠎ᠠ ᠶᠢᠨ ᠴᠢᠨᠠᠷᠳᠠᠢ ᠤᠷᠤᠯᠭ᠎ᠠ ᠶᠢ ᠨᠡᠮᠡᠭᠳᠡᠬᠦᠯᠦᠨ᠎ᠡ᠃ |