ᠵᠠᠰᠠᠭ ᠤᠨ ᠣᠷᠳᠣᠨ ᠤ ᠠᠵᠢᠯ ᠤᠨ ᠢᠯᠡᠳᠬᠡᠯ(ᠲᠦᠷᠪᠡ)
ᠨᠡᠶᠢᠲᠡᠯᠡᠭᠰᠡᠨ ᠴᠠᠭ᠄
2017/12/26
      ︵ᠭᠤᠷᠪᠠ︶ ᠠᠵᠤ ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠬᠦᠯᠵᠤ᠂ ᠠᠵᠤ ᠠᠬᠤᠢ ᠶᠢᠨ ᠬᠦᠭᠵᠢᠯᠳᠡ ᠶᠢᠨ ᠪᠤᠳᠠᠳᠤ ᠬᠦᠴᠦᠨ ᠢ ᠨᠡᠮᠡᠭᠳᠡᠬᠦᠯᠦᠨ᠎ᠡ        ᠦᠪᠡᠷ ᠤᠨ ᠦᠷᠳᠡᠭ ᠢ ᠪᠠᠭᠤᠷᠠᠭᠤᠯᠤᠨ᠎ᠠ᠃ ᠠᠭᠤᠷᠬᠠᠢ ᠶᠢᠨ ᠭᠠᠷᠤᠯᠳᠠ ᠶᠢᠨ ᠡᠬᠢ ᠰᠤᠷᠪᠤᠯᠵᠢ ᠶᠢ ᠨᠢᠬᠡᠳᠦᠯᠵᠢᠬᠦᠯᠬᠦ ᠪᠠ ᠠᠭᠤᠷᠬᠠᠢ ᠶᠢᠨ ᠦᠢᠯᠡᠰ ᠤᠨ ᠡᠮᠬᠢ ᠲᠢᠭᠯᠢᠮ ᠢ ᠴᠡᠭᠴᠡᠯᠡᠵᠤ᠂ ᠲᠠᠪᠠᠭᠤᠯᠢᠭ ᠡᠬᠢ ᠰᠤᠷᠪᠤᠯᠵᠢ  ᠶᠢᠨ ᠲᠤᠮᠤ ᠠᠵᠤ ᠠᠬᠤᠶᠢᠯᠡᠯ᠂ ᠲᠤᠮᠤ ᠪᠦᠯᠦᠭᠯᠡᠯ ᠳᠤ ᠲᠦᠪᠯᠡᠷᠡᠬᠦ ᠶᠢ ᠠᠬᠢᠭᠤᠯᠤᠨ᠎ᠠ᠃ ᠲᠤᠮᠳᠠᠳᠤ ᠵᠢᠨ‌ᠦᠡᠭᠬᠡᠳᠤ ᠲᠡᠮᠦᠷᠯᠢᠭ ᠤᠨ ᠪᠠᠶᠠᠠᠨᠢᠷᠤᠭᠤ ᠠᠭᠤᠷᠬᠠᠢ᠂ ᠱᠠᠨ ᠶᠢᠨ ᠬᠤᠨᠭ᠌ ᠯᠢᠩ ᠵᠡᠷᠬᠡ ᠭᠤᠤᠯᠳᠠᠯᠭ᠎ᠠ ᠲᠠᠢ ᠠᠵᠤ ᠠᠬᠤᠶᠢᠯᠠᠯ ᠶᠢ ᠨᠢᠬᠡᠳᠦᠬᠦᠯᠦᠨ ᠠᠭᠤᠷᠬᠠᠢ ᠶᠢᠨ ᠡᠷᠬᠡ ᠶᠢ ᠲᠠᠬᠢᠨ ᠵᠤᠬᠢᠶᠠᠨ ᠪᠠᠶᠢᠭᠤᠯᠬᠤ ᠶᠢ ᠲᠦᠷᠬᠡᠳᠬᠡᠨ᠂ ᠪᠠᠶᠠᠠᠨᠢᠷᠤᠭᠤ᠂ ᠤᠯᠠᠭᠠᠨᠳᠠᠪᠠᠭ᠎ᠠ᠂ ᠹᠦ᠋ ᠡᠾᠧ ᠵᠢᠴᠢ ᠪᠢᠯᠡᠬᠦᠳᠡᠢ ᠲᠦᠷᠪᠡᠨ ᠠᠭᠤᠷᠬᠠᠢ ᠶᠢᠨ ᠤᠷᠤᠨ ᠪᠠᠶᠢᠭᠤᠯᠬᠤ ᠪᠠᠷ ᠲᠡᠮᠡᠴᠡᠨ᠎ᠡ᠃ ᠬᠠᠶᠢᠯᠢ ᠰᠦᠢᠳᠬᠡᠯ ᠢ ᠪᠠᠭᠠᠰᠬᠠᠬᠤ᠂ ᠴᠠᠬᠢᠯᠭᠠᠨ ᠤ ᠦᠨ᠎ᠡ ᠶᠢᠨ ᠨᠦᠬᠦᠪᠦᠷᠢ᠂ ᠵᠢᠬᠡᠯᠡᠯᠬᠡ ᠶᠢᠨ ᠬᠦᠤ ᠮᠦᠡᠭᠬᠦ ᠶᠢ ᠤᠷᠤᠯᠠᠨ ᠦᠭᠬᠦ ᠵᠡᠷᠬᠡ ᠦᠪᠡᠷ ᠤᠨ ᠦᠷᠳᠡᠭ ᠶᠢ ᠪᠠᠭᠤᠷᠠᠭᠤᠯᠬᠤ ᠪᠠᠷ ᠲᠠᠮᠵᠢᠨ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ᠂ ᠭᠠᠵᠠᠷ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ ᠪᠠ ᠵᠦᠬᠡᠬᠡᠪᠦᠷᠢ ᠵᠡᠷᠬᠡ ᠲᠠᠯ᠎ᠠ ᠶᠢᠨ ᠬᠦᠴᠢᠷᠳᠡᠯ ᠪᠠ ᠠᠰᠠᠭᠤᠳᠠᠯ ᠶᠢ ᠨᠢ ᠰᠢᠢᠳᠪᠦᠷᠢᠯᠡᠨ ᠦᠭᠴᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ  ᠢ ᠲᠤᠭᠳᠠᠭᠤᠨ ᠪᠠᠶᠢᠯᠭᠠᠵᠤ᠂ ᠠᠵᠤ ᠠᠬᠤᠢ ᠶᠢᠨ ᠬᠦᠢᠴᠡᠳᠬᠡᠯ ᠲᠤᠭ᠎ᠠ ᠨᠤᠷᠮ᠎ᠠ ᠶᠢᠨ ᠵᠤᠬᠢᠬᠤ ᠬᠡᠮᠵᠢᠶᠡᠨ ᠳᠤ ᠪᠡᠶᠡᠯᠡᠬᠦᠯᠦᠨ᠎ᠡ᠃      ᠭᠤᠤᠯᠳᠠᠭ᠎ᠠ ᠲᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠴᠢᠩᠭ᠎ᠠ ᠠᠳᠬᠤᠨ᠎ᠠ᠃ ᠠᠵᠤ ᠦᠢᠯᠡᠳᠪᠦᠷᠢ ᠶᠢ ᠪᠤᠵᠠᠭᠠᠶᠢᠷᠠᠭᠤᠯᠵᠤ ᠬᠦᠴᠦᠷᠬᠡᠭᠵᠢᠬᠦᠯᠬᠦ ᠶᠢ ᠪᠠᠷᠢᠮᠳᠠᠯᠠᠨ᠂ 35.5 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠵᠤ᠂1000 ᠲᠦᠮᠡᠨ ᠲᠦᠬᠦᠷᠢᠭ ᠠᠴᠠ ᠲᠡᠭᠡᠭᠰᠢ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ ᠢ 33 ᠪᠠᠶᠢᠭᠤᠯᠤᠨ᠎ᠠ᠃ 30 ᠲᠦᠮᠡᠨ ᠤᠷᠳᠤᠳᠬᠠᠯ ᠮᠧᠲᠷ ᠤᠨ ᠠᠭᠤᠷᠬᠠᠢ ᠬᠠᠶᠢᠬᠤ ᠢᠨᠵᠧᠨᠧᠷᠢᠩ ᠢ ᠬᠦᠢᠴᠡᠳᠬᠡᠵᠤ᠂ ᠠᠭᠤᠷᠬᠠᠢ ᠶᠢᠨ ᠴᠢᠯᠠᠭᠤᠨ ᠤ ᠬᠠᠳᠠᠭᠠᠯᠠᠭᠴᠠ ᠶᠢ 4000 ᠲᠦᠮᠡᠨ ᠲᠤᠨ ᠰᠢᠨ᠎ᠡ ᠪᠠᠷ ᠨᠡᠮᠡᠭᠳᠡᠬᠦᠯᠬᠦ ᠪᠠᠷ ᠴᠢᠷᠮᠠᠶᠢᠨ᠎ᠠ᠃ ᠢᠦᠢ ᠪᠠᠨᠭ᠌ ᠠᠭᠤᠷᠬᠠᠢ ᠶᠢᠨ ᠦᠢᠯᠡᠰ ᠡᠲᠦᠷ ᠲᠤ 7000 ᠲᠤᠨ᠂ ᠰᠠᠨ ᠰᠢᠨ ᠠᠭᠤᠷᠬᠠᠢ ᠶᠢᠨ ᠦᠢᠯᠡᠰ ᠡᠲᠦᠷ ᠲᠤ1000 ᠲᠤᠨ᠂ ᠡᠾᠸᠡᠭ ᠲᠦᠡᠭ ᠠᠭᠤᠷᠬᠠᠢ ᠶᠢᠨ ᠦᠢᠯᠡᠰ ᠡᠲᠦᠷ  ᠲᠤ1000 ᠲᠤᠨ ᠴᠠᠶᠢᠷ ᠲᠤᠭᠤᠯᠭ᠎ᠠ ᠰᠢᠯᠢᠵᠤ᠂ ᠦᠡᠭᠬᠡᠳᠤ ᠲᠡᠮᠦᠷᠯᠢᠭ ᠤᠨ ᠡᠲᠦᠷ ᠤᠨ ᠬᠦᠳᠡᠷ ᠰᠢᠯᠢᠬᠦ ᠴᠢᠳᠠᠪᠦᠷᠢ ᠶᠢ4000 ᠲᠤᠨ ᠰᠢᠨ᠎ᠡ ᠪᠠᠷ ᠨᠡᠮᠡᠭᠳᠡᠬᠦᠯᠬᠦ ᠪᠠᠷ ᠴᠢᠷᠮᠠᠶᠢᠨ᠎ᠠ᠃ ᠲᠤᠮᠳᠠᠳᠤ ᠶᠢᠨ ᠦᠡᠭᠬᠡᠳᠤ ᠲᠡᠮᠦᠷᠯᠢᠭ  ᠤᠨ ᠯᠢᠩ ᠨᠠᠨ ᠬᠢᠵᠠᠭᠠᠷᠳᠤ ᠺᠤᠮᠫᠠᠨᠢ ᠶᠢᠨ ᠵᠢᠯ ᠳᠤ 30 ᠲᠦᠮᠡᠨ ᠲᠤᠨ ᠴᠠᠶᠢᠷ ᠲᠤᠭᠤᠯᠭ᠎ᠠ ᠬᠠᠶᠢᠯᠤᠭᠤᠯᠬᠤ ᠪᠠ ᠭᠤᠸᠠᠩᠳᠦ᠋ᠡᠭ ᠤᠨ ᠶᠢᠩ ᠳ᠋ᠧ ᠶᠢᠨ ᠵᠢᠯ ᠳᠤ 20 ᠲᠦᠮᠡᠨ ᠲᠤᠨ ᠦᠡᠭᠬᠡᠳᠤ ᠲᠡᠮᠦᠷᠯᠢᠭ ᠤᠨ ᠬᠠᠶᠠᠭᠳᠠᠮᠠᠯ ᠪᠤᠳᠠᠰ ᠢ ᠬᠤᠷᠢᠶᠠᠨ ᠠᠪᠴᠤ ᠬᠡᠷᠡᠭᠯᠡᠬᠦ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠎ᠡ᠃ ᠬᠤᠰᠢᠭᠤᠨ ᠤ ᠲᠤᠳᠤᠭᠠᠳᠤ ᠶᠢᠨ ᠭᠤᠤᠯᠳᠠᠯᠭ᠎ᠠ ᠲᠠᠢ ᠠᠵᠤ ᠠᠬᠤᠶᠢᠯᠡᠯ᠂ ᠴᠠᠬᠢᠯᠭᠠᠨ ᠬᠡᠷᠡᠭᠯᠡᠬᠦ ᠲᠤᠮᠤ ᠡᠷᠦᠬᠡ ᠶᠢ ᠬᠤᠯᠪᠤᠭᠠᠯᠠᠨ ᠴᠠᠬᠢᠯᠭᠠᠨ ᠭᠠᠷᠭᠠᠬᠤ ᠺᠤᠮᠫᠠᠨᠢ ᠪᠠᠶᠢᠭᠤᠯᠵᠤ᠂ ᠹᠸᠡᠭ ᠬᠤᠸᠠᠩ ᠱᠠᠨ ᠠᠭᠤᠯᠠᠨ ᠤ ᠠᠵᠤ ᠦᠢᠯᠡᠳᠪᠦᠷᠢ ᠶᠢᠨ ᠲᠤᠭᠤᠷᠢᠭ ᠤᠨ 2×35 ᠲᠦᠮᠡᠨ ᠺᠢᠯᠤᠸᠠᠲ ᠶᠢᠨ ᠦᠪᠡᠷ ᠤᠨ ᠪᠡᠯᠡᠳᠬᠡᠯ ᠴᠠᠬᠢᠯᠭᠠᠨ ᠤ ᠦᠢᠯᠡᠳᠪᠦᠷᠢ ᠶᠢᠨ ᠡᠮᠤᠨᠡᠬᠢ ᠬᠤᠭᠤᠴᠠᠭᠠᠨ ᠤ ᠠᠵᠢᠯ ᠢ ᠠᠬᠢᠭᠤᠯᠵᠤ᠂ ᠲᠢᠶᠠᠨ ᠰᠢᠩ ᠵᠢᠯ ᠳᠤ 800 ᠲᠤᠨ      ᠂ ᠡᠾᠧ ᠰᠢᠩ ᠵᠢᠯ ᠳᠤ 50 ᠲᠦᠮᠡᠨ ᠲᠡᠭᠰᠢ ᠲᠦᠷᠪᠡᠯᠵᠢᠨ ᠮᠧᠲᠷ ᠠᠼᠤᠲ᠋ᠢᠯᠧᠨ ᠤ ᠲᠦᠷᠦᠯ ᠵᠦᠢᠯ ᠢ ᠪᠡᠶᠡᠯᠡᠬᠦᠯᠵᠤ᠂ ᠡᠨᠧᠷᠬᠢᠳᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠬᠦᠭᠵᠢᠬᠦᠯᠵᠤ ᠪᠤᠵᠠᠭᠠᠶᠢᠷᠠᠭᠤᠯᠤᠨ᠎ᠠ᠃ ᠬᠢᠳᠠᠨ ᠴᠢᠯᠠᠭᠤᠨ ᠮᠠᠲ᠋ᠧᠷᠢᠶᠠᠯ ᠤᠨ ᠭᠠᠵᠠᠷ ᠵᠢᠯ ᠳᠤ 500 ᠲᠦᠮᠡᠨ ᠲᠡᠰᠢ ᠲᠦᠷᠪᠡᠯᠵᠢᠨ ᠮᠧᠲᠷ ᠴᠢᠯᠠᠭᠤᠨ ᠮᠠᠲ᠋ᠧᠷᠢᠶᠠᠯ ᠪᠤᠯᠪᠠᠰᠤᠷᠠᠭᠤᠯᠬᠤ᠂ ᠶᠢᠨ ᠭᠠᠨᠭ᠌ ᠪᠠᠷᠢᠯᠭ᠎ᠠ ᠶᠢᠨ ᠮᠠᠲ᠋ᠧᠷᠢᠶᠠᠯ ᠵᠢᠯ ᠳᠤ10 ᠲᠦᠮᠡᠨ ᠲᠡᠭᠰᠢ ᠲᠦᠷᠪᠡᠯᠵᠢᠨ ᠮᠧᠲᠷ ᠰᠢᠳᠠᠭᠠᠬᠤ ᠦᠬᠡᠢ ᠲᠤᠭᠤᠰᠬ᠎ᠠ ᠶᠢᠨ ᠲᠦᠷᠦᠯ ᠵᠦᠢᠯ ᠢ ᠪᠡᠶᠡᠯᠡᠬᠦᠯᠵᠤ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠢ ᠬᠦᠮᠦᠵᠢᠬᠦᠯᠵᠤ ᠬᠦᠭᠵᠢᠬᠦᠯᠦᠨ᠎ᠡ᠃ᠠᠵᠤ ᠦᠢᠯᠡᠳᠪᠦᠷᠢ ᠶᠢᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ︽ᠲᠦᠷᠪᠡᠨ ᠬᠦᠷᠢᠶᠡᠯᠡᠩ ᠨᠢᠬᠡ ᠲᠤᠭᠤᠷᠢᠭ︾ ᠪᠠ ︽ᠦᠪᠦᠷ ᠮᠤᠩᠭᠤᠯ ᠤᠨ ᠵᠡᠬᠦᠨ ᠬᠡᠰᠡᠭ ᠤᠷᠤᠨ ᠤ ᠦᠡᠭᠬᠡᠳᠤ ᠲᠡᠮᠦᠷᠯᠢᠭ᠂ ᠤᠯᠠᠭᠠᠨᠬᠠᠳᠠ ᠶᠢᠨ ᠭᠠᠵᠠᠷ ᠤᠷᠤᠨ ᠤ ᠤᠨᠴᠠᠯᠢᠭᠳᠤ ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮ᠎ᠡ‌ᠦᠢᠯᠡᠳᠪᠦᠷᠢᠯᠡᠵᠤ ᠪᠤᠯᠪᠠᠰᠤᠷᠠᠭᠤᠯᠬᠤ᠂ ᠤᠯᠠᠭᠠᠨᠬᠠᠳᠠ ᠶᠢᠨ ᠭᠠᠵᠠᠷ ᠤᠷᠤᠨ ᠤ ᠡᠨᠧᠷᠬᠢᠳᠤ ᠬᠢᠮᠢ ᠶᠢᠨ ᠠᠵᠤ ᠦᠢᠯᠡᠳᠪᠦᠷᠢ᠂ ᠤᠯᠠᠭᠠᠨᠬᠠᠳᠠ ᠶᠢᠨ ᠤᠮᠠᠷᠠᠳᠤ ᠤᠷᠤᠨ ᠤ ᠲᠡᠮᠦᠷᠯᠢᠭ ᠪᠤᠰᠤ ᠶᠢ ᠪᠤᠯᠪᠠᠰᠤᠷᠠᠭᠤᠯᠬᠤ︾ ᠲᠦᠷᠪᠡᠨ ᠰᠠᠭᠤᠷᠢᠨ ᠭᠠᠵᠠᠷ ᠤᠨ ᠪᠠᠶᠢᠯᠳᠤᠬᠤ ᠪᠤᠳᠤᠯᠭ᠎ᠠ ᠶᠢᠨ ᠲᠤᠭᠤᠷᠢᠨ ᠳᠤ᠂ ᠠᠵᠤ ᠦᠢᠯᠡᠳᠪᠦᠷᠢ ᠶᠢᠨ ᠲᠤᠭᠤᠷᠢᠭ ᠤᠨ ᠤᠰᠤ᠂ ᠴᠠᠬᠢᠯᠭᠠᠨ᠂ ᠵᠠᠮ ᠬᠠᠷᠢᠯᠴᠠᠭ᠎ᠠ ᠵᠡᠷᠬᠡ ᠡᠯᠧᠮᠧᠨ᠋ᠲ ᠪᠠᠷ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢ ᠲᠤᠯᠭᠠᠭᠤᠷᠢᠯᠠᠨ᠎ᠠ᠃ ᠤᠰᠤᠨ ᠴᠦᠬᠦᠷᠦᠮ ᠢ ᠬᠤᠯᠪᠤᠵᠤ ᠨᠡᠪᠳᠡᠷᠡᠬᠦᠯᠬᠦ᠂ ᠤᠰᠤ ᠶᠢ ᠡᠷᠬᠢᠬᠦᠯᠦᠨ ᠬᠡᠷᠡᠭᠯᠡᠬᠦ᠂ ᠬᠤᠭᠤᠯᠠᠭ ᠤᠭᠰᠤᠷᠠᠬᠤ ᠵᠡᠷᠬᠡ ᠢᠨᠵᠧᠨᠧᠷᠢᠩ ᠢ ᠡᠬᠢᠯᠡᠬᠦᠯᠵᠤ᠂ ᠠᠵᠤ ᠦᠢᠯᠡᠳᠪᠦᠷᠢ ᠶᠢᠨ ᠬᠡᠷᠡᠭᠯᠡᠬᠦ ᠤᠰᠤᠨ ᠤ ᠬᠠᠨᠭ᠍ᠭᠠᠯᠭ᠎ᠠ ᠬᠡᠷᠡᠭᠴᠡᠭᠡ ᠶᠢᠨ ᠵᠦᠷᠢᠴᠡᠯ ᠢ ᠰᠢᠢᠳᠪᠦᠷᠢᠯᠡᠨ᠎ᠡ᠃ ᠹᠸᠡᠭ ᠬᠤᠸᠠᠩ ᠱᠠᠨ ᠠᠭᠤᠯᠠᠨ ᠤ ᠠᠵᠤ ᠦᠢᠯᠡᠳᠪᠦᠷᠢ ᠶᠢᠨ ᠲᠤᠭᠤᠷᠢᠭ ᠤᠨ ᠬᠡᠮᠬᠡᠳᠡᠰᠤ ᠭᠠᠷᠭᠠᠬᠤ ᠲᠠᠯᠠᠪᠠᠢ᠂ ᠵᠸᠡᠭ ᠶᠤᠸᠠᠨ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠵᠡᠷᠬᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠠᠬᠢᠴᠠ ᠶᠢ ᠲᠦᠷᠬᠡᠳᠬᠡᠵᠤ᠂ ᠠᠵᠤ ᠦᠢᠯᠡᠳᠪᠦᠷᠢ ᠶᠢᠨ ᠲᠤᠭᠤᠷᠢᠭ ᠤᠨ ᠰᠠᠭᠤᠷᠢ ᠲᠦᠬᠦᠬᠡᠷᠦᠮᠵᠢ ᠶᠢ ᠲᠡᠬᠦᠯᠳᠡᠷᠵᠢᠬᠦᠯᠦᠨ᠎ᠡ᠃ ᠠᠵᠤ ᠦᠢᠯᠡᠳᠪᠦᠷᠢ ᠶᠢᠨ ᠲᠤᠭᠤᠷᠢᠭ ᠤᠨ ᠵᠠᠷᠢᠮ ᠠᠵᠤ ᠠᠬᠤᠶᠢᠯᠡᠯ᠂ ᠬᠡᠰᠡᠭ ᠭᠠᠵᠠᠷ᠂ ᠨᠦᠬᠡᠴᠡ ᠲᠠᠢ ᠠᠵᠤ ᠠᠬᠤᠶᠢᠯᠠᠯ ᠢ ᠨᠠᠶᠢᠳᠠᠨ ᠬᠠᠮᠢᠶᠠᠷᠠᠭᠤᠯᠬᠤ ᠪᠠ ᠭᠠᠳᠠᠭᠰᠢ ᠲᠠᠭᠠᠭᠠᠴᠢᠯᠠᠭᠰᠠᠨ ᠲᠤᠷᠰᠢᠯᠳᠡ ᠶᠢᠨ ᠴᠢᠭ ᠲᠤ ᠦᠢᠯᠡᠴᠢᠯᠡᠬᠦ ᠪᠡ ᠲᠠᠮᠵᠢᠨ᠂ ᠬᠤᠯᠢᠮᠠᠭ ᠬᠠᠮᠳᠤ ᠶᠢᠨ ᠦᠮᠴᠢᠯᠡᠯᠳᠤ ᠬᠦᠷᠢᠶᠠᠯᠠᠩ ᠲᠤᠭᠤᠷᠢᠭ ᠤᠨ ᠠᠵᠤ ᠠᠬᠤᠢ ᠶᠢ ᠬᠦᠭᠵᠢᠬᠦᠯᠦᠨ᠎ᠡ᠃ PPP ᠪᠡᠯᠡ ᠬᠤᠷᠠᠮᠳᠤᠭᠤᠯᠬᠤ ᠵᠠᠭᠪᠤᠷ ᠢᠶᠠᠷ ᠲᠤᠭᠤᠷᠢᠭ ᠤᠨ ᠰᠠᠭᠤᠷᠢ ᠲᠦᠬᠦᠬᠡᠷᠦᠮᠵᠢ ᠶᠢᠨ ᠲᠦᠷᠦᠯ ᠵᠦᠢᠯ 2 ᠶᠢ ᠵᠠᠰᠠᠵᠤ ᠲᠦᠯᠦᠪᠯᠡᠨ᠂ ᠱᠠᠳᠤ ᠬᠤᠪᠢᠶᠠᠵᠤ ᠵᠤᠬᠢᠰᠳᠠᠢ ᠴᠠᠭ ᠲᠤ ᠡᠬᠢᠯᠡᠬᠦᠯᠦᠨ᠎ᠡ᠃ ᠤᠯᠠᠭᠠᠨᠬᠠᠳᠠ ᠬᠤᠳᠠ ᠶᠢᠨ ᠤᠯᠤᠰ ᠤᠨ ᠲᠡᠰ ᠤᠨ ᠠᠵᠤ ᠦᠢᠯᠡᠰ ᠢ ᠬᠠᠮᠵᠢᠯᠴᠠᠭᠤᠯᠤᠨ ᠬᠤᠪᠢᠷᠠᠭᠠᠵᠤ ᠲᠡᠰ ᠲᠡᠪᠰᠢᠬᠦᠯᠵᠤ ᠵᠢᠱᠢᠶ᠎ᠠ ᠦᠵᠡᠬᠦᠯᠬᠦ ᠲᠤᠭᠤᠷᠢᠭ ᠪᠤᠯᠭᠠᠬᠤ ᠪᠠᠷ ᠮᠡᠳᠡᠬᠦᠯᠦᠨ᠂ ᠤᠷᠤᠨ ᠤ ᠲᠡᠰ ᠤᠨ ᠤᠷᠴᠢᠯᠳᠤ ᠠᠵᠤ ᠠᠬᠤᠢ ᠶᠢᠨ ᠲᠤᠭᠤᠷᠢᠭ ᠢᠶᠠᠷ ᠲᠡᠰ ᠲᠡᠪᠰᠢᠬᠦᠯᠵᠤ᠂ ᠵᠢᠯ ᠤᠨ ᠲᠤᠳᠤᠷ᠎ᠠ ᠤᠯᠤᠰ ᠤᠨ ︽ᠬᠤᠳᠠ ᠶᠢᠨ ᠠᠭᠤᠷᠬᠠᠢ ᠶᠢᠨ ᠭᠠᠷᠤᠯᠳᠠ︾ ᠶᠢᠨ ᠵᠢᠱᠢᠶ᠎ᠡ ᠦᠵᠡᠬᠦᠯᠬᠦ ᠰᠠᠭᠤᠷᠢᠨ ᠢᠶᠠᠷ ᠬᠢᠨᠠᠨ ᠵᠦᠪᠰᠢᠶᠡᠷᠡᠬᠦᠯᠬᠦ ᠪᠠᠷ ᠴᠢᠷᠮᠠᠶᠢᠨ᠂ ᠠᠵᠤ ᠦᠢᠯᠡᠳᠪᠦᠷᠢ ᠶᠢᠨ ᠲᠤᠭᠤᠷᠢᠭ ᠤᠨ ᠵᠦᠬᠡᠯᠡᠨ ᠬᠦᠴᠦᠨ ᠢ ᠨᠡᠮᠡᠭᠳᠡᠬᠦᠯᠦᠨ᠎ᠡ᠃      ᠲᠤᠮᠳᠠ ᠪᠠᠭ᠎ᠠ ᠠᠵᠤ ᠠᠬᠤᠶᠢᠯᠡᠯ ᠢ ᠲᠡᠳᠬᠦᠵᠤ ᠬᠦᠭᠵᠢᠬᠦᠯᠦᠨ᠎ᠡ᠃ ᠤᠯᠤᠰ᠂ ᠤᠷᠤᠨ᠂ ᠬᠤᠳᠠ ᠶᠢᠨ ᠲᠤᠮᠳᠠ ᠪᠠᠭ᠎ᠠ ᠠᠵᠤ ᠠᠬᠤᠶᠢᠯᠠᠯ ᠢ ᠬᠦᠭᠵᠢᠬᠦᠯᠬᠦ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠲᠤᠮᠳᠠ ᠪᠠᠭ᠎ᠠ ᠠᠵᠤ ᠠᠬᠤᠶᠢᠯᠡᠯ ᠤᠨ ᠲᠤᠭᠤᠷᠢᠭ ᠤᠨ ᠤᠰᠤ᠂ ᠴᠠᠬᠢᠯᠭᠠᠨ᠂ ᠵᠠᠮ ᠬᠠᠷᠢᠯᠴᠠᠭ᠎ᠠ ᠵᠡᠷᠬᠡ ᠢᠵᠢ ᠪᠦᠷᠢᠳᠦᠭᠰᠡᠨ ᠲᠦᠬᠦᠬᠡᠷᠦᠮᠵᠢ ᠶᠢ ᠲᠡᠬᠦᠯᠳᠡᠷᠵᠢᠬᠦᠯᠤᠨ᠂ ᠠᠵᠤ ᠠᠬᠤᠶᠢᠯᠡᠯ ᠤᠨ ᠬᠦᠭᠵᠢᠯᠳᠡ ᠳᠤ ᠰᠢᠯᠢᠳᠡᠭ ᠨᠦᠬᠦᠴᠡᠯ ᠪᠦᠷᠢᠯᠳᠤᠬᠦᠯᠵᠤ ᠦᠭᠬᠦᠨ᠎ᠡ᠃ ᠲᠤᠮᠳᠠ ᠪᠠᠭ᠎ᠠ ᠠᠵᠤ ᠠᠬᠤᠶᠢᠯᠠᠯ ᠤᠨ ᠦᠢᠯᠡᠴᠢᠯᠡᠬᠡᠨ ᠤ ᠲᠦᠪ ᠤ ᠵᠠᠯᠭᠠᠮᠵᠢ ᠪᠠᠶᠢᠭᠤᠯᠤᠯᠳᠠ ᠶᠢ ᠰᠠᠶᠢᠳᠤᠷ ᠠᠳᠬᠤᠵᠤ᠂ ᠲᠦᠮᠡᠨ ᠲᠡᠭᠰᠢ ᠲᠦᠷᠪᠡᠯᠵᠢᠨ ᠮᠧᠲᠷ ᠤᠨ ᠪᠠᠷᠢᠮᠵᠢᠶᠠᠵᠢᠭᠰᠠᠨ ᠦᠢᠯᠡᠳᠪᠦᠷᠢ ᠪᠠᠶᠢᠭᠤᠯᠬᠤ ᠪᠠᠷ ᠴᠢᠷᠮᠠᠶᠢᠵᠤ᠂ 15 ᠪᠠᠭ᠎ᠠ ᠵᠢᠵᠢᠭ ᠠᠵᠤ ᠠᠬᠤᠶᠢᠯᠡᠯ  ᠢ ᠰᠠᠭᠤᠷᠢᠰᠢᠭᠤᠯᠤᠨ᠎ᠠ᠃ ᠽᠧ ᠹᠸᠡᠭ ᠰᠦᠯᠢᠶᠤᠤ ᠶᠢᠨ ᠪᠦᠳᠦᠬᠡᠭᠳᠡᠬᠦᠨ᠂ ᠵᠢᠩ ᠶᠤᠸᠠᠨ ᠰᠤᠶᠤᠯ ᠪᠦᠳᠦᠬᠡᠭᠳᠡᠬᠦᠨ ᠵᠡᠷᠬᠡ 9 ᠠᠵᠤ ᠠᠬᠤᠶᠢᠯᠡᠯ ᠤᠨ ᠲᠤᠭᠤᠷᠢᠭ ᠤᠨ ᠨᠢᠬᠡᠳᠤᠬᠡᠷ ᠬᠤᠭᠤᠴᠠᠭᠠᠨ ᠤ ᠪᠦᠳᠦᠬᠡᠨ ᠪᠠᠶᠢᠭᠤᠯᠤᠯᠳᠠ ᠶᠢᠨ ᠡᠬᠦᠷᠬᠡ ᠶᠢ ᠪᠡᠶᠡᠯᠡᠬᠦᠯᠦᠨ᠎ᠡ᠃ ᠲᠤᠮᠳᠠ ᠪᠠᠭ᠎ᠠ ᠠᠵᠤ ᠠᠬᠤᠶᠢᠯᠠᠯ ᠢ ᠬᠦᠮᠦᠵᠢᠬᠦᠯᠬᠦ ᠲᠦᠷᠦ ᠶᠢᠨ ᠪᠤᠳᠤᠯᠭ᠎ᠠ᠂ ᠠᠷᠭ᠎ᠠ ᠠᠪᠴᠠᠯ ᠢ ᠲᠤᠭᠳᠠᠭᠠᠨ᠂ ᠤᠯᠠᠨ ᠨᠡᠶᠢᠳᠡ ᠶᠢᠨ ᠦᠢᠯᠡᠰ ᠪᠦᠳᠦᠬᠡᠵᠤ ᠰᠢᠨ᠎ᠡ ᠶᠢ ᠡᠬᠦᠳᠬᠦ ᠶᠢ ᠵᠤᠷᠢᠭᠵᠢᠭᠤᠯᠤᠨ᠂ ᠵᠢᠯ ᠤᠨ ᠲᠤᠳᠤᠷ᠎ᠠ ᠲᠤᠮᠳᠠ ᠪᠠᠭ᠎ᠠ ᠠᠵᠤ ᠠᠬᠤᠶᠢᠯᠡᠯ ᠤᠨ ᠵᠠᠬ᠎ᠠ ᠲᠡᠯᠭᠡᠭᠦᠷ ᠤᠨ ᠭᠤᠤᠯ ᠴᠤᠭᠴᠠ1.1 ᠲᠦᠮᠡᠨ ᠡᠷᠦᠬᠡ ᠲᠠᠪᠠᠭᠤᠯᠵᠤ᠂ ᠠᠵᠢᠯ ᠤᠨ ᠪᠠᠶᠢᠷᠢ ᠶᠢ 2000 ᠠᠴᠠ ᠲᠡᠭᠡᠭᠰᠢ ᠨᠡᠮᠡᠭᠳᠡᠬᠦᠯᠦᠨ᠎ᠡ᠃ ︽ᠢᠨᠲ᠋ᠧᠷᠨᠧᠲ ᠰᠦᠯᠵᠢᠶ᠎ᠡ+ ᠦᠢᠯᠡᠴᠢᠯᠡᠬᠡᠨ ᠤ ᠲᠡᠪᠴᠡᠩ︾ ᠤᠨ ᠬᠦᠭᠵᠢᠯᠳᠡ ᠶᠢᠨ ᠵᠠᠭᠪᠤᠷ ᠢ ᠬᠡᠷᠡᠭᠵᠢᠬᠦᠯᠵᠤ᠂ ᠠᠵᠤ ᠠᠬᠤᠶᠢᠯᠡᠯ ᠢ ᠢᠨᠲ᠋ᠧᠷᠨᠧᠲ ᠰᠦᠯᠵᠢᠶ᠎ᠡ ᠪᠠᠷ ᠲᠠᠮᠵᠢᠨ ᠮᠡᠷᠬᠡᠵᠢᠯ ᠤᠨ ᠯᠠᠪᠯᠠᠯᠳᠠ᠂ ᠨᠡᠷ᠎ᠡ ᠲᠡᠮᠳᠡᠭ ᠪᠠᠶᠢᠭᠤᠯᠬᠤ ᠂ ᠰᠦᠯᠵᠢᠶᠡᠨ ᠪᠤᠷᠤᠯᠠᠭᠤᠯᠤᠯᠳᠠ ᠬᠢᠬᠦ ᠶᠢ ᠵᠤᠷᠢᠭᠵᠢᠭᠤᠯᠵᠤ ᠵᠢᠯᠤᠭᠤᠳᠤᠨ᠂ ᠲᠤᠮᠳᠠ ᠪᠠᠭ᠎ᠠ ᠠᠵᠤ ᠠᠬᠤᠶᠢᠯᠡᠯ ᠤᠨ ᠵᠠᠬ᠎ᠠ ᠲᠡᠯᠭᠡᠭᠦᠷ ᠤᠨ ᠦᠷᠢᠰᠦᠯᠳᠦᠬᠦ ᠬᠦᠴᠦᠨ ᠢ ᠲᠡᠭᠡᠭᠰᠢᠯᠡᠬᠦᠯᠤᠨ᠎ᠡ᠃      ︵ᠲᠦᠷᠪᠡ︶ ᠰᠤᠶᠤᠯ ᠵᠢᠭᠤᠯᠴᠢᠯᠠᠯ ᠤᠨ ᠲᠠᠯᠳᠠ ᠬᠦᠴᠦᠨ ᠢ ᠠᠭᠤᠳᠠᠯᠠᠨ᠂ ᠭᠤᠷᠪᠠᠳᠤᠭᠠᠷ ᠠᠵᠤ ᠦᠢᠯᠡᠰ  ᠶᠢᠨ ᠬᠦᠭᠵᠢᠬᠦᠯᠵᠤ ᠪᠤᠵᠠᠭᠠᠶᠢᠷᠠᠭᠤᠯᠤᠨ᠎ᠠ       ᠰᠤᠶᠤᠯ ᠵᠢᠭᠤᠯᠴᠢᠯᠠᠯ ᠤᠨ ᠦᠢᠯᠡᠰ ᠤᠨ ᠶᠡᠬᠡᠪᠡᠷ ᠬᠦᠭᠵᠢᠬᠦᠯᠦᠨ᠎ᠡ᠃ ᠲᠦᠯᠦᠪᠯᠡᠵᠤ ᠲᠠᠭᠠᠭᠤᠯᠬᠤ ᠶᠢ ᠪᠠᠷᠢᠮᠳᠠᠯᠠᠨ᠂ ᠪᠦᠬᠦ ᠬᠤᠰᠢᠭᠤᠨ ᠤ ᠵᠢᠭᠤᠯᠴᠢᠯᠠᠯ ᠤᠨ ᠬᠦᠭᠵᠢᠯᠳᠡ ᠶᠢᠨ ᠶᠡᠷᠦᠩᠬᠡᠢ ᠲᠦᠯᠦᠪᠵᠢᠬᠦᠯᠬᠡ ᠶᠢ ᠨᠠᠶᠢᠷᠠᠭᠤᠯᠤᠨ ᠲᠡᠬᠦᠯᠳᠡᠷᠵᠢᠬᠦᠯᠵᠤ᠂ ᠰᠤᠶᠤᠯ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢ ᠰᠢᠨᠵᠢᠯᠡᠬᠦ ᠤᠬᠠᠭᠠᠨᠴᠢ ᠪᠠᠷ ᠰᠦᠪᠴᠢᠯᠡᠨ᠎ᠡ᠃ ᠬᠢᠯᠤᠪᠡᠷ ᠵᠤᠤ ᠶᠢᠨ ᠦᠵᠡᠮᠵᠢ ᠶᠢᠨ ᠤᠷᠤᠨ ᠢ ᠦᠷᠬᠡᠳᠬᠡᠵᠤ ᠲᠡᠪᠰᠢᠬᠦᠯᠬᠦ ᠢᠨᠵᠧᠨᠧᠷᠢᠩ ᠢ ᠡᠬᠢᠯᠡᠬᠦᠯᠵᠤ᠂ ᠵᠠᠮ ᠬᠠᠷᠢᠯᠴᠠᠭ᠎ᠠ᠂ ᠬᠦᠯᠢᠶᠡᠨ ᠠᠪᠬᠤ ᠲᠦᠪ ᠵᠡᠷᠬᠡ ᠲᠦᠬᠦᠬᠡᠷᠦᠮᠵᠢ ᠶᠢ ᠢᠵᠢ ᠪᠦᠷᠢᠳᠡᠬᠦᠯᠦᠨ ᠲᠡᠬᠦᠯᠳᠡᠷᠵᠢᠬᠦᠯᠵᠤ᠂ ᠲᠡᠭᠡᠳᠤ ᠨᠡᠶᠢᠰᠯᠡᠯ ᠬᠢᠳᠠᠨ ᠰᠤᠶᠤᠯ ᠤᠨ ᠠᠵᠤ ᠦᠢᠯᠡᠰ ᠤᠨ ᠲᠤᠭᠤᠷᠢᠭ ᠤᠨ ᠪᠠᠶᠢᠭᠤᠯᠤᠯᠳᠠ ᠶᠢ ᠬᠦᠴᠦᠳᠡᠢ ᠲᠦᠯᠬᠢᠨ ᠠᠬᠢᠭᠤᠯᠵᠤ᠂ ᠠᠵᠤ ᠦᠢᠯᠡᠰ ᠤᠨ ᠲᠤᠭᠤᠷᠢᠭ ᠤᠨ ᠪᠠᠶᠢᠭᠤᠯᠤᠭᠳᠠᠵᠤ ᠠᠰᠢᠭᠯᠠᠯᠳᠠ ᠳᠤ ᠤᠷᠤᠬᠤ ᠶᠢ ᠪᠠᠳᠤᠯᠠᠨ᠎ᠠ᠃ ᠴᠢᠨᠳᠠᠮᠤᠨᠢ ᠬᠠᠭᠠᠯᠭ᠎ᠠ ᠶᠢᠨ ᠪᠠᠭᠤᠷᠢ ᠶᠢᠨ ᠬᠠᠮᠠᠭᠠᠯᠠᠯᠳᠠ ᠶᠢᠨ ᠦᠵᠡᠬᠦᠯᠬᠡ ᠬᠢᠵᠤ᠂  ᠯᠢᠶᠣᠣ ᠶᠢᠨ ᠳᠡᠭᠡᠳᠦ ᠨᠡᠶᠢᠰᠯᠡᠯ ᠤᠨ ᠦᠯᠡᠳᠡᠭᠳᠡᠯ ᠪᠠᠭᠤᠷᠢ ᠪᠠ ᠬᠢᠳᠠᠨ ᠤ ᠳᠡᠭᠡᠳᠦᠰ ᠤᠨ ᠣᠩᠭᠤᠨ ᠤ ᠪᠠᠭᠤᠷᠢ ᠶᠢ ︽ᠳᠡᠯᠡᠬᠡᠢ ᠶᠢᠨ ᠰᠣᠶᠤᠯ ᠤᠨ ᠦᠯᠡᠳᠡᠭᠳᠡᠯ ᠳᠤ ᠭᠤᠶᠤᠴᠢᠯᠠᠬᠤ︾ ᠠᠵᠢᠯ ᠢ ᠪᠠᠳᠤᠳᠠᠢ ᠦᠷᠨᠢᠬᠦᠯᠵᠤ᠂ ᠯᠢᠶᠤᠤ ᠶᠢᠨ ᠲᠡᠭᠡᠳᠤᠰ ᠤᠨ ᠤᠡᠭᠭᠤᠨ ᠤ ᠤᠯᠤᠰ ᠤᠨ ᠬᠠᠭᠤᠴᠢ ᠶᠢ ᠰᠤᠳᠤᠯᠬᠤ ᠪᠠᠭᠤᠷᠢ ᠶᠢᠨ ᠴᠡᠴᠡᠷᠯᠢᠭ ᠪᠤᠯᠭᠠᠬᠤ ᠪᠠᠷ ᠭᠤᠶᠤᠴᠢᠯᠠᠨ᠎ᠠ᠃ ︽ᠬᠢᠳᠠᠨ ᠰᠤᠶᠤᠯ ᠤᠨ ᠠᠵᠤ ᠦᠢᠯᠡᠰ ᠤᠨ ᠪᠦᠳᠦᠬᠡᠯᠴᠢ ᠪᠤᠳᠤᠯ  ᠲᠠᠢ ᠴᠢᠳᠠᠪᠦᠷᠢᠳᠠᠨ ᠤ ᠠᠵᠢᠯ ᠤᠨ ᠦᠷᠳᠡᠭᠡ︾ ᠵᠤᠬᠢᠶᠠᠨ ᠪᠠᠶᠢᠭᠤᠯᠵᠤ᠂ ︽ᠬᠢᠳᠠᠨ ᠰᠤᠶᠤᠯ ᠤᠨ ᠠᠵᠤ ᠦᠢᠯᠡᠰᠵᠢᠯᠡᠯᠳᠡ ᠶᠢᠨ ᠰᠤᠳᠤᠯᠭᠠᠨ ᠤ ᠲᠦᠪ︾ ᠤᠨ ᠠᠵᠢᠯᠯᠠᠭ᠎ᠠ ᠶᠢ ᠠᠬᠢᠭᠤᠯᠵᠤ᠂ ᠯᠢᠶᠤᠤ ᠶᠢᠨ ᠲᠡᠭᠡᠳᠤ ᠨᠡᠶᠢᠰᠯᠡᠯ ᠤᠨ ᠲᠡᠯᠡᠬᠡᠢ ᠶᠢᠨ ᠰᠤᠶᠤᠯ ᠤᠨ ᠦᠯᠡᠳᠡᠭᠳᠡᠯ ᠭᠤᠶᠤᠴᠢᠯᠠᠬᠤ ᠡᠷᠳᠡᠮ ᠰᠢᠨᠵᠢᠯᠡᠬᠡᠨ ᠤ ᠰᠠᠭᠤᠷᠢ ᠰᠤᠳᠤᠯᠤᠯ  ᠤᠨ ᠲᠦᠷᠦᠯ ᠵᠦᠢᠯ ᠢ ᠡᠬᠢᠯᠡᠬᠦᠯᠦᠨ᠎ᠡ᠃ ᠰᠤᠶᠤᠯ ᠵᠢᠭᠤᠯᠴᠢᠯᠡᠯ ᠪᠡᠶ᠎ᠡ ᠲᠠᠮᠢᠷ ᠤᠨ ᠬᠦᠭᠵᠢᠯᠳᠡ ᠶᠢᠨ ᠺᠤᠮᠫᠠᠨᠢ ᠶᠢ ᠵᠤᠬᠢᠶᠠᠨ ᠪᠠᠶᠢᠭᠤᠯᠵᠤ᠂ ᠰᠤᠶᠤᠯ ᠤᠨ ᠠᠵᠤ ᠦᠢᠯᠡᠰ ᠢ ᠬᠦᠭᠵᠢᠬᠦᠯᠬᠦ ᠰᠠᠭᠤᠷᠢ ᠮᠦᠡᠭᠬᠦ ᠶᠢ ᠢᠳᠡᠪᠬᠢᠳᠡᠢ ᠬᠠᠷᠢᠴᠠᠨ ᠤᠯᠵᠤ᠂ ᠰᠤᠶᠤᠯ ᠵᠢᠭᠤᠯᠴᠢᠯᠠᠯ ᠤᠨ ᠪᠦᠳᠦᠬᠡᠭᠳᠡᠬᠦᠨ ᠰᠤᠳᠤᠯᠵᠤ ᠪᠦᠳᠦᠬᠡᠬᠦ ᠪᠠ ᠦᠵᠡᠬᠦᠯᠵᠤ ᠬᠤᠳᠠᠯᠳᠤᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠳᠡ ᠶᠢ ᠦᠷᠬᠦᠯᠵᠢᠯᠡᠨ ᠠᠬᠢᠭᠤᠯᠵᠤ᠂ ᠬᠢᠯᠤᠪᠡᠷ ᠵᠤᠤ᠂ ᠱᠢᠨᠠ ᠤᠰᠤᠨ ᠴᠦᠬᠦᠷᠦᠮ᠂ ᠯᠤᠤ ᠶᠧ ᠳᠦᠡᠭ᠂ ᠳ᠋ᠦᠡᠭ ᠱᠠᠨ ᠦᠵᠡᠮᠵᠢ ᠶᠢᠨ ᠤᠷᠤᠨ ᠤ ᠡᠷᠬᠢᠨ ᠲᠤᠭᠤᠷᠢᠨ ᠳᠠᠬᠢ ᠮᠠᠯᠴᠢᠨ ᠲᠠᠷᠢᠶᠠᠴᠢᠨ ᠠᠶᠢᠯ ᠤᠨ ᠬᠤᠭᠤᠯᠠᠨ ᠬᠡᠷ ᠤᠨ ᠪᠦᠳᠦᠬᠡᠨ ᠪᠠᠶᠢᠭᠤᠯᠤᠯᠳᠠ ᠶᠢ ᠰᠠᠶᠢᠳᠤᠷ ᠠᠳᠬᠤᠨ᠎ᠠ᠃ ᠤᠬᠠᠭᠤᠯᠵᠤ ᠲᠡᠯᠭᠡᠷᠡᠬᠦᠯᠬᠦ ᠡᠷᠴᠢᠮ ᠢᠶᠠᠨ ᠴᠢᠩᠭᠠᠳᠬᠠᠨ᠂ ᠬᠢᠳᠠᠨ ᠤ ᠯᠢᠶᠤᠤ ᠶᠢᠨ ᠰᠤᠶᠤᠯ ᠤᠨ ᠲᠡᠭᠡᠷ᠎ᠡ ᠲᠡᠰ ᠤᠨ ᠡᠷᠳᠡᠮ ᠰᠢᠨᠵᠢᠯᠡᠬᠡᠨ ᠤ ᠶᠠᠷᠢᠯᠴᠠᠬᠤ ᠬᠤᠷᠠᠯ ᠬᠢᠵᠤ᠂ ᠲᠦᠪ ᠲᠧᠯᠸᠢᠰ ᠵᠡᠷᠬᠡ ᠵᠠᠭᠤᠴᠢᠯᠠᠭᠤᠷ ᠲᠠᠢ ᠵᠤᠯᠭᠠᠨ ᠨᠡᠩ ᠰᠠᠶᠢᠨ ᠤᠬᠠᠭᠤᠯᠭ᠎ᠠ ᠶᠢᠨ ᠲᠡᠪᠴᠡᠩ ᠬᠠᠨᠭ᠍ᠭᠠᠨ᠂ ᠮᠠᠨ ᠤ ᠬᠤᠰᠢᠭᠤᠨ ᠤ ᠨᠡᠷ᠎ᠡ ᠠᠯᠳᠠᠷ ᠢ ᠮᠠᠨᠳᠤᠭᠤᠯᠵᠤ᠂ ᠨᠦᠯᠦᠬᠡᠯᠡᠬᠦ ᠬᠦᠴᠦᠨ ᠢ ᠨᠡᠮᠡᠭᠳᠡᠬᠦᠯᠦᠨ᠎ᠡ᠃ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠬᠡᠬᠡᠨ ᠤ ᠦᠢᠯᠡᠰ ᠢ ᠰᠠᠶᠢᠳᠤᠷ ᠬᠦᠭᠵᠢᠬᠦᠯᠦᠨ᠎ᠡ᠃ ᠱᠠᠩᠵᠢᠩ ᠪᠤᠳᠠᠰ  ᠤᠨ ᠬᠦᠢᠯᠬᠡᠬᠡᠨ ᠤ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠵᠤ᠂ ᠤᠯᠠᠭᠠᠨᠬᠠᠳᠠ ᠶᠢᠨ ᠪᠠᠩᠬᠢ  ᠶᠢᠨ ᠬᠤᠯᠪᠤᠭ᠎ᠠ᠂ ᠴᠧᠨ ᠶᠠᠩ ᠠᠷᠠᠯᠵᠢᠶ᠎ᠠ ᠬᠤᠳᠠᠯᠳᠤᠭ᠎ᠠ᠂ ᠶᠢᠨ ᠰᠢᠦ ᠡᠾᠸᠡᠭ ᠶᠤᠸᠠᠨ ᠪᠠ ᠦᠪᠦᠷ ᠮᠤᠩᠭᠤᠯ ᠤᠨ ᠲᠠᠷᠢᠶᠠᠯᠠᠩ ᠤᠨ ᠬᠡᠷᠡᠭᠯᠡᠬᠦᠨ ᠲᠤᠬᠢᠷᠠᠭᠤᠯᠵᠤ ᠬᠦᠷᠬᠡᠬᠦ ᠲᠦᠪ ᠢ ᠪᠠᠶᠢᠭᠤᠯᠵᠤ ᠠᠰᠢᠭᠯᠠᠯᠳᠠ ᠤᠷᠤᠭᠤᠯᠤᠨ᠂ ᠲᠤᠭᠤᠷᠢᠭ ᠤᠨ ᠠᠷᠠᠯᠵᠢᠶ᠎ᠠ ᠬᠤᠳᠠᠯᠳᠤᠭ᠎ᠠ ᠶᠢ ᠬᠦᠭᠵᠢᠶᠡᠬᠡᠨ᠎ᠡ᠃ ᠬᠡᠷᠡᠭᠯᠡᠬᠡᠨ ᠤ ᠤᠷᠴᠢᠨ ᠲᠤᠭᠤᠷᠢᠨ ᠢ ᠰᠢᠯᠢᠳᠡᠭᠵᠢᠬᠦᠯᠵᠤ᠂ ᠪᠠᠭᠯᠠᠭ᠎ᠠ ᠪᠤᠭᠤᠳᠠᠯ ᠤᠨ ᠵᠢᠷᠤᠭ ᠲᠦᠯᠦᠪᠯᠡᠭᠡ᠂ ᠰᠤᠷᠠᠭ ᠵᠠᠩᠬᠢ ᠶᠢᠨ ᠠᠰᠠᠭᠤᠨ ᠯᠠᠪᠯᠠᠯᠳᠠ ᠪᠠ ᠪᠡᠶ᠎ᠡ ᠪᠤᠯᠪᠠᠰᠤᠷᠠᠭᠤᠯᠬᠤ ᠵᠡᠷᠬᠡ ᠬᠡᠷᠡᠭᠯᠡᠬᠡᠨ ᠤ ᠲᠦᠷᠦᠯ ᠵᠦᠢᠯ ᠢ ᠬᠦᠮᠦᠵᠢᠬᠦᠯᠦᠨ᠎ᠡ᠃ ᠪᠤᠳᠠᠰ ᠤᠨ ᠬᠦᠢᠯᠬᠡᠬᠡᠨ ᠤ ᠲᠤᠭᠤᠷᠢᠭ ᠤᠨ ᠦᠢᠯᠡᠳᠦᠯ ᠴᠢᠳᠠᠪᠬᠢ ᠶᠢ ᠪᠠᠳᠠᠷᠠᠭᠤᠯᠵᠤ᠂ ᠪᠡᠯᠡᠨ ᠪᠠᠶᠢᠭ᠎ᠠ ᠡᠬᠢ ᠰᠤᠷᠪᠤᠯᠵᠢ ᠶᠢ ᠨᠢᠬᠡᠳᠤᠬᠦᠯᠤᠨ᠂ ᠲᠠᠷᠢᠶᠠᠯᠠᠩ ᠮᠠᠯ ᠤᠨ ᠤᠨᠴᠠᠯᠢᠭᠳᠤ ᠪᠦᠳᠦᠬᠡᠭᠳᠡᠬᠦᠨ ᠲᠡᠯᠬᠡᠨ ᠬᠤᠳᠠᠯᠳᠤᠬᠤ ᠲᠦᠪ ᠪᠠ ᠡᠯᠧᠺᠲᠷᠤᠨ ᠬᠤᠳᠠᠯᠳᠤᠭ᠎ᠠ  ᠶᠢᠨ ᠲᠡᠪᠴᠡᠩ ᠡᠬᠦᠳᠴᠤ᠂ ᠬᠤᠳᠠ ᠬᠦᠳᠡᠭᠡ ᠶᠢ ᠬᠠᠮᠤᠷᠤᠭᠰᠠᠨ ᠰᠦᠯᠵᠢᠶ᠎ᠡ ᠪᠠᠷ ᠪᠤᠷᠤᠯᠠᠭᠤᠯᠵᠤ ᠬᠤᠳᠠᠯᠳᠤᠨ ᠠᠪᠬᠤ ᠰᠢᠰᠲ᠋ᠧᠮ ᠢ ᠪᠠᠶᠢᠭᠤᠯᠤᠨ᠂ ᠡᠯᠧᠺᠲᠷᠤᠨ ᠬᠤᠳᠠᠯᠳᠤᠭ᠎ᠠ ᠪᠠ ᠪᠤᠳᠠᠳᠤ ᠠᠵᠤ ᠠᠬᠤᠢ ᠶᠢᠨ ᠨᠢᠬᠡᠳᠤᠯᠳᠡᠢ ᠬᠦᠭᠵᠢᠯᠳᠡ ᠶᠢ ᠠᠬᠢᠭᠤᠯᠤᠨ᠎ᠠ᠃ ᠪᠡᠬᠡᠵᠢᠩ ᠦᠪᠦᠷ ᠮᠤᠩᠭᠤᠯ ᠤᠨ ᠪᠤᠬᠢᠷᠳᠤᠯ ᠦᠬᠡᠢ ᠲᠠᠷᠢᠶᠠᠯᠠᠩ ᠪᠦᠳᠦᠬᠡᠭᠳᠡᠬᠦᠨ ᠮᠠᠯ ᠤᠨ ᠠᠰᠢᠭ ᠰᠢᠮ᠎ᠡ ᠶᠢᠨ ᠲᠠᠯᠠᠪᠠᠢ ᠶᠢᠨ ᠪᠦᠳᠦᠬᠡᠨ ᠪᠠᠶᠢᠭᠤᠯᠤᠯᠳᠠ ᠳᠤ ᠢᠳᠡᠪᠬᠢᠯᠡᠨ ᠤᠷᠤᠯᠴᠠᠵᠤ᠂ ᠪᠤᠬᠢᠷᠳᠤᠯ ᠦᠬᠡᠢ ᠲᠠᠷᠢᠶᠠᠯᠠᠩ ᠮᠠᠯ ᠤᠨ ᠪᠦᠳᠦᠬᠡᠭᠳᠡᠬᠦᠨ ᠦᠢᠯᠡᠳᠪᠦᠷᠢᠯᠡᠵᠤ ᠭᠠᠳᠠᠭᠰᠢᠯᠠᠭᠤᠯᠬᠤ ᠰᠠᠭᠤᠷᠢᠨ ᠪᠠᠶᠢᠭᠤᠯᠤᠨ᠎ᠠ᠃ ᠪᠦᠬᠦ ᠬᠤᠰᠢᠭᠤᠨ ᠤ ᠠᠵᠤ ᠦᠢᠯᠡᠰ ᠤᠨ ᠬᠦᠭᠵᠢᠯᠳᠡ ᠶᠢᠨ ᠤᠨᠴᠠᠯᠢᠭ ᠲᠠᠢ ᠤᠶᠠᠯᠳᠤᠭᠤᠯᠵᠤ᠂ ᠲᠤᠰᠬᠠᠢ ᠵᠠᠬ᠎ᠠ ᠲᠡᠯᠭᠡᠭᠦᠷ ᠢ ᠨᠡᠬᠡᠬᠡᠨ ᠪᠠᠶᠢᠭᠤᠯᠵᠤ ᠡᠷᠴᠢᠮ ᠢᠶᠠᠨ ᠴᠢᠩᠭᠠᠳᠬᠠᠨ᠎ᠠ᠃      ᠮᠦᠡᠭᠬᠦᠨ ᠬᠦᠢᠯᠬᠡᠬᠡᠨ ᠤ ᠦᠢᠯᠡᠰ ᠢ ᠬᠦᠮᠦᠵᠢᠬᠦᠯᠦᠨ᠎ᠡ᠃ ᠤᠯᠤᠰ ᠤᠨ ᠦᠮᠴᠢᠯᠡᠯᠳᠤ ᠡᠳ᠋ ᠬᠦᠷᠦᠩᠬᠡ ᠶᠢ ᠨᠢᠬᠡᠳᠦᠬᠦᠯᠵᠤ᠂ ᠪᠡᠯᠡ, ᠬᠤᠷᠠᠮᠳᠤᠭᠤᠯᠬᠤ ᠲᠡᠪᠴᠡᠩ ᠵᠤᠬᠢᠶᠠᠵᠤ᠂ ᠤᠯᠤᠰ ᠤᠨ ᠦᠮᠴᠢᠯᠡᠯᠳᠤ ᠡᠳ᠋ ᠬᠦᠷᠦᠩᠬᠡ ᠶᠢᠨ ᠦᠷᠳᠡᠭ ᠢ ᠪᠠᠳᠤᠯᠠᠵᠤ ᠨᠡᠮᠡᠭᠳᠡᠬᠦᠯᠦᠨ᠎ᠡ᠃ ᠵᠠᠰᠠᠭ ᠪᠠᠩᠬᠢ ᠠᠵᠤ ᠠᠬᠤᠶᠢᠯᠡᠯ ᠬᠠᠮᠳᠤᠷᠠᠯᠴᠠᠭᠠᠨ ᠤ ᠦᠢᠯᠡᠳᠦᠯ ᠢ ᠬᠦᠢᠴᠡᠳ ᠪᠠᠳᠠᠷᠠᠭᠤᠯᠵᠤ᠂ ᠬᠤᠰᠢᠭᠤᠨ ᠤ ᠲᠤᠳᠤᠭᠠᠳᠤᠬᠢ ᠮᠦᠡᠭᠬᠦᠨ ᠬᠦᠢᠯᠬᠡᠬᠡᠨ ᠤ ᠪᠠᠶᠢᠭᠤᠯᠤᠮᠵᠢ ᠢ ᠵᠤᠷᠢᠭᠵᠢᠭᠤᠯᠤᠨ ᠵᠢᠯᠤᠭᠤᠳᠴᠤ ᠢᠳᠡᠬᠡᠮᠵᠢᠳᠤ ᠵᠢᠬᠡᠯᠡᠯᠬᠡ ᠲᠠᠯᠪᠢᠬᠤ ᠶᠢ ᠨᠡᠮᠡᠭᠳᠡᠬᠦᠯᠦᠨ᠎ᠡ᠃ ᠵᠠᠰᠠᠭ ᠤᠨ ᠤᠷᠳᠤᠨ  ᠢᠶᠠᠷ ᠪᠠᠳᠤᠯᠠᠭᠤᠯᠤᠭᠰᠠᠨ ᠪᠡᠯᠡ ᠬᠤᠷᠠᠮᠳᠤᠭᠤᠯᠬᠤ ᠲᠡᠪᠴᠡᠩ ᠪᠠᠶᠢᠭᠤᠯᠬᠤ ᠪᠠᠨ ᠴᠢᠩᠭᠠᠳᠬᠠᠨ᠂1-2 ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠭᠰᠠᠨ ᠪᠡᠯᠡ ᠬᠤᠷᠠᠮᠳᠤᠭᠤᠯᠬᠤ ᠴᠢᠨᠠᠷᠳᠠᠢ ᠪᠠᠳᠤᠯᠠᠭ᠎ᠠ ᠶᠢᠨ ᠪᠠᠶᠢᠭᠤᠯᠤᠮᠵᠢ ᠶᠢ ᠤᠷᠢᠵᠤ ᠤᠷᠤᠭᠤᠯᠤᠨ᠂ ᠤᠯᠠᠨ ᠠᠷᠭ᠎ᠠ ᠵᠠᠮ ᠢᠶᠠᠷ ᠪᠡᠯᠡ ᠮᠦᠡᠭᠬᠦᠨ ᠤ ᠬᠦᠴᠢᠷ ᠢ ᠰᠢᠢᠳᠪᠦᠷᠢᠯᠡᠨ᠎ᠡ᠃ ᠤᠯᠤᠰ ᠶᠢᠨ ᠲᠦᠷᠦ ᠶᠢᠨ ᠪᠤᠳᠤᠯᠭ᠎ᠠ ᠶᠢᠨ ᠴᠢᠨᠠᠷᠳᠠᠢ ᠮᠦᠡᠭᠬᠦᠨ ᠬᠦᠢᠯᠬᠡᠬᠡᠨ ᠤ ᠪᠠᠶᠢᠭᠤᠯᠤᠮᠵᠢ ᠶᠢᠨ ᠭᠠᠵᠠᠷ ᠤᠷᠤᠨ ᠤ ᠬᠦᠭᠵᠢᠯᠳᠡ ᠶᠢ ᠲᠡᠮᠵᠢᠬᠦ ᠪᠡᠯᠡ ᠮᠦᠡᠭᠬᠦ ᠢ ᠤᠯᠵᠤ᠂ ᠲᠦᠬᠡᠮᠡᠯ ᠬᠠᠷᠠᠭᠠᠯᠵᠠᠬᠤ ᠮᠦᠡᠭᠬᠦᠨ ᠬᠦᠢᠯᠬᠡᠬᠡ ᠶᠢ ᠬᠦᠭᠵᠢᠬᠦᠯᠤᠨ᠂ ᠠᠶᠢᠯ ᠲᠤᠰᠬᠤᠨ ᠤ ᠲᠠᠷᠢᠶᠠᠯᠠᠩ ᠮᠠᠯ ᠠᠵᠤ ᠠᠬᠤᠢ ᠳᠤ ᠲᠡᠮᠵᠢᠯᠬᠡ ᠦᠵᠡᠬᠦᠯᠬᠦ ᠦᠢᠯᠡᠴᠢᠯᠡᠬᠡᠨ ᠤ ᠴᠢᠭ 90 ᠶᠢ ᠨᠡᠮᠡᠵᠤ ᠪᠠᠶᠢᠭᠤᠯᠤᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠰᠢᠢᠰᠲ᠋ᠧᠮ ᠲᠠᠢ᠂ ᠤᠷᠤᠨ ᠪᠦᠰᠡ ᠶᠢᠨ ᠴᠢᠨᠠᠷᠳᠠᠢ ᠮᠦᠡᠭᠬᠦᠨ ᠬᠦᠢᠯᠬᠡᠬᠡᠨ ᠤ ᠠᠶᠤᠯ ᠲᠦᠭᠰᠢᠬᠦᠷᠢ ᠶᠢ ᠰᠡᠷᠬᠡᠶᠢᠯᠡᠬᠦ ᠠᠵᠢᠯ ᠢ ᠰᠠᠶᠢᠳᠤᠷ ᠬᠢᠵᠤ᠂ ᠮᠦᠡᠭᠬᠦᠨ ᠬᠦᠢᠯᠬᠡᠬᠡᠨ ᠤ ᠬᠦᠭᠵᠢᠯᠳᠡ ᠶᠢᠨ ᠤᠷᠴᠢᠨ ᠲᠤᠭᠤᠷᠢᠨ ᠢ ᠲᠠᠰᠤᠷᠠᠯᠳᠠ ᠦᠬᠡᠢ ᠰᠢᠯᠢᠳᠡᠭᠵᠢᠬᠦᠯᠦᠨ᠎ᠡ᠃      ︵ᠲᠠᠪᠤ︶ ᠬᠤᠳᠠ ᠬᠦᠳᠡᠭᠡ ᠶᠢᠨ ᠬᠦᠭᠵᠢᠯᠳᠡ ᠶᠢ ᠨᠢᠬᠡᠳᠦᠯᠳᠡᠢ ᠲᠦᠯᠦᠪᠯᠡᠨ ᠠᠬᠢᠭᠤᠯᠵᠤ᠂ ᠬᠦᠭᠵᠢᠯᠳᠡ  ᠶᠢᠨ ᠪᠠᠳᠤᠯᠠᠭ᠎ᠠ ᠶᠢᠨ ᠴᠢᠳᠠᠪᠦᠷᠢ ᠶᠢ ᠨᠡᠮᠡᠭᠳᠡᠬᠦᠯᠦᠨ᠎ᠡᠯᠢᠨᠳᠦ᠋ᠡᠭ ᠬᠤᠳᠠ ᠲᠤᠭᠤᠷᠢᠭ ᠤᠨ ᠦᠢᠯᠡᠳᠦᠯ ᠴᠢᠳᠠᠪᠦᠷᠢ ᠶᠢᠨ ᠪᠠᠶᠢᠭᠤᠯᠤᠯᠳᠠ ᠶᠢ ᠲᠡᠬᠦᠯᠳᠡᠷᠵᠢᠬᠦᠯᠦᠨ᠎ᠡ᠃ ᠯᠢᠨᠳᠦ᠋ᠡᠭ ᠪᠠᠯᠭᠠᠰᠤ ᠶᠢᠨ ᠶᠡᠷᠦᠩᠬᠡᠢ ᠲᠦᠯᠦᠪᠵᠢᠬᠦᠯᠬᠡ ᠶᠢ ᠨᠠᠶᠢᠷᠠᠭᠤᠯᠬᠤ ᠠᠵᠢᠯ ᠢ ᠠᠬᠢᠭᠤᠯᠵᠤ᠂ ᠯᠢᠨᠳᠦ᠋ᠡᠭ ᠬᠤᠳᠠ ᠲᠤᠭᠤᠷᠢᠭ ᠤᠨ ᠡᠵᠡᠮᠰᠢᠯ ᠤᠨ ᠴᠢᠨᠠᠷᠳᠠᠢ ᠨᠠᠷᠢᠯᠢᠭ ᠲᠦᠯᠦᠪᠵᠢᠬᠦᠯᠬᠡ ᠪᠠ ᠲᠦᠷᠦᠯ ᠵᠦᠢᠯ ᠤᠨ ᠪᠠᠶᠢᠭᠤᠯᠤᠯᠳᠠ ᠶᠢᠨ ᠴᠢᠨᠠᠷᠳᠠᠢ ᠲᠦᠯᠦᠪᠵᠢᠬᠦᠯᠬᠡ ᠶᠢᠨ ᠬᠢᠨᠠᠨ ᠰᠢᠯᠭᠠᠯᠳᠠ ᠶᠢ ᠴᠢᠩᠭᠠᠳᠬᠠᠨ᠂ ᠬᠢᠨᠠᠨ ᠪᠠᠶᠢᠴᠠᠭᠠᠯᠳᠠ ᠬᠠᠤᠯᠢ ᠬᠡᠷᠡᠭᠵᠢᠬᠦᠯᠦᠯᠳᠡ ᠶᠢᠨ ᠡᠷᠴᠢᠮ ᠢ ᠴᠢᠩᠭᠠᠷᠠᠭᠤᠯᠤᠨ᠎ᠠ᠃ ︽ᠬᠠᠷᠢᠮᠠᠬᠠᠢ ᠴᠢᠳᠠᠪᠬᠢᠳᠤ ᠬᠤᠳᠠ︾᠂ ︽ᠤᠶᠤᠨᠳᠤ ᠬᠤᠳᠠ︾ ᠶᠢᠨ ᠬᠦᠭᠵᠢᠯᠳᠡ ᠶᠢᠨ ᠰᠡᠳᠬᠢᠮᠵᠢ ᠶᠢ ᠪᠤᠢ ᠪᠤᠯᠭᠠᠨ᠂ ᠯᠢᠨᠳᠦ᠋ᠡᠭ ᠬᠤᠳᠠ ᠲᠤᠭᠤᠷᠢᠭ ᠤᠨ ᠬᠤᠭᠤᠯᠠᠢ ᠰᠤᠪᠠᠭ ᠢ ᠦᠬᠡᠷᠡᠴᠢᠯᠡᠬᠦ ᠲᠦᠯᠦᠪᠵᠢᠬᠦᠯᠬᠡ ᠶᠢ ᠨᠠᠶᠢᠷᠠᠭᠤᠯᠵᠤ᠂ ᠬᠤᠳᠠ ᠲᠤᠭᠤᠷᠢᠭ ᠤᠨ ᠭᠠᠵᠠᠷ ᠲᠤᠤᠷᠠᠬᠢ ᠬᠤᠭᠤᠯᠠᠢ ᠱᠤᠭᠤᠮ ᠳᠤ ᠨᠡᠶᠢᠳᠡᠮ ᠪᠠᠶᠢᠴᠠᠭᠠᠯᠳᠠ ᠬᠢᠨ᠎ᠡ᠃ ᠬᠤᠸᠠᠩ ᠴᠸᠡᠭ ᠵᠠᠮ ᠤᠨ ᠤᠮᠠᠷᠠᠳᠤ ᠬᠡᠰᠡᠭ  ᠤᠨ ᠵᠠᠮ ᠢ ᠡᠬᠢᠯᠡᠨ ᠲᠡᠪᠢᠰᠴᠤ᠂ ᠪᠤᠶᠢᠳᠠ ᠪᠦᠭᠯᠡᠬᠦᠤ ᠵᠡᠬᠡᠯᠢ ᠭᠤᠳᠤᠮᠵᠢ ᠶᠢ ᠲᠦᠮᠡᠨ ᠲᠡᠭᠰᠢ ᠲᠦᠷᠪᠡᠯᠵᠢᠨ ᠮᠧᠲᠷ ᠵᠠᠰᠠᠵᠤ ᠴᠡᠭᠴᠡᠯᠡᠨ᠂ ᠲᠡᠭᠡᠳᠤ ᠨᠡᠶᠢᠰᠯᠡᠯ ᠤᠨ ᠬᠢᠳᠠᠨ ᠰᠤᠶᠤᠯ ᠤᠨ ᠠᠵᠤ ᠦᠢᠯᠡᠰ ᠤᠨ ᠲᠤᠭᠤᠷᠢᠭ ᠪᠠ ᠪᠠᠶᠠᠨᠨᠢᠷᠤᠭᠤ ᠵᠡᠬᠡᠯᠢ᠂ ᠵᠤᠴᠢᠨᠰᠠᠭ ᠵᠠᠮ ᠵᠡᠷᠬᠡ 5 ᠵᠤᠷᠪᠤᠰ ᠵᠠᠮ ᠵᠡᠬᠡᠯᠢ ᠶᠢ ᠨᠤᠭᠤᠭᠠᠷᠠᠭᠤᠯᠤᠨ᠎ᠠ᠃ ᠤᠳᠤᠬᠢ ᠪᠠᠶᠢᠭ᠎ᠠ ᠤᠷᠤᠨ ᠰᠠᠭᠤᠴᠠ ᠶᠢᠨ ᠡᠨᠧᠷᠬᠢ ᠠᠷᠪᠢᠯᠠᠬᠤ ᠦᠬᠡᠷᠡᠴᠢᠯᠡᠯᠳᠡ ᠶᠢ16 ᠲᠦᠮᠡᠨ ᠲᠡᠭᠰᠢ ᠲᠦᠷᠪᠡᠯᠵᠢᠨ ᠮᠧᠲᠷ ᠨᠠᠶᠢᠳᠠᠪᠦᠷᠢᠵᠢᠭᠤᠯᠵᠤ᠂ ᠨᠢᠬᠡᠳᠤᠬᠡᠷ ᠤᠰᠤᠨ ᠦᠢᠯᠡᠳᠪᠦᠷᠢ ᠶᠢᠨ ᠬᠤᠳᠳᠤᠭ ᠮᠠᠯᠳᠠᠵᠤ ᠪᠠᠶᠢᠭᠤᠯᠬᠤ ᠪᠠ ᠬᠠᠭᠤᠴᠢᠨ ᠬᠤᠳᠠ ᠲᠤᠭᠤᠷᠢᠭ ᠤᠨ ᠤᠰᠤ ᠬᠠᠨᠭ᠍ᠭᠠᠬᠤ ᠬᠤᠭᠤᠯᠠᠢ ᠰᠤᠪᠠᠭ ᠢ ᠦᠬᠡᠷᠡᠴᠢᠯᠡᠨ ᠰᠢᠨᠡᠳᠬᠡᠬᠦ ᠢᠨᠵᠧᠨ᠋ᠷᠢᠩ  ᠢ ᠰᠠᠶᠢᠳᠤᠷ ᠠᠳᠬᠤᠵᠤ᠂ ᠬᠠᠭᠤᠴᠢᠨ ᠬᠤᠳᠠ ᠲᠤᠭᠤᠷᠢᠭ ᠤᠨ ᠵᠠᠮ ᠤᠨ ᠳ᠋ᠸᠡᠭ᠂ ᠤᠰᠤ ᠭᠠᠳᠠᠭᠰᠢᠯᠠᠭᠤᠯᠬᠤ᠂ ᠲᠤᠯᠠᠭᠠᠯᠠᠮᠵᠢ ᠬᠠᠨᠭ᠍ᠭᠠᠬᠤ ᠬᠤᠭᠤᠯᠠᠢ ᠰᠤᠪᠠᠭ ᠵᠡᠷᠬᠡ ᠶᠢ10 ᠦᠬᠡᠷᠡᠴᠢᠯᠡᠨ᠎ᠡ᠃ ᠵᠤᠭᠤᠰ ᠤᠨ ᠨᠦᠬᠦᠪᠦᠷᠢ᠂ ᠦᠮᠴᠢᠯᠡᠬᠦ ᠡᠷᠬᠡ ᠶᠢ ᠨᠢ ᠬᠠᠯᠠᠵᠤ ᠰᠤᠯᠢᠬᠤ ᠪᠠᠷ ᠲᠠᠮᠵᠢᠨ᠂ 848 ᠲᠦᠬᠦᠮ ᠪᠦᠳᠦᠴᠡᠳᠤ ᠡᠷᠦᠬᠡ ᠶᠢ ᠵᠠᠰᠠᠵᠤ ᠦᠬᠡᠷᠡᠴᠢᠯᠡᠨ᠎ᠡ᠃ ᠬᠠᠳᠠᠭᠠᠯᠠᠭᠳᠠᠴᠠ ᠶᠢ ᠪᠠᠭᠠᠰᠬᠠᠨ᠂ ᠶᠡᠬᠡᠪᠡᠷ ᠬᠠᠳᠠᠭᠠᠯᠠᠭᠳᠠᠵᠤ ᠪᠠᠶᠢᠭ᠎ᠠ ᠪᠠᠷᠠᠭ᠎ᠠ ᠲᠠᠸᠠᠷ ᠤᠨ ᠬᠡᠷ ᠪᠠ ᠬᠠᠭᠤᠴᠢᠨ ᠬᠡᠷ ᠪᠠᠶᠢᠰᠢᠩ ᠤᠨ ᠪᠤᠷᠤᠯᠠᠭᠤᠯᠤᠳᠠ ᠪᠠᠨ ᠴᠢᠩᠭᠠᠳᠬᠠᠨ᠎ᠠ᠃ ᠬᠠᠨᠭ᠍ᠭᠠᠯᠭ᠎ᠠ ᠬᠡᠷᠡᠭᠴᠡᠬᠡᠨ ᠤ ᠬᠠᠷᠢᠴᠠᠭ᠎ᠠ ᠶᠢ ᠡᠵᠡᠮᠰᠢᠵᠤ᠂ ᠬᠡᠮᠵᠢᠶᠡᠨ ᠤ ᠨᠡᠮᠡᠭᠳᠡᠯ ᠢ ᠵᠤᠬᠢᠰᠳᠠᠢ ᠬᠤᠷᠢᠭᠯᠠᠨ᠂ ᠬᠡᠷ ᠭᠠᠵᠠᠷ ᠬᠦᠷᠦᠩᠬᠡ ᠶᠢᠨ ᠵᠠᠬ᠎ᠠ ᠲᠡᠯᠭᠡᠭᠦᠷ ᠤᠨ ᠲᠤᠭᠳᠠᠭᠤᠨ ᠢ ᠪᠠᠳᠤᠯᠠᠨ᠎ᠠ᠃ ︽ᠪᠤᠯᠪᠠᠰᠤᠨ ᠬᠤᠳᠠ ᠪᠠᠯᠭᠠᠰᠤ︾ ᠶᠢ ᠡᠬᠦᠳᠤᠨ ᠪᠠᠶᠢᠭᠤᠯᠬᠤ ᠠᠵᠢᠯᠯᠠᠭᠠᠨ ᠦᠷᠨᠢᠬᠦᠯᠵᠤ᠂ ᠬᠤᠳᠠ ᠲᠤᠭᠤᠷᠢᠭ ᠤᠨ ᠬᠠᠮᠢᠶᠠᠷᠤᠯᠳᠠ ᠦᠢᠯᠡᠴᠢᠯᠡᠬᠡᠨ ᠤ ᠲᠦᠪᠰᠢᠨ ᠵᠢᠴᠢ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠪᠤᠯᠪᠠᠰᠤᠨ ᠬᠡᠪ ᠰᠤᠷᠳᠠᠯ ᠢ ᠲᠡᠭᠡᠭᠰᠢᠯᠡᠬᠦᠯᠦᠨ᠎ᠡ᠃      ᠵᠢᠵᠢᠭ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠎ᠡ᠃ ︽ᠴᠤᠮᠬᠠᠳᠬᠠᠨ ᠰᠢᠯᠵᠢᠬᠦᠯᠵᠤ ᠲᠦᠪᠯᠡᠷᠡᠬᠦᠯᠤᠨ ᠬᠦᠭᠵᠢᠬᠦᠯᠬᠦ︾ ᠪᠠᠶᠢᠯᠳᠤᠬᠤ ᠪᠤᠳᠤᠯᠭ᠎ᠠ ᠶᠢᠨ ᠶᠤᠰᠤᠭᠠᠷ᠂ ᠵᠢᠵᠢᠭ ᠬᠤᠳᠠ ᠪᠠᠯᠭᠠᠰᠤ  ᠶᠢ ᠬᠦᠭᠵᠢᠬᠦᠯᠬᠦ ᠶᠡᠷᠦᠩᠬᠡᠢ ᠲᠦᠯᠦᠪᠵᠢᠬᠦᠯᠬᠡ ᠵᠢᠴᠢ ᠭᠠᠴᠠᠭ᠎ᠠ ᠲᠤᠰᠬᠤᠨ ᠤ ᠲᠦᠯᠦᠪᠵᠢᠬᠦᠯᠬᠡ ᠶᠢ ᠨᠠᠶᠢᠷᠠᠭᠤᠯᠤᠨ ᠲᠡᠭᠦᠯᠳᠡᠷᠵᠢᠬᠦᠯᠵᠤ᠂ ᠵᠢᠵᠢᠭ ᠬᠤᠳᠠ ᠪᠠᠯᠭᠠᠰᠤ ᠶᠢ ᠬᠦᠭᠵᠢᠬᠦᠯᠬᠦ ᠬᠠᠷᠠᠭᠠᠯᠵᠠᠯᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠤᠨ᠂ ᠵᠢᠵᠢᠭ ᠬᠤᠳᠠ ᠪᠠᠯᠭᠠᠰᠤᠨ ᠤ ᠲᠦᠷᠬᠡᠨ ᠪᠦᠬᠡᠳ ᠡᠷᠡᠬᠦᠯ ᠬᠦᠭᠵᠢᠯᠳᠡ ᠶᠢ ᠠᠬᠢᠭᠤᠯᠤᠨ᠎ᠠ᠃  ᠵᠢᠱᠢᠶ᠎ᠡ ᠦᠵᠡᠬᠦᠯᠵᠤ ᠲᠠᠭᠠᠭᠤᠯᠬᠤ ᠦᠢᠯᠡᠳᠦᠯ ᠢ ᠲᠤᠪᠤᠶᠢᠯᠭᠠᠨ᠂ ᠯᠦᠡᠭᠴᠠᠩ᠂ ᠪᠢᠯᠡᠬᠦᠳᠡᠢ ᠵᠢᠵᠢᠭ ᠬᠤᠳᠠ ᠪᠠᠯᠭᠠᠰᠤ ᠶᠢ ᠪᠠᠶᠢᠭᠤᠯᠬᠤ ᠲᠤᠷᠰᠢᠯᠳᠠ ᠶᠢᠨ ᠬᠤᠶᠠᠷ ᠴᠢᠭ ᠢ ᠭᠤᠤᠯᠳᠠᠯᠭ᠎ᠠ ᠲᠠᠢ ᠠᠳᠬᠤᠨ᠂ ᠡᠯ᠎ᠡ ᠰᠤᠮᠤ ᠰᠢᠶᠠᠩ ᠪᠠᠯᠭᠠᠰᠤ ᠶᠢ ᠵᠤᠷᠢᠭᠵᠢᠭᠤᠯᠤᠨ ᠦᠪᠡᠷ ᠤᠨ ᠤᠨᠴᠠᠯᠢᠭ ᠲᠠᠢ ᠵᠢᠵᠢᠭ ᠬᠤᠳᠠ ᠪᠠᠯᠭᠠᠰᠤ ᠲᠦᠯᠦᠪᠵᠢᠬᠦᠯᠵᠤ  ᠪᠠᠶᠢᠭᠤᠯᠤᠨ᠎ᠠ᠃ ︽ᠵᠠᠰᠠᠭ ᠤᠨ ᠤᠷᠳᠤᠨ ᠵᠢᠯᠤᠭᠤᠳᠴᠤ᠂ ᠵᠠᠬ᠎ᠠ ᠲᠡᠯᠭᠡᠭᠦᠷ ᠠᠵᠢᠯᠯᠠᠭᠰᠠᠨ︾ ᠪᠡᠯᠡ ᠤᠷᠤᠭᠤᠯᠵᠤ ᠪᠡᠯᠡ ᠬᠤᠷᠠᠮᠳᠤᠭᠤᠯᠬᠤ ᠲᠤᠭᠳᠠᠯᠴᠠᠭ᠎ᠠ ᠶᠢ ᠢᠳᠡᠪᠬᠢᠳᠡᠢ ᠰᠦᠪᠡᠭᠴᠢᠯᠡᠵᠤ᠂ ᠭᠠᠵᠠᠷ ᠰᠢᠷᠦᠢ ᠶᠢ ᠴᠢᠯᠦᠬᠡᠳᠡᠢ ᠪᠤᠯᠭᠠᠨ ᠂ ᠲᠦᠷᠦᠯ ᠵᠦᠢᠯ ᠢ ᠨᠢᠬᠡᠳᠤᠬᠦᠯᠬᠦ ᠪᠠᠷ ᠲᠠᠮᠵᠢᠨ᠂ ᠨᠡᠶᠢᠬᠡᠮ ᠤᠨ ᠪᠡᠯᠡ ᠮᠦᠡᠭᠬᠦ ᠶᠢ ᠦᠷᠬᠡᠨ ᠢᠶᠠᠷ ᠲᠠᠳᠠᠵᠤ ᠵᠢᠵᠢᠭ ᠬᠤᠳᠠ ᠪᠠᠯᠭᠠᠰᠤᠨ ᠤ ᠪᠠᠶᠢᠭᠤᠯᠤᠯᠳᠠ ᠬᠠᠮᠢᠶᠠᠷᠤᠯᠳᠠ ᠳᠤ ᠤᠷᠤᠯᠴᠠᠭᠤᠯᠤᠨ᠎ᠠ᠃ ᠪᠤᠳᠠᠳᠠᠢ ᠳᠤ ᠨᠡᠶᠢᠴᠡᠭᠰᠡᠨ  ᠭᠤᠤᠯᠯᠠᠬᠤ ᠠᠵᠤ ᠦᠢᠯᠡᠰ ᠢ ᠬᠦᠮᠦᠵᠢᠬᠦᠯᠵᠤ᠂ ᠮᠠᠯᠴᠢᠨ ᠲᠠᠷᠢᠶᠠᠴᠢᠨ ᠤ ᠤᠷᠤᠯᠭ᠎ᠠ ᠢ ᠨᠡᠮᠡᠭᠳᠡᠬᠦᠯᠬᠦ ᠤᠷᠤᠨ ᠵᠠᠢ ᠶᠢ ᠶᠡᠬᠡᠰᠬᠡᠨ᠂ ᠮᠠᠯᠴᠢᠨ ᠲᠠᠷᠢᠶᠠᠴᠢᠨ ᠢ ᠲᠠᠭᠠᠭᠤᠯᠵᠤ ᠵᠢᠵᠢᠭ ᠬᠤᠳᠠ ᠪᠠᠯᠭᠠᠰᠤᠵᠢᠯᠳᠠ ᠵᠦᠭ ᠡᠮᠬᠢ ᠴᠢᠭᠴᠡᠳᠡᠢ ᠤᠷᠤᠭᠰᠢᠯᠠᠨ᠎ᠠ᠃      ᠵᠠᠮ ᠬᠠᠷᠢᠯᠴᠠᠭ᠎ᠠ᠂ ᠤᠰᠤᠨ ᠠᠰᠢᠭᠯᠠᠯᠳᠠ᠂ ᠴᠠᠬᠢᠯᠭᠠᠨ ᠬᠦᠴᠦᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠤᠯᠤᠰ ᠤᠨ ᠵᠠᠮ 303 ᠱᠤᠭᠤᠮ ᠤᠨ ᠯᠢᠨᠳᠦ᠋ᠡᠭ ᠪᠠᠯᠭᠠᠰᠤᠨ ᠤ ᠬᠡᠰᠡᠭ ᠤᠨ ᠵᠠᠰᠠᠮᠠᠯ ᠵᠠᠮ ᠤᠨ ᠱᠤᠭᠤᠮ ᠦᠬᠡᠷᠡᠴᠢᠯᠡᠬᠦ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠬᠦᠯᠵᠤ᠂ ᠲᠤᠰᠬᠤᠨ ᠳᠤ ᠨᠡᠪᠳᠡᠷᠡᠬᠦ ᠱᠦᠢᠨᠢ ᠶᠢᠨ ᠵᠠᠮ  ᠢ154 ᠺᠢᠯᠤᠮᠧᠲᠷ ᠲᠡᠪᠢᠰᠴᠤ᠂ ᠵᠢᠨᠢᠩ — ᠲᠦᠡᠭᠯᠢᠶᠤᠤ ᠬᠦᠷᠬᠦ ᠲᠡᠮᠦᠷ ᠵᠠᠮ ᠤᠨ ᠪᠠᠭᠠᠷᠢᠨ ᠵᠡᠬᠦᠨ ᠬᠤᠰᠢᠭᠤᠨ  ᠳᠠᠬᠢ ᠬᠡᠰᠡᠭ ᠤᠨ ᠴᠢᠳᠠᠪᠦᠷᠢ ᠶᠢ ᠦᠷᠬᠡᠳᠬᠡᠨ ᠦᠬᠡᠷᠡᠴᠢᠯᠡᠬᠦ ᠢᠨᠵᠧᠨᠧᠷᠢᠩ ᠢ ᠠᠬᠢᠭᠤᠯᠵᠤ᠂ ᠱᠠᠩ ᠵᠢᠩ ᠨᠡᠶᠢᠳᠡᠮ ᠬᠡᠷᠡᠭᠯᠡᠬᠦ ᠨᠢᠰᠬᠡᠯ ᠤᠨ ᠲᠠᠯᠠᠪᠠᠢ ᠶᠢ ᠲᠦᠷᠦᠯ ᠲᠤᠭᠳᠠᠭᠠᠨ ᠵᠦᠪᠰᠢᠶᠡᠷᠡᠬᠦᠯᠦᠨ᠎ᠡ᠃ ᠬᠤ᠋ ᠪᠦᠸᠧ ᠭᠸᠤ ᠤᠰᠤᠨ ᠠᠰᠢᠭᠯᠠᠯᠳᠠ ᠶᠢᠨ ᠵᠠᠩᠬᠢᠯᠭ᠎ᠠ ᠶᠢᠨ ᠠᠵᠢᠯ᠂ ᠴᠢᠨᠳᠠᠮᠦᠨᠢ ᠬᠠᠳᠠᠨ ᠤ ᠤᠰᠤᠨ ᠴᠦᠬᠦᠷᠦᠮ ᠵᠡᠷᠬᠡ ᠢᠨᠵᠧᠨᠧᠷᠢᠩ ᠢ ᠢᠳᠡᠪᠬᠢᠳᠡᠢ ᠠᠬᠢᠭᠤᠯᠵᠤ᠂ ᠦᠯᠵᠡᠶᠢᠮᠦ᠋ᠷᠡᠨ ᠭᠤᠤᠯ ᠤᠨ ᠲᠠᠯᠠᠩ᠂ ᠭᠠᠨᠭ᠌ ᠬᠠᠭᠰᠠᠷᠭᠠᠨ ᠢ ᠡᠰᠡᠷᠬᠦᠴᠡᠬᠦ ᠪᠠᠴᠢᠮ ᠪᠠᠶᠢᠳᠠᠯ ᠢ ᠠᠷᠭᠠᠴᠠᠭᠠᠬᠤ ᠤᠰᠤᠨ ᠰᠤᠷᠪᠤᠯᠵᠢ ᠶᠢᠨ ᠢᠨᠵᠧᠨᠧᠷᠢᠩ ᠢ ᠡᠬᠢᠯᠡᠬᠦᠯᠤᠨ᠂ ᠰᠢᠷᠭ᠎ᠠ ᠭᠤᠤᠯ ᠤᠨ ᠯᠢᠨᠳᠦ᠋ᠡᠭ ᠤᠨ ᠬᠡᠰᠡᠭ ᠲᠠᠬᠢ ᠦᠶᠡᠷ ᠢ ᠰᠡᠷᠬᠡᠶᠢᠯᠡᠬᠦ ᠢᠨᠵᠧᠨᠧᠷᠢᠩ ᠪᠠ ᠱᠢᠨᠠ ᠤᠰᠤᠨ ᠴᠦᠬᠦᠷᠦᠮ ᠤᠨ ᠠᠶᠤᠯ ᠢ ᠰᠡᠷᠬᠡᠶᠢᠯᠡᠨ ᠪᠠᠬᠢᠵᠢᠬᠦᠯᠬᠦ ᠪᠠᠷᠢᠯᠭ᠎ᠠ ᠶᠢ ᠪᠡᠶᠡᠯᠡᠬᠦᠯᠬᠦ ᠶᠢ ᠪᠠᠳᠤᠯᠠᠨ᠎ᠠ᠃ ᠪᠠᠶᠠᠨᠨᠢᠷᠤᠭᠤ 220 ᠺᠢᠯᠤᠸᠤᠯᠲ ᠠᠮᠫᠧᠷ ᠴᠠᠬᠢᠯᠭᠠᠨ ᠬᠤᠪᠢᠰᠬᠠᠭᠤᠷ ᠤᠨ ᠦᠷᠳᠡᠭᠡ᠂ ᠪᠢᠯᠡᠬᠦᠳᠡᠢ ᠪᠠᠯᠭᠠᠰᠤ ᠶᠢᠨ100 ᠰᠠᠶ᠎ᠠ ᠸᠠᠲ ᠨᠠᠷᠠᠨ ᠤ ᠬᠡᠷᠡᠯ ᠢᠶᠠᠷ ᠴᠠᠬᠢᠯᠭᠠᠨ ᠭᠠᠷᠭᠠᠬᠤ ᠵᠡᠷᠬᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠂ ᠪᠠᠶᠠᠨᠨᠢᠷᠤᠭᠤ ᠪᠠᠯᠭᠠᠰᠤ ᠶᠢᠨ ᠯᠢ ᠱᠦᠸᠧ 30 ᠰᠠᠷ᠎ᠠ ᠸᠠᠲ ᠶᠢᠨ ᠨᠠᠷᠠᠨ ᠤ ᠬᠡᠷᠡᠯ ᠢᠶᠠᠷ ᠴᠠᠬᠢᠯᠭᠠᠨ ᠭᠠᠷᠭᠠᠬᠤ᠂ ᠹᠸᠡᠭ ᠬᠤᠸᠠᠩ ᠱᠠᠨ ᠠᠭᠤᠯᠠᠨ ᠤ ᠠᠵᠤ ᠦᠢᠯᠡᠳᠪᠦᠷᠢ ᠶᠢᠨ ᠲᠤᠭᠤᠷᠢᠭ ᠤᠨ 66 ᠺᠢᠯᠤᠸᠤᠯᠲ ᠠᠮᠫᠧᠷ ᠴᠠᠬᠢᠯᠭᠠᠨ ᠬᠤᠪᠢᠰᠬᠠᠭᠤᠷ  ᠤᠨ ᠦᠷᠳᠡᠬᠡᠨ ᠤ ᠪᠠᠶᠢᠭᠤᠯᠤᠯᠳᠠ ᠶᠢ ᠲᠦᠷᠬᠡᠳᠬᠡᠨ ᠠᠰᠢᠭᠯᠠᠯᠳᠠ ᠳᠤ ᠤᠷᠤᠭᠤᠯᠤᠨ᠎ᠠ᠃      ︵ᠵᠢᠷᠭᠤᠭ᠎ᠠ︶ ᠦᠬᠡᠷᠡᠴᠢᠯᠡᠯᠳᠡ ᠬᠢᠵᠤ ᠴᠢᠯᠦᠬᠡᠳᠡᠢ ᠶᠠᠪᠤᠯᠴᠠᠬᠤ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠵᠤ᠂ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠦᠨᠡᠨᠬᠦ ᠨᠡᠮᠡᠭᠳᠡᠬᠦᠯᠦᠨ᠎ᠡ      ᠭᠤᠤᠯᠳᠠᠯᠭ᠎ᠠ ᠲᠠᠢ ᠬᠦᠷᠢᠶ᠎ᠡ ᠴᠠᠷ᠎ᠠ ᠶᠢᠨ ᠦᠬᠡᠷᠡᠴᠢᠯᠡᠯᠳᠡ ᠶᠢ ᠰᠠᠶᠢᠳᠤᠷ ᠠᠳᠬᠤᠨ᠎ᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠬᠠᠷᠢᠭᠤᠴᠠᠯᠭ᠎ᠠ ᠶᠢᠨ ᠲᠤᠳᠤᠷᠬᠠᠢ ᠲᠠᠩᠰᠠ ᠭᠠᠷᠭᠠᠨ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ᠂ ᠰᠤᠮᠤ ᠰᠢᠶᠠᠩ ᠪᠠᠯᠭᠠᠰᠤ  ᠶᠢᠨ ᠠᠷᠠᠳ ᠲᠤ ᠲᠦᠬᠦᠮ ᠦᠵᠡᠬᠦᠯᠬᠦ ᠦᠢᠯᠡᠴᠢᠯᠡᠬᠡᠨ ᠤ ᠲᠦᠪ ᠵᠢᠴᠢ ᠬᠡᠰᠡᠭ ᠭᠠᠴᠠᠭ᠎ᠠ ᠲᠤᠰᠬᠤᠨ ᠤ ᠠᠷᠠᠳ ᠲᠤ ᠲᠦᠬᠦᠮ ᠦᠵᠡᠬᠦᠯᠬᠦ ᠦᠢᠯᠡᠴᠢᠯᠡᠬᠡᠨ ᠤ ᠦᠷᠳᠡᠭᠡ ᠶᠢ ᠪᠠᠷᠢᠮᠵᠢᠶᠠᠵᠢᠭᠤᠯᠤᠨ ᠪᠠᠶᠢᠭᠤᠯᠵᠤ᠂ ︽ᠨᠢᠬᠡ ᠴᠤᠩᠬᠤ ᠬᠡᠷ ᠬᠦᠯᠢᠶᠡᠨ ᠠᠪᠴᠤ᠂ ᠲᠤᠭᠳᠠᠭᠰᠠᠨ ᠴᠠᠭ ᠲᠠᠢ ᠰᠢᠢᠳᠪᠦᠷᠢᠯᠡᠬᠦ︾ ᠪᠠᠷ ᠲᠠᠮᠵᠢᠨ᠂ ᠠᠵᠢᠯ ᠤᠨ ᠦᠷ᠎ᠡ ᠠᠰᠢᠭ ᠪᠠ ᠦᠢᠯᠡᠴᠢᠯᠡᠬᠡᠨ ᠤ ᠴᠢᠳᠠᠪᠦᠷᠢ ᠪᠠᠨ ᠦᠨᠡᠨᠬᠦ ᠲᠡᠭᠡᠭᠰᠢᠯᠡᠬᠦᠯᠦᠨ᠎ᠡ᠃  ᠭᠠᠵᠠᠷ ᠰᠢᠷᠦᠢ ᠶᠢᠨ ᠦᠮᠴᠢᠯᠡᠯ ᠤᠨ ᠡᠷᠬᠡ ᠶᠢ ᠲᠤᠭᠳᠠᠭᠠᠨ ᠲᠠᠩᠰᠠᠯᠠᠵᠤ ᠦᠨᠡᠮᠯᠡᠯ ᠦᠭᠬᠦ ᠲᠤᠷᠰᠢᠯᠳᠠ ᠶᠢᠨ ᠴᠢᠭ ᠤᠨ ᠦᠷ᠎ᠡ ᠪᠦᠳᠦᠮᠵᠢ ᠶᠢ ᠦᠬᠡᠷᠡᠴᠢᠯᠡᠨ ᠠᠰᠢᠭᠯᠠᠵᠤ᠂ 9 ᠰᠠᠷ᠎ᠠ ᠶᠢᠨ ᠦᠶ᠎ᠡ ᠪᠠᠷ ᠡᠪᠡᠰᠤ ᠪᠡᠯᠴᠢᠬᠡᠷ ᠤᠨ ᠡᠷᠬᠡ ᠶᠢ ᠲᠤᠭᠳᠠᠭᠠᠨ ᠲᠠᠭᠠᠭᠠᠴᠢᠯᠠᠭᠤᠯᠬᠤ ᠠᠵᠢᠯ  ᠢ ᠪᠡᠶᠡᠯᠡᠬᠦᠯᠬᠦ ᠪᠠᠷ ᠪᠠᠳᠤᠯᠠᠨ᠎ᠠ᠃ ᠤᠢ ᠰᠢᠭᠤᠢ ᠶᠢᠨ ᠲᠠᠯᠠᠪᠠᠢ ᠶᠢᠨ ᠬᠠᠮᠢᠶᠠᠷᠤᠯᠳᠠ ᠶᠢᠨ ᠪᠠᠶᠢᠭᠤᠯᠤᠯ ᠢ ᠵᠤᠬᠢᠴᠠᠭᠤᠯᠵᠤ᠂ ᠤᠯᠤᠰ ᠤᠨ ᠦᠮᠴᠢᠯᠡᠯᠳᠤ ᠤᠢ ᠰᠢᠭᠤᠢ ᠶᠢᠨ ᠲᠠᠯᠠᠪᠠᠢ ᠶᠢᠨ ᠦᠬᠡᠷᠡᠴᠢᠯᠡᠯᠳᠡ ᠶᠢᠨ ᠲᠦᠰᠦᠪ ᠢ ᠲᠤᠭᠳᠠᠭᠠᠨ᠂ ᠤᠯᠤᠰ ᠶᠢᠨ ᠦᠮᠴᠢᠯᠡᠯᠳᠤ ᠤᠢ ᠰᠢᠭᠤᠢ ᠶᠢᠨ ᠲᠠᠯᠠᠪᠢ ᠶᠢᠨ ᠦᠬᠡᠷᠡᠴᠢᠯᠡᠯᠳᠡ ᠶᠢᠨ ᠠᠵᠢᠯ ᠢ ᠡᠬᠢᠯᠡᠬᠦᠯᠤᠨ᠎ᠡ᠃ ᠪᠠᠭ᠎ᠠ ᠬᠡᠯᠪᠡᠷᠢ ᠶᠢᠨ ᠤᠰᠤᠨ ᠠᠰᠢᠭᠯᠠᠯᠳᠠ ᠶᠢᠨ ᠢᠨᠵᠧᠨᠧᠷᠢᠩ ᠤᠨ ᠦᠮᠴᠢᠯᠡᠯ ᠤᠨ ᠡᠷᠬᠡ ᠶᠢᠨ ᠲᠦᠷᠢᠮ ᠤᠨ ᠦᠬᠡᠷᠡᠴᠢᠯᠡᠯᠳᠡ ᠶᠢ ᠠᠭᠠᠵᠢᠮ ᠢᠶᠠᠷ ᠦᠷᠨᠢᠬᠦᠯᠵᠤ᠂ ᠦᠮᠴᠢᠯᠡᠯ ᠤᠨ ᠡᠷᠬᠡ ᠨᠢ ᠲᠤᠳᠤᠷᠬᠠᠢ ᠦᠬᠡᠢ᠂ ᠶᠡᠬᠡᠪᠡᠷ ᠪᠠᠶᠢᠭᠤᠯᠵᠤ ᠬᠠᠮᠢᠶᠠᠷᠤᠯᠳᠠ ᠠᠨᠠᠢ ᠵᠡᠷᠬᠡ ᠠᠰᠠᠭᠤᠳᠠᠯ ᠢ ᠶᠡᠬᠡᠪᠡᠷ ᠴᠡᠭᠴᠡᠯᠡᠨ ᠰᠢᠢᠳᠪᠦᠷᠢᠯᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠨᠡᠶᠢᠬᠡᠮᠴᠢᠯᠡᠭᠰᠡᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠳᠠ ᠶᠢ ᠦᠬᠡᠷᠡᠴᠢᠯᠡᠵᠤ ᠰᠢᠨ᠎ᠡ ᠶᠢ ᠡᠬᠦᠳᠤᠨ᠎ᠡ᠃ ᠪᠡᠯᠡ ᠤᠷᠤᠭᠤᠯᠬᠤ ᠪᠡᠯᠡ ᠬᠤᠷᠠᠮᠳᠤᠭᠤᠯᠬᠤ ᠪᠠᠶᠢᠭᠤᠯᠤᠯ ᠤᠨ ᠦᠬᠡᠷᠡᠴᠢᠯᠡᠯᠳᠡ ᠶᠢ ᠲᠠᠰᠤᠷᠠᠯᠳᠠ ᠦᠬᠡᠢ ᠬᠦᠨᠵᠡᠬᠡᠶᠢᠷᠡᠬᠦᠯᠦᠨ᠂ PPP ᠪᠡᠯᠡ ᠬᠤᠷᠠᠮᠳᠤᠭᠤᠯᠬᠤ ᠵᠠᠬᠪᠤᠷ ᠢ ᠬᠡᠷᠡᠭᠯᠡᠨ ᠨᠡᠶᠢᠬᠡᠮ ᠤᠨ ᠪᠡᠯᠡ ᠮᠦᠡᠭᠬᠦ ᠶᠢ ᠲᠠᠳᠠᠵᠤ ᠵᠠᠰᠠᠭ ᠤᠨ ᠤᠷᠳᠤᠨ ᠤ ᠪᠡᠯᠡ ᠤᠷᠤᠭᠤᠯᠤᠭᠰᠠᠨ ᠲᠦᠷᠦᠯ ᠵᠦᠢᠯ  ᠤᠨ ᠪᠦᠳᠦᠬᠡᠨ ᠪᠠᠶᠢᠭᠤᠯᠤᠯᠳᠠ ᠶᠢ ᠵᠠᠷᠤᠴᠠᠭᠤᠯᠤᠨ᠎ᠠ᠃ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠶᠢ ᠦᠷᠬᠦᠯᠵᠢᠯᠡᠨ ᠠᠬᠢᠭᠤᠯᠵᠤ᠂ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠢᠯᠡᠴᠢᠯᠡᠭᠡ ᠳᠤ ᠦᠨᠡᠯᠡᠯᠳᠡ ᠬᠢᠬᠦ ᠲᠤᠭᠳᠠᠯᠴᠠᠭ᠎ᠠ ᠶᠢ ᠠᠭᠠᠵᠢᠮ ᠢᠶᠠᠷ ᠪᠠᠶᠢᠭᠤᠯᠤᠨ᠎ᠠ᠃ ᠡᠷᠦᠬᠡ ᠠᠮᠠ ᠶᠢᠨ ᠲᠦᠷᠢᠮ ᠶᠢᠨ ᠦᠬᠡᠷᠡᠴᠢᠯᠡᠯᠳᠡ ᠶᠢ ᠲᠦᠷᠬᠡᠳᠬᠡᠨ᠂ ᠡᠷᠦᠬᠡ ᠠᠮᠠ ᠨᠡᠬᠦᠯᠬᠡᠬᠦ᠂ ᠨᠡᠶᠢᠳᠡ ᠶᠢᠨ ᠲᠦᠷᠢᠶᠡᠰᠤᠨ ᠬᠡᠷ ᠤᠨ ᠠᠰᠢᠭ ᠬᠦᠷᠳᠡᠬᠡᠭᠰᠡᠨ ᠬᠡᠪᠴᠢᠶ᠎ᠡ ᠶᠢ ᠦᠷᠬᠡᠳᠬᠡᠬᠦ ᠵᠡᠷᠬᠡ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠤᠨ᠎ᠠ᠃ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠦᠯᠳᠡ ᠶᠢᠨ ᠪᠠᠶᠢᠭᠤᠯᠤᠯ ᠢ ᠵᠤᠬᠢᠴᠠᠭᠤᠯᠵᠤ᠂ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠦᠯᠳᠡ ᠶᠢᠨ ᠰᠢᠰᠲ᠋ᠧᠮ ᠤᠨ ᠪᠠᠶᠢᠭᠤᠯᠤᠯᠳᠠ  ᠶᠢ ᠴᠢᠩᠭᠠᠳᠬᠠᠨ᠂ ᠬᠠᠤᠯᠢ ᠬᠡᠷᠡᠭᠵᠢᠬᠦᠯᠦᠯᠳᠡ ᠪᠠ ᠦᠢᠯᠡᠴᠢᠯᠡᠬᠡᠨ ᠤ ᠲᠦᠪᠰᠢᠨ ᠢ ᠲᠡᠭᠡᠭᠰᠢᠯᠡᠬᠦᠯᠤᠨ᠎ᠡ᠃      ᠭᠠᠳᠠᠭᠠᠳᠤ ᠲᠠᠢ ᠴᠢᠯᠦᠬᠡᠳᠡᠢ ᠶᠠᠪᠤᠯᠴᠠᠬᠤ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃ ᠪᠡᠬᠡᠵᠢᠩ ᠦᠪᠦᠷ ᠮᠤᠩᠭᠤᠯ ᠤᠨ ᠬᠠᠪᠰᠤᠷᠤᠨ ᠲᠡᠳᠬᠦᠵᠤ ᠬᠠᠮᠵᠢᠯᠴᠠᠬᠤ ᠠᠰᠢᠭᠳᠠᠢ ᠲᠤᠬᠢᠶᠠᠯ ᠢ ᠠᠳᠬᠤᠨ᠂ ᠪᠦᠸᠧᠬᠠᠢ ᠲᠠᠩᠬᠢᠰ ᠤᠨ ᠠᠵᠤ ᠠᠬᠤᠢ ᠶᠢᠨ ᠲᠤᠭᠤᠷᠢᠭ᠂ ᠪᠡᠬᠡᠵᠢᠩ ᠲᠢᠶᠠᠨᠵᠢᠨ ᠡᠾᠧᠪᠸᠢ ᠶᠢᠨ ᠬᠠᠮᠳᠤᠪᠡᠷ ᠬᠦᠭᠵᠢᠬᠦ᠂ ᠵᠡᠬᠦᠨ ᠬᠤᠶᠢᠳᠤ  ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠢ ᠬᠦᠭᠵᠢᠬᠦᠯᠬᠦ ᠵᠡᠷᠬᠡ ᠪᠠᠶᠢᠯᠳᠤᠬᠤ ᠪᠤᠳᠤᠯᠭ᠎ᠠ ᠢ ᠠᠰᠢᠭᠯᠠᠨ᠂ ᠠᠵᠤ ᠦᠢᠯᠡᠰ ᠤᠨ ᠪᠠᠶᠢᠷᠢᠯᠠᠭᠤᠯᠤᠯᠳᠠ᠂ ᠰᠠᠭᠤᠷᠢ ᠲᠦᠬᠦᠬᠡᠷᠦᠮᠵᠢ᠂ ᠡᠬᠢ ᠰᠤᠷᠪᠤᠯᠵᠢ ᠶᠢᠨ ᠨᠡᠬᠡᠬᠡᠯᠳᠡ᠂ ᠰᠤᠶᠤᠯ ᠵᠢᠭᠤᠯᠴᠢᠯᠠᠯ ᠵᠡᠷᠬᠡ ᠲᠠᠯ᠎ᠠ ᠪᠠᠷ ᠪᠤᠳᠠᠳᠤ ᠠᠮᠵᠢᠯᠳᠠ ᠤᠯᠬᠤ ᠪᠠᠷ ᠴᠢᠷᠮᠠᠶᠢᠨ᠎ᠠ᠃ ᠵᠢᠶᠠᠨ ᠶᠤᠸᠠᠨ ᠪᠤᠭᠤ ᠶᠢᠨ ᠦᠢᠯᠡᠰ᠂ ᠠᠨᠾᠦ᠋ᠢ ᠦᠪᠦᠷ ᠮᠤᠩᠭᠤᠯ ᠶᠢᠨ ᠡᠪᠡᠰᠤᠨ ᠡᠮ ᠵᠡᠷᠬᠡ13 ᠭᠠᠳᠠᠭᠠᠳᠤ ᠠᠷᠠᠯᠵᠢᠶᠠᠨ ᠤ ᠠᠵᠤ ᠠᠬᠤᠶᠢᠯᠡᠯ  ᠢ ᠲᠡᠮᠵᠢᠨ ᠤᠯᠤᠰ ᠤᠨ ᠭᠠᠳᠠᠭᠠᠳᠤ ᠶᠢᠨ ᠵᠠᠬ᠎ᠠ ᠲᠡᠯᠭᠡᠭᠦᠷ ᠶᠢ ᠦᠷᠬᠡᠳᠬᠡᠨ᠎ᠡ᠃ ᠴᠢᠳᠠᠪᠦᠷᠢᠳᠠᠨ ᠤᠷᠢᠬᠤ ᠪᠠ ᠪᠡᠯᠡ ᠮᠦᠡᠭᠬᠦ ᠤᠷᠢᠬᠤ ᠶᠢ ᠬᠠᠷᠢᠯᠴᠠᠨ ᠤᠶᠠᠯᠳᠤᠭᠤᠯᠵᠤ᠂ ᠠᠵᠤ ᠦᠢᠯᠡᠳᠪᠦᠷᠢ ᠶᠢᠨ ᠲᠤᠭᠤᠷᠢᠭ᠂ ᠪᠤᠳᠠᠰ ᠤᠨ ᠬᠦᠢᠯᠬᠡᠬᠡᠨ ᠤ ᠲᠤᠭᠤᠷᠢᠭ᠂ ᠲᠡᠭᠡᠳᠤ ᠨᠡᠶᠢᠰᠯᠡᠯ ᠤᠨ ᠬᠢᠳᠠᠨ ᠰᠤᠶᠤᠯ ᠤᠨ ᠠᠵᠤ ᠦᠢᠯᠡᠰ ᠤᠨ ᠲᠤᠭᠤᠷᠢᠭ ᠪᠠ ᠱᠠᠩ ᠵᠢᠩ ᠤᠳᠤᠬᠢᠴᠢᠯᠠᠭᠰᠠᠨ ᠲᠠᠷᠢᠶᠠᠯᠠᠩ ᠤᠨ ᠦᠢᠯᠡᠰ ᠤᠨ ᠵᠢᠱᠢᠶ᠎ᠠ ᠦᠵᠡᠬᠦᠯᠬᠦ ᠲᠤᠭᠤᠷᠢᠭ ᠵᠡᠷᠬᠡ ᠭᠤᠤᠯᠳᠠᠯᠭᠠᠳᠤ ᠲᠦᠷᠦᠯ ᠵᠦᠢᠯ᠂ ᠬᠠᠳᠠᠭᠠᠯᠠᠭᠳᠠᠴᠠ ᠲᠠᠢ ᠡᠳ᠋ ᠬᠦᠷᠦᠩᠬᠡ ᠶᠢᠨ ᠲᠤᠭᠤᠷᠢᠨ ᠳᠤ ᠭᠠᠳᠠᠭᠰᠢ ᠲᠠᠭᠠᠭᠠᠴᠢᠯᠠᠭᠤᠯᠵᠤ ᠠᠷᠠᠯᠵᠢᠶᠠᠴᠢᠨ ᠤᠷᠢᠨ᠎ᠠ᠃ ᠬᠤᠰᠢᠭᠤᠨ ᠲᠡᠰ ᠤᠨ ᠤᠳᠤᠷᠢᠳᠤᠯᠭ᠎ᠠ ᠪᠦᠯᠬᠦᠮ ᠪᠠᠶᠢᠭᠤᠯᠵᠤ ᠠᠷᠠᠯᠵᠢᠶᠠᠴᠢᠨ ᠤᠷᠢᠬᠤ᠂ ᠲᠤᠭᠳᠠᠭᠰᠠᠨ ᠴᠢᠭ ᠲᠠᠢ ᠠᠷᠠᠯᠵᠢᠶᠠᠴᠢᠨ ᠤᠷᠢᠬᠤ ᠪᠠ ᠠᠷᠠᠯᠵᠢᠶ᠎ᠠ ᠬᠤᠳᠠᠯᠳᠤᠭ᠎ᠠ ᠪᠠᠷ ᠠᠷᠠᠯᠵᠢᠶᠠᠴᠢᠨ ᠤᠷᠢᠵᠤ᠂ ᠮᠠᠨ ᠤ ᠬᠤᠰᠢᠭᠤᠨ ᠤ ᠪᠤᠳᠠᠳᠠᠢ ᠳᠤ ᠨᠡᠶᠢᠴᠡᠭᠰᠡᠨ ᠨᠡᠬᠡᠮᠡᠯ ᠬᠤᠪᠴᠠᠰᠤ ᠪᠠᠷᠠᠭ᠎ᠠ᠂ ᠮᠠᠰᠢᠨ ᠮᠧᠬᠠᠨᠢᠭ ᠦᠢᠯᠡᠳᠬᠦ᠂ ᠠᠮᠢᠳᠤ ᠪᠤᠳᠠᠰ ᠤᠨ ᠡᠮ ᠦᠢᠯᠡᠳᠬᠦ ᠵᠡᠷᠬᠡ ᠬᠦᠳᠡᠯᠮᠦᠷᠢ ᠨᠢᠬᠳᠠᠷᠠᠭᠰᠠᠨ ᠮᠠᠶ᠋ᠢᠭ ᠤᠨ᠂ ᠠᠷᠢᠭᠤᠨ ᠴᠡᠪᠡᠷ ᠤᠷᠴᠢᠨ ᠲᠤᠭᠤᠷᠢᠨ ᠢ ᠬᠠᠮᠠᠭᠠᠯᠠᠭᠰᠠᠨ ᠠᠵᠤ ᠦᠢᠯᠡᠰ ᠤᠨ ᠲᠦᠷᠦᠯ ᠵᠦᠢᠯ ᠢ ᠵᠠᠯᠭᠠᠮᠵᠢᠯᠠᠵᠤ᠂ 60 ᠳ᠋ᠦᠡᠭᠰᠢᠭᠤᠷ ᠲᠡᠭᠡᠭᠰᠢ ᠪᠡᠯᠡ ᠮᠦᠡᠭᠬᠦ ᠲᠠᠳᠠᠨ ᠤᠷᠤᠭᠤᠯᠤᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号