︵ᠲᠤᠯᠤᠭ᠎ᠠ︶ ᠠᠷᠠᠳ ᠤᠨ ᠠᠮᠢᠳᠤᠷᠠᠯ ᠪᠠ ᠨᠡᠶᠢᠬᠡᠮ ᠤᠨ ᠦᠢᠯᠡᠰ ᠤᠨ ᠪᠦᠳᠦᠬᠡᠨ ᠪᠠᠶᠢᠭᠤᠯᠤᠯᠳᠠ ᠶᠢ | ᠴᠢᠩᠭᠠᠳᠬᠠᠨ᠂ ᠤᠯᠠᠨ ᠲᠦᠮᠡᠨ ᠤ | ᠠᠵᠢᠯ ᠤᠯᠭᠤᠯᠳᠠ ᠪᠠ ᠨᠡᠶᠢᠬᠡᠮ ᠤᠨ ᠪᠠᠳᠤᠯᠠᠭ᠎ᠠ ᠶᠢᠨ ᠠᠵᠢᠯ ᠢ ᠰᠠᠶᠢᠳᠤᠷ ᠬᠢᠨ᠎ᠡ᠃ ᠦᠢᠯᠡᠰ ᠪᠦᠳᠦᠬᠡᠵᠤ | ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠤᠨ᠂ ᠵᠢᠯ ᠤᠨ ᠲᠤᠳᠤᠷ᠎ᠠ ᠬᠤᠳᠠ ᠪᠠᠯᠭᠠᠰᠤᠨ | ᠳᠤ1150 ᠬᠦᠮᠦᠨ ᠳᠤ ᠰᠢᠨ᠎ᠡ ᠪᠠᠷ ᠨᠡᠮᠡᠭᠳᠡᠬᠦᠯᠦᠨ ᠠᠵᠢᠯ ᠤᠯᠭᠤᠵᠤ ᠂ ᠬᠦᠳᠡᠭᠡ ᠲᠤᠰᠬᠤᠨ ᠮᠠᠯᠵᠢᠬᠤ ᠤᠷᠤᠨ | ᠳᠤ5 ᠲᠦᠮᠡᠨ ᠬᠦᠳᠡᠯᠮᠦᠷᠢ ᠬᠦᠴᠤ ᠶᠢ ᠰᠢᠯᠵᠢᠬᠦᠯᠵᠤ ᠠᠵᠢᠯ ᠤᠯᠭᠤᠨ᠂ ᠬᠤᠳᠠ ᠪᠠᠯᠭᠠᠰᠤᠨ ᠤ ᠲᠡᠩᠰᠠᠯᠠᠭᠰᠠᠨ | ᠠᠵᠢᠯ ᠠᠯᠳᠠᠭᠰᠠᠨ ᠨᠤᠷᠮ᠎ᠠ ᠶᠢ 4% ᠶᠢᠨ ᠲᠤᠳᠤᠷ᠎ᠠ ᠬᠢᠵᠠᠭᠠᠷᠯᠠᠨ᠎ᠠ᠃ ᠦᠢᠯᠡᠰ ᠪᠦᠳᠦᠬᠡᠵᠤ ᠠᠵᠢᠯ ᠤᠯᠭᠤᠬᠤ | ᠰᠠᠭᠤᠷᠢᠨ ᠭᠠᠵᠠᠷ ᠢ ᠪᠠᠶᠢᠭᠤᠯᠵᠤ᠂ ᠶᠡᠭᠡ ᠰᠤᠷᠭᠠᠭᠤᠯᠢ ᠶᠢᠨ ᠤᠶᠤᠳᠠᠨ ᠪᠠ ᠮᠠᠯᠴᠢᠨ ᠲᠠᠷᠢᠶᠠᠴᠢᠳ ᠤᠨ ᠨᠤᠳᠤᠭ | ᠲᠤ ᠪᠠᠨ ᠪᠤᠴᠠᠵᠤ ᠦᠢᠯᠡᠰ ᠪᠦᠳᠦᠬᠡᠬᠦ ᠶᠢ ᠵᠤᠷᠢᠭᠵᠢᠭᠤᠯᠵᠤ ᠲᠡᠮᠵᠢᠨ᠎ᠡ᠃ ᠠᠵᠤ ᠠᠬᠤᠶᠢᠯᠡᠯ ᠤᠨ ᠠᠵᠢᠯᠳᠠᠨ ᠤ | ᠨᠡᠶᠢᠬᠡᠮ ᠤᠨ ᠲᠠᠭᠠᠳᠬᠠᠯ ᠤᠨ ᠪᠠᠷᠢᠮᠵᠢᠶ᠎ᠠ ᠶᠢ ᠲᠡᠭᠡᠭᠰᠢᠯᠡᠬᠦᠯᠵᠤ ᠬᠡᠪᠴᠢᠶ᠎ᠡ ᠶᠢ ᠨᠢ ᠦᠷᠬᠡᠳᠬᠡᠬᠦ ᠠᠵᠢᠯ ᠢ ᠬᠠᠤᠯᠢ | ᠶᠤᠰᠤᠭᠠᠷ ᠠᠬᠢᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠳᠤ | ᠤᠷᠤᠯᠴᠠᠭᠰᠠᠨ ᠨᠤᠷᠮ᠎ᠠ ᠶᠢ 90% ᠠᠴᠠ ᠲᠡᠭᠡᠭᠰᠢ᠂ ᠬᠤᠳᠠ ᠪᠠᠯᠭᠠᠰᠤ ᠶᠢᠨ ᠦᠨᠳᠦᠰᠦᠨ ᠡᠮ ᠡᠮᠨᠡᠯᠬᠡ ᠶᠢᠨ | ᠲᠠᠭᠠᠳᠬᠠᠯ ᠳᠤ ᠤᠷᠤᠯᠴᠠᠭᠰᠠᠨ ᠨᠤᠷᠮ᠎ᠠ ᠶᠢ 95% ᠠᠴᠠ ᠲᠡᠭᠡᠭᠰᠢ ᠪᠠᠶᠢᠯᠭᠠᠵᠤ᠂ ᠰᠢᠨ᠎ᠡ ᠮᠠᠶ᠋ᠢᠭ ᠤᠨ ᠬᠦᠳᠡᠭᠡ | ᠲᠤᠰᠬᠤᠨ ᠤ ᠬᠤᠷᠰᠢᠭᠰᠠᠨ ᠡᠮᠨᠡᠯᠬᠡ ᠳᠤ ᠤᠷᠤᠯᠴᠠᠭᠰᠠᠨ ᠨᠤᠷᠮ᠎ᠡ ᠶᠢ 95% ᠠᠴᠠ ᠲᠡᠭᠡᠭᠰᠢ ᠲᠤᠭᠳᠠᠭᠤᠨ | ᠪᠠᠶᠢᠯᠭᠠᠨ᠎ᠠ᠃ ᠲᠦᠷ ᠴᠠᠭ ᠤᠨ ᠠᠪᠤᠷᠠᠨ ᠲᠤᠰᠠᠯᠠᠯᠳᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠤ᠂ | ᠲᠤᠤᠷ᠎ᠠ ᠪᠠᠳᠤᠯᠠᠭᠠᠳᠤ ᠬᠡᠷ ᠪᠦᠯᠢ ᠶᠢᠨ ᠶᠡᠭᠡ ᠰᠤᠷᠭᠠᠭᠤᠯᠢ ᠶᠢᠨ ᠤᠶᠤᠳᠠᠨ ᠤ ᠰᠤᠷᠭᠠᠭᠤᠯᠢ ᠤᠷᠤᠭᠰᠠᠨ ᠨᠦᠬᠦᠪᠦᠷᠢ | ᠪᠠ ᠲᠤᠤᠷ᠎ᠠ ᠤᠷᠤᠯᠭ᠎ᠠ ᠲᠠᠢ ᠮᠠᠯᠴᠢᠨ ᠲᠠᠷᠢᠶᠠᠴᠢᠨ ᠡᠷᠦᠬᠡ ᠶᠢᠨ ᠡᠪᠤᠯ ᠤᠨ ᠤᠯᠠᠷᠢᠯ ᠤᠨ ᠲᠤᠯᠠᠭᠠᠯᠠᠮᠵᠢ ᠶᠢᠨ | ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠦᠷᠢᠵᠢᠭᠤᠯᠤᠨ᠎ᠠ᠃ ᠬᠦᠴᠢᠷᠳᠡᠯᠳᠡᠢ ᠤᠯᠠᠨ ᠲᠦᠮᠡᠨ | ᠢ ᠠᠪᠤᠷᠠᠨ ᠲᠤᠰᠠᠯᠠᠬᠤ ᠪᠠᠷᠢᠮᠵᠢᠶ᠎ᠠ ᠪᠠᠨ ᠤᠯᠠᠮ ᠨᠢᠬᠡ ᠠᠯᠬᠤᠮ ᠲᠡᠭᠡᠭᠰᠢᠯᠡᠬᠦᠯᠵᠤ᠂ ᠬᠤᠳᠠᠯ ᠪᠠᠯᠭᠠᠰᠤᠨ ᠤ ᠲᠤᠤᠷ᠎ᠠ | ᠪᠠᠳᠤᠯᠠᠭ᠎ᠠ ᠶᠢᠨ ᠪᠠᠷᠢᠮᠵᠢᠶ᠎ᠠ ᠶᠢ ᠬᠦᠮᠦᠨ ᠪᠦᠷᠢ ᠲᠡᠭᠰᠢᠳᠬᠡᠨ ᠰᠠᠷ᠎ᠠ ᠳᠤ 53 ᠲᠦᠬᠦᠷᠢᠭ ᠨᠡᠮᠡᠭᠳᠡᠬᠦᠯᠵᠤ᠂ ᠬᠦᠳᠡᠭᠡ | ᠲᠤᠰᠬᠤᠨ ᠤ ᠲᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ ᠬᠦᠮᠦᠨ ᠪᠦᠷᠢ ᠳᠤ ᠲᠡᠭᠰᠢᠳᠬᠡᠨ ᠵᠢᠯ ᠳᠤ358 ᠲᠦᠬᠦᠷᠢᠭ | ᠨᠡᠮᠡᠭᠳᠡᠬᠦᠯᠦᠨ᠎ᠡ᠃ ᠨᠡᠶᠢᠬᠡᠮ ᠠᠴᠠ ᠪᠡᠯᠡ ᠤᠷᠤᠭᠤᠯᠵᠤ ᠨᠠᠰᠤᠳᠠᠨ ᠢ ᠠᠰᠠᠷᠠᠬᠤ ᠪᠠᠶᠢᠭᠤᠯᠤᠮᠵᠢ ᠪᠠᠶᠢᠭᠤᠯᠬᠤ ᠶᠢ | ᠵᠤᠷᠢᠭᠵᠢᠭᠤᠯᠤᠨ᠂ ᠡᠮᠨᠡᠯᠬᠡ ᠠᠰᠠᠷᠠᠮᠵᠢ ᠶᠢ ᠤᠶᠠᠯᠳᠤᠭᠤᠯᠬᠤ ᠶᠢ ᠠᠬᠢᠭᠤᠯᠵᠤ᠂ ᠬᠡᠷ ᠲᠤ ᠪᠠᠨ ᠰᠠᠭᠤᠵᠤ ᠪᠡᠶ᠎ᠡ | ᠰᠤᠪᠢᠯᠠᠬᠤ᠂ ᠨᠡᠶᠢᠬᠡᠮ ᠠᠴᠠ ᠠᠰᠠᠷᠠᠬᠤ᠂ ᠪᠠᠶᠢᠭᠤᠯᠤᠮᠵᠢ ᠠᠴᠠ ᠠᠰᠠᠷᠠᠬᠤ ᠵᠡᠷᠬᠡ ᠤᠯᠠᠨ ᠲᠡᠰ ᠲᠠᠪᠬᠤᠷᠭ᠎ᠠ ᠶᠢᠨ | ᠨᠠᠰᠤᠳᠠᠨ ᠢ ᠠᠰᠠᠷᠠᠬᠤ ᠦᠢᠯᠡᠴᠢᠯᠡᠬᠡᠨ ᠤ ᠰᠢᠰᠲ᠋ᠧᠮ ᠢ ᠪᠠᠶᠢᠭᠤᠯᠵᠤ᠂ ᠬᠦᠳᠡᠭᠡ ᠲᠤᠰᠬᠤᠨ ᠤ ᠬᠠᠷᠢᠯᠴᠠᠨ | ᠬᠠᠪᠰᠤᠷᠤᠯᠴᠠᠬᠤ ᠨᠠᠰᠤᠳᠠᠨ ᠢ ᠠᠰᠠᠷᠠᠬᠤ ᠬᠦᠷᠢᠶᠠᠯᠠᠩ ᠢ50 ᠠᠴᠠ ᠲᠡᠭᠡᠭᠰᠢ ᠰᠢᠨ᠎ᠡ ᠪᠠᠷ ᠪᠠᠶᠢᠭᠤᠯᠬᠤ ᠪᠠ | ᠦᠬᠡᠷᠡᠴᠢᠯᠡᠵᠤ ᠵᠠᠰᠠᠨ᠎ᠠ᠃ ᠵᠡᠮᠳᠡᠭᠴᠦᠳ ᠤᠨ ᠠᠵᠢᠯ ᠦᠢᠯᠡᠰ ᠤᠨ ᠬᠦᠭᠵᠢᠯᠳᠡ ᠶᠢ ᠲᠡᠭᠡᠳᠤ ᠬᠡᠮᠵᠢᠶ᠎ᠡ ᠪᠠᠷ | ᠬᠦᠨᠳᠦᠳᠬᠡᠨ ᠦᠵᠡᠵᠤ᠂ ᠬᠤᠰᠢᠭᠤᠨ ᠤ ᠵᠡᠮᠳᠡᠭᠴᠦᠳ ᠢ ᠡᠷᠡᠬᠦᠯᠵᠢᠬᠦᠯᠬᠦ ᠲᠦᠪ ᠤᠨ ᠬᠡᠷᠡᠭᠯᠡᠯᠳᠡ ᠶᠢ ᠤᠷᠤᠬᠤ ᠶᠢ | ᠪᠠᠳᠤᠯᠠᠨ᠎ᠠ᠃ | ᠰᠤᠷᠭᠠᠨ ᠬᠦᠮᠦᠵᠢᠯ ᠤᠨ ᠬᠦᠭᠵᠢᠯᠳᠡ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠦᠨ᠎ᠡ᠃ ᠰᠤᠷᠭᠠᠨ | ᠬᠦᠮᠦᠵᠢᠯ ᠤᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠦᠷᠬᠦᠯᠵᠢᠯᠡᠨ ᠬᠢᠵᠤ᠂ ᠠᠷᠪᠠᠨ | ᠭᠤᠷᠪᠠᠨ ᠤᠪᠤᠭ᠎ᠠ ᠪᠠᠯᠭᠠᠰᠤᠨ ᠤ ᠬᠡᠣᠬᠡᠳ ᠤᠨ ᠴᠡᠴᠡᠷᠯᠢᠭ᠂ ᠬᠤᠸᠠ ᠰᠢᠶᠠ ᠠᠵᠢᠯ ᠮᠡᠷᠬᠡᠵᠢᠯ ᠤᠨ ᠰᠤᠷᠭᠠᠭᠤᠯᠢ | ᠶᠢᠨ ᠲᠠᠪᠳᠠᠨ ᠪᠤᠯᠪᠠᠰᠤᠷᠠᠯ ᠤᠨ ᠰᠠᠭᠤᠷᠢᠨ᠂ ᠰᠧ ᠹᠠᠨᠭ᠌ ᠴᠸᠡᠭ ᠪᠠ ᠴᠠᠭᠠᠨᠬᠠᠳᠠ ᠪᠠᠶᠢᠷᠢᠯᠠᠬᠤ ᠲᠦᠷᠢᠮᠳᠤ | ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠰᠠᠷ ᠵᠡᠷᠬᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ | ᠲᠦᠷᠬᠡᠳᠬᠡᠨ᠎ᠡ᠃ ᠲᠤᠮᠳᠠ ᠪᠠᠭ᠎ᠠ ᠰᠤᠷᠭᠠᠭᠤᠯᠢ ᠶᠢᠨ ᠪᠠᠭᠰᠢ ᠶᠢᠨ ᠡᠩ ᠤᠨ ᠠᠵᠢᠯ ᠰᠢᠯᠵᠢᠯᠳᠡ ᠤᠨ ᠲᠤᠭᠳᠠᠯᠴᠠᠭ᠎ᠠ | ᠶᠢ ᠪᠦᠷᠢᠨᠰᠢᠬᠦᠯᠵᠤ᠂ ᠠᠳᠠᠯᠢ ᠲᠦᠷᠦᠯ ᠤᠨ ᠰᠤᠷᠭᠠᠭᠤᠯᠢ᠂ ᠠᠳᠠᠯᠢ ᠬᠢᠴᠢᠶᠡᠯ ᠲᠦᠷᠦᠯ ᠤᠨ ᠪᠠᠭᠰᠢ ᠶᠢᠨ ᠠᠵᠢᠯ | ᠤᠨ ᠪᠠᠶᠢᠷᠢ ᠶᠢᠨ ᠰᠤᠯᠢᠯᠴᠠᠭ᠎ᠠ ᠶᠢ ᠰᠦᠪᠡᠭᠴᠢᠯᠠᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ | ᠶᠢᠨ ᠲᠡᠩᠴᠡᠬᠦᠷᠢᠳᠡᠢ ᠬᠦᠭᠵᠢᠯᠳᠡ ᠶᠢ ᠠᠬᠢᠭᠤᠯᠤᠨ᠎ᠠ᠃ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠶᠡᠬᠡᠪᠡᠷ | ᠬᠦᠭᠵᠢᠬᠦᠯᠵᠤ᠂ ᠰᠠᠶᠢᠨ ᠬᠡᠷᠡᠭᠴᠡᠬᠡᠳᠡᠢ ᠲᠤᠰᠬᠠᠢ ᠮᠡᠷᠬᠡᠵᠢᠯ ᠢ ᠡᠬᠦᠳᠴᠤ᠂ ᠵᠢᠯ ᠤᠨ ᠲᠤᠳᠤᠷ᠎ᠠ ᠴᠢᠷᠮᠠᠶᠢᠨ ᠬᠤᠸᠠ | ᠰᠢᠶᠠ ᠠᠵᠢᠯ ᠮᠡᠷᠬᠡᠵᠢᠯ ᠤᠨ ᠰᠤᠷᠭᠠᠭᠤᠯᠢ ᠶᠢ ︽ᠪᠦᠬᠦ ᠤᠯᠤᠰ ᠤᠨ ᠭᠤᠤᠯᠳᠠᠯᠭ᠎ᠠ ᠲᠠᠢ ᠠᠵᠢᠯ ᠮᠡᠷᠬᠡᠵᠢᠯ ᠤᠨ | ᠰᠤᠷᠭᠠᠭᠤᠯᠢ︾ ᠪᠠᠷ ᠰᠢᠯᠭᠠᠷᠠᠭᠤᠯᠤᠨ᠎ᠠ᠃ | ᠡᠷᠡᠬᠦᠯ ᠬᠠᠮᠠᠭᠠᠯᠠᠯ ᠪᠠ ᠲᠦᠯᠦᠪᠯᠡᠬᠡᠳᠤ ᠦᠷᠡᠵᠢᠯ ᠤᠨ ᠦᠢᠯᠡᠴᠢᠯᠡᠬᠡᠨ ᠤ ᠲᠦᠪᠰᠢᠨ ᠢ ᠲᠡᠭᠡᠭᠰᠢᠯᠡᠬᠦᠯᠤᠨ᠎ᠡ᠃ | ᠬᠤᠳᠠ ᠬᠦᠳᠡᠭᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠨᠦᠬᠦᠴᠡᠯ ᠢ ᠲᠠᠰᠤᠷᠠᠯᠳᠠ ᠦᠬᠡᠢ | ᠰᠢᠯᠢᠳᠡᠭᠵᠢᠬᠦᠯᠦᠨ᠂ ᠬᠤᠰᠢᠭᠤᠨ ᠤ ᠮᠤᠩᠭᠤᠯ ᠬᠢᠳᠠᠳ ᠡᠮᠨᠡᠯᠬᠡ ᠶᠢᠨ ᠬᠤᠷᠢᠶ᠎ᠠ ᠶᠢᠨ ᠡᠪᠡᠳᠴᠢᠳᠡᠨ ᠤ ᠠᠰᠠᠷ ᠢ | ᠪᠠᠶᠢᠭᠤᠯᠵᠤ᠂ ᠰᠤᠮᠤ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠶᠡᠷᠦᠩᠬᠡᠶᠢᠯᠡᠭᠰᠡᠨ ᠠᠰᠠᠷ᠂ | ᠠᠵᠢᠯᠴᠢᠨ ᠤ ᠪᠠᠶᠢᠷᠢ ᠶᠢᠨ ᠠᠰᠠᠷ ᠶᠢ ᠪᠠᠶᠢᠭᠤᠯᠤᠨ᠎ᠠ᠃ ᠡᠮ ᠡᠮᠨᠡᠯᠬᠡ ᠶᠢᠨ ᠪᠠᠶᠢᠭᠤᠯᠤᠯᠵᠢ ᠶᠢᠨ ᠵᠤᠬᠢᠰ ᠦᠬᠡᠢ ᠡᠮ | ᠬᠡᠷᠡᠭᠯᠡᠬᠦ᠂ ᠬᠡᠳᠤᠷᠬᠡᠢ ᠪᠠᠶᠢᠴᠠᠭᠠᠯᠳᠠ ᠬᠢᠬᠦ ᠵᠡᠷᠬᠡ ᠡᠮᠴᠢᠯᠡᠬᠡᠨ ᠤ ᠠᠵᠢᠯᠯᠠᠭ᠎ᠠ ᠶᠢ ᠴᠢᠩᠭ᠎ᠠ ᠲᠦᠷᠢᠮᠵᠢᠬᠦᠯᠦᠨ᠂ ᠡᠮ | ᠤᠨ ᠵᠦᠢᠯᠡᠰ ᠤᠨ ᠦᠨᠳᠦᠰᠦᠨ ᠲᠦᠷᠢᠮ ᠢ ᠦᠷᠬᠦᠯᠵᠢᠯᠡᠨ ᠪᠠᠳᠤᠳᠬᠠᠵᠤ ᠰᠠᠶᠢᠵᠢᠷᠠᠭᠤᠯᠤᠨ᠎ᠠ᠃ ︽ᠰᠢᠯᠢᠳᠡᠭ | ᠵᠢᠷᠮᠤᠰᠦᠯᠡᠬᠦ︾ ᠪᠠᠶᠢᠴᠠᠭᠠᠯᠳᠠ ᠪᠤᠯᠤᠨ ᠲᠦᠷᠦᠬᠦ ᠬᠦᠮᠦᠨ ᠠᠮᠠ ᠶᠢᠨ ᠴᠢᠨᠠᠷ ᠤᠨ ᠢᠯᠭᠠᠯ ᠤᠨ ᠬᠠᠷᠢᠴᠠᠯ ᠢ | ᠶᠡᠷᠦᠩᠬᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ︽ᠬᠤᠶᠠᠷ ᠬᠡᠣᠬᠡᠳ︾ ᠤᠨ ᠲᠦᠷᠦ ᠪᠤᠳᠤᠯᠭ᠎ᠠ ᠶᠢ | ᠲᠤᠭᠳᠠᠭᠤᠨ ᠬᠡᠷᠡᠭᠵᠢᠬᠦᠯᠵᠤ᠂ ᠬᠦᠮᠦᠨ ᠠᠮᠠ ᠲᠦᠯᠦᠪᠯᠡᠬᠡᠳᠤ ᠦᠷᠡᠵᠢᠯ ᠤᠨ ᠦᠢᠯᠡᠰ ᠤᠨ ᠡᠷᠡᠬᠦᠯ ᠬᠦᠭᠵᠢᠯᠳᠡ ᠶᠢ | ᠠᠬᠢᠭᠤᠯᠤᠨ᠎ᠠ᠃ | ᠰᠤᠶᠤᠯ ᠲᠠᠮᠢᠷ ᠰᠢᠨᠵᠢᠯᠡᠬᠦ ᠮᠡᠷᠬᠡᠵᠢᠯ ᠤᠨ ᠦᠢᠯᠡᠰ ᠢ ᠪᠠᠳᠠᠷᠠᠭᠤᠯᠵᠤ ᠬᠦᠭᠵᠢᠬᠦᠯᠦᠨ᠎ᠡ᠃ ᠦᠨᠳᠦᠰᠤᠨ | ᠱᠠᠳᠤᠨ ᠤ ᠰᠤᠶᠤᠯ ᠤᠨ ᠰᠠᠭᠤᠷᠢᠨ᠂ ᠲᠤᠨᠤᠭ ᠲᠦᠬᠦᠬᠡᠷᠦᠮᠵᠢ ᠪᠠ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠨ᠂ | ᠦᠷᠬᠦᠯᠵᠢᠯᠡᠨ ᠰᠤᠶᠤᠯ ᠢ ᠬᠦᠳᠡᠭᠡ ᠪᠠᠭᠤᠯᠭᠠᠵᠤ᠂ ᠮᠠᠯᠴᠢᠨ ᠲᠠᠷᠢᠶᠠᠴᠢᠳ ᠤᠨ ᠤᠶᠤᠨ ᠤ ᠰᠤᠶᠤᠯ ᠤᠨ ᠠᠮᠢᠳᠤᠷᠠᠯ | ᠢ ᠪᠠᠶᠠᠯᠢᠭᠵᠢᠭᠤᠯᠤᠨ᠎ᠠ᠃ ᠰᠤᠶᠤᠯ ᠪᠡᠶ᠎ᠡ ᠲᠠᠮᠢᠷ ᠤᠨ ᠬᠦᠳᠡᠯᠬᠡᠬᠡᠨ ᠢ ᠰᠠᠶᠢᠳᠤᠷ ᠬᠢᠵᠤ᠂ ᠤᠯᠠᠨ ᠲᠦᠮᠡᠨ ᠤ | ᠦᠪᠡᠷᠳᠡᠬᠡᠨ ᠰᠤᠶᠤᠯ ᠲᠠᠮᠢᠷ ᠤᠨ ᠬᠦᠳᠡᠯᠬᠡᠬᠡᠨ ᠦᠷᠨᠢᠬᠦᠯᠬᠦ ᠶᠢ ᠲᠡᠮᠵᠢᠨ᠎ᠡ᠃ ᠪᠦᠬᠦ ᠠᠷᠠᠳ ᠢᠶᠠᠷ ᠢᠶᠠᠨ ᠪᠡᠶ᠎ᠡ ᠪᠠᠨ | ᠴᠢᠬᠢᠷᠠᠭᠵᠢᠭᠤᠯᠬᠤ ᠬᠦᠳᠡᠯᠬᠡᠬᠡᠨ ᠢ ᠦᠷᠬᠡᠨ ᠢᠶᠠᠷ ᠦᠷᠨᠢᠬᠦᠯᠵᠤ᠂ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ᠂ | ᠨᠡᠶᠢᠬᠡᠮ ᠲᠤᠭᠤᠷᠢᠭ ᠤᠨ ᠬᠦᠯ ᠪᠦᠮᠪᠦᠭᠡ ᠶᠢ ᠶᠡᠬᠡᠪᠡᠷ ᠲᠡᠯᠭᠡᠷᠡᠬᠦᠯᠦᠨ᠂ ᠦᠨᠳᠦᠰᠦᠳᠡᠨ ᠤ ᠪᠡᠶ᠎ᠡ ᠲᠠᠮᠢᠷ᠂ ᠪᠡᠶ᠎ᠡ | ᠲᠠᠮᠢᠷ ᠤᠨ ᠤᠷᠤᠯᠳᠤᠭᠠ ᠪᠠ ᠤᠯᠠᠨ ᠲᠦᠮᠡᠨ ᠤ ᠪᠡᠶ᠎ᠡ ᠲᠠᠮᠢᠷ ᠢ ᠵᠤᠬᠢᠴᠠᠩᠭᠤᠢ ᠬᠦᠭᠵᠢᠬᠦᠯᠦᠨ᠎ᠡ᠃ ᠲᠡᠣᠬᠡ ᠶᠢᠨ | ᠲᠤᠷᠠᠰᠬᠠᠯᠳᠤ ᠵᠦᠢᠯᠡᠰ ᠢ ᠬᠠᠮᠠᠭᠠᠯᠠᠵᠤ᠂ ᠨᠠᠭᠠᠳᠤᠮ᠂ ᠤᠪᠤᠭᠠᠨ ᠲᠠᠬᠢᠯᠭ᠎ᠠ ᠵᠡᠷᠬᠡ ᠤᠯᠠᠮᠵᠢᠯᠠᠯᠳᠤ ᠰᠤᠶᠤᠯ ᠤᠨ | ᠬᠦᠳᠡᠯᠬᠡᠬᠡᠨ ᠢ ᠦᠷᠨᠢᠬᠦᠯᠵᠤ᠂ ᠦᠨᠳᠦᠰᠦᠳᠡᠨ ᠤ ᠰᠤᠶᠤᠯ ᠤᠨ ᠤᠯᠠᠮᠵᠢᠯᠠᠯ ᠬᠦᠭᠵᠢᠯᠳᠡ ᠶᠢ ᠠᠬᠢᠭᠤᠯᠤᠨ᠎ᠠ᠃ ︽ | ᠪᠠᠭᠠᠷᠢᠨ ᠵᠡᠬᠦᠨ ᠬᠤᠰᠢᠭᠤᠨ ᠤ ᠰᠢᠨᠵᠢᠯᠡᠬᠦ ᠮᠡᠷᠬᠡᠵᠢᠯ ᠢ ᠬᠦᠬᠢᠬᠦᠯᠬᠦ ᠠᠷᠭ᠎ᠠ︾ ᠶᠢ ᠰᠠᠶᠢᠳᠤᠷ ᠨᠠᠶᠢᠳᠠᠪᠦᠷᠢᠵᠢᠭᠤᠯᠵᠤ᠂ | ᠱᠠᠨᠳᠦ᠋ᠡᠭ ᠤᠨ ᠰᠢᠨᠵᠢᠯᠡᠬᠦ ᠮᠡᠷᠬᠡᠵᠢᠯ ᠤᠨ ᠰᠤᠳᠤᠯᠭᠠᠨ ᠤ ᠬᠦᠷᠢᠶᠠᠯᠡᠭ ᠤᠨ ᠵᠡᠬᠦᠨ ᠬᠤᠰᠢᠭᠤᠨ ᠳᠠᠬᠢ ᠬᠤᠪᠢᠶᠠᠷᠢ | ᠬᠦᠷᠢᠶᠠᠯᠡᠭ ᠪᠠᠶᠢᠭᠤᠯᠬᠤ ᠶᠢ ᠲᠦᠷᠬᠡᠳᠬᠡᠨ᠎ᠡ᠃ ᠴᠦᠬᠡᠨ ᠲᠤᠭᠠᠳᠤ ᠦᠨᠳᠦᠰᠦᠳᠡᠨ ᠤ ᠤᠷᠤᠨ ᠢ ᠰᠢᠨᠵᠢᠯᠡᠬᠦ | ᠮᠡᠷᠬᠡᠵᠢᠯᠳᠡᠨ ᠢᠶᠠᠷ ᠲᠡᠮᠵᠢᠬᠦᠯᠬᠦ ᠲᠦᠯᠦᠪᠯᠡᠭᠡ ᠶᠢ ᠰᠠᠶᠢᠳᠤᠷ ᠬᠡᠷᠡᠭᠵᠢᠬᠦᠯᠵᠤ᠂ ᠵᠢᠯ ᠤᠨ ᠲᠤᠳᠤᠷ᠎ᠠ 6 ᠲᠦᠮᠡ | ᠲᠡᠭᠡᠭᠰᠢ ᠮᠠᠯᠴᠢᠨ ᠲᠠᠷᠢᠶᠠᠴᠢᠨ ᠳᠤ ᠪᠤᠯᠪᠠᠰᠤᠷᠠᠯ ᠬᠢᠨ᠎ᠡ᠃ | (ᠨᠠᠢᠮᠠ︶ ᠨᠡᠶᠢᠬᠡᠮ ᠤᠨ ᠴᠡᠭᠴᠡᠯᠡᠯᠳᠡ ᠶᠢᠨ ᠰᠢᠨ᠎ᠡ ᠶᠢ ᠡᠬᠦᠳᠴᠤ᠂ ᠨᠡᠶᠢᠬᠡᠮ ᠤᠨ ᠡᠶ᠎ᠡ ᠨᠠᠶᠢᠷᠠᠮᠳᠠᠭᠤ | ᠲᠤᠭᠳᠠᠭᠤᠨ ᠢ ᠬᠠᠮᠠᠭᠠᠯᠠᠨ᠎ᠠ | ᠬᠠᠤᠯᠢ ᠶᠤᠰᠤᠭᠠᠷ ᠬᠤᠰᠢᠭᠤ ᠪᠠᠨ ᠵᠠᠰᠠᠬᠤ ᠠᠯᠬᠤᠴᠠ ᠶᠢ ᠲᠦᠷᠬᠡᠳᠬᠡᠨ᠎ᠡ᠃ ︽ᠵᠢᠷᠭᠤᠭ᠎ᠠ ᠲᠠᠪᠤᠨ︾ | ᠬᠠᠤᠯᠢ ᠲᠦᠬᠡᠮᠡᠯᠵᠢᠬᠦᠯᠦᠭᠰᠡᠨ ᠲᠤᠷᠰᠢᠯᠭ᠎ᠠ ᠪᠠᠨ ᠳ᠋ᠦᠡᠭᠨᠡᠵᠤ᠂ ︽ᠲᠤᠯᠤᠭ᠎ᠠ ᠲᠠᠪᠤᠨ ᠵᠢᠯ︾ ᠤᠨ ᠬᠠᠤᠯᠢ | ᠲᠦᠬᠡᠮᠡᠯᠵᠢᠬᠦᠯᠬᠦ ᠠᠵᠢᠯ ᠢ ᠬᠢᠨ᠎ᠡ᠃ ᠺᠠᠳ᠋ᠷ ᠤᠨ ᠬᠠᠤᠯᠢ ᠰᠤᠷᠴᠤ ᠬᠡᠷᠡᠭᠯᠡᠬᠦ ᠪᠤᠯᠪᠠᠰᠤᠷᠠᠯ ᠢ ᠴᠢᠩᠭᠠᠳᠬᠠᠨ᠂ ᠠᠯᠪᠠᠨ | ᠲᠤᠰᠢᠶᠠᠯᠳᠠᠳ ᠤᠨ ᠬᠠᠤᠯᠢ ᠰᠤᠷᠴᠤ ᠬᠡᠷᠡᠭᠯᠡᠨ ᠬᠠᠤᠯᠢ ᠰᠠᠬᠢᠬᠤ ᠦᠵᠡᠯ ᠤᠬᠠᠮᠰᠠᠷ ᠢ ᠴᠢᠩᠭᠠᠳᠬᠠᠨ᠎ᠠ᠃ ᠪᠤᠰᠤᠭ᠎ᠠ | ᠴᠤᠭᠴᠠᠴᠢᠯᠠᠭᠰᠠᠨ ᠠᠮᠤᠷ ᠢ ᠬᠠᠮᠠᠭᠠᠯᠠᠵᠤ ᠰᠡᠷᠬᠡᠶᠢᠯᠡᠨ ᠬᠢᠵᠠᠭᠠᠷᠯᠠᠬᠤ ᠲᠤᠭᠳᠠᠯᠴᠠᠭ᠎ᠠ ᠶᠢ ᠪᠠᠶᠢᠭᠤᠯᠵᠤ᠂ ᠡᠯ᠎ᠡ ᠵᠦᠢᠯ | ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠴᠢᠩᠭ᠎ᠠ ᠴᠤᠬᠢᠯᠳᠠ ᠦᠭᠬᠦ ᠶᠢ ᠬᠡᠵᠢᠶᠡᠳᠡ ᠪᠠᠷᠢᠮᠳᠠᠯᠠᠨ᠎ᠠ᠃ | ᠬᠦᠳᠡᠯᠮᠦᠷᠢ ᠶᠢᠨ ᠪᠠᠷᠢᠮᠵᠢᠶᠠᠨ ᠤ ᠰᠢᠰᠲ᠋ᠧᠮ ᠪᠠ ᠬᠦᠳᠡᠯᠮᠦᠷᠢ ᠶᠢᠨ ᠬᠠᠷᠢᠴᠠᠭ᠎ᠠ ᠶᠢ ᠲᠤᠬᠢᠷᠠᠯᠴᠠᠭᠤᠯᠬᠤ | ᠲᠤᠭᠳᠠᠯᠴᠠᠭ᠎ᠠ ᠶᠢ ᠪᠦᠷᠢᠨᠰᠢᠬᠦᠯᠵᠤ᠂ ᠴᠠᠯᠢᠩ ᠬᠦᠯᠦᠰᠤ ᠶᠢ ᠵᠤᠷᠢᠭᠤᠳᠠ ᠬᠠᠰᠤᠬᠤ᠂ ᠬᠤᠶᠢᠰᠢᠯᠠᠭᠤᠯᠬᠤ ᠵᠡᠷᠬᠡ | ᠬᠠᠤᠯᠢ ᠠᠴᠠ ᠵᠦᠷᠢᠴᠡᠭᠰᠡᠨ ᠠᠵᠢᠯᠯᠭ᠎ᠠ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠵᠤᠭᠤᠰ ᠨᠠᠭᠠᠳᠬᠤ ᠵᠡᠷᠬᠡ | ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠨᠡᠶᠢᠬᠡᠮ ᠤᠨ ᠠᠮᠤᠷ ᠲᠤᠭᠳᠠᠭᠤᠨ | ᠤᠷᠴᠢᠨ ᠲᠤᠭᠤᠷᠢᠨ ᠢ ᠰᠢᠯᠢᠳᠡᠭᠵᠢᠬᠦᠯᠦᠨ᠎ᠡ᠃ ᠨᠠᠮ ᠤᠨ ᠦᠨᠳᠦᠰᠦᠳᠡᠨ ᠱᠠᠰᠢᠨ ᠰᠤᠷᠳᠠᠬᠤᠨ ᠤ ᠲᠦᠷᠦ ᠶᠢᠨ | ᠪᠤᠳᠤᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠶᠠᠪᠤᠳᠠᠯ ᠢ | ᠬᠠᠤᠯᠢ ᠶᠤᠰᠤᠭᠠᠷ ᠬᠠᠮᠢᠶᠠᠷᠴᠤ᠂ ᠦᠨᠳᠦᠰᠦᠳᠡᠨ ᠤ ᠬᠠᠷᠢᠴᠠᠭ᠎ᠠ᠂ ᠱᠠᠰᠢᠨ ᠰᠤᠷᠳᠠᠬᠤᠨ ᠤ ᠬᠠᠷᠢᠴᠠᠭ᠎ᠠ ᠶᠢᠨ ᠡᠶ᠎ᠡ | ᠨᠠᠶᠢᠷᠠᠮᠳᠠᠭᠤ ᠶᠢ ᠠᠬᠢᠭᠤᠯᠤᠨ᠎ᠠ᠃ | ᠨᠡᠶᠢᠬᠡᠮ ᠤᠨ ᠵᠦᠷᠢᠴᠡᠯ ᠢ ᠴᠢᠷᠮᠠᠶᠢᠨ ᠡᠶᠡᠳᠡᠬᠦᠯᠦᠨᠡ᠃ ᠬᠠᠤᠯᠢ ᠶᠢᠨ ᠦᠵᠡᠯ ᠤᠬᠠᠮᠰᠠᠷ ᠪᠠ ᠠᠷᠭ᠎ᠠ | ᠠᠪᠴᠠᠯ ᠢᠶᠠᠷ ᠨᠡᠶᠢᠬᠡᠮ ᠤᠨ ᠵᠦᠷᠢᠴᠡᠯ ᠢ ᠡᠶᠡᠳᠡᠬᠦᠯᠵᠤ᠂ ᠬᠦᠨᠳᠤ ᠴᠢᠬᠤᠯᠠ ᠬᠡᠷᠡᠭ ᠤᠴᠢᠷ᠂ ᠨᠡᠶᠢᠬᠡᠮ ᠤᠨ | ᠲᠤᠭᠳᠠᠭᠤᠨ ᠤ ᠠᠶᠤᠯ ᠲᠦᠭᠰᠢᠬᠦᠷᠢ ᠶᠢ ᠦᠨᠡᠯᠡᠨ ᠲᠤᠭᠳᠠᠭᠠᠬᠤ ᠲᠤᠭᠳᠠᠯᠴᠠᠭ᠎ᠠ ᠶᠢ ᠰᠢᠯᠢᠳᠡᠭᠵᠢᠬᠦᠯᠵᠤ᠂ ᠵᠦᠷᠢᠴᠡᠯ | ᠶᠢ ᠡᠬᠢ ᠡᠬᠦᠰᠦᠯ ᠤᠨ ᠱᠠᠳᠤᠨ ᠳᠤ ᠨᠢ ᠤᠷᠢᠳᠴᠢᠯᠠᠨ ᠰᠡᠷᠬᠡᠶᠢᠯᠡᠬᠦ ᠪᠠ ᠪᠠᠭᠠᠰᠬᠠᠨ᠎ᠠ᠃ ᠤᠳᠤᠷᠢᠳᠤᠯᠭ᠎ᠠ ᠺᠠᠳ᠋ᠷ | ᠰᠤᠷᠪᠤᠯᠵᠢᠯᠠᠭ᠎ᠠ ᠬᠦᠯᠢᠶᠡᠬᠦ ᠰᠤᠷᠪᠤᠯᠵᠢᠯᠠᠭ᠎ᠠ ᠬᠢᠬᠦ ᠶᠢ ᠪᠠᠷᠢᠮᠳᠠᠯᠠᠨ᠂ ᠰᠠᠯᠠᠭᠠᠨ ᠲᠡᠰ ᠤᠨ ᠤᠳᠤᠷᠢᠳᠤᠯᠭ᠎ᠠ ᠶᠢᠨ | ᠲᠠᠭᠠᠭᠠᠴᠢᠯᠠᠯᠳᠠ ᠶᠢᠨ ᠲᠦᠷᠢᠮ ᠢ ᠨᠠᠶᠢᠳᠠᠪᠦᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠲᠤᠪᠤᠶᠢᠮ᠎ᠠ ᠠᠰᠠᠭᠤᠳᠠᠯ | ᠢ ᠭᠤᠤᠯᠳᠠᠯᠭ᠎ᠠ ᠲᠠᠢ ᠰᠢᠢᠳᠪᠦᠷᠢᠯᠡᠨ᠎ᠡ᠃ ᠬᠠᠤᠯᠢ ᠶᠤᠰᠤᠭᠠᠷ ᠵᠠᠬᠢᠳᠠᠯ ᠰᠤᠷᠪᠤᠯᠵᠢᠯᠠᠭ᠎ᠠ ᠶᠢᠨ ᠡᠮᠬᠢ ᠲᠢᠭᠯᠢᠮ ᠢ | ᠲᠦᠷᠢᠮᠵᠢᠬᠦᠯᠦᠨ᠂ ᠵᠠᠬᠢᠳᠠᠯ ᠰᠤᠷᠪᠤᠯᠵᠢᠯᠠᠭ᠎ᠠ ᠪᠠᠷ ᠵᠢᠭᠤᠷᠠᠬᠤ᠂ ᠵᠠᠬᠢᠳᠠᠯ ᠰᠤᠷᠪᠤᠯᠵᠢᠯᠠᠭ᠎ᠠ ᠢ ᠲᠦᠢᠪᠡᠬᠡᠬᠦ ᠳᠤ | ᠴᠤᠬᠢᠯᠳᠠ ᠦᠭᠴᠤ᠂ ᠤᠯᠠᠨ ᠲᠦᠮᠡᠨ ᠢ ᠬᠠᠤᠯᠢ ᠶᠤᠰᠤᠭᠠᠷ ᠵᠦᠢ ᠵᠤᠬᠢᠰᠳᠠᠢ ᠦᠪᠡᠷ ᠤᠨ ᠭᠤᠶᠤᠴᠢᠯᠠᠭ᠎ᠠ | ᠵᠠᠭᠠᠯᠳᠤᠯᠭ᠎ᠠ ᠪᠠᠨ ᠢᠯᠡᠳᠬᠡᠬᠦ ᠶᠢ ᠬᠠᠪᠰᠤᠷᠤᠨ ᠵᠢᠯᠤᠭᠤᠳᠤᠨ᠎ᠠ᠃ ᠡᠯ᠎ᠡ ᠵᠦᠢᠯ ᠤᠨ ᠨᠡᠶᠢᠬᠡᠮ ᠤᠨ ᠵᠦᠷᠢᠴᠡᠯ ᠪᠠ | ᠠᠰᠠᠭᠤᠳᠠᠯ ᠲᠤᠮᠳᠠᠬᠢ ᠠᠷᠠᠳ ᠤᠨ ᠡᠶᠡᠳᠡᠬᠦᠯᠬᠡ ᠶᠢᠨ ᠰᠠᠭᠤᠷᠢ ᠴᠢᠨᠠᠷᠳᠠᠢ ᠦᠢᠯᠡᠳᠦᠯ ᠢ ᠬᠦᠢᠴᠡᠳ ᠪᠠᠳᠠᠷᠠᠭᠤᠯᠵᠤ᠂ | ᠬᠦᠴᠢᠷᠳᠡᠢ ᠤᠯᠠᠨ ᠲᠦᠮᠡᠨ ᠳᠤ ᠬᠠᠤᠯᠢ ᠴᠠᠭᠠᠵᠠ ᠶᠢᠨ ᠲᠤᠰᠠᠯᠠᠮᠵᠢ ᠦᠭᠴᠤ᠂ ᠤᠯᠠᠨ ᠠᠷᠭ᠎ᠠ ᠵᠠᠮ ᠢᠶᠠᠷ ᠵᠦᠷᠢᠴᠡᠯ | ᠮᠦᠷᠬᠦᠯᠳᠦᠬᠡᠨ ᠢ ᠡᠶᠡᠳᠡᠬᠦᠯᠵᠤ ᠰᠢᠢᠳᠪᠦᠷᠢᠯᠡᠨ᠎ᠡ᠃ | ᠠᠮᠤᠷ ᠲᠦᠪᠰᠢᠨ ᠤ ᠬᠢᠨᠠᠨ ᠬᠠᠮᠢᠶᠠᠷᠤᠯᠳᠠ ᠪᠠᠨ ᠴᠢᠩᠭᠠᠳᠬᠠᠨ᠎ᠠ᠃ ︽ᠨᠠᠮ ᠵᠠᠰᠠᠭ ᠠᠳᠠᠯᠢ ᠬᠠᠷᠢᠭᠤᠴᠠᠯᠭ᠎ᠠ | ᠂ ᠨᠢᠬᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ᠂ ᠬᠠᠷᠢᠭᠤᠴᠠᠯᠭ᠎ᠠ ᠨᠡᠬᠡᠮᠵᠢᠯᠡᠬᠦ︾ ᠵᠡᠷᠬᠡ ᠠᠶᠤᠯ ᠦᠬᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠦᠷᠢᠵᠢᠭᠤᠯᠵᠤ᠂ ᠨᠡᠬᠦᠷᠡᠰᠦᠨ ᠪᠤᠰᠤ ᠠᠭᠤᠷᠬᠠᠢ᠂ | ᠵᠠᠮ ᠬᠠᠷᠢᠯᠴᠠᠭ᠎ᠠ ᠲᠡᠬᠡᠬᠡᠪᠦᠷᠢ᠂ ᠪᠠᠷᠢᠯᠭ᠎ᠠ ᠵᠡᠷᠬᠡ ᠭᠤᠤᠯᠳᠠᠯᠭ᠎ᠠ ᠲᠠᠢ ᠠᠵᠢᠯ ᠲᠦᠷᠦᠯ ᠪᠠ ᠬᠦᠷᠢᠶ᠎ᠡ ᠴᠠᠷ᠎ᠠ ᠳᠠᠬᠢ | ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ ᠠᠮᠤᠷ ᠲᠦᠪᠰᠢᠨ ᠤ ᠤᠨᠴᠠ ᠶᠡᠭᠡ ᠬᠡᠷᠡᠭ ᠠᠳᠦᠯ ᠭᠠᠷᠬᠤ ᠶᠢ ᠡᠷᠡᠰ | ᠬᠤᠷᠢᠭᠯᠠᠨ᠎ᠠ᠃ ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠭᠤᠷᠪᠠᠨ ᠲᠡᠰ ᠤᠨ ᠢᠳᠡᠬᠡᠨ ᠪᠠ | ᠡᠮ ᠤᠨ ᠵᠦᠢᠯᠡᠰ ᠤᠨ ᠬᠢᠨᠠᠨ ᠬᠠᠮᠢᠶᠠᠷᠤᠯᠳᠠ ᠶᠢᠨ ᠲᠤᠤᠷ ᠰᠦᠯᠵᠢᠶ᠎ᠠ ᠶᠢ ᠪᠠᠶᠢᠭᠤᠯᠵᠤ᠂ ᠵᠢᠯ ᠤᠨ ᠲᠤᠳᠤᠷ᠎ᠠ ᠰᠤᠮᠤ | ᠰᠢᠶᠠᠩ ᠪᠠᠯᠭᠠᠰᠤᠨ ᠤ ᠲᠡᠰ ᠤᠨ ᠬᠢᠨᠠᠨ ᠬᠠᠮᠢᠶᠠᠷᠤᠯᠳᠠ ᠭᠠᠵᠠᠷ ᠢ ᠪᠦᠬᠦᠨ ᠢ ᠪᠦᠷᠬᠦᠬᠦᠯᠦᠨ᠎ᠡ᠃ ᠲᠠᠷᠢᠶᠠᠨ ᠦᠷ᠎ᠡ᠂ | ᠬᠢᠮᠢ ᠶᠢᠨ ᠪᠤᠷᠳᠤᠭᠤᠷ ᠪᠠ ᠲᠠᠷᠢᠶᠠᠯᠠᠩ ᠤᠨ ᠡᠮ ᠵᠡᠷᠬᠡ ᠲᠠᠷᠢᠶᠠᠯᠠᠩ ᠤᠨ ᠬᠡᠷᠡᠭᠯᠡᠬᠦᠨ ᠤ ᠵᠠᠬ᠎ᠠ ᠲᠡᠯᠭᠡᠭᠦᠷ ᠤᠨ | ᠬᠢᠨᠠᠨ ᠪᠠᠶᠢᠴᠠᠭᠠᠯᠳᠠ ᠶᠢ ᠴᠢᠩᠭᠠᠳᠬᠠᠨ᠂ ᠬᠦᠳᠡᠷ ᠲᠤᠮᠤ ᠠᠮᠢᠳᠠᠨ ᠤᠷᠭᠤᠮᠠᠯ ᠤᠨ ᠬᠢᠵᠢᠭ ᠤᠨ ᠬᠢᠨᠠᠨ | ᠬᠠᠮᠢᠶᠠᠷᠤᠯᠳᠠ ᠶᠢᠨ ᠲᠤᠭᠳᠠᠯᠴᠠᠭ᠎ᠠ ᠶᠢ ᠲᠡᠬᠦᠯᠳᠡᠷᠵᠢᠬᠦᠯᠵᠤ᠂ ᠨᠢᠬᠡ ᠴᠤ ᠬᠢᠵᠢᠭ ᠤᠨ ᠪᠠᠶᠢᠳᠠᠯ ᠤᠷᠤᠰᠢᠬᠤ ᠦᠬᠡᠢ | ᠶᠢ ᠪᠠᠳᠤᠯᠠᠨ᠎ᠠ᠃ ᠬᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠤᠨ ᠬᠠᠮᠢᠶᠠᠷᠤᠯᠳᠠ ᠪᠠ ᠭᠠᠢ ᠢ ᠰᠡᠷᠬᠡᠶᠢᠯᠡᠨ | ᠪᠠᠭᠠᠰᠬᠠᠬᠤ ᠲᠤᠭᠳᠠᠯᠴᠠᠭ᠎ᠠ ᠶᠢ ᠪᠠᠶᠢᠭᠤᠯᠤᠨ᠂ ᠪᠠᠴᠢᠮ ᠪᠠᠶᠢᠳᠠᠯ ᠢ ᠠᠪᠤᠷᠠᠨ ᠲᠤᠰᠯᠠᠬᠤ ᠬᠠᠮᠳᠤ ᠪᠠᠷ ᠬᠦᠳᠡᠯᠡᠯᠴᠡᠬᠦ | ᠲᠤᠭᠳᠠᠯᠴᠠᠭ᠎ᠠ ᠶᠢ ᠲᠡᠬᠦᠯᠳᠡᠷᠵᠢᠬᠦᠯᠵᠤ᠂ ᠬᠡᠨᠡᠳᠳᠡ ᠶᠢᠨ ᠬᠡᠷᠡᠭ ᠢ ᠰᠢᠢᠳᠪᠦᠷᠢᠯᠡᠬᠦ ᠴᠢᠳᠠᠪᠦᠷᠢ ᠪᠠᠨ | ᠲᠡᠭᠡᠭᠰᠢᠯᠡᠬᠦᠯᠤᠨ᠎ᠡ᠃ | ︵ᠶᠢᠰᠤ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠨ᠂ ᠦᠢᠯᠡᠴᠢᠯᠡᠬᠡᠨ ᠤ | ᠲᠦᠪᠰᠢᠨ ᠢᠶᠠᠨ ᠲᠡᠭᠡᠭᠰᠢᠯᠡᠬᠦᠯᠦᠨ᠎ᠡ | ᠬᠠᠤᠯᠢ ᠶᠤᠰᠤᠭᠠᠷ ᠵᠠᠰᠠᠭ ᠪᠠᠷᠢᠬᠤ ᠪᠠᠨ ᠪᠠᠷᠢᠮᠳᠠᠯᠠᠨ᠎ᠠ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ | ᠵᠢᠴᠢ ᠪᠠᠶᠢᠡᠭᠭᠤ ᠶᠢᠨ ᠬᠤᠷᠢᠶ᠎ᠠ ᠶᠢᠨ ᠰᠢᠢᠳᠪᠦᠷᠢ ᠲᠤᠭᠳᠠᠭᠠᠯ ᠢ ᠴᠢᠩᠭ᠎ᠠ ᠬᠡᠷᠡᠭᠵᠢᠬᠦᠯᠵᠤ᠂ ᠬᠦᠨᠳᠤ ᠴᠢᠬᠤᠯᠠ ᠬᠡᠷᠡᠭ | ᠶᠠᠪᠤᠳᠠᠯ ᠢ ᠮᠡᠳᠡᠬᠦᠯᠬᠦ ᠲᠦᠷᠢᠮ ᠶᠢ ᠪᠠᠷᠢᠮᠳᠠᠯᠠᠨ᠂ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠵᠢᠴᠢ | ᠠᠷᠠᠯᠵᠢᠶ᠎ᠠ ᠬᠤᠳᠠᠯᠳᠤᠭᠠᠨ ᠤ ᠬᠤᠯᠪᠤᠭ᠎ᠠ᠂ ᠠᠷᠠᠳ ᠤᠨ ᠪᠦᠯᠬᠦᠮ ᠤᠨ ᠠᠷᠠᠳᠴᠢᠯᠠᠯᠳᠤ ᠵᠦᠪᠳᠡᠯᠴᠡᠭᠡ ᠪᠠᠨ | ᠴᠢᠩᠭᠠᠳᠬᠠᠨ᠂ ᠲᠦᠯᠦᠬᠡᠯᠡᠭᠴᠢ ᠬᠡᠰᠢᠬᠦᠨ ᠤ ᠰᠠᠨᠠᠭᠤᠯᠭ᠎ᠠ᠂ ᠰᠢᠬᠦᠮᠵᠢ᠂ ᠰᠠᠨᠠᠯ᠂ ᠲᠤᠷᠠᠳᠤᠯᠭ᠎ᠠ ᠶᠢ ᠰᠠᠶᠢᠳᠤᠷ | ᠰᠢᠢᠳᠪᠦᠷᠢᠯᠡᠨ᠂ ᠴᠢᠨᠠᠷ ᠴᠢᠨᠰᠠᠭ᠎ᠠ ᠶᠢ ᠨᠢ ᠦᠨᠡᠨᠬᠦ ᠲᠡᠭᠡᠭᠰᠢᠯᠡᠬᠦᠯᠤᠨ᠎ᠡ᠃ ᠬᠠᠤᠯᠢ ᠶᠤᠰᠤᠭᠠᠷ ᠵᠠᠰᠠᠭ ᠪᠠᠷᠢᠬᠤ ᠶᠢ | ᠬᠡᠵᠢᠶᠡᠳᠡ ᠵᠠᠰᠠᠭ ᠤᠨ ᠤᠷᠳᠤᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠨᠡᠶᠢᠳᠡ ᠶᠢᠨ ᠡᠳ᠋ ᠤᠨ | ᠵᠠᠰᠠᠭ ᠤᠨ ᠲᠦᠰᠦᠪ᠂ ᠨᠡᠶᠢᠳᠡ ᠶᠢᠨ ᠡᠬᠢ ᠰᠤᠷᠪᠤᠯᠵᠢ ᠶᠢᠨ ᠲᠤᠬᠢᠷᠠᠭᠤᠯᠤᠯᠳᠠ᠂ ᠬᠦᠨᠳᠤ ᠴᠢᠬᠤᠯᠠ ᠲᠦᠷᠦᠯ | ᠵᠦᠢᠯ ᠢ ᠬᠢᠨᠠᠨ ᠵᠦᠪᠰᠢᠶᠡᠷᠡᠬᠦ ᠵᠡᠷᠬᠡ ᠬᠦᠷᠢᠶ᠎ᠠ ᠴᠠᠷ᠎ᠠ ᠶᠢᠨ ᠮᠡᠳᠡᠭᠡ ᠵᠠᠩᠬᠢ ᠶᠢ ᠢᠯᠡ ᠪᠤᠯᠭᠠᠬᠤ ᠶᠢ ᠭᠤᠤᠯᠳᠠᠯᠭ᠎ᠠ | ᠲᠠᠢ ᠠᠬᠢᠭᠤᠯᠵᠤ᠂ ᠡᠷᠬᠡ ᠠᠰᠢᠭ ᠤᠨ ᠢᠯᠡ ᠪᠠᠶᠢᠬᠤ ᠶᠢ ᠪᠠᠳᠤᠯᠠᠨ᠎ᠠ᠃ | ᠠᠷᠠᠳ ᠲᠦᠮᠡᠨ ᠤ ᠲᠦᠯᠦᠬᠡ ᠠᠵᠢᠯᠴᠢ ᠬᠢᠴᠢᠶᠡᠩᠬᠦᠢ ᠪᠠᠷ ᠵᠠᠰᠠᠭ ᠪᠠᠷᠢᠬᠤ ᠶᠢ ᠪᠠᠷᠢᠮᠳᠠᠯᠠᠨ᠎ᠠ᠃ ︽ᠲᠠᠪᠤᠨ | ᠶᠡᠭᠡ ᠬᠦᠭᠵᠢᠯᠳᠡ ᠶᠢᠨ ᠰᠡᠳᠬᠢᠮᠵᠢ︾ ᠪᠠᠷ ᠦᠢᠯᠡᠳᠦᠯᠬᠡ ᠪᠠᠨ ᠵᠢᠯᠤᠭᠤᠳᠤᠨ᠂ ᠬᠦᠭᠵᠢᠯᠳᠡ ᠶᠢ ᠲᠠᠭᠠᠭᠤᠯᠵᠤ᠂ | ᠦᠵᠡᠯ ᠰᠠᠨᠠᠭ᠎ᠠ ᠪᠠᠨ ᠴᠢᠯᠦᠬᠡᠯᠡᠨ᠂ ᠵᠤᠷᠢᠭᠳᠠᠢ ᠪᠠᠷ ᠰᠢᠨ᠎ᠡ ᠶᠢ ᠡᠬᠦᠳᠤᠨ᠂ ᠪᠤᠳᠤᠯᠢᠶᠠᠨᠳᠠᠢ ᠪᠠᠶᠢᠳᠠᠯ ᠢ ᠠᠷᠭᠠᠴᠠᠬᠤ᠂ | ᠬᠦᠨᠳᠤ ᠡᠬᠦᠷᠬᠡ ᠶᠢ ᠪᠡᠶᠡᠯᠡᠬᠦᠯᠬᠦ ᠴᠢᠳᠠᠪᠦᠷᠢ ᠪᠠᠨ ᠲᠡᠭᠡᠭᠰᠢᠯᠡᠬᠦᠯᠦᠨ᠎ᠡ᠃ ᠵᠠᠰᠠᠭ ᠵᠠᠬᠢᠷᠭᠠᠨ ᠤ ᠴᠢᠳᠠᠮᠵᠢ ᠶᠢ | ᠲᠡᠭᠡᠭᠰᠢᠯᠡᠬᠦᠯᠵᠤ᠂ ᠵᠠᠰᠠᠭ ᠤᠨ ᠶᠠᠪᠤᠳᠠᠯ ᠢ ᠢᠯᠡ ᠪᠤᠯᠭᠠᠬᠤ᠂ ᠮᠡᠳᠡᠭᠡ ᠵᠠᠩᠬᠢ ᠶᠢ ᠢᠯᠡ ᠪᠤᠯᠭᠠᠬᠤ ᠪᠠᠨ | ᠬᠦᠨᠵᠡᠬᠡᠶᠢᠷᠡᠬᠦᠯᠦᠨ᠂ ᠤᠴᠢᠷ ᠶᠠᠪᠤᠳᠠᠯ ᠢ ᠰᠢᠢᠳᠪᠦᠷᠢᠯᠡᠬᠦ ᠶᠠᠪᠤᠴᠠ ᠶᠢ ᠴᠤᠮᠬᠠᠳᠬᠠᠵᠤ᠂ ᠤᠯᠠᠨ ᠲᠦᠮᠡᠨ ᠳᠤ | ᠦᠢᠯᠡᠴᠢᠯᠡᠬᠦ ᠵᠠᠮ ᠢ ᠨᠡᠪᠳᠡᠷᠡᠬᠦᠯᠦᠨ᠂ ᠤᠯᠠᠨ ᠲᠦᠮᠡᠨ ᠳᠤ ᠨᠡᠩ ᠲᠦᠬᠦᠮ ᠲᠦᠳᠡ᠂ ᠦᠨᠳᠦᠷ ᠠᠰᠢᠭᠳᠠᠢ | ᠦᠢᠯᠡᠴᠢᠯᠡᠭᠡ ᠬᠠᠨᠭ᠍ᠭᠠᠨ᠎ᠠ᠃ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠨ ᠰᠠᠶᠢᠵᠢᠷᠠᠭᠤᠯᠵᠤ᠂ ᠵᠠᠰᠠᠭ ᠵᠠᠬᠢᠷᠭᠠᠨ | ᠤ ᠦᠢᠯᠡᠳᠬᠦ ᠦᠬᠡᠢ᠂ ᠲᠤᠷ᠎ᠠ ᠪᠠᠷ ᠦᠢᠯᠡᠳᠬᠦ ᠪᠠ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ | ᠠᠵᠢᠯᠯᠠᠭ᠎ᠠ ᠶᠢ ᠡᠷᠡᠰ ᠴᠡᠭᠴᠡᠯᠡᠵᠤ ᠵᠠᠰᠠᠨ᠎ᠠ᠃ | ᠦᠨᠡᠨ ᠪᠤᠳᠠᠳᠠᠢ ᠠᠵᠢᠯᠯᠠᠬᠤ ᠶᠢ ᠪᠠᠷᠢᠮᠳᠠᠯᠠᠨ᠎ᠠ᠃ ᠬᠤᠰᠢᠭᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢ | ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ ᠲᠤᠤᠱᠯᠠᠭᠤᠯᠵᠤ᠂ ᠵᠠᠰᠠᠭ ᠶᠠᠪᠤᠳᠠᠯ ᠳᠤ ᠬᠢᠨᠠᠯᠳᠠ | ᠲᠠᠯᠪᠢᠬᠤ᠂ ᠮᠡᠳᠡᠭᠡ ᠵᠠᠩᠬᠢ ᠶᠢᠨ ᠬᠠᠷᠢᠭᠤ ᠲᠤᠰᠬᠠᠯᠳᠠ᠂ ᠪᠠᠶᠢᠳᠠᠯ ᠢ ᠮᠡᠳᠡᠭᠳᠡᠬᠦ᠂ ᠬᠠᠷᠢᠭᠤᠴᠠᠯᠭ᠎ᠠ ᠨᠡᠬᠡᠮᠵᠢᠯᠡᠬᠦ | ᠵᠡᠷᠬᠡ ᠲᠦᠷᠢᠮ ᠲᠤᠭᠳᠠᠭᠠᠯ ᠢ ᠲᠡᠬᠦᠯᠳᠡᠷᠵᠢᠬᠦᠯᠵᠤ᠂ ᠠᠵᠢᠯ ᠤᠨ ᠲᠦᠷᠬᠡᠨ ᠪᠦᠬᠡᠳ ᠦᠷ᠎ᠡ ᠪᠦᠳᠦᠮᠵᠢᠳᠡᠢ | ᠨᠠᠶᠢᠳᠠᠪᠦᠷᠢᠵᠢᠭᠤᠯᠤᠭᠳᠠᠬᠤ ᠶᠢ ᠠᠬᠢᠭᠤᠯᠤᠨ᠎ᠠ᠃ ︽ᠭᠤᠷᠪᠠᠨ ᠴᠢᠩᠭ᠎ᠠ ᠭᠤᠷᠪᠠᠨ ᠪᠤᠳᠠᠳᠠᠢ︾ ᠱᠠᠭᠠᠷᠳᠠᠯᠭ᠎ᠠ ᠶᠢ | ᠲᠤᠤᠱᠯᠠᠭᠤᠯᠵᠤ᠂ ᠴᠢᠩᠭ᠎ᠠ ᠱᠠᠭᠠᠷᠳᠠᠯᠭ᠎ᠠ᠂ ᠴᠢᠬᠡᠴᠢ ᠰᠤᠷᠳᠠᠯ ᠢᠶᠠᠷ ᠰᠠᠨᠠᠭᠠᠴᠢᠯᠠᠭ᠎ᠠ ᠲᠠᠢ ᠠᠵᠢᠯᠯᠠᠵᠤ᠂ ᠴᠢᠷᠮᠠᠶᠢᠨ | ᠪᠡᠶᠡᠯᠡᠬᠦᠯᠵᠤ᠂ ᠶᠠᠪᠤᠳᠠᠯ ᠪᠦᠬᠦᠨ ᠪᠤᠳᠠᠳᠠᠢ ᠳᠤ ᠨᠠᠶᠢᠳᠠᠪᠦᠷᠢᠵᠢᠭᠤᠯᠤᠭᠳᠠᠵᠤ᠂ ᠪᠤᠳᠠᠳᠤ ᠦᠷ᠎ᠡ ᠠᠰᠢᠭ ᠤᠯᠬᠤ ᠶᠢ | ᠪᠠᠳᠤᠯᠠᠨ᠎ᠠ᠃ | ᠠᠷᠢᠭᠤᠨ ᠴᠢᠬᠡᠴᠢ ᠵᠠᠰᠠᠭ ᠪᠠᠷᠢᠬᠤ ᠶᠢ ᠪᠠᠷᠢᠮᠳᠠᠯᠠᠨ᠎ᠠ᠃ ᠲᠡᠭᠡᠷ᠎ᠡ ᠭᠤᠷᠪᠠᠨ ᠱᠠᠳᠤᠨ ᠤ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠶᠢᠨ ᠵᠤᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠨᠠᠮ ᠤᠨ ᠰᠤᠷᠳᠠᠯ ᠴᠢᠬᠡᠴᠢ ᠵᠠᠰᠠᠭ ᠤᠨ | ᠪᠠᠶᠢᠭᠤᠯᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠤᠨ᠂ ᠨᠠᠮ ᠤᠨ ᠰᠤᠷᠳᠠᠯ | ᠴᠢᠬᠡᠴᠢ ᠵᠠᠰᠠᠭ ᠤᠨ ᠪᠠᠶᠢᠭᠤᠯᠤᠯᠳᠠ ᠪᠠ ᠢᠯᠵᠠᠷᠠᠯ ᠢ ᠡᠰᠡᠷᠬᠦᠴᠡᠬᠦ ᠲᠡᠮᠡᠴᠡᠯ ᠢ ᠬᠦᠨᠵᠡᠬᠡᠢ ᠦᠷᠨᠢᠬᠦᠯᠦᠨ᠎ᠡ᠃ ᠰᠢᠨ᠎ᠡ | ᠪᠠᠷ ᠵᠠᠰᠠᠪᠦᠷᠢ ᠤᠷᠤᠭᠤᠯᠤᠭᠰᠠᠨ ︽ᠴᠢᠬᠡᠴᠢ ᠵᠠᠰᠠᠭ ᠤᠨ ᠲᠦᠷᠢᠮ︾ ᠶᠢ ᠨᠠᠷᠢᠨ ᠬᠢᠨᠠᠮᠠᠭᠠᠢ ᠲᠤᠤᠱᠯᠠᠭᠤᠯᠤᠨ᠂ ︽ | ᠭᠤᠷᠪᠠᠨ ᠬᠦᠨᠳᠤ ᠨᠢᠬᠡ ᠶᠡᠭᠡ︾ ᠵᠡᠷᠬᠡ ᠲᠦᠷᠢᠮ ᠲᠤᠭᠳᠠᠭᠠᠯ ᠢ ᠴᠢᠩᠭ᠎ᠠ ᠬᠡᠷᠡᠭᠵᠢᠬᠦᠯᠵᠤ᠂ ᠵᠠᠰᠠᠭ ᠵᠠᠬᠢᠷᠭᠠᠨ ᠤ | ᠬᠢᠨᠠᠨ ᠪᠠᠶᠢᠴᠠᠭᠠᠯᠳᠠ ᠪᠠ ᠬᠢᠨᠠᠨ ᠪᠤᠳᠤᠯᠳᠠ ᠶᠢᠨ ᠬᠢᠨᠠᠯᠳᠠ ᠲᠠᠯᠪᠢᠬᠤ ᠶᠢ ᠴᠢᠩᠭᠠᠳᠬᠠᠨ᠂ ᠦᠨᠡᠨᠬᠦ ᠲᠦᠷᠢᠮ | ᠲᠤᠭᠳᠠᠭᠠᠯ ᠢᠶᠠᠷ ᠡᠷᠬᠡ ᠰᠦᠷ ᠢ ᠬᠢᠵᠠᠭᠠᠷᠯᠠᠨ᠎ᠠ᠃ ᠢᠯᠵᠠᠷᠠᠯ ᠢ ᠭᠤᠶᠢᠪᠢᠰᠢ ᠦᠬᠡᠢ ᠵᠠᠯᠬᠠᠭᠠᠨ ᠰᠢᠢᠳᠬᠡᠵᠤ᠂ | ᠴᠢᠬᠡᠴᠢ ᠵᠠᠰᠠᠭ ᠤᠨ ᠲᠦᠭᠰᠢᠬᠦᠷᠢ ᠶᠢ ᠰᠡᠷᠬᠡᠶᠢᠯᠡᠨ ᠬᠢᠵᠠᠭᠠᠷᠯᠠᠬᠤ ᠲᠤᠭᠳᠠᠯᠴᠠᠭ᠎ᠠ ᠶᠢ ᠪᠦᠷᠢᠨᠰᠢᠬᠦᠯᠵᠤ᠂ ᠡᠷᠬᠡ ᠪᠠᠨ | ᠠᠰᠢᠭᠯᠠᠨ ᠠᠮᠢ ᠪᠠᠨ ᠪᠤᠷᠳᠤᠬᠤ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠠᠯᠳᠠᠭᠰᠠᠨ ᠬᠡᠷᠡᠭ ᠶᠠᠪᠤᠳᠠᠯ ᠪᠠ | ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠤ᠂ ᠵᠠᠰᠠᠭ ᠤᠨ ᠤᠷᠳᠤᠨ ᠪᠠ ᠺᠠᠳ᠋ᠷ ᠢ ᠠᠷᠢᠭᠤᠨ | ᠴᠢᠬᠡᠴᠢ ᠪᠤᠯᠭᠠᠨ᠎ᠠ᠃ | | |