ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠵᠢᠷᠭᠤᠭ᠎ᠠ︶
ᠨᠡᠶᠢᠲᠡᠯᠡᠭᠰᠡᠨ ᠴᠠᠭ᠄
2017/12/26
     ᠨᠡᠷᠡᠰ ᠤᠨ ᠲᠠᠶᠢᠯᠪᠦᠷᠢ᠄      1᠂ ︽ᠠᠷᠪᠠ ᠶᠢ ᠪᠦᠷᠬᠦᠬᠦᠯᠬᠦ︾ ᠢᠨᠵᠧᠨᠧᠷᠢᠩ᠄ 2014 ᠤᠨ ᠤ ᠡᠬᠢᠨ ᠳᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠭᠤᠷᠪᠠᠨ ᠵᠢᠯ ᠤᠨ ᠬᠤᠭᠤᠴᠠᠭ᠎ᠠ ᠬᠡᠷᠡᠭᠯᠡᠵᠤ ᠪᠠᠶᠢᠭᠠᠳ ᠪᠦᠬᠦ ᠤᠷᠤᠨ ᠤ ᠬᠦᠳᠡᠭᠡ ᠲᠤᠰᠬᠤᠨ ᠮᠠᠯᠵᠢᠬᠤ ᠤᠷᠤᠨ ᠳᠤ ︽ᠠᠷᠪᠠ ᠶᠢ ᠪᠦᠷᠬᠦᠬᠦᠯᠬᠦ﹈ ᠢᠨᠵᠧᠨᠧᠷᠢᠩ ᠤᠨ ᠴᠢᠬᠤᠯᠠ ᠰᠢᠢᠳᠪᠦᠷᠢ ᠶᠢ ᠲᠤᠷᠠᠳᠤᠨ ᠭᠠᠷᠭᠠᠪᠠ᠃ ᠲᠠᠷᠤᠢ ᠬᠦᠳᠡᠭᠡ ᠲᠤᠰᠬᠤᠨ ᠮᠠᠯᠵᠢᠬᠤ ᠤᠷᠤᠨ ᠤ ᠠᠶᠤᠯᠳᠠ ᠬᠡᠷ ᠪᠠᠶᠢᠰᠢᠩ ᠢ ᠦᠬᠡᠷᠡᠴᠢᠯᠡᠬᠦ᠂ ᠤᠤᠭᠤᠬᠤ ᠤᠰᠤᠨ ᠤ ᠠᠮᠤᠷ ᠲᠦᠪᠰᠢᠨ᠂ ᠭᠠᠴᠠᠭ᠎ᠠ ᠲᠤᠰᠬᠤᠨ ᠤ ᠵᠡᠬᠡᠯᠢ ᠭᠤᠳᠤᠮᠵᠢ ᠶᠢ ᠬᠠᠳᠠᠵᠢᠭᠤᠯᠬᠤ᠂ ᠭᠠᠴᠠᠭ᠎ᠠ ᠲᠤᠰᠬᠤᠨ ᠪᠦᠷᠢ ᠳᠤ ᠴᠠᠬᠢᠯᠭᠠᠨ ᠨᠡᠪᠳᠡᠷᠡᠬᠦᠯᠬᠦ᠂ ᠭᠠᠴᠠᠭ᠎ᠠ ᠲᠤᠰᠬᠤᠨ ᠪᠦᠷᠢ ᠳᠤ ᠷᠠᠳᠢᠤ᠋ ᠲᠧᠯᠸᠢᠰ ᠴᠢᠮᠡᠭᠡ ᠬᠤᠯᠪᠤᠭ᠎ᠠ ᠨᠡᠪᠳᠡᠷᠡᠬᠦᠯᠬᠦ᠂ ᠰᠤᠷᠭᠠᠭᠤᠯᠢ ᠶᠢᠨ ᠪᠠᠶᠢᠭᠤᠯᠤᠯᠳᠠ ᠵᠢᠴᠢ ᠠᠮᠤᠷ ᠲᠦᠪᠰᠢᠨ ᠤ ᠦᠬᠡᠷᠡᠴᠢᠯᠡᠯᠳᠡ᠂ ᠭᠠᠴᠠᠭ᠎ᠠ ᠲᠤᠰᠬᠤᠨ ᠤ ᠪᠠᠷᠢᠮᠵᠢᠶᠠᠳᠤ ᠡᠷᠡᠬᠦᠯ ᠬᠠᠮᠠᠭᠠᠯᠠᠯ ᠤᠨ ᠲᠠᠰᠤᠭ᠂ ᠭᠠᠴᠠᠭ᠎ᠠ ᠲᠤᠰᠬᠤᠨ  ᠤ ᠰᠤᠶᠤᠯ ᠤᠨ ᠦᠷᠦᠬᠡ᠂ ᠠᠷᠠᠳ ᠲᠤ ᠲᠦᠬᠦᠮ ᠦᠵᠡᠬᠦᠯᠬᠦ ᠬᠡᠯᠬᠢᠶᠡᠳᠤ ᠲᠡᠯᠭᠡᠭᠦᠷ᠂ ᠬᠦᠳᠡᠭᠡ ᠲᠤᠰᠬᠤᠨ ᠮᠠᠯᠵᠢᠬᠤ ᠤᠷᠤᠨ ᠤ ᠰᠠᠭᠤᠭᠠᠯᠢ ᠬᠦᠮᠦᠨ ᠠᠮᠠ ᠶᠢᠨ ᠨᠠᠰᠤᠵᠢᠯ ᠤᠨ ᠲᠠᠭᠠᠳᠬᠠᠯ᠂ ᠡᠮ ᠡᠮᠨᠡᠯᠬᠡ ᠶᠢᠨ ᠲᠠᠭᠠᠳᠬᠠᠯ ᠵᠡᠷᠬᠡ ᠨᠡᠶᠢᠬᠡᠮ ᠤᠨ ᠪᠠᠳᠤᠯᠠᠭ᠎ᠠ10 ᠲᠦᠷᠦᠯ ᠤᠨ ᠢᠨᠵᠧᠨᠧᠷᠢᠩ ᠢ ᠪᠦᠷᠬᠦᠬᠦᠯᠦᠨ᠎ᠡ᠃      2᠂ ︽ᠭᠤᠷᠪᠠᠨ ᠦᠨᠡᠮᠯᠡᠯ ᠢ ᠨᠢᠬᠡᠳᠬᠡᠬᠦ︾᠄ ᠦᠢᠯᠡᠳᠪᠦᠷᠢ ᠬᠤᠳᠠᠯᠳᠤᠭᠠᠨ ᠤ ᠡᠵᠡᠩᠨᠡᠯᠳᠡ ᠶᠢᠨ ᠦᠨᠡᠮᠯᠡᠯ ᠂ ᠵᠤᠬᠢᠶᠠᠨ ᠪᠠᠶᠢᠭᠤᠯᠤᠯᠳᠠ ᠪᠠᠶᠢᠭᠤᠯᠤᠮᠵᠢ ᠶᠢᠨ ᠲᠦᠯᠦᠬᠡᠯᠡᠬᠦ ᠲᠡᠮᠳᠡᠭ ᠪᠠ ᠭᠠᠶᠢᠯᠢ ᠶᠢᠨ ᠶᠠᠪᠤᠳᠠᠯ ᠤᠨ ᠲᠠᠩᠰᠠᠯᠠᠭᠰᠠᠨ ᠬᠡᠷᠡᠴᠢ ᠭᠤᠷᠪᠠᠨ ᠬᠡᠷᠡᠴᠢ ᠦᠨᠡᠮᠯᠡᠯ ᠢ ᠨᠢᠬᠡᠳᠬᠡᠬᠡᠳ ᠨᠢᠬᠡ ᠯᠡ ᠬᠡᠷᠡᠴᠢ ᠪᠤᠯᠭᠠᠭᠰᠠᠨ᠃      3᠂ PPP ᠪᠡᠯᠡ ᠬᠤᠷᠠᠮᠳᠤᠭᠤᠯᠬᠤ ᠵᠠᠭᠪᠤᠷ᠄ ᠶᠡᠷᠦ ᠳᠡᠭᠡᠨ ︽ᠬᠠᠮᠳᠤ ᠨᠠᠶᠢᠳᠡ ᠪᠡ ᠬᠤᠪᠢ ᠶᠢᠨ ᠡᠵᠡᠩᠨᠡᠯᠳᠡ ᠶᠢᠨ ᠬᠤᠷᠰᠢᠬᠤ ᠲᠦᠷᠢᠮ︾ ᠬᠡᠵᠤ ᠤᠷᠴᠢᠭᠤᠯᠳᠠᠭ᠃ ᠵᠠᠰᠠᠭ ᠤᠨ ᠤᠷᠳᠤᠨ ᠪᠤᠯᠤᠨ ᠬᠤᠪᠢ ᠬᠦᠮᠦᠨ  ᠤ ᠵᠤᠬᠢᠶᠠᠨ ᠪᠠᠶᠢᠭᠤᠯᠤᠯᠳᠠ ᠶᠢᠨ ᠬᠤᠭᠤᠷᠤᠨᠳᠤᠬᠢ᠂ ᠬᠤᠷᠰᠢᠵᠤ ᠲᠦᠷᠦᠯ ᠵᠦᠢᠯ ᠢ ᠪᠦᠳᠦᠬᠡᠨ ᠪᠠᠶᠢᠭᠤᠯᠬᠤ ᠪᠤᠶᠤ ᠨᠡᠶᠢᠳᠡ ᠶᠢᠨ ᠪᠦᠳᠦᠬᠡᠭᠳᠡᠬᠦᠨ ᠪᠠ ᠦᠢᠯᠡᠴᠢᠯᠡᠭᠡ ᠬᠠᠨᠭ᠍ᠭᠠᠬᠤ ᠶᠢᠨ ᠲᠦᠯᠦᠬᠡ ᠤᠨᠴᠠ ᠵᠦᠪᠰᠢᠶᠡᠷᠡᠭᠰᠡᠨ ᠡᠷᠬᠡ ᠬᠡᠯᠡᠯᠴᠡᠷ ᠢᠶᠠᠷ ᠦᠨᠳᠦᠰᠤ ᠪᠤᠯᠭᠠᠨ᠂ ᠬᠤᠭᠤᠷᠤᠨᠳᠤ ᠪᠠᠨ ᠬᠤᠷᠰᠢᠨ ᠬᠠᠮᠵᠢᠯᠴᠠᠬᠤ ᠬᠠᠷᠢᠴᠠᠭ᠎ᠠ ᠪᠠᠶᠢᠭᠤᠯᠵᠤ᠂ ᠬᠡᠷ᠎ᠡ ᠪᠢᠴᠢᠭ ᠲᠤ ᠭᠠᠷ ᠤᠨ ᠦᠰᠦᠭ ᠵᠢᠷᠤᠬᠤ ᠪᠠᠷ ᠲᠠᠮᠵᠢᠨ ᠬᠤᠶᠠᠷ ᠲᠠᠯ᠎ᠠ ᠶᠢᠨ ᠡᠷᠬᠡ ᠡᠬᠦᠷᠬᠡ ᠪᠠᠨ ᠲᠤᠳᠤᠷᠬᠠᠶᠢᠯᠠᠨ᠂ ᠬᠤᠷᠰᠢᠭᠰᠠᠨ ᠬᠤᠶᠠᠷ ᠡᠳᠡᠬᠡᠳ ᠭᠠᠭᠴᠠᠭᠠᠷ ᠬᠢᠭᠰᠡᠨ ᠠᠴᠠ ᠨᠡᠩ ᠢᠯᠡᠬᠦᠤ ᠦᠷ᠎ᠡ ᠪᠦᠳᠦᠮᠵᠢ ᠤᠯᠬᠤ ᠢ ᠵᠢᠭᠠᠵᠤ ᠪᠠᠶᠢᠨ᠎ᠠ᠃     4᠂ ᠤᠳᠤᠬᠢ ᠪᠠᠶᠢᠭ᠎ᠠ ᠤᠷᠤᠨ ᠰᠠᠭᠤᠴᠠ ᠶᠢᠨ ᠡᠨᠧᠷᠬᠢ ᠠᠷᠪᠢᠯᠠᠬᠤ ᠦᠬᠡᠷᠡᠴᠢᠯᠡᠯᠳᠡ᠄ ᠠᠷᠠᠳ ᠤᠨ ᠬᠡᠷᠡᠭᠯᠡᠬᠡᠨ ᠤ ᠪᠠᠷᠢᠯᠭ᠎ᠠ ᠶᠢᠨ ᠡᠨᠧᠷᠬᠢ ᠠᠷᠪᠢᠯᠠᠬᠤ ᠠᠯᠪᠠᠳᠠᠯᠭ᠎ᠠ ᠶᠢᠨ ᠴᠢᠨᠠᠷᠳᠠᠢ ᠪᠠᠷᠢᠮᠵᠢᠶᠠᠨ ᠳᠤ ᠨᠡᠶᠢᠴᠡᠬᠦ ᠦᠬᠡᠢ ᠤᠳᠤᠬᠢ ᠪᠠᠶᠢᠭ᠎ᠠ ᠪᠠᠷᠢᠯᠭ᠎ᠠ ᠶᠢᠨ ᠪᠦᠳᠦᠴᠡ ᠶᠢᠨ ᠬᠠᠮᠠᠭᠠᠯᠠᠯᠳᠠ᠂ ᠲᠤᠯᠠᠭᠠᠯᠠᠮᠵᠢ ᠬᠠᠨᠭ᠍ᠭᠠᠬᠤ ᠰᠢᠰᠲ᠋ᠧᠮ᠂ ᠬᠦᠯᠳᠡᠬᠡᠬᠦ ᠰᠢᠰᠲ᠋ᠧᠮ᠂ ᠬᠡᠷᠡᠯᠳᠦᠬᠦᠯᠬᠡ ᠶᠢᠨ ᠲᠦᠬᠦᠬᠡᠷᠦᠮᠵᠢ ᠪᠠ ᠬᠠᠯᠠᠭᠤᠨ ᠤᠰᠤᠨ ᠬᠠᠨᠭ᠍ᠭᠠᠬᠤ ᠲᠦᠬᠦᠬᠡᠷᠦᠮᠵᠢ ᠵᠡᠷᠬᠡ ᠳᠤ ᠡᠨᠧᠷᠬᠢ ᠠᠷᠪᠢᠯᠠᠬᠤ ᠦᠬᠡᠷᠡᠴᠢᠯᠡᠯᠳᠡ ᠬᠢᠬᠦ ᠠᠵᠢᠯᠯᠠᠭ᠎ᠠ ᠶᠢ ᠵᠢᠭᠠᠵᠤ ᠪᠠᠶᠢᠨ᠎ᠠ᠃     5᠂ ︽ᠭᠤᠷᠪᠠᠨ ᠴᠢᠩᠭ᠎ᠠ ᠭᠤᠷᠪᠠᠨ ᠪᠤᠳᠠᠳᠠᠢ᠄ ᠪᠠᠶ᠎ᠡ ᠪᠠᠨ ᠴᠢᠩᠭ᠎ᠠ ᠵᠠᠰᠠᠵᠤ᠂ ᠡᠷᠬᠡ ᠶᠢ ᠴᠢᠩᠭ᠎ᠠ ᠬᠡᠷᠡᠭᠵᠢᠬᠦᠯᠦᠨ᠂ ᠦᠪᠡᠷ ᠢ ᠪᠠᠨ ᠴᠢᠩᠭ᠎ᠠ ᠱᠠᠭᠠᠷᠳᠠᠨ᠂ ᠤᠴᠢᠷ ᠶᠠᠪᠤᠳᠠᠯ ᠢ ᠪᠤᠳᠠᠳᠠᠢ ᠪᠠᠷ ᠰᠦᠪᠡᠭᠴᠢᠯᠡᠨ᠂ ᠪᠤᠳᠠᠳᠠᠢ ᠪᠠᠷ ᠦᠢᠯᠡᠰ ᠪᠦᠳᠦᠬᠡᠨ᠂ ᠦᠨᠡᠨ ᠪᠤᠳᠠᠳᠠᠢ ᠠᠵᠢᠯᠯᠠᠬᠤ ᠶᠢ ᠵᠢᠭᠠᠵᠤ ᠪᠠᠶᠢᠨ᠎ᠠ᠃     6᠂ ︽ᠭᠤᠷᠪᠠᠨ ᠴᠢᠬᠤᠯᠠ ᠨᠢᠬᠡ ᠶᠡᠭᠡ︾ ᠲᠦᠷᠢᠮ᠄ ᠬᠦᠨᠳᠤ ᠴᠢᠬᠤᠯᠠ ᠬᠡᠷᠡᠭ ᠶᠠᠪᠤᠳᠠᠯ ᠢ ᠲᠤᠭᠳᠠᠭᠠᠬᠤ᠂ ᠴᠢᠬᠤᠯᠠ ᠺᠠᠳ᠋ᠷ ᠢ ᠲᠤᠮᠢᠯᠠᠵᠤ ᠪᠠᠭᠤᠯᠭᠠᠬᠤ᠂ ᠴᠢᠬᠤᠯᠠ ᠲᠦᠷᠦᠯ ᠵᠦᠢᠯ ᠢ ᠪᠠᠶᠢᠷᠢᠯᠠᠭᠤᠯᠬᠤ᠂ ᠶᠡᠭᠡ ᠲᠤᠭᠠᠨ ᠤ ᠪᠡᠯᠡ ᠮᠦᠡᠭᠬᠦ ᠶᠢ ᠬᠡᠷᠡᠭᠯᠡᠬᠦ ᠳᠤ ᠡᠷᠬᠡᠪᠰᠢ ᠬᠠᠮᠳᠤ ᠪᠠᠷ ᠵᠦᠪᠯᠡᠨ ᠰᠢᠢᠳᠪᠦᠷᠢ ᠭᠠᠷᠭᠠᠬᠤ ᠲᠦᠷᠢᠮ ᠢ ᠵᠢᠭᠠᠵᠤ ᠪᠠᠶᠢᠨ᠎ᠠ᠃    7᠂ ︽ᠭᠤᠷᠪᠠᠨ ᠠᠯᠪᠠᠨ︾ ᠵᠠᠷᠤᠳᠠᠯ᠄ ᠵᠠᠰᠠᠭ ᠤᠨ ᠤᠷᠳᠤᠨ ᠤ ᠠᠵᠢᠯᠳᠠᠨ ᠠᠯᠪᠠᠨ ᠶᠠᠪᠤᠳᠠᠯ ᠢᠶᠠᠷ ᠭᠠᠳᠠᠭᠠᠳᠤ ︵ᠤᠯᠤᠰ ᠤᠨ ᠬᠢᠯᠢ ᠠᠴᠠ︶ ᠭᠠᠷᠬᠤ ᠵᠠᠷᠤᠳᠠᠯ᠂ ᠠᠯᠪᠠᠨ ᠲᠡᠷᠬᠡ ᠬᠤᠳᠠᠯᠳᠤᠨ ᠠᠪᠬᠤ ᠵᠢᠴᠢ ᠬᠡᠷᠡᠭᠯᠡᠬᠡᠨ ᠤ ᠵᠠᠷᠤᠳᠠᠯ᠂ ᠠᠯᠪᠠᠨ ᠲᠠᠶᠢᠯᠠᠯᠭ᠎ᠠ ᠶᠢᠨ ᠵᠠᠷᠤᠳᠠᠯ ᠢ ᠵᠢᠭᠠᠵᠤ ᠪᠠᠶᠢᠨ᠎ᠠ᠃    8᠂ ︽ᠵᠠᠬᠢᠳᠠᠯ ᠰᠤᠷᠪᠤᠯᠵᠢᠯᠠᠭ᠎ᠠ ᠶᠢᠨ ᠭᠤᠷᠪᠠ ᠦᠬᠡᠢ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ︾ ᠢ ᠪᠠᠶᠢᠭᠤᠯᠬᠤ ᠠᠵᠢᠯᠯᠠᠭᠠᠨ᠄ ᠲᠦᠪ ᠤᠷᠤᠨ ᠳᠤ ᠬᠦᠷᠬᠦ ᠪᠤᠶᠤ ᠶᠡᠭᠡ ᠬᠡᠮᠵᠢᠶ᠎ᠡ ᠪᠠᠷ ᠬᠤᠳᠠ ᠤᠷᠤᠵᠤ ᠨᠡᠶᠢᠳᠡ ᠢᠶᠠᠷ  ᠢᠶᠠᠨ ᠰᠤᠷᠪᠤᠯᠵᠢᠯᠠᠭ᠎ᠠ ᠬᠢᠭᠰᠡᠨ ᠦᠬᠡᠢ᠂ ᠪᠡᠬᠡᠵᠢᠩ ᠤᠷᠤᠵᠤ ᠵᠤᠬᠢᠰ ᠦᠬᠡᠢ ᠰᠤᠷᠪᠤᠯᠵᠢᠯᠠᠭ᠎ᠠ ᠬᠢᠭᠰᠡᠨ ᠦᠬᠡᠢ᠂ ᠰᠤᠷᠪᠤᠯᠵᠢᠯᠠᠭ᠎ᠠ ᠠᠴᠠ ᠪᠤᠯᠵᠤ ᠤᠯᠠᠨ ᠲᠦᠮᠡᠨᠴᠢ ᠴᠢᠨᠠᠷᠳᠠᠢ ᠬᠡᠷᠡᠭ ᠶᠠᠪᠤᠳᠠᠯ ᠪᠠ ᠬᠤᠪᠢ ᠬᠦᠮᠦᠨ ᠤ ᠬᠡᠳᠦᠷᠡᠬᠦᠤ ᠦᠢᠯᠡ ᠠᠵᠢᠯᠯᠠᠭ᠎ᠠ ᠦᠬᠡᠢ︾ ᠵᠠᠬᠢᠳᠠᠯ ᠰᠤᠷᠪᠤᠯᠵᠢᠯᠠᠭ᠎ᠠ ᠶᠢ ᠡᠬᠦᠳᠦᠨ ᠪᠠᠶᠢᠭᠤᠯᠬᠤ ᠠᠵᠢᠯᠯᠠᠭ᠎ᠠ ᠢ ᠵᠢᠭᠠᠵᠤ ᠪᠠᠶᠢᠨ᠎ᠠ    9᠂ ᠠᠵᠤ ᠦᠢᠯᠡᠳᠪᠦᠷᠢ ᠶᠢᠨ ︽ᠲᠦᠷᠪᠡᠨ ᠲᠤᠭᠤᠷᠢᠭ ᠨᠢᠬᠡ ᠬᠦᠷᠢᠶᠡᠯᠡᠩ︾᠄ ᠪᠠᠭᠠᠷᠢᠨ ᠵᠡᠬᠦᠨ ᠬᠤᠰᠢᠭᠤᠨ  ᠤ ᠹᠸᠡᠭ ᠬᠤᠸᠠᠩ ᠱᠠᠨ ᠠᠭᠤᠯᠠᠨ ᠤ ᠠᠵᠤ ᠦᠢᠯᠡᠳᠪᠦᠷᠢ ᠶᠢᠨ ᠲᠤᠭᠤᠷᠢᠭ᠂ ᠱᠠᠩ ᠵᠢᠩ ᠠᠵᠤ ᠦᠢᠯᠡᠳᠪᠦᠷᠢ  ᠶᠢᠨ ᠲᠤᠭᠤᠷᠢᠭ᠂ ᠨᠠᠨ ᠲᠠ ᠠᠵᠤ ᠦᠢᠯᠡᠳᠪᠦᠷᠢ ᠶᠢᠨ ᠲᠤᠭᠤᠷᠢᠭ᠂ ᠪᠠᠶᠠᠨᠨᠢᠷᠤᠭᠤ ᠠᠵᠤ ᠦᠢᠯᠡᠳᠪᠦᠷᠢ ᠶᠢᠨ ᠲᠤᠭᠤᠷᠢᠭ ᠪᠠ ᠪᠠᠭᠠᠷᠢᠨ ᠵᠡᠬᠦᠨ ᠬᠤᠰᠢᠭᠤᠨ ᠤ ᠲᠤᠮᠳᠠ ᠪᠠᠭ᠎ᠠ ᠠᠵᠤ ᠠᠬᠤᠶᠢᠯᠠᠯ ᠤᠨ ᠦᠢᠯᠡᠰ ᠪᠦᠳᠦᠬᠡᠬᠦ ᠬᠦᠷᠢᠶᠡᠯᠡᠩ   10᠂ ᠲᠠᠷᠢᠶᠠᠯᠠᠩ ᠮᠠᠯ ᠠᠵᠤ ᠠᠬᠤᠢ ᠣᠢ ᠰᠢᠭᠤᠢ ᠶᠢᠨ ᠠᠵᠤ ᠠᠬᠤᠢ ᠶᠢᠨ ︽ᠲᠦᠷᠪᠡᠨ ᠪᠦᠰᠡ᠂ ᠭᠤᠷᠪᠠᠨ ᠬᠡᠰᠡᠭ᠂ ᠬᠤᠶᠠᠷ ᠰᠠᠭᠤᠷᠢᠨ ᠭᠠᠵᠠᠷ︾᠄ ︽ᠲᠦᠷᠪᠡᠨ ᠪᠦᠰᠡ︾ ᠬᠡᠳᠡᠭ ᠨᠢ ᠦᠯᠵᠡᠶᠢᠮᠦ᠋ᠷᠡᠨ ᠭᠤᠤᠯ ᠤᠨ ᠡᠷᠬᠢ ᠲᠠᠭᠠᠤ ᠰᠢᠶᠠᠩ ᠪᠠᠯᠭᠠᠰᠤ ᠪᠠᠷ ᠭᠤᠤᠯ ᠪᠤᠯᠭᠠᠭᠰᠠᠨ40 ᠲᠦᠮᠡᠨ ᠮᠤ᠋ ᠦᠨᠳᠦᠷ ᠠᠰᠢᠭᠳᠤ ᠤᠰᠤ ᠠᠷᠪᠢᠯᠠᠬᠤ ᠤᠰᠤᠯᠠᠯᠳᠠ ᠶᠢᠨ ᠡᠷᠳᠡᠨᠢ ᠰᠢᠰᠢ ᠶᠢᠨ ᠠᠵᠤ ᠦᠢᠯᠡᠰ ᠤᠨ ᠪᠦᠰᠡ᠂ ᠠᠷᠪᠠᠨ ᠭᠤᠷᠪᠠᠨ ᠤᠪᠤᠭ᠎ᠠ ᠪᠠᠯᠭᠠᠰᠤ᠂ ᠪᠢᠯᠡᠬᠦᠳᠡᠢ ᠪᠠᠯᠭᠠᠰᠤ᠂ ᠬᠠᠷᠠᠬᠠᠳᠠ ᠪᠠᠯᠭᠠᠰᠤ ᠪᠠᠷ ᠲᠦᠪ ᠪᠤᠯᠭᠠᠭᠰᠠᠨ30 ᠲᠦᠮᠡᠨ ᠮᠤ᠋ ᠠᠴᠠ ᠲᠡᠭᠡᠭᠰᠢ ᠱᠦᠬᠦᠷ ᠡᠪᠡᠰᠣᠨ ᠤ ᠤᠴᠠᠯᠢᠭᠳᠤ ᠠᠵᠤ ᠦᠢᠯᠡᠰ ᠤᠨ ᠪᠦᠰᠡ᠂ ᠯᠦᠡᠭᠴᠠᠩ ᠪᠠᠯᠭᠠᠰᠤ᠂ ᠯᠢᠨᠳᠦ᠋ᠡᠭ ᠪᠠᠯᠭᠠᠰᠤ᠂ ᠬᠠᠷᠠᠬᠠᠳᠠ ᠪᠠᠯᠭᠠᠰᠤ ᠪᠠᠷ ᠲᠦᠪ ᠪᠤᠯᠭᠠᠭᠰᠠᠨ35 ᠲᠦᠮᠡᠨ ᠮᠤ᠋ ᠶᠢᠨ ᠪᠦᠳᠦᠬᠦᠯᠢᠭ ᠠᠮᠤ ᠪᠤᠳᠠᠭ᠎ᠠ ᠪᠤᠷᠴᠠᠭ ᠤᠨ ᠠᠵᠤ ᠦᠢᠯᠡᠰ  ᠤᠨ ᠪᠦᠰᠡ᠂ ᠰᠠᠨ ᠱᠠᠨ ᠰᠢᠶᠠᠩ᠂ ᠹᠦ᠋ ᠡᠾᠧ ᠪᠠᠯᠭᠠᠰᠤ᠂ ᠪᠢᠯᠡᠬᠦᠳᠡᠢ ᠪᠠᠯᠭᠠᠰᠤ ᠪᠠᠷ ᠭᠤᠤᠯ ᠪᠤᠯᠭᠠᠭᠰᠠᠨ30 ᠲᠦᠮᠡᠨ ᠮᠤ᠋ ᠶᠢᠨ ᠲᠦᠮᠦᠰᠤᠨ ᠠᠵᠤ ᠦᠢᠯᠡᠰ ᠤᠨ ᠪᠦᠰᠡ︔ ︽ᠭᠤᠷᠪᠠᠨ ᠬᠡᠰᠡᠭ︾ ᠬᠡᠳᠡᠭ ᠨᠢ ᠯᠢᠨᠳᠦ᠋ᠡᠭ ᠪᠠᠯᠭᠠᠰᠤᠨ ᠤ ᠤᠶᠢᠷ᠎ᠠ ᠲᠡᠬᠦᠷᠬᠡ ᠪᠠᠷ ᠲᠦᠪ ᠪᠤᠯᠭᠠᠭᠰᠠᠨ 5 ᠲᠦᠮᠡᠨ ᠮᠤ᠋ ᠢᠳᠡᠰᠢᠨ ᠨᠤᠭᠤᠭᠠᠨ ᠤ ᠠᠵᠤ ᠦᠢᠯᠡᠰ  ᠤᠨ ᠬᠡᠰᠡᠭ᠂ ᠭᠤᠷᠪᠠᠨ ᠮᠠᠯᠵᠢᠬᠤ ᠰᠤᠮᠤ ᠪᠠᠯᠭᠠᠰᠤ ᠪᠠᠷ ᠭᠤᠤᠯ ᠪᠤᠯᠭᠠᠭᠰᠠᠨ30 ᠲᠦᠮᠡᠨ ᠲᠤᠯᠤᠭᠠᠢ ᠠᠯᠠᠰᠢᠨ ᠦᠬᠡᠷ ᠤᠨ ᠠᠵᠤ ᠦᠢᠯᠡᠰ ᠤᠨ ᠬᠡᠰᠡᠭ᠂ ᠯᠦᠡᠭᠴᠠᠩ ᠪᠠᠯᠭᠠᠰᠤ᠂ ᠯᠢᠨᠳᠦ᠋ᠡᠭ ᠪᠠᠯᠭᠠᠰᠤ᠂ ᠪᠢᠯᠡᠬᠦᠳᠡᠢ ᠪᠠᠯᠭᠠᠰᠤ ᠪᠠᠷ ᠭᠤᠤᠯ ᠪᠤᠯᠭᠠᠭᠰᠠᠨ30 ᠲᠦᠮᠡᠨ ᠲᠤᠯᠤᠭᠠᠢ ᠠᠯᠠᠰᠢᠨ ᠡᠯᠵᠢᠬᠡ ᠶᠢᠨ ᠠᠵᠤ ᠦᠢᠯᠡᠰ ᠤᠨ ᠬᠡᠰᠡᠭ ᠢ ᠵᠢᠭᠠᠵᠤ ᠪᠠᠶᠢᠨ᠎ᠠ ︔ ︽ᠬᠤᠶᠠᠷ ᠰᠠᠭᠤᠷᠢᠨ ᠭᠠᠵᠠᠷ︾ ᠬᠡᠳᠡᠭ ᠨᠢ ᠪᠦᠬᠦ ᠬᠤᠰᠢᠭᠤᠨ ᠤ100 ᠲᠦᠮᠡᠨ ᠰᠢᠯᠢᠳᠡᠭ ᠡᠬᠦᠯᠳᠡᠷ ᠤᠨ ᠬᠤᠨᠢᠨ ᠤ ᠠᠵᠤ ᠦᠢᠯᠡᠰ ᠤᠨ ᠰᠠᠭᠤᠷᠢᠨ ᠭᠠᠵᠠᠷ ᠪᠠ100 ᠲᠦᠮᠡᠨ ᠮᠤ᠋ ᠬᠡᠬᠡᠷ᠎ᠡ ᠶᠢᠨ ᠬᠦᠢᠯᠡᠰᠤᠨ ᠤᠢ ᠬᠦᠮᠦᠵᠢᠬᠦᠯᠬᠦ ᠰᠠᠭᠤᠷᠢᠨ ᠭᠠᠵᠠᠷ ᠢ ᠵᠢᠭᠠᠵᠤ ᠪᠠᠶᠢᠨ᠎ᠠ᠃    11᠂ ᠰᠤᠶᠤᠯ ᠵᠢᠭᠤᠯᠴᠢᠯᠠᠯ ᠤᠨ ︽ᠨᠢᠬᠡ ᠰᠡᠳᠬᠢᠯ ᠬᠤᠶᠠᠷ ᠵᠢᠬᠦᠷ︾᠄ ︽ᠨᠢᠬᠡ ᠰᠡᠳᠬᠢᠯ︾ ᠬᠡᠳᠡᠭ ᠨᠢ 305᠂ 303 ᠪᠠ ᠮᠤᠵᠢ ᠶᠢᠨ ᠵᠠᠮ105 ᠱᠤᠭᠤᠮ ᠲᠠᠭᠠᠤ ᠯᠢᠨᠳᠦ᠋ᠡᠭ ᠬᠤᠳᠠ ᠲᠤᠭᠤᠷᠢᠭ ᠪᠠᠷ ᠭᠤᠤᠯ ᠪᠤᠯᠭᠠᠭᠰᠠᠨ ᠬᠢᠳᠠᠨ ᠯᠢᠶᠤᠤ ᠶᠢᠨ ᠰᠤᠶᠤᠯ ᠵᠢᠭᠤᠯᠴᠢᠯᠠᠯ ᠤᠨ ᠲᠤᠭᠤᠷᠢᠭ ᠢ ᠵᠢᠭᠠᠵᠤ ᠪᠠᠶᠢᠨ᠎ᠠ︔ ︽ᠬᠤᠶᠠᠷ ᠵᠢᠬᠦᠷ︾ ᠬᠡᠳᠡᠭ ᠨᠢ ᠮᠤᠵᠢ ᠶᠢᠨ ᠵᠠᠮ 307 ᠱᠤᠭᠤᠮ ᠢᠶᠠᠷ ᠪᠠᠷᠠᠭᠤᠨ ᠵᠢᠬᠦᠷ ᠪᠤᠯᠭᠠᠭᠰᠠᠨ ᠹᠦ᠋ ᠡᠾᠧ ᠰᠤᠶᠤᠯ ᠤᠨ ᠠᠮᠢ ᠠᠬᠤᠢ ᠶᠢᠨ ᠵᠢᠭᠤᠯᠴᠢᠯᠠᠯ ᠤᠨ ᠤᠷᠤᠨ ᠪᠠ ᠯᠢᠨ ᠪᠠᠢ ᠨᠡᠷᠡᠬᠦᠰᠤ ᠲᠡᠭᠡᠭᠡᠬᠦ ᠲᠤᠰᠬᠠᠢ ᠵᠠᠮ ᠱᠤᠭᠤᠮ ᠢᠶᠠᠷ ᠵᠡᠬᠦᠨ ᠵᠢᠬᠦᠷ ᠪᠤᠯᠭᠠᠭᠰᠠᠨ ᠮᠤᠩᠭᠤᠯ ᠰᠤᠶᠤᠯ ᠤᠨ ᠲᠠᠯ᠎ᠠ ᠨᠤᠳᠤᠭ ᠤᠨ ᠠᠮᠢ ᠠᠬᠤᠢ ᠶᠢᠨ ᠵᠢᠭᠤᠯᠴᠢᠯᠠᠯ ᠤᠨ ᠤᠷᠤᠨ ᠢ ᠵᠢᠭᠠᠵᠤ ᠪᠠᠶᠢᠨ᠎ᠠ᠃     12᠂ ︽ᠬᠠᠷᠢᠮᠠᠬᠠᠢ ᠴᠢᠳᠠᠪᠬᠢᠳᠤ ᠬᠤᠳᠠ︾᠄ ᠰᠢᠨ᠎ᠡ ᠡᠷᠡᠨ ᠤ ᠬᠤᠳᠠ ᠶᠢᠨ ᠪᠤᠷᠤᠭᠠᠨ ᠦᠶᠡᠷ ᠤᠨ ᠰᠡᠷᠬᠡᠶᠢᠯᠡᠯᠳᠡ ᠬᠠᠮᠢᠶᠠᠷᠤᠯᠳᠠ ᠶᠢᠨ ᠲᠤᠬᠠᠢ ᠤᠶᠢᠯᠠᠭᠠᠭᠳᠠᠬᠤᠨ᠂ ᠲᠠᠷᠤᠢ ᠬᠤᠳᠠ ᠶᠢᠨ ᠤᠷᠴᠢᠨ ᠲᠤᠭᠤᠷᠢᠨ ᠤ ᠬᠤᠪᠢᠷᠠᠯᠳᠠ ᠪᠠ ᠪᠤᠷᠤᠭᠠᠨ ᠤᠰᠤᠨ ᠠᠴᠠ ᠪᠤᠯᠤᠭᠰᠠᠨ ᠪᠠᠶᠢᠭᠠᠯᠢ ᠶᠢᠨ ᠭᠠᠮᠰᠢᠭ ᠵᠡᠷᠬᠡ ᠲᠤᠯᠭᠠᠷᠠᠬᠤ ᠳᠤ ᠬᠠᠷᠢᠮᠠᠬᠠᠢ ᠴᠢᠨᠠᠷᠳᠠᠢ ᠲᠠᠢ ᠪᠠᠷ ᠵᠤᠬᠢᠴᠠᠬᠤ ᠶᠢ ᠬᠡᠯᠡᠨ᠎ᠡ᠂ ᠪᠠᠰᠠ ︽ᠬᠠᠷᠢᠮᠠᠬᠠᠢ ᠴᠢᠨᠠᠷᠳᠠᠢ ᠬᠤᠳᠠ︾ ᠬᠡᠳᠡᠭ᠃ ᠤᠯᠠᠨ ᠤᠯᠤᠰ  ᠤᠨ ᠨᠡᠶᠢᠳᠡ ᠪᠠᠷ ᠬᠡᠷᠡᠭᠯᠡᠵᠤ ᠪᠠᠶᠢᠭ᠎ᠠ ᠨᠡᠷ᠎ᠡ ᠲᠤᠮᠢᠶ᠎ᠠ ᠪᠠᠷ ᠪᠤᠯ ︽ᠲᠤᠤᠷ᠎ᠠ ᠨᠦᠯᠦᠬᠡ ᠪᠠᠷ ᠪᠤᠷᠤᠭᠠᠨ ᠤᠰᠤᠨ ᠤ ᠰᠢᠰᠲ᠋ᠧᠮ ᠡᠬᠦᠳᠤᠨ ᠪᠠᠶᠢᠭᠤᠯᠬᠤ︾ ᠬᠡᠳᠡᠭ᠂ ᠪᠤᠷᠤᠭᠠᠨ ᠤ ᠤᠰᠤ ᠲᠠᠳᠠᠵᠤ᠂ ᠬᠠᠳᠠᠭᠠᠯᠠᠵᠤ᠂ ᠨᠡᠪᠴᠢᠬᠡᠵᠤ᠂ ᠠᠷᠢᠭᠤᠳᠬᠠᠨ᠂ ᠴᠢᠬᠤᠯᠠᠳᠠᠢ ᠦᠷ᠎ᠡ ᠳᠤ ᠬᠠᠳᠠᠭᠠᠯᠠᠭᠰᠠᠨ ᠤᠰᠤ ᠶᠢ ᠲᠠᠯᠪᠢᠵᠤ ᠲᠠᠬᠢᠨ ᠠᠰᠢᠭᠯᠠᠨ᠎ᠠ᠃    13᠂ ︽ᠤᠶᠤᠨᠳᠤ ᠬᠤᠳᠠ︾᠄ ᠰᠤᠷᠠᠭ ᠵᠠᠩᠬᠢ ᠪᠠ ᠮᠡᠳᠡᠭᠡ ᠬᠤᠯᠪᠤᠭ᠎ᠠ ᠶᠢᠨ ᠮᠡᠷᠬᠡᠵᠢᠯ ᠠᠷᠭ᠎ᠠ ᠠᠪᠴᠠᠯ  ᠢᠶᠠᠷ ᠬᠤᠳᠠ ᠶᠢᠨ ᠠᠵᠢᠯᠯᠠᠭᠠᠨ ᠤ ᠭᠤᠤᠯ ᠰᠢᠰᠲ᠋ᠧᠮ ᠤᠨ ᠡᠯ᠎ᠡ ᠵᠦᠢᠯ ᠤᠨ ᠰᠤᠷᠠᠭ‌ᠵᠠᠩᠬᠢ ᠳᠤ ᠬᠡᠮᠵᠢᠯᠳᠡ ᠬᠢᠵᠤ᠂ ᠵᠠᠳᠠᠯᠤᠨ ᠰᠢᠨᠵᠢᠵᠤ᠂ ᠨᠢᠬᠡᠳᠦᠬᠦᠯᠦᠨ᠂ ᠠᠷᠠᠳ ᠤᠨ ᠠᠮᠢᠳᠤᠷᠠᠯ᠂ ᠤᠷᠴᠢᠨ ᠲᠤᠭᠤᠷᠢᠨ ᠤ ᠬᠠᠮᠠᠭᠠᠯᠠᠯᠳᠠ᠂ ᠤᠯᠠᠨ ᠨᠡᠶᠢᠳᠡ ᠶᠢᠨ ᠠᠮᠤᠷ ᠲᠦᠪᠰᠢᠨ᠂ ᠬᠤᠳᠠ ᠶᠢᠨ ᠦᠢᠯᠡᠴᠢᠯᠡᠭᠡ᠂ ᠦᠢᠯᠡᠳᠪᠦᠷᠢ ᠬᠤᠳᠠᠯᠳᠤᠭᠠᠨ ᠤ ᠦᠢᠯᠡᠰ ᠢ ᠪᠠᠭᠳᠠᠭᠠᠭᠰᠠᠨ ᠡᠯ᠎ᠡ ᠲᠠᠯ᠎ᠠ ᠶᠢᠨ ᠬᠡᠷᠡᠭᠴᠡᠭᠡ ᠳᠤ ᠤᠶᠤᠨᠴᠢ ᠪᠠᠷ ᠬᠠᠷᠢᠭᠤ ᠦᠭᠴᠤ᠂ ᠬᠤᠳᠠ ᠶᠢᠨ ᠤᠶᠤᠨᠴᠢ ᠬᠠᠮᠢᠶᠠᠷᠤᠯᠳᠠ ᠪᠠ ᠠᠵᠢᠯᠯᠠᠭᠠᠨ ᠢ ᠪᠡᠶᠡᠯᠡᠬᠦᠯᠵᠤ᠂ ᠬᠤᠳᠠ ᠶᠢᠨ ᠬᠦᠮᠦᠰ ᠲᠤ ᠨᠡᠩ ᠰᠠᠶᠢᠨ ᠰᠠᠶᠢᠬᠠᠨ ᠠᠮᠢᠳᠤᠷᠠᠯ ᠢ ᠡᠬᠦᠳᠤᠨ ᠦᠭᠴᠤ᠂ ᠬᠤᠳᠠ ᠶᠢᠨ ᠡᠶ᠎ᠡ ᠨᠠᠶᠢᠷᠠᠮᠳᠠᠭᠤ᠂ ᠦᠷᠬᠦᠯᠵᠢᠯᠡᠭᠰᠡᠨ ᠬᠦᠭᠵᠢᠯᠳᠡ ᠶᠢ ᠠᠬᠢᠭᠤᠯᠤᠨ᠎ᠠ᠃     14᠂ ︽ᠨᠢᠬᠡ ᠪᠦᠰᠡ ᠨᠢᠬᠡ ᠵᠠᠮ︾᠄ ︽ᠲᠤᠷᠭᠠᠨ ᠵᠠᠮ ᠤᠨ ᠠᠵᠤ ᠠᠬᠤᠢ ᠶᠢᠨ ᠪᠦᠰᠡ︾ ᠪᠠ ︽21 ᠳ᠋ᠦᠬᠡᠷ ᠵᠠᠭᠤᠨ ᠤ ᠲᠠᠯᠠᠢ ᠲᠡᠭᠡᠷᠡᠬᠢ ᠲᠤᠷᠭᠠᠨ ᠵᠠᠮ︾ ᠶᠢᠨ ᠲᠦᠬᠦᠮ ᠨᠡᠷᠡᠶᠢᠳᠦᠯ᠃     15᠂ ᠬᠠᠨᠭ᠍ᠭᠠᠯᠭ᠎ᠠ ᠶᠢᠨ ᠲᠠᠯ᠎ᠠ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ᠄ ᠬᠠᠨᠭ᠍ᠭᠠᠯᠭ᠎ᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠵᠤᠭᠰᠤᠴᠠ ᠠᠴᠠ᠂ ᠦᠬᠡᠷᠡᠴᠢᠯᠡᠯᠳᠡ ᠶᠢᠨ ᠠᠷᠭ᠎ᠠ ᠠᠪᠴᠠᠯ ᠢᠶᠠᠷ ᠪᠦᠳᠦᠴᠡ ᠶᠢᠨ ᠲᠤᠬᠢᠷᠠᠭᠤᠯᠤᠯᠳᠠ ᠶᠢ ᠠᠬᠢᠭᠤᠯᠵᠤ᠂ ᠡᠯᠧᠮᠧᠨ᠋ᠲ ᠶᠢᠨ                    ᠵᠠᠯᠠᠷᠠᠭᠤᠯᠵᠤ᠂ ᠪᠦᠳᠦᠮᠵᠢᠳᠡᠢ ᠬᠠᠨᠭ᠍ᠭᠠᠯᠭ᠎ᠠ ᠶᠢ ᠦᠷᠬᠡᠳᠬᠡᠨ᠂ ᠬᠠᠨᠭ᠍ᠭᠠᠯᠭ᠎ᠠ ᠶᠢᠨ ᠪᠦᠳᠦᠴᠡ ᠨᠢ ᠬᠡᠷᠡᠭᠴᠡᠬᠡᠨ ᠤ ᠬᠤᠪᠢᠷᠠᠯᠳᠠ ᠳᠤ ᠵᠤᠬᠢᠴᠠᠬᠤ ᠴᠢᠨᠠᠷ ᠪᠠ ᠠᠮᠢᠳᠤᠯᠢᠭ ᠴᠢᠨᠠᠷ ᠢ ᠲᠡᠭᠡᠭᠰᠢᠯᠡᠬᠦᠯᠦᠨ᠂ ᠪᠦᠬᠦ ᠡᠯᠧᠮᠧᠨ᠋ᠲ ᠶᠢᠨ ᠦᠢᠯᠡᠳᠪᠦᠷᠢᠯᠡᠯ ᠤᠨ ᠨᠤᠷᠮ᠎ᠠ ᠶᠢ ᠲᠡᠭᠡᠭᠰᠢᠯᠡᠬᠦᠯᠵᠤ᠂ ᠤᠯᠠᠨ ᠲᠦᠮᠡᠨ ᠤ ᠬᠡᠷᠡᠭᠴᠡᠭᠡ ᠶᠢ ᠬᠠᠨᠭ᠍ᠭᠠᠨ᠂ ᠠᠵᠤ ᠠᠬᠤᠢ ᠨᠡᠶᠢᠬᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃     16᠂ ︽ᠲᠠᠪᠤᠨ ᠶᠡᠭᠡ ᠬᠦᠭᠵᠢᠯᠳᠡ ᠶᠢᠨ ᠰᠡᠳᠬᠢᠮᠵᠢ︾᠄  ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠲᠡᠭᠡᠷ᠎ᠡ ᠲᠤᠷᠠᠳᠤᠭᠰᠠᠨ ︽ᠰᠢᠨ᠎ᠡ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ ᠂ ᠨᠡᠬᠡᠬᠡᠯᠳᠡ ᠲᠠᠢ᠂ ᠬᠠᠮᠳᠤ ᠪᠠᠷ ᠡᠳ᠋ᠯᠡᠬᠦ︾ ᠲᠠᠪᠤᠨ ᠶᠡᠭᠡ ᠬᠦᠭᠵᠢᠯᠳᠡ ᠶᠢᠨ ᠰᠡᠳᠬᠢᠮᠵᠢ ᠶᠢ ᠵᠢᠭᠠᠵᠤ ᠪᠠᠶᠢᠨ᠎ᠠ᠃     17᠂ ︽ᠲᠠᠪᠤᠨ ᠶᠡᠭᠡ ᠡᠬᠦᠷᠬᠡ︾᠄ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠲᠡᠭᠡᠷ᠎ᠡ 2016 ᠤᠨ ᠤ ᠠᠵᠤ ᠠᠬᠤᠢ ᠶᠢᠨ ᠠᠵᠢᠯ ᠳᠤ ᠬᠠᠨᠳᠤᠭᠤᠯᠵᠤ ᠲᠤᠷᠠᠳᠤᠭᠰᠠᠨ ︽            ᠬᠠᠳᠠᠭᠠᠯᠠᠮᠵᠢ ᠶᠢ ᠪᠠᠭ᠋ᠠᠰᠭᠠᠨ᠂ ᠬᠦᠰᠢᠬᠦᠷᠬᠡ ᠶᠢ     18᠂ ︽ᠲᠠᠪᠤᠨ ᠲᠦᠷᠦᠯ ᠤᠨ ᠭᠤᠤᠯᠳᠠᠯᠭ᠎ᠠ ᠲᠠᠢ ᠠᠵᠢᠯ︾᠄ ᠬᠤᠰᠢᠭᠤ ᠨᠠᠮ ᠤᠨ ᠬᠤᠷᠢᠶ᠎ᠠ ᠶᠢᠨ ᠠᠷᠪᠠᠨ ᠲᠦᠷᠪᠡᠳᠤᠭᠡᠷ ᠬᠤᠭᠤᠴᠠᠭᠠᠨ ᠤ ᠨᠠᠢᠮᠠᠳᠤᠭᠠᠷ ᠪᠦᠬᠦ ᠬᠤᠷᠠᠯ ᠲᠡᠭᠡᠷ᠎ᠡ ᠲᠤᠷᠠᠳᠤᠭᠰᠠᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ︽ᠠᠮᠢ ᠠᠬᠤᠢ ᠤᠷᠴᠢᠨ ᠲᠤᠭᠤᠷᠢᠨ ᠢ ᠲᠡᠷᠢᠬᠦᠨ ᠳᠤ ᠲᠠᠯᠪᠢᠬᠤ᠂ ᠠᠵᠤ ᠦᠢᠯᠡᠰ ᠤᠨ ᠤᠷᠤᠯᠭ᠎ᠠ ᠶᠢ ᠨᠡᠮᠡᠭᠳᠡᠬᠦᠯᠵᠤ ᠠᠷᠠᠳ ᠢ ᠪᠠᠶᠠᠵᠢᠭᠤᠯᠬᠤ᠂ ᠠᠵᠤ ᠦᠢᠯᠡᠳᠪᠦᠷᠢ ᠶᠢ ᠪᠤᠵᠠᠭᠠᠶᠢᠷᠠᠭᠤᠯᠵᠤ  ᠬᠦᠴᠦᠷᠬᠡᠭᠵᠢᠬᠦᠯᠬᠦ  ᠂ ᠰᠤᠶᠤᠯ ᠵᠢᠭᠤᠯᠴᠢᠯᠠᠯ ᠢ ᠬᠦᠭᠵᠢᠬᠦᠯᠬᠦ᠂ ᠬᠤᠳᠠ ᠬᠦᠳᠡᠭᠡ ᠶᠢ ᠨᠢᠬᠡᠳᠤᠯᠳᠡᠢ ᠲᠦᠯᠦᠪᠯᠡᠨ ᠬᠦᠭᠵᠢᠬᠦᠯᠬᠦ︾ ᠵᠡᠷᠬᠡ ᠲᠠᠪᠤᠨ ᠲᠦᠷᠦᠯ ᠤᠨ ᠭᠤᠤᠯᠳᠠᠯᠭ᠎ᠠ ᠲᠠᠢ ᠠᠵᠢᠯ ᠢ ᠵᠢᠭᠠᠵᠤ ᠪᠠᠶᠢᠨ᠎ᠠ᠃     19᠂ ︽ᠨᠠᠷᠢᠯᠢᠭ ᠤᠨᠤᠪᠴᠢᠳᠠᠢ ᠶᠠᠳᠠᠭᠤ ᠶᠢ ᠲᠡᠳᠬᠦᠬᠦ︾᠄ ᠶᠠᠳᠠᠭᠤ ᠬᠦᠴᠢᠷᠳᠡᠯᠳᠡᠢ ᠭᠠᠵᠠᠷ ᠤᠷᠤᠨ ᠤ ᠠᠳᠠᠯᠢ ᠪᠤᠰᠤ ᠤᠷᠴᠢᠨ ᠲᠤᠭᠤᠷᠢᠨ᠂ ᠶᠠᠳᠠᠭᠤ ᠬᠦᠴᠢᠷᠳᠡᠯᠳᠡᠢ ᠮᠠᠯᠴᠢᠨ ᠲᠠᠷᠢᠶᠠᠴᠢᠨ ᠡᠷᠦᠬᠡ ᠶᠢᠨ ᠠᠳᠠᠯᠢ ᠪᠤᠰᠤ ᠪᠠᠶᠢᠳᠠᠯ ᠳᠤ ᠴᠢᠭᠯᠡᠬᠦᠯᠵᠤ᠂ ᠰᠢᠨᠵᠢᠯᠡᠬᠦ ᠤᠬᠠᠭᠠᠨᠴᠢ ᠪᠦᠳᠦᠮᠵᠢᠳᠡᠢ ᠶᠠᠪᠤᠴᠠ ᠪᠠᠷ ᠲᠡᠳᠬᠦᠬᠦ ᠡᠳᠡᠭᠡᠳ ᠳᠤ ᠨᠠᠷᠢᠯᠢᠭ ᠤᠨᠤᠪᠴᠢᠳᠠᠢ ᠢᠯᠭᠠᠨ ᠲᠠᠨᠢᠵᠤ᠂ ᠨᠠᠷᠢᠯᠢᠭ ᠤᠨᠤᠪᠴᠢᠳᠠᠢ ᠬᠠᠪᠰᠤᠷᠠᠨ ᠲᠡᠳᠬᠦᠵᠤ᠂ ᠨᠠᠷᠢᠯᠢᠭ ᠤᠨᠤᠪᠴᠢᠳᠠᠢ ᠬᠠᠮᠢᠶᠠᠷᠤᠯᠳᠠ ᠬᠢᠬᠦ ᠶᠠᠳᠠᠭᠤ ᠶᠢ ᠲᠡᠳᠬᠦᠬᠦ ᠠᠷᠭ᠎ᠠ ᠶᠢ ᠵᠢᠭᠠᠵᠤ ᠪᠠᠶᠢᠨ᠎ᠠ᠃     20᠂ ︽ᠭᠤᠷᠪᠠ ᠶᠢ ᠲᠤᠰᠬᠤᠨ ᠡᠷᠦᠬᠡ ᠳᠤ ᠬᠦᠷᠬᠡᠬᠦ︾᠄ ᠶᠠᠳᠠᠭᠤ ᠶᠢ ᠲᠡᠳᠬᠦᠬᠦ ᠳᠤ ︽ᠲᠦᠯᠦᠪᠵᠢᠬᠦᠯᠬᠡ ᠶᠢ ᠲᠤᠰᠬᠤᠨ ᠡᠷᠦᠬᠡ ᠬᠦᠷᠬᠡᠬᠦ᠂ ᠲᠦᠷᠦᠯ ᠵᠦᠢᠯ ᠢ ᠲᠤᠰᠬᠤᠨ ᠡᠷᠦᠬᠡ ᠳᠤ ᠬᠦᠷᠬᠡᠬᠦ᠂ ᠺᠠᠳ᠋ᠷ ᠢ ᠲᠤᠰᠬᠤᠨ ᠡᠷᠦᠬᠡ ᠳᠤ ᠬᠦᠷᠬᠡᠬᠦ︾ ᠶᠢ ᠵᠢᠭᠠᠵᠤ ᠪᠠᠶᠢᠨ᠎ᠠ᠃     21᠂ ︽ᠵᠢᠬᠡᠯᠡᠯᠬᠡ ᠪᠠᠷ ᠶᠠᠳᠠᠭᠤ ᠶᠢ ᠲᠡᠳᠬᠦᠬᠦ︾᠄ ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠲᠡᠳᠬᠦᠬᠦ ᠠᠯᠪᠠᠨ ᠬᠡᠷ ᠪᠤᠯᠤᠨ ᠲᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠦᠬᠡᠬᠤᠳᠠ ᠳᠠᠬᠢ ᠭᠤᠤᠯ ᠰᠠᠯᠪᠦᠷᠢ ᠪᠠᠩᠬᠢ ᠲᠠᠢ ᠬᠤᠷᠰᠢᠨ᠂ ᠵᠦᠡᠭ ᠬᠤᠸᠠ ᠬᠤᠯᠪᠤᠭᠠᠳᠤ ᠡᠳ᠋ ᠬᠦᠷᠦᠩᠬᠡ ᠶᠢᠨ ᠲᠠᠭᠠᠳᠬᠠᠯ ᠤᠨ ᠦᠪᠦᠷ ᠮᠤᠩᠭᠤᠯ ᠤᠨ ᠬᠤᠪᠢᠶᠠᠷᠢ ᠺᠤᠮᠫᠠᠨᠢ ᠢ ᠤᠷᠢᠨ ᠤᠷᠤᠭᠤᠯᠵᠤ᠂ ᠲᠤᠮᠳᠠᠳᠤ ᠤᠯᠤᠰ ᠤᠨ ᠠᠷᠠᠳ ᠤᠨ ᠪᠠᠩᠬᠢ ᠶᠢ ᠠᠰᠢᠭᠯᠠᠨ ᠲᠠᠷᠢᠶᠠᠯᠠᠩ ᠢ ᠲᠡᠮᠵᠢᠨ᠂ ᠪᠠᠭ᠎ᠠ ᠵᠢᠵᠢᠭ ᠠᠵᠤ ᠠᠬᠤᠶᠢᠯᠠᠯ ᠢ ᠲᠡᠮᠵᠢᠨ᠂ ᠲᠠᠬᠢᠨ ᠵᠢᠬᠡᠯᠡᠯᠬᠡ ᠲᠠᠯᠪᠢᠬᠤ ᠮᠦᠡᠭᠬᠦᠨ ᠬᠦᠯᠬᠡᠬᠡ ᠶᠠᠳᠠᠭᠤ ᠶᠢ ᠲᠡᠳᠬᠦᠬᠦ ᠶᠢ ᠵᠢᠭᠠᠵᠤ ᠪᠠᠶᠢᠨ᠎ᠠ᠃     22᠂ ᠠᠮᠤ ᠪᠤᠳᠠᠭᠠᠨ ᠤ ᠪᠦᠳᠦᠴᠡ ᠶᠢᠨ ᠦᠬᠡᠷᠡᠴᠢᠯᠡᠯᠳᠡ᠄ ᠲᠠᠷᠢᠶᠠᠯᠠᠩ ᠤᠨ ᠪᠦᠳᠦᠴᠡ ᠶᠢᠨ ᠲᠤᠬᠢᠷᠠᠭᠤᠯᠬᠤ ᠶᠠᠪᠤᠴᠠ ᠳᠤ᠂ ᠠᠮᠤ ᠪᠤᠳᠠᠭ᠎ᠠ᠂ ᠠᠵᠤ ᠠᠬᠤᠢ ᠶᠢᠨ ᠵᠦᠢᠯᠡᠰ ᠤᠨ ᠬᠤᠶᠠᠷ ᠡᠰᠢᠳᠤ ᠪᠦᠳᠦᠴᠡ ᠶᠢ ᠦᠬᠡᠷᠡᠴᠢᠯᠡᠬᠡᠳ ᠠᠮᠤ ᠪᠤᠳᠠᠭ᠎ᠠ᠂ ᠠᠵᠤ ᠠᠬᠤᠢ ᠶᠢᠨ ᠵᠦᠢᠯᠡᠰ᠂ ᠪᠤᠷᠳᠤᠭ᠎ᠠ ᠶᠢᠨ ᠭᠤᠷᠪᠠᠨ ᠡᠰᠢᠳᠤ ᠪᠦᠳᠦᠴᠡ ᠪᠤᠯᠭᠠᠬᠤ ᠶᠢ ᠵᠢᠭᠠᠵᠤ ᠪᠠᠶᠢᠨ᠎ᠠ᠃     23᠂ ︽ᠲᠡᠯᠡᠬᠡᠢ ᠶᠢᠨ ᠰᠤᠶᠤᠯ ᠤᠨ ᠦᠯᠡᠳᠡᠭᠳᠡᠯ ᠳᠤ ᠭᠤᠶᠤᠴᠢᠯᠠᠬᠤ︾᠄ ᠲᠡᠯᠡᠬᠡᠢ ᠶᠢᠨ ᠤᠯᠤᠰ ᠪᠠ ᠭᠠᠵᠠᠷ ᠤᠷᠤᠨ ᠨᠢ ᠲᠤᠬᠠᠢ ᠶᠢᠨ ᠭᠠᠵᠠᠷ ᠤᠷᠤᠨ ᠤ ᠶᠠᠮᠠᠷ ᠨᠢᠬᠡᠨ ᠤᠨᠴᠠᠭᠠᠢ ᠦᠯᠡᠳᠡᠭᠳᠡᠯ ᠦᠷᠳᠡᠭ ᠢᠶᠠᠷ ᠢᠶᠠᠨ ᠤᠯᠠᠨ ᠤᠯᠤᠰ ᠤᠨ ᠬᠤᠯᠪᠤᠭᠠᠳᠤ ᠪᠠᠶᠢᠭᠤᠯᠤᠯᠳᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠳᠠ ᠶᠢᠨ ᠦᠪ ᠬᠦᠷᠦᠩᠬᠡ ᠶᠢᠨ ᠵᠦᠪᠯᠡᠯ ᠳᠤ ᠲᠡᠯᠡᠬᠡᠢ ᠶᠢᠨ ᠦᠪ ᠬᠦᠷᠦᠩᠬᠡ ᠶᠢᠨ ᠡᠩᠨᠡᠬᠡᠨ  ᠳᠤ ᠤᠷᠤᠬᠤ ᠪᠠᠷ ᠭᠤᠶᠤᠴᠢᠯᠠᠬᠤ ᠶᠢ ᠵᠢᠭᠠᠵᠤ ᠪᠠᠶᠢᠨ᠎ᠠ᠃     24᠂ ︽ᠬᠦᠯᠳᠡᠬᠦᠤ ᠢᠳᠡᠬᠡᠨ ᠤ ᠪᠤᠳᠠᠰ ᠤᠨ ᠬᠦᠢᠯᠬᠡᠬᠡ︾᠄ ᠬᠦᠢᠳᠡᠨ ᠬᠦᠯᠳᠡᠬᠦᠤ ᠢᠳᠡᠬᠡᠨ ᠢ ᠦᠢᠯᠡᠳᠪᠦᠷᠢᠯᠡᠵᠤ᠂ ᠬᠠᠳᠠᠭᠠᠯᠠᠵᠤ ᠵᠦᠬᠡᠬᠡᠪᠦᠷᠢᠯᠡᠬᠦ᠂ ᠪᠤᠷᠤᠯᠠᠭᠤᠯᠬᠤ ᠠᠴᠠ ᠬᠡᠷᠡᠭᠯᠡᠬᠡᠨ ᠠᠴᠠ ᠡᠮᠤᠨᠡᠬᠢ ᠡᠯ᠎ᠡ ᠭᠤᠨᠴᠤᠭᠠᠨ ᠳᠤ ᠲᠤᠭᠳᠠᠭᠠᠯ ᠳᠠᠬᠢ ᠲᠤᠤᠷ᠎ᠠ ᠲᠤᠯᠠᠭᠠᠨ ᠤ ᠤᠷᠴᠢᠨ ᠲᠤᠭᠤᠷᠢᠨ ᠳᠤ ᠪᠠᠶᠢᠯᠭᠠᠵᠤ ᠢᠳᠡᠬᠡᠨ ᠤ ᠴᠢᠨᠠᠷ ᠴᠢᠨᠰᠠᠭ᠎ᠠ ᠶᠢ ᠪᠠᠳᠤᠯᠠᠵᠤ᠂ ᠢᠳᠡᠬᠡᠨ ᠤ ᠬᠤᠷᠤᠭᠳᠠᠯ ᠰᠦᠢᠳᠦᠯ ᠢ ᠪᠠᠭᠠᠰᠬᠠᠬᠤ ᠨᠢᠬᠡ ᠵᠦᠢᠯ ᠤᠨ ᠰᠢᠰᠲ᠋ᠧᠮᠳᠤ ᠢᠨᠵᠧᠨᠧᠷᠢᠩ᠂ ᠬᠦᠯᠳᠡᠬᠡᠬᠦ ᠭᠠᠷ ᠤᠷᠠᠯᠠᠯ ᠢᠶᠠᠷ ᠰᠠᠭᠤᠷᠢ ᠪᠤᠯᠭᠠᠵᠤ᠂ ᠬᠦᠯᠳᠡᠬᠡᠬᠦ ᠮᠡᠷᠬᠡᠵᠢᠯ ᠢᠶᠠᠷ ᠭᠠᠷ ᠪᠠᠷᠢᠯ ᠪᠤᠯᠭᠠᠭᠰᠠᠨ ᠲᠤᠤᠷ᠎ᠠ ᠲᠤᠯᠠᠭᠠᠨᠳᠤ ᠪᠤᠳᠠᠰ ᠤᠨ ᠬᠦᠢᠯᠬᠡᠬᠡᠨ ᠤ ᠶᠠᠪᠤᠴᠠ᠃     25᠂ ᠲᠦᠬᠡᠮᠡᠯ ᠬᠠᠷᠠᠭᠠᠯᠵᠠᠬᠤ ᠮᠦᠡᠭᠬᠦᠨ ᠬᠦᠢᠯᠬᠡᠬᠡ᠄ ᠪᠦᠳᠦᠮᠵᠢᠳᠡᠢ᠂ ᠪᠦᠬᠦ ᠲᠠᠯ᠎ᠠ ᠪᠠᠷ ᠨᠡᠶᠢᠬᠡᠮ ᠤᠨ ᠡᠯ᠎ᠡ ᠲᠠᠪᠬᠤᠷᠭ᠎ᠠ ᠪᠠ ᠤᠯᠠᠨ ᠲᠦᠮᠡᠨ ᠳᠤ ᠦᠢᠯᠡᠴᠢᠯᠡᠭᠡ ᠬᠠᠨᠭ᠍ᠭᠠᠬᠤ ᠮᠦᠡᠭᠬᠦᠨ ᠤ ᠬᠦᠢᠯᠬᠡᠬᠡᠨ ᠤ ᠲᠤᠭᠳᠠᠯᠴᠠᠭ᠎ᠠ  ᠶᠢ ᠵᠢᠭᠠᠵᠤ ᠪᠠᠶᠢᠨ᠎ᠠ᠂ ᠦᠨᠡᠨ ᠳᠤ ᠪᠠᠨ ᠠᠷᠠᠳ ᠢᠷᠬᠡᠳ ᠳᠤ ᠨᠬᠠᠭ᠌ ᠤᠯᠠᠨ ᠮᠦᠡᠭᠬᠦᠨ ᠬᠦᠢᠯᠬᠡᠬᠡᠨ ᠤ ᠦᠢᠯᠡᠴᠢᠯᠡᠭᠡ ᠬᠦᠷᠳᠡᠬᠡᠵᠤ  ᠂ ᠪᠤᠳᠠᠳᠤ ᠠᠵᠤ ᠠᠬᠤᠢ ᠶᠢᠨ ᠬᠦᠭᠵᠢᠯᠳᠡ ᠶᠢ ᠲᠡᠮᠵᠢᠬᠦᠯᠦᠨ᠎ᠡ᠃     26᠂ ︽ᠬᠤᠶᠠᠷ ᠬᠡᠣᠬᠡᠳ︾᠄ ᠡᠷ᠎ᠡ ᠡᠮ᠎ᠡ ᠬᠤᠶᠠᠭᠤᠯᠠ ᠬᠤᠶᠠᠷ ᠬᠡᠤᠬᠡᠳ ᠲᠦᠷᠤᠵᠤ ᠪᠤᠯᠬᠤ ᠲᠦᠷᠦ ᠶᠢᠨ ᠪᠤᠳᠤᠯᠭ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号