ᠬᠤᠶᠠᠷ᠂ 2017 ᠣᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠣᠯ ᠡᠭᠦᠷᠭᠡ | ᠲᠦᠯᠦᠭᠡᠯᠡᠭᠴᠢᠳ ᠡ᠂ ᠦᠨᠦ ᠵᠢᠯ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠠᠮᠵᠢᠯᠲᠠ ᠲᠠᠢ | ᠬᠤᠷᠠᠯᠳᠤᠭᠤᠯᠬᠤ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ | ᠣᠢ ᠶᠢᠨ ᠪᠠᠶᠠᠷ ᠢ ᠪᠡᠯᠭᠡᠯᠡᠬᠦ ᠪᠠᠶᠠᠷᠲᠤ ᠴᠠᠭ ᠮᠦᠴᠡ ᠪᠠᠶᠢᠵᠤ᠂ ᠮᠦᠨ ᠴᠦ ᠨᠠᠮ ᠤᠨ ᠠᠷᠪᠠ ᠨᠠᠢᠮᠠᠳᠤᠭᠠᠷ | ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ | ᠨᠠᠮ ᠤᠨ ᠲᠦᠯᠦᠭᠡᠯᠡᠭᠴᠢᠳ ᠤᠨ ᠬᠤᠷᠠᠯ᠂ ᠬᠤᠲᠠ ᠶᠢᠨ ᠳᠤᠯᠤᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ | ᠤᠨ ᠬᠤᠷᠠᠯ ᠵᠢᠴᠢ ᠬᠤᠰᠢᠭᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠬᠤ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠨᠡᠩ ᠴᠦ ᠮᠠᠨ | ᠤ ᠬᠤᠰᠢᠭᠤ ᠬᠠᠩᠭᠠᠯᠭ᠎ᠠ ᠲᠡᠰᠢ ᠬᠡᠯᠪᠡᠶᠢᠬᠦ ᠪᠦᠲᠦᠴᠡᠲᠦ ᠦᠭᠡᠷᠡᠴᠢᠯᠡᠯᠲᠡ ᠶᠢ ᠠᠬᠢᠭᠤᠯᠵᠤ᠂ ᠶᠠᠳᠠᠭᠤ ᠠᠴᠠ | ᠠᠩᠭᠢᠵᠢᠷᠠᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠪᠲᠤᠯᠤᠯᠲᠠ ᠶᠢᠨ ᠨᠢᠭᠡ ᠵᠢᠯ ᠪᠣᠯᠤᠨ᠎ᠠ | ᠃ ᠦᠨᠦ ᠵᠢᠯ ᠤᠨ ᠠᠵᠢᠯ ᠢ ᠰᠠᠶᠢᠲᠤᠷ ᠪᠡᠶᠡᠯᠡᠭᠦᠯᠬᠦ ᠪᠣᠯ ᠵᠠᠩᠭᠢᠯᠠᠭ᠎ᠠ ᠶᠤᠮ᠃ ᠪᠢᠳᠡ ᠠᠰᠢᠭᠲᠠᠢ ᠨᠦᠬᠦᠴᠡᠯ ᠪᠠ | ᠢᠳᠡᠪᠬᠢᠲᠠᠢ ᠡᠯᠧᠮᠧᠨ᠋ᠲ ᠢ ᠭᠦᠢᠴᠡᠳ ᠣᠯᠵᠤ ᠬᠠᠷᠠᠬᠤ ᠶᠢᠨ ᠬᠠᠮᠲᠤ ᠪᠠᠰᠠ ᠬᠦᠴᠢᠷ ᠪᠡᠷᠬᠡᠰᠢᠶᠡᠯ ᠪᠣᠯᠤᠨ | ᠦᠷᠢᠰᠦᠯᠳᠦᠭᠡᠨ ᠢ ᠲᠠᠨᠢᠵᠤ᠂ ᠢᠲᠡᠭᠡᠯ ᠵᠣᠷᠢᠭ ᠢᠶᠠᠨ ᠬᠦᠪᠴᠢᠯᠡᠨ᠂ ᠠᠵᠠ ᠳᠣᠬᠢᠶᠠᠯ ᠢ ᠠᠳᠬᠤᠵᠤ᠂ | ᠦᠷᠢᠰᠦᠯᠳᠦᠭᠡᠨ ᠢ ᠰᠦᠷᠢᠨ᠂ ᠰᠢᠨ᠎ᠡ ᠰᠢᠪᠲᠤᠯᠤᠯᠲᠠ ᠶᠢ ᠡᠷᠢᠯᠬᠢᠯᠡᠵᠦ᠂ ᠪᠦᠬᠦ ᠬᠤᠰᠢᠭᠤᠨ ᠤ ᠠᠵᠤ ᠠᠬᠤᠢ | ᠨᠡᠶᠢᠭᠡᠮ ᠤᠨ ᠬᠦᠭᠵᠢᠯᠲᠡ ᠶᠢᠨ ᠰᠢᠨ᠎ᠡ ᠪᠠᠶᠢᠳᠠᠯ ᠢ ᠡᠭᠦᠳᠦᠨ᠎ᠡ᠃ | ᠦᠨᠦ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠳᠡᠭᠡᠳᠦ ᠭᠤᠷᠪᠠᠨ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠷᠢᠰ ᠬᠤᠷᠠᠯ ᠤᠨ ᠵᠣᠷᠢᠭ ᠰᠠᠨᠠᠭ᠎ᠠ ᠪᠣᠯᠤᠨ ᠬᠤᠰᠢᠭᠤ | ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠲᠣᠭᠲᠠᠭᠤᠨ ᠤ ᠳᠤᠮᠳᠠ ᠠᠬᠢᠭᠤᠯᠬᠤ ᠠᠵᠢᠯ ᠤᠨ ᠭᠤᠣᠯ ᠰᠠᠨᠠᠭ᠎ᠠ ᠶᠢ | ᠪᠠᠷᠢᠮᠲᠠᠯᠠᠨ᠂ ᠲᠦᠷᠦᠯ ᠵᠦᠢᠯ ᠢ ᠪᠦᠲᠦᠭᠡᠨ ᠪᠠᠶᠢᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ︽ᠬᠤᠶᠠᠷ ᠶᠡᠭᠡ | ᠰᠡᠳᠦᠪ︾ ᠤᠨ ᠲᠣᠭᠤᠷᠢᠨ ᠳᠤ᠂ ︽ᠲᠠᠪᠤᠨ ᠶᠡᠭᠡ ᠭᠤᠤᠯᠳᠠᠯᠭ᠎ᠠ ᠲᠠᠢ ᠠᠵᠢᠯ︾ ᠢ ᠠᠬᠢᠭᠤᠯᠵᠤ᠂ ᠬᠦᠭᠵᠢᠯᠲᠡ᠂ | ᠠᠮᠢ ᠠᠬᠤᠢ ᠵᠢᠴᠢ ᠠᠷᠠᠳ ᠤᠨ ᠠᠮᠢᠳᠤᠷᠠᠯ ᠵᠡᠷᠭᠡ ︽ᠭᠤᠷᠪᠠᠨ ᠦᠨᠳᠦᠰᠦᠨ ᠪᠠᠲᠤᠯᠠᠭ᠎ᠠ︾ ᠶᠢ ᠠᠳᠬᠤᠵᠤ᠂ ᠠᠵᠤ | ᠦᠢᠯᠡᠳᠪᠦᠷᠢᠵᠢᠯᠡᠯᠲᠡ᠂ ᠰᠤᠷᠠᠭ ᠵᠠᠩᠬᠢᠴᠢᠯᠠᠯᠲᠠ᠂ ᠬᠤᠲᠠ ᠪᠠᠯᠭᠠᠰᠤᠵᠢᠯᠲᠠ᠂ ᠲᠠᠷᠢᠶᠠᠯᠠᠩ ᠮᠠᠯ ᠠᠵᠤ ᠠᠬᠤᠢ ᠶᠢᠨ | ᠣᠳᠤᠬᠢᠴᠢᠯᠠᠯᠲᠠ ᠵᠢᠴᠢ ᠨᠣᠭᠤᠭᠠᠷᠠᠭᠤᠯᠤᠯᠲᠠ ᠶᠢ ᠵᠡᠷᠭᠡᠪᠡᠷ ᠬᠦᠭᠵᠢᠭᠦᠯᠦᠨ᠂ ᠦᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠠᠤᠯᠢ ᠪᠠᠷ ᠬᠤᠰᠢᠭᠤ ᠪᠠᠨ ᠵᠠᠰᠠᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠨᠡᠩ | ᠴᠢᠨᠠᠷᠯᠢᠭ᠂ ᠨᠡᠩ ᠤᠷᠲᠦ ᠤᠳᠠᠭᠠᠨ᠂ ᠨᠡᠩ ᠦᠷ᠎ᠡ ᠪᠦᠲᠦᠮᠵᠢ ᠲᠠᠢ᠂ ᠨᠡᠩ ᠡᠷᠬᠡ ᠲᠡᠭᠰᠢ ᠬᠦᠭᠵᠢᠯᠲᠡ ᠶᠢ | ᠠᠬᠢᠭᠤᠯᠤᠨ᠎ᠠ᠃ ᠵᠢᠱᠢᠭᠰᠡᠨ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ | ᠢ 141 ᠳ᠋ᠦᠩᠰᠢᠭᠤᠷ ᠲᠦᠭᠦᠷᠢᠭ ᠪᠡᠶᠡᠯᠡᠭᠦᠯᠵᠦ᠂ 8% ᠪᠠᠷ ᠨᠡᠮᠡᠭᠳᠡᠭᠦᠯᠦᠨ᠎ᠡ︔ ᠣᠯᠠᠨ ᠨᠡᠶᠢᠲᠡ ᠶᠢᠨ ᠡᠳ᠋ ᠤᠨ | ᠵᠠᠰᠠᠭ ᠤᠨ ᠲᠦᠰᠦᠪ ᠤᠨ ᠣᠷᠤᠯᠭ᠎ᠠ ᠶᠢ 6 ᠳ᠋ᠦᠩᠰᠢᠭᠤᠷ ᠲᠦᠭᠦᠷᠢᠭ ᠪᠡᠶᠡᠯᠡᠭᠦᠯᠵᠦ᠂ 8% ᠪᠠᠷ ᠨᠡᠮᠡᠭᠳᠡᠭᠦᠯᠦᠨ᠎ᠡ︔ | ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ 122 ᠳ᠋ᠦᠩᠰᠢᠭᠤᠷ ᠲᠦᠭᠦᠷᠢᠭ ᠪᠡᠶᠡᠯᠡᠭᠦᠯᠵᠦ᠂ 16% | ᠪᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢ | 47 ᠳ᠋ᠦᠩᠰᠢᠭᠤᠷ ᠲᠦᠭᠦᠷᠢᠭ ᠪᠡᠶᠡᠯᠡᠭᠦᠯᠵᠦ᠂ 11% ᠪᠠᠷ ᠨᠡᠮᠡᠭᠳᠡᠭᠦᠯᠦᠨ᠎ᠡ︔ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠬᠤᠪᠢᠶᠠᠷᠢᠯᠠᠵᠤ ᠪᠣᠯᠬᠤ ᠣᠷᠤᠯᠭ᠎ᠠ ᠶᠢ 26610 ᠲᠦᠭᠦᠷᠢᠭ ᠪᠠ | 9330 ᠲᠦᠭᠦᠷᠢᠭ ᠲᠤ ᠬᠦᠷᠭᠡᠵᠦ᠂ ᠲᠤᠰ ᠪᠦᠷᠢ 10% ᠪᠠᠷ ᠨᠡᠮᠡᠭᠳᠡᠭᠦᠯᠦᠨ᠎ᠡ᠃ | ᠲᠡᠭᠡᠷ᠎ᠡ ᠲᠤᠷᠠᠳᠤᠭᠰᠠᠨ ᠬᠠᠷᠠᠯᠳᠠ ᠶᠢ ᠪᠡᠶᠡᠯᠡᠭᠦᠯᠬᠦ ᠳᠤ᠂ ᠦᠨᠦ ᠵᠢᠯ ᠪᠢᠳᠡ ᠲᠤᠤᠷᠠᠬᠢ ᠵᠢᠷᠭᠤᠭᠠᠨ ᠲᠠᠯ᠎ᠠ ᠶᠢᠨ | ᠠᠵᠢᠯ ᠢ ᠰᠠᠶᠢᠳᠤᠷ ᠪᠡᠶᠡᠯᠡᠭᠦᠯᠬᠦ ᠬᠡᠷᠡᠭᠲᠡᠢ᠄ | ︵ᠨᠢᠭᠡ︶ ᠲᠦᠷᠦᠯ ᠵᠦᠢᠯ ᠤᠨ ᠳᠠᠶᠢᠴᠢᠯᠠᠬᠤ ᠬᠦᠴᠦᠨ ᠢ ᠴᠢᠩᠭᠠᠳᠬᠠᠵᠤ᠂ ᠪᠦᠲᠦᠮᠵᠢᠲᠠᠢ ᠪᠡᠯᠡ | ᠣᠷᠤᠭᠤᠯᠤᠯᠲᠠ ᠶᠢ ᠦᠷᠭᠡᠳᠬᠡᠨ᠂ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠦᠨ᠎ᠡ | ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠠᠵᠤ ᠠᠬᠤᠢ ᠶᠢ ᠬᠦᠭᠵᠢᠭᠦᠯᠬᠦ ᠵᠠᠩᠭᠢᠯᠠᠭ᠎ᠠ ᠪᠣᠯᠭᠠᠵᠤ᠂ ᠪᠦᠬᠦ ᠵᠢᠯ ᠳᠤ᠂ 5000 | ᠲᠦᠮᠡᠨ ᠲᠦᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ ᠵᠦᠢᠯ 81 ᠶᠢ ᠪᠠᠶᠢᠭᠤᠯᠤᠨ᠂ ᠡᠭᠦᠨ ᠤ | ᠳᠤᠲᠤᠷ᠎ᠠ᠄ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ 12 ᠪᠠᠶᠢᠵᠤ᠂ ᠵᠢᠯ ᠳᠤ 24.3 | ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ᠎ᠠ᠃ ᠦᠩᠭᠡᠲᠦ ᠲᠡᠮᠦᠷᠯᠢᠭ ᠤᠨ ᠠᠵᠤ ᠦᠢᠯᠡᠰ ᠤᠨ ᠲᠠᠯ᠎ᠠ ᠪᠠᠷ᠂ | ᠢᠦᠢ ᠪᠠᠩ ᠠᠭᠤᠷᠬᠠᠢ ᠶᠢᠨ ᠡᠳᠦᠷ ᠲᠤ 5000 ᠳᠤᠨ ᠮᠦᠩᠭᠦ ᠲᠤᠭᠤᠯᠭ᠎ᠠ ᠶᠢᠨ ᠬᠦᠳᠡᠷ ᠰᠢᠯᠢᠬᠦ᠂ ᠾᠧᠩ ᠲᠦᠩ | ᠠᠷᠠᠯᠵᠢᠶ᠎ᠠ ᠬᠤᠳᠠᠯᠳᠤᠭᠠᠨ ᠤ ᠡᠳᠦᠷ ᠲᠤ 1000 ᠳᠤᠨ ᠲᠤᠭᠤᠯᠭ᠎ᠠ ᠴᠠᠶᠢᠷ ᠤᠨ ᠬᠦᠳᠡᠷ ᠰᠢᠯᠢᠬᠦ᠂ ᠰᠠᠨ ᠰᠢᠨ | ᠠᠭᠤᠷᠬᠠᠢ ᠶᠢᠨ ᠡᠳᠦᠷ ᠲᠤ 1500 ᠳᠤᠨ ᠣᠯᠠᠨ ᠦᠩᠭᠡᠲᠦ ᠲᠡᠮᠦᠷᠯᠢᠭ ᠰᠢᠯᠢᠬᠦ ᠵᠡᠷᠭᠡ ᠲᠦᠷᠦᠯ ᠵᠦᠢᠯ ᠢ | ᠪᠠᠶᠢᠭᠤᠯᠵᠤ᠂ ᠪᠦᠬᠦ ᠬᠤᠰᠢᠭᠤᠨ ᠤ ᠬᠦᠳᠡᠷ ᠰᠢᠯᠢᠬᠦ ᠬᠡᠪᠴᠢᠶ᠎ᠡ ᠶᠢ ᠡᠳᠦᠷ ᠲᠤ 3 ᠲᠦᠮᠡᠨ ᠳᠤᠨ ᠳᠤ ᠬᠦᠷᠭᠡᠨ᠂ | ᠢᠦᠢ ᠪᠠᠩ ᠠᠭᠤᠷᠬᠠᠢ ᠶᠢᠨ ᠮᠦᠩᠭᠦ ᠬᠠᠶᠢᠯᠤᠭᠤᠯᠬᠤ ᠪᠠ ᠨᠠᠷᠢᠯᠢᠭ ᠪᠣᠯᠪᠠᠰᠤᠷᠠᠭᠤᠯᠬᠤ᠂ ᠬᠤᠷᠭᠤᠯᠵᠢᠨ ᠴᠡᠨᠡᠭ ᠤᠨ | ᠴᠠᠬᠢᠯᠭᠠᠨ ᠬᠤᠷᠢᠶᠠᠭᠤᠷ ᠦᠢᠯᠡᠳᠬᠦ᠂ ᠦᠯᠡᠳᠡᠭᠳᠡᠯ ᠬᠦᠳᠡᠷ ᠵᠢᠴᠢ ᠬᠠᠶᠢᠯᠤᠭᠤᠯᠤᠭᠰᠠᠨ ᠰᠢᠭᠠᠷᠤ ᠶᠢ ᠶᠡᠷᠦᠩᠬᠡᠶᠢᠯᠡᠨ | ᠳᠠᠬᠢᠨ ᠠᠰᠢᠭᠯᠠᠬᠤ ᠵᠡᠷᠭᠡ ᠲᠦᠷᠦᠯ ᠵᠦᠢᠯ ᠢ ᠨᠠᠶᠢᠳᠠᠪᠦᠷᠢᠵᠢᠭᠤᠯᠤᠨ᠎ᠠ᠃ ᠬᠢᠮᠢ ᠶᠢᠨ ᠠᠵᠤ ᠦᠢᠯᠡᠳᠪᠦᠷᠢ ᠶᠢᠨ | ᠠᠵᠤ ᠦᠢᠯᠡᠰ ᠤᠨ ᠲᠠᠯ᠎ᠠ ᠪᠠᠷ᠂ ᠥᠪᠥᠷ ᠮᠣᠩᠭᠤᠯ ᠤᠨ ᠰᠢᠶᠦ᠋ᠩ ᠸᠧᠢ ᠶᠢᠨ ᠵᠢᠯ ᠳᠤ 2000 ᠳᠤᠨ ᠨᠠᠷᠢᠯᠢᠭ | ᠬᠢᠮᠢ ᠶᠢᠨ ᠪᠤᠳᠠᠰ ᠢ ᠦᠢᠯᠡᠳᠪᠦᠷᠢᠯᠡᠬᠦ᠂ ᠭᠤᠸᠠᠩᠳᠦ᠋ᠩ ᠤᠨ ᠯᠢ ᠳ᠋ᠠ ᠳ᠋ᠧ ᠤᠨ ᠵᠢᠯ ᠳᠤ 10 ᠲᠦᠮᠡᠨ ᠳᠤᠨ | ᠬᠤᠲᠠ ᠶᠢᠨ ᠬᠤᠭ ᠨᠣᠪᠰᠢ ᠶᠢ ᠠᠷᠢᠯᠭᠠᠬᠤ ᠵᠡᠷᠭᠡ ᠲᠦᠷᠦᠯ ᠵᠦᠢᠯ ᠢ ᠠᠬᠢᠭᠤᠯᠤᠨ᠂ ᠨᠡᠭᠦᠷᠡᠰᠦᠨ ᠬᠡᠥᠷᠰᠢᠯ ᠪᠣᠯᠤᠨ | ᠡᠮ ᠤᠨ ᠬᠢᠮᠢᠵᠢᠯ ᠵᠡᠷᠭᠡ ᠲᠦᠷᠦᠯ ᠵᠦᠢᠯ ᠢ ᠨᠠᠶᠢᠳᠠᠪᠦᠷᠢᠵᠢᠭᠤᠯᠤᠨ᠂ ᠴᠠᠬᠢᠯᠠᠭᠤᠷ ᠴᠢᠯᠠᠭᠤ ᠶᠢᠨ ᠲᠦᠷᠦᠯ ᠵᠦᠢᠯ ᠢ | ᠪᠡᠭᠡᠵᠢᠩ ᠤᠨ ᠱᠧᠨ ᠦ᠋ ᠪᠦᠯᠦᠭᠯᠡᠯ ᠤᠨ ᠤᠯᠠᠭᠠᠨᠬᠠᠳᠠ ᠶᠢᠨ ᠬᠤᠶᠢᠲᠤ ᠬᠡᠰᠡᠭ ᠤᠨ ᠲᠣᠮᠤ ᠬᠢᠮᠢ ᠶᠢᠨ ᠦᠢᠯᠡᠳᠪᠦᠷᠢ | ᠳᠤ ᠣᠷᠤᠭᠤᠯᠤᠨ᠎ᠠ᠃ ᠣᠷᠴᠢᠯᠲᠤ ᠠᠵᠤ ᠠᠬᠤᠢ ᠪᠣᠯᠤᠨ ᠠᠵᠤ ᠦᠢᠯᠡᠰ ᠤᠨ ᠰᠢᠯᠵᠢᠯᠲᠡ ᠶᠢᠨ ᠲᠠᠯ᠎ᠠ ᠪᠠᠷ᠂ | ᠯᠢᠶᠤᠤᠨᠢᠩ ᠤᠨ ᠵᠦᠩ ᠪᠣᠣ ᠠᠮᠢᠳᠤ ᠪᠤᠳᠠᠰ ᠤᠨ ᠵᠢᠯ ᠳᠤ 30 ᠲᠦᠮᠡᠨ ᠳᠤᠨ ᠦᠨᠳᠦᠷ ᠡᠨᠧᠷᠭᠢᠲᠦ ᠲᠡᠵᠢᠭᠡᠯ | ᠪᠣᠷᠳᠤᠭ᠎ᠠ ᠪᠠᠷᠢᠯᠭ᠎ᠠ ᠶᠢᠨ ᠮᠠᠲ᠋ᠧᠷᠢᠶᠠᠯ ᠪᠠ ᠰᠢᠷᠬᠡᠭᠯᠢᠭ ᠴᠠᠭᠠᠰᠤ ᠬᠢᠬᠦ᠂ ᠭᠢᠳᠠᠨ ᠠᠭᠤᠷᠬᠠᠢ ᠶᠢᠨ ᠵᠢᠯ ᠳᠤ 500 | ᠲᠦᠮᠡᠨ ᠲᠡᠭᠰᠢ ᠳᠦᠷᠪᠡᠯᠵᠢᠨ ᠮᠧᠲᠷ ᠴᠢᠯᠠᠭᠤᠨ ᠮᠠᠲ᠋ᠧᠷᠢᠶᠠᠯ ᠡᠳ᠋ᠰᠢᠭᠦᠯᠬᠦ ᠵᠡᠷᠭᠡ ᠲᠦᠷᠦᠯ ᠵᠦᠢᠯ ᠢ ᠠᠬᠢᠭᠤᠯᠵᠤ᠂ | ᠰᠣᠳᠤᠨ ᠸᠠᠭᠠᠷ ᠱᠠᠭᠠᠵᠠᠩ᠂ ᠦᠨᠳᠦᠷᠯᠢᠭ ᠤᠨ ᠰᠢᠷᠤᠢ ᠶᠢᠨ ᠦᠢᠯᠡᠳᠬᠦᠨ ᠵᠡᠷᠭᠡ ᠲᠦᠷᠦᠯ ᠵᠦᠢᠯ ᠢ | ᠨᠠᠶᠢᠳᠠᠪᠦᠷᠢᠵᠢᠭᠤᠯᠤᠨ᠂ ᠡᠰᠢ ᠰᠦᠷᠡᠯ ᠢ ᠪᠣᠯᠪᠠᠰᠤᠷᠠᠭᠤᠯᠤᠨ ᠬᠤᠪᠢᠷᠠᠭᠤᠯᠬᠤ᠂ ᠭᠡᠷ ᠤᠨ ᠬᠡᠷᠡᠭᠰᠡᠯ ᠪᠠᠷᠢᠯᠭ᠎ᠠ ᠶᠢᠨ | ᠮᠠᠲ᠋ᠧᠷᠢᠶᠠᠯ ᠵᠢᠴᠢ ᠸᠠᠭᠠᠷ ᠱᠠᠭᠠᠵᠠᠩ ᠦᠢᠯᠡᠳᠬᠦ ᠭᠤᠷᠪᠠᠨ ᠠᠵᠤ ᠦᠢᠯᠡᠰ ᠤᠨ ᠬᠡᠪ ᠢ ᠡᠭᠦᠳᠦᠨ᠎ᠡ᠃ | ᠪᠠᠢ ᠢ ᠠᠵᠤ ᠦᠢᠯᠡᠳᠪᠦᠷᠢ ᠶᠢᠨ ᠲᠣᠭᠤᠷᠢᠭ ᠢ ᠪᠠᠶᠢᠭᠤᠯᠤᠨ᠎ᠠ᠃ ᠹᠧᠩ ᠬᠤᠸᠠᠩ ᠱᠠᠨ ᠠᠵᠤ | ᠦᠢᠯᠡᠳᠪᠦᠷᠢ ᠶᠢᠨ ᠲᠣᠭᠤᠷᠢᠭ ᠤᠨ ᠲᠦᠯᠦᠪᠵᠢᠭᠦᠯᠭᠡ ᠪᠣᠯᠤᠨ ᠴᠢᠳᠠᠪᠦᠷᠢ ᠶᠢ ᠲᠡᠭᠦᠯᠳᠡᠷᠵᠢᠭᠦᠯᠵᠦ᠂ ᠨᠡᠭᠦᠷᠡᠰᠦ᠂ | ᠴᠠᠬᠢᠯᠭᠠᠨ ᠬᠦᠴᠦᠨ᠂ ᠠᠯᠳ᠋ᠨ ᠬᠠᠶᠢᠯᠤᠭᠤᠯᠬᠤ ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ ᠵᠡᠷᠭᠡ ᠳᠦᠷᠪᠡᠨ | ᠶᠡᠭᠡ ᠠᠵᠤ ᠦᠢᠯᠡᠰ ᠤᠨ ᠬᠦᠭᠵᠢᠯᠲᠡ ᠶᠢ ᠠᠬᠢᠭᠤᠯᠵᠤ᠂ ᠣᠷᠴᠢᠯᠲᠤ ᠵᠠᠯᠭᠠᠯᠳᠤᠭᠰᠠᠨ ᠬᠦᠭᠵᠢᠯᠲᠡ ᠶᠢᠨ ᠪᠠᠶᠢᠳᠠᠯ ᠢ | ᠪᠣᠢ ᠪᠣᠯᠭᠠᠨ᠎ᠠ᠃ ᠵᠧᠩ ᠶᠤᠸᠠᠨ ᠪᠤᠬᠢᠷ ᠤᠰᠤ ᠶᠢ ᠰᠢᠢᠳᠪᠦᠷᠢᠯᠡᠬᠦ ᠪᠠ ᠬᠠᠶᠠᠭᠳᠠᠮᠠᠯ ᠪᠤᠳᠠᠰ ᠢ ᠭᠠᠳᠠᠭᠰᠢᠯᠠᠭᠤᠯᠬᠤ | ᠵᠡᠷᠭᠡ ᠰᠠᠭᠤᠷᠢ ᠲᠦᠬᠦᠭᠡᠷᠦᠮᠵᠢ ᠶᠢᠨ ᠲᠦᠷᠦᠯ ᠵᠦᠢᠯ ᠢ ᠨᠠᠶᠢᠳᠠᠪᠦᠷᠢᠵᠢᠭᠤᠯᠵᠤ᠂ ᠭᠤᠸᠠᠩ ᠳ᠋ᠠ ᠣᠯᠠᠨ ᠤᠯᠤᠰ ᠤᠨ | ᠠᠮᠢᠳᠤ ᠪᠤᠳᠠᠰ ᠤᠨ ᠢᠯᠴᠢ ᠴᠠᠬᠢᠯᠭᠠᠨ ᠤ ᠦᠢᠯᠡᠳᠪᠦᠷᠢ ᠪᠠ ᠤᠯᠠᠭᠠᠨᠬᠠᠳᠠ ᠶᠢᠨ ᠶᠤᠸᠠᠨ ᠢ ︽ᠪᠠᠶᠢᠭᠠᠯᠢ ᠶᠢᠨ | ᠰᠢᠲᠠᠮᠠᠬᠠᠢ ᠬᠡᠢ︾ ᠵᠡᠷᠭᠡ ᠲᠦᠷᠦᠯ ᠵᠦᠢᠯ ᠢ ᠲᠣᠭᠤᠷᠢᠭ ᠲᠤ ᠰᠠᠭᠤᠷᠢᠰᠢᠭᠤᠯᠵᠤ᠂ ᠴᠠᠬᠢᠯᠭᠠᠨ ᠡᠭᠦᠰᠬᠡᠭᠴᠢ ᠶᠢᠨ | ᠲᠦᠷᠦᠯ ᠵᠦᠢᠯ ᠢ ᠬᠠᠷᠢᠴᠠᠨ ᠣᠯᠵᠤ᠂ ᠯᠢᠨ ᠪᠠᠢ ᠲᠡᠮᠦᠷ ᠵᠠᠮ ᠢ ᠪᠠᠶᠢᠭᠤᠯᠤᠨ᠂ ᠬᠦᠪ ᠤᠨ ᠭᠤᠤ ᠶᠢᠨ ᠤᠰᠤᠨ | ᠠᠰᠢᠭᠯᠠᠯᠲᠠ ᠶᠢᠨ ᠵᠠᠩᠭᠢᠯᠠᠭ᠎ᠠ ᠪᠣᠯᠤᠨ ᠤᠰᠤᠨ ᠴᠦᠭᠦᠷᠦᠮ ᠢ ᠨᠡᠪᠲᠡᠷᠡᠭᠦᠯᠦᠨ ᠤᠰᠤ ᠬᠠᠩᠭᠠᠬᠤ ᠵᠡᠷᠭᠡ | ᠢᠨᠵᠧᠨᠧᠷᠢᠩ ᠳᠤ ᠲᠦᠰᠢᠭᠯᠡᠵᠦ᠂ ᠠᠵᠤ ᠦᠢᠯᠡᠳᠪᠦᠷᠢ ᠶᠢᠨ ᠲᠣᠭᠤᠷᠢᠭ ᠤᠨ ᠤᠰᠤ᠂ ᠴᠠᠬᠢᠯᠭᠠᠨ᠂ ᠵᠠᠮ᠂ ᠬᠡᠢ᠂ | ᠢᠯᠴᠢ ᠵᠡᠷᠭᠡ ᠡᠬᠢ ᠰᠣᠷᠪᠤᠯᠵᠢ ᠶᠢᠨ ᠦᠪᠡᠷ ᠤᠨ ᠦᠷᠲᠡᠭ ᠢ ᠪᠠᠭᠤᠷᠠᠭᠤᠯᠤᠨ᠎ᠠ᠃ ᠲᠤᠭᠤᠷᠢᠭ ᠲᠤ ᠭᠠᠵᠠᠷ ᠰᠢᠷᠤᠢ | ᠨᠦᠭᠡᠴᠡᠯᠡᠵᠦ᠂ ᠭᠤᠤᠯ ᠲᠤᠭᠤᠷᠢᠭ ᠲᠤ 1 ᠲᠦᠮᠡᠨ ᠮᠤ᠋ ᠠᠴᠠ ᠳᠡᠭᠡᠭᠰᠢᠬᠢ ᠭᠠᠵᠠᠷ ᠰᠢᠷᠤᠢ ᠶᠢᠨ ᠬᠠᠩᠭᠠᠯᠭ᠎ᠠ ᠶᠢ | ᠪᠠᠲᠤᠯᠠᠵᠤ᠂ PPP ᠪᠡᠯᠡ ᠬᠤᠷᠠᠮᠳᠤᠭᠤᠯᠬᠤ ᠵᠠᠭᠪᠤᠷ ᠢᠶᠠᠷ ᠰᠠᠭᠤᠷᠢ ᠲᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠦᠨ᠂ ︽ᠳᠣᠯᠤᠭ᠎ᠠ ᠶᠢ ᠨᠡᠪᠲᠡᠷᠡᠭᠦᠯᠦᠨ ᠨᠢᠭᠡ ᠶᠢ ᠲᠡᠭᠰᠢᠯᠡᠨ᠎ᠡ︾᠃ ᠳᠠᠬᠢᠨ ᠵᠣᠬᠢᠶᠠᠨ | ᠪᠠᠶᠢᠭᠤᠯᠬᠤ ᠪᠠ ᠲᠣᠭᠤᠷᠢᠭ ᠲᠤ ᠰᠠᠭᠤᠷᠢᠰᠢᠬᠤ ᠠᠯᠬᠤᠮ ᠢᠶᠠᠨ ᠲᠦᠷᠭᠡᠳᠬᠡᠨ᠂ ᠳᠤᠮᠳᠠᠳᠤ ᠶᠢᠨ ᠦᠩᠭᠡᠲᠦ | ᠲᠡᠮᠦᠷᠯᠢᠭ ᠤᠨ ᠴᠠᠶᠢᠷ ᠤᠨ ᠠᠭᠤᠷᠬᠠᠢ ᠶᠢᠨ ᠯᠢᠨᠳᠦ᠋ᠩ ᠳᠠᠬᠢ ᠬᠤᠪᠢᠶᠠᠷᠢ ᠦᠢᠯᠡᠳᠪᠦᠷᠢ ᠶᠢᠨ ᠮᠡᠷᠭᠡᠵᠢᠯ ᠢ | ᠦᠭᠡᠷᠡᠴᠢᠯᠡᠨ ᠭᠠᠵᠠᠷ ᠰᠢᠯᠵᠢᠭᠦᠯᠵᠦ᠂ ᠵᠢᠶᠠᠨ ᠶᠤᠸᠠᠨ ᠪᠤᠭᠤ ᠶᠢᠨ ᠦᠢᠯᠡᠰ᠂ ᠺᠧ ᠷᠠᠨ ᠠᠮᠢᠳᠤ ᠪᠤᠳᠠᠰ ᠵᠡᠷᠭᠡ | ᠨᠡᠶᠢᠲᠡ ᠶᠢᠨ ᠪᠤᠰᠤ ᠦᠮᠴᠢᠯᠡᠯᠲᠦ ᠠᠵᠤ ᠠᠬᠤᠶᠢᠯᠠᠯ ᠢ ᠲᠤᠮᠤ ᠠᠵᠤ ᠠᠬᠤᠶᠢᠯᠠᠯ ᠪᠠ ᠪᠦᠯᠦᠭᠯᠡᠯ ᠲᠠᠢ ᠬᠠᠮᠲᠤᠷᠠᠨ | ᠠᠵᠢᠯᠯᠠᠭᠤᠯᠵᠤ᠂ ᠵᠠᠬ᠎ᠠ ᠳᠡᠯᠭᠡᠭᠦᠷ ᠢ ᠦᠷᠭᠡᠳᠬᠡᠨ ᠪᠣᠵᠠᠭᠠᠶᠢᠷᠠᠭᠤᠯᠤᠨ᠎ᠠ᠃ ᠠᠵᠤ ᠦᠢᠯᠡᠳᠪᠦᠷᠢ ᠶᠢ ᠬᠦᠭᠵᠢᠭᠦᠯᠬᠦ | ᠰᠠᠭᠤᠷᠢ ᠮᠦᠩᠭᠦ ᠪᠠᠶᠢᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠂ | ᠲᠤᠭᠤᠷᠢᠭ ᠤᠨ ᠲᠠᠲᠠᠬᠤ ᠬᠦᠴᠦᠨ ᠪᠠ ᠨᠢᠭᠲᠠᠷᠠᠯ ᠤᠨ ᠬᠦᠴᠦᠨ ᠢ ᠨᠡᠮᠡᠭᠳᠡᠭᠦᠯᠦᠨ᠎ᠡ᠃ ᠲᠤᠭᠤᠷᠢᠭ ᠤᠨ ᠠᠵᠤ | ᠠᠬᠤᠢ ᠶᠢᠨ ᠬᠡᠪᠴᠢᠶ᠎ᠡ ᠶᠢ ᠦᠷᠭᠡᠳᠬᠡᠵᠦ᠂ ᠵᠢᠯ ᠤᠨ ᠳᠤᠲᠤᠷ᠎ᠠ ᠰᠠᠭᠤᠷᠢ ᠲᠦᠬᠦᠭᠡᠷᠦᠮᠵᠢ ᠪᠣᠯᠤᠨ ᠲᠦᠷᠦᠯ ᠵᠦᠢᠯ | ᠤᠨ ᠪᠦᠲᠦᠭᠡᠨ ᠪᠠᠶᠢᠭᠤᠯᠤᠯᠲᠠ ᠳᠠᠬᠢ ᠪᠡᠯᠡ ᠣᠷᠤᠭᠤᠯᠤᠯᠲᠠ ᠶᠢ ᠴᠦᠮ 50 ᠳ᠋ᠦᠩᠰᠢᠭᠤᠷ ᠲᠦᠭᠦᠷᠢᠭ ᠠᠴᠠ | ᠳᠠᠪᠠᠭᠤᠯᠤᠭᠰᠠᠨ ︽ᠬᠤᠣᠰ ᠲᠠᠪᠤ︾ ᠶᠢᠨ ᠬᠠᠷᠠᠯᠲᠠ ᠶᠢ ᠪᠡᠶᠡᠯᠡᠭᠦᠯᠦᠨ᠂ ᠹᠧᠩ ᠬᠤᠸᠠᠩ ᠱᠠᠨ ᠠᠵᠤ ᠦᠢᠯᠡᠳᠪᠦᠷᠢ | ᠶᠢᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ ᠲᠣᠭᠤᠷᠢᠭ ᠪᠣᠯᠭᠠᠨ ᠳᠡᠰ | ᠳᠡᠪᠰᠢᠭᠦᠯᠦᠨ᠎ᠡ᠃ | ᠠᠷᠠᠯᠵᠢᠶᠠᠴᠢᠨ ᠤᠷᠢᠵᠤ ᠪᠡᠯᠡ ᠲᠠᠲᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠭᠠᠳᠠᠭᠰᠢ ᠭᠠᠷᠭᠠᠬᠤ︾ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠪᠡᠯᠡ ᠮᠦᠩᠭᠦ᠂ ᠮᠡᠷᠭᠡᠵᠢᠯ ᠵᠢᠴᠢ ᠤᠶᠤᠨ ᠤᠬᠠᠭᠠᠨ ᠭᠤᠷᠪᠠ ᠶᠢ | ᠤᠶᠠᠯᠳᠤᠭᠤᠯᠤᠨ᠂ ︽ᠣᠷᠢᠵᠤ ᠠᠪᠴᠢᠷᠠᠬᠤ︾ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃ ᠪᠡᠭᠡᠵᠢᠩ | ᠲᠢᠶᠠᠨᠵᠢᠨ ᠾᠧᠪᠸᠢ ᠬᠠᠮᠲᠤᠷᠠᠨ ᠬᠦᠭᠵᠢᠭᠦ ᠪᠠ ᠵᠡᠭᠦᠨ ᠬᠤᠶᠢᠲᠤ ᠣᠷᠣᠨ ᠢ ᠴᠡᠴᠡᠭᠯᠡᠨ ᠬᠦᠭᠵᠢᠭᠦᠯᠬᠦ ᠳᠣᠬᠢᠶᠠᠯ ᠢ | ᠠᠳᠬᠤᠨ᠂ ᠥᠩᠭᠡᠲᠦ ᠲᠡᠮᠦᠷᠯᠢᠭ᠂ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ᠂ ᠰᠤᠶᠤᠯ ᠵᠢᠭᠤᠯᠴᠢᠯᠠᠯ ᠵᠡᠷᠭᠡ | ᠲᠠᠯ᠎ᠠ ᠪᠠᠷ ᠬᠢ ᠬᠠᠮᠲᠤᠷᠠᠯᠴᠠᠭ᠎ᠠ ᠪᠠᠨ ᠠᠬᠢᠭᠤᠯᠵᠤ᠂ ᠮᠠᠨ ᠤ ᠬᠤᠰᠢᠭᠤᠨ ᠤ ᠪᠤᠳᠠᠲᠠᠢ ᠲᠠᠢ ᠨᠡᠶᠢᠴᠡᠭᠰᠡᠨ ᠮᠡᠷᠭᠡᠵᠢᠯ | ᠦᠨᠳᠦᠷ᠂ ᠳᠠᠭᠠᠭᠤᠯᠬᠤ ᠬᠦᠴᠦᠨ ᠢᠶᠠᠷ ᠴᠢᠩᠭ᠎ᠠ ᠲᠦᠷᠦᠯ ᠵᠦᠢᠯ ᠢ ᠣᠷᠤᠭᠤᠯᠤᠨ᠎ᠠ᠃ ᠲᠤᠰᠬᠠᠢ ᠪᠦᠯᠬᠦᠮ | ᠪᠠᠶᠢᠭᠤᠯᠬᠤ ᠬᠡᠯᠪᠡᠷᠢ ᠪᠠᠷ ᠠᠷᠠᠯᠵᠢᠶᠠᠴᠢᠨ ᠤᠷᠢᠵᠤ᠂ ᠭᠢᠳᠠᠨ ᠬᠤᠳᠠᠯᠳᠤᠭᠠᠨ ᠤ ᠨᠡᠶᠢᠭᠡᠮᠯᠢᠭ᠂ ᠸᠧᠨᠵᠸᠦ | ᠬᠤᠳᠠᠯᠳᠤᠭᠠᠨ ᠤ ᠨᠡᠶᠢᠭᠡᠮᠯᠢᠭ ᠵᠡᠷᠭᠡ ᠨᠡᠶᠢᠭᠡᠮ ᠤᠨ ᠪᠦᠯᠬᠦᠮ ᠳᠤ ᠲᠦᠰᠢᠭᠯᠡᠨ᠂ ᠲᠤᠭᠤᠷᠢᠭ ᠪᠣᠯᠤᠨ ᠭᠤᠣᠯᠳᠠᠯᠭ᠎ᠠ | ᠲᠠᠢ ᠲᠦᠷᠦᠯ ᠵᠦᠢᠯ ᠢ ᠨᠢᠭᠡᠲᠦᠭᠦᠯᠵᠦ᠂ ᠭᠠᠳᠠᠨ᠎ᠠ ᠠᠴᠠ ᠳᠠᠭᠠᠭᠠᠴᠢᠯᠠᠬᠤ ᠠᠷᠠᠯᠵᠢᠶᠠᠴᠢᠨ ᠤᠷᠢᠵᠤ᠂ ᠪᠦᠬᠦ | ᠬᠤᠰᠢᠭᠤᠨ ᠤ ᠬᠠᠳᠠᠭᠠᠯᠠᠮᠵᠢᠲᠤ ᠡᠳ᠋ ᠬᠦᠷᠦᠩᠭᠡ ᠶᠢ ᠠᠰᠢᠭᠯᠠᠨ᠎ᠠ᠃ ᠲᠦᠷᠦᠯ ᠵᠦᠢᠯ ᠳᠤ ᠮᠦᠷᠳᠡᠨ ᠦᠢᠯᠡᠴᠢᠯᠡᠵᠦ᠂ | ᠭᠡᠷ᠎ᠡ ᠭᠦᠢᠴᠡᠳᠬᠡᠬᠦ ᠪᠠ ᠪᠡᠶᠡᠯᠡᠭᠦᠯᠬᠦ ᠨᠣᠷᠮ᠎ᠠ ᠶᠢ ᠳᠡᠭᠡᠭᠰᠢᠯᠡᠭᠦᠯᠦᠨ᠂ ᠨᠢᠭᠡ ᠵᠢᠯ ᠤᠨ ᠳᠤᠲᠤᠷ᠎ᠠ ᠠᠳᠠᠭ ᠲᠠᠭᠠᠨ | 45 ᠲᠦᠷᠦᠯ ᠵᠦᠢᠯ ᠨᠠᠶᠢᠳᠠᠪᠦᠷᠢᠵᠢᠭᠤᠯᠵᠤ᠂ ᠣᠷᠤᠨ ᠤ ᠭᠠᠳᠠᠨ᠎ᠠ ᠠᠴᠠ 66 ᠳ᠋ᠦᠩᠰᠢᠭᠤᠷ ᠲᠦᠭᠦᠷᠢᠭ ᠠᠴᠠ | ᠳᠡᠭᠡᠭᠰᠢᠬᠢ ᠪᠡᠯᠡ ᠮᠦᠩᠭᠦ ᠲᠠᠲᠠᠬᠤ ᠪᠠᠷ ᠴᠢᠷᠮᠠᠶᠢᠨ᠎ᠠ᠃ | ︵ᠬᠤᠶᠠᠷ︶ ᠪᠤᠬᠢᠷᠳᠦᠯ ᠦᠭᠡᠢ ᠬᠦᠭᠵᠢᠯᠲᠡ ᠶᠢ ᠪᠠᠷᠢᠮᠲᠠᠯᠠᠵᠤ᠂ ᠠᠮᠢ ᠠᠬᠤᠢ ᠶᠢ ᠰᠠᠶᠢᠵᠢᠷᠠᠭᠤᠯᠤᠨ᠂ | ᠣᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠳᠡᠰ ᠳᠡᠪᠰᠢᠭᠦᠯᠦᠨ᠎ᠡ | ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃: ᠯᠢᠨᠳᠦ᠋ᠩ ᠬᠤᠲᠠ ᠲᠣᠭᠤᠷᠢᠭ ᠤᠨ | ᠡᠷᠬᠢᠨ ᠲᠣᠭᠤᠷᠢᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠤᠣᠯᠳᠠᠯᠭ᠎ᠠ ᠲᠠᠢ ᠣᠷᠤᠨ | ᠭᠠᠵᠠᠷ ᠢ ᠨᠣᠭᠤᠭᠠᠷᠠᠭᠤᠯᠬᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠤᠰᠤ ᠬᠦᠷᠦᠰᠦᠨ | ᠤ ᠬᠤᠴᠢᠯᠭ᠎ᠠ ᠶᠢ ᠬᠠᠮᠠᠭᠠᠯᠠᠬᠤ᠂ ᠲᠠᠷᠢᠶᠠᠯᠠᠬᠤ ᠶᠢ ᠵᠣᠭᠰᠤᠭᠠᠵᠤ ᠣᠶᠢᠵᠢᠭᠤᠯᠬᠤ ᠵᠡᠷᠭᠡ ᠠᠮᠢ ᠠᠬᠤᠢ ᠶᠢᠨ | ᠢᠨᠵᠧᠨᠧᠷᠢᠩ 16.3 ᠲᠦᠮᠡᠨ ᠮᠤ᠋ ᠠᠴᠠ ᠳᠡᠭᠡᠭᠰᠢ ᠪᠦᠲᠦᠭᠡᠨ ᠪᠠᠶᠢᠭᠤᠯᠤᠨ᠎ᠠ᠃ ᠬᠠᠰᠢᠶᠠᠯᠠᠵᠤ ᠮᠠᠯᠵᠢᠬᠤ ᠪᠠ | ᠡᠪᠡᠰᠦ ᠮᠠᠯ ᠢ ᠲᠡᠩᠴᠡᠭᠦᠷᠢᠰᠢᠭᠦᠯᠬᠦ ᠳᠦᠷᠢᠮ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠨᠦᠬᠦᠪᠦᠷᠢ | ᠣᠯᠭᠤᠬᠤ ᠬᠡᠯᠪᠡᠷᠢ ᠪᠠᠷ ᠨᠡᠶᠢᠳᠡᠮ ᠬᠠᠰᠢᠶᠠᠯᠠᠨ ᠮᠠᠯᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ | ᠰᠠᠶᠢᠵᠢᠷᠠᠭᠤᠯᠤᠨ᠎ᠠ᠃ ᠤᠯᠠᠭᠠᠨᠳᠠᠪᠠᠭ᠎ᠠ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ ᠤ ᠠᠩᠬᠠᠳᠠᠭᠴᠢ | ᠬᠤᠭᠤᠴᠠᠭ᠎ᠠ ᠪᠣᠯᠤᠨ ᠦᠯᠵᠡᠶᠢᠮᠦ᠋ᠷᠡᠨ ᠭᠤᠣᠯ ᠤᠨ ᠤᠯᠤᠰ ᠤᠨ ᠨᠠᠮᠤᠭᠲᠤ ᠴᠡᠴᠡᠷᠯᠢᠭ ︵ᠲᠤᠷᠰᠢᠯᠲᠠ ᠶᠢᠨ ᠴᠢᠭ︶ | ᠢ ᠪᠠᠶᠢᠭᠤᠯᠵᠤ᠂ ᠳᠣᠯᠤᠭᠠᠨ ᠲᠣᠭᠤᠭᠠᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢ ᠤᠯᠤᠰ ᠤᠨ ᠳᠡᠰ | ᠤᠨ ᠭᠠᠵᠠᠷ ᠰᠢᠨᠵᠢᠯᠡᠭᠡᠨ ᠤ ᠴᠡᠴᠡᠷᠯᠢᠭ ᠪᠣᠯᠭᠠᠨ᠎ᠠ᠃ ᠤᠰᠤᠨ ᠤ ᠡᠬᠢ ᠪᠠᠶᠠᠯᠢᠭ ᠢᠶᠠᠷ ᠴᠡᠴᠡᠷᠯᠢᠭ ᠲᠤᠭᠤᠷᠢᠭ᠂ | ᠠᠵᠤ ᠦᠢᠯᠡᠳᠪᠦᠷᠢᠯᠡᠯ ᠵᠢᠴᠢ ᠲᠦᠷᠦᠯ ᠵᠦᠢᠯ ᠢ ᠪᠠᠲᠤᠯᠠᠵᠤ᠂ ᠤᠤᠭᠤᠬᠤ ᠤᠰᠤᠨ ᠤ ᠡᠬᠢ ᠶᠢ ᠬᠠᠮᠠᠭᠠᠯᠠᠬᠤ ᠪᠠ | ᠴᠡᠪᠡᠷᠰᠢᠭᠦᠯᠬᠦ ᠶᠢ ᠴᠢᠬᠤᠯᠠᠴᠢᠯᠠᠨ᠂ ︽ᠭᠤᠣᠯ ᠮᠦᠷᠡᠨ ᠤ ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠬᠦᠨᠳᠦ ᠦᠩᠭᠡᠲᠦ ᠲᠡᠮᠦᠷᠯᠢᠭ ᠤᠨ ᠠᠵᠤ ᠠᠬᠤᠶᠢᠯᠠᠯ ᠢ ᠬᠢᠨᠠᠨ ᠬᠠᠮᠢᠶᠠᠷᠴᠤ᠂ ᠣᠷᠴᠢᠨ | ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠬᠤᠣᠰ ᠡᠵᠡᠮᠰᠢᠯ ᠤᠨ | ᠬᠠᠮᠢᠶᠠᠷᠤᠯᠲᠠ ᠶᠢ ᠬᠡᠷᠡᠭᠵᠢᠭᠦᠯᠦᠨ᠂ ᠳᠤᠮᠳᠠᠳᠤ ᠶᠢᠨ ᠥᠩᠭᠡᠲᠦ ᠲᠡᠮᠦᠷᠯᠢᠭ ᠤᠨ ᠪᠠᠶᠠᠨᠨᠢᠷᠤᠭᠤ ᠠᠭᠤᠷᠬᠠᠢ ᠶᠢᠨ | ᠦᠯᠡᠳᠡᠭᠳᠡᠯ ᠬᠦᠳᠡᠷ ᠤᠨ ᠬᠦᠮᠦᠷᠭᠡ ᠶᠢᠨ ᠡᠷᠬᠢᠨ ᠲᠣᠭᠤᠷᠢᠨ ᠤ ᠬᠦᠷᠦᠰᠦ ᠰᠢᠷᠤᠢ ᠶᠢ ᠵᠠᠰᠠᠨ᠎ᠠ᠃ ᠲᠠᠷᠢᠶᠠᠯᠠᠩ ᠮᠠᠯ | ᠠᠵᠤ ᠠᠬᠤᠢ ᠪᠠ ᠬᠦᠷᠦᠰᠦ ᠰᠢᠷᠤᠢ ᠶᠢᠨ ᠪᠣᠬᠢᠷᠳᠤᠯ ᠤᠨ ᠬᠡᠪᠴᠢᠶᠡᠵᠢᠯ ᠤᠨ ᠰᠡᠷᠭᠡᠶᠢᠯᠡᠵᠦ᠂ ᠪᠣᠷᠳᠤᠭᠤᠷ᠂ ᠡᠮ | ᠵᠢᠴᠢ ᠡᠨᠧᠷᠭᠢ ᠠᠷᠪᠢᠯᠠᠬᠤ ᠮᠡᠷᠭᠡᠵᠢᠯ ᠢ ᠲᠦᠭᠡᠮᠡᠯᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ | ᠂ ᠠᠮᠢ ᠠᠬᠤᠶᠢᠵᠢᠭᠰᠠᠨ᠂ ᠣᠷᠴᠢᠯᠲᠤ ᠬᠦᠭᠵᠢᠯᠲᠡ ᠶᠢ ᠠᠬᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ︽3661︾ ᠢᠨᠵᠧᠨᠧᠷᠢᠩ ᠢ ᠭᠦᠨᠵᠡᠭᠡᠶᠢᠷᠡᠭᠦᠯᠦᠨ᠎ᠡ᠃ | ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠪᠦᠲᠦᠴᠡᠲᠦ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠠᠷᠠᠳ ᠢ ᠪᠠᠶᠠᠵᠢᠭᠤᠯᠬᠤ ᠠᠵᠤ ᠦᠢᠯᠡᠰ ᠢ ᠬᠦᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢ | ᠰᠢᠯᠢᠳᠡᠭᠵᠢᠭᠦᠯᠦᠨ᠎ᠡ᠃ ᠬᠠᠮᠲᠤ ᠶᠢᠨ ᠦᠮᠴᠢᠯᠡᠬᠦ ᠡᠷᠬᠡ᠂ ᠲᠠᠷᠢᠶᠠᠴᠢᠨ ᠡᠷᠦᠬᠡ ᠶᠢᠨ ᠳᠠᠭᠠᠭᠠᠴᠢᠯᠠᠬᠤ ᠡᠷᠭᠡ ᠵᠢᠴᠢ | ᠭᠠᠵᠠᠷ ᠰᠢᠷᠤᠢ ᠶᠢᠨ ᠡᠵᠡᠩᠨᠡᠯᠲᠡ ᠶᠢᠨ ᠡᠷᠬᠡ ︽ᠭᠤᠷᠪᠠᠨ ᠡᠷᠬᠡ ᠶᠢᠨ ᠬᠤᠪᠢᠶᠠᠷᠢᠯᠠᠯ︾ ᠤᠨ ᠱᠠᠭᠠᠷᠳᠠᠯᠭ᠎ᠠ ᠶᠢ | ᠦᠨᠳᠦᠰᠦᠯᠡᠨ᠂ ᠭᠠᠵᠠᠷ ᠰᠢᠷᠤᠢ ᠪᠠ ᠨᠤᠲᠤᠭ ᠪᠡᠯᠴᠢᠭᠡᠷ ᠢ 40% ᠠᠴᠠ ᠳᠡᠭᠡᠭᠰᠢ ᠵᠣᠬᠢᠰᠲᠠᠢ ᠰᠢᠯᠵᠢᠭᠦᠯᠦᠨ᠎ᠡ ᠃ | ᠲᠣᠯᠤᠭᠠᠶᠢᠯᠠᠭᠴᠢ ᠠᠵᠤ ᠠᠬᠤᠶᠢᠯᠠᠯ᠂ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠲᠤᠰᠬᠠᠢ | ᠲᠣᠮᠣ ᠡᠷᠦᠬᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠮᠠᠯ | ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠣᠢ ᠪᠣᠯᠭᠠᠵᠤ᠂ ᠭᠠᠵᠠᠷ ᠰᠢᠷᠤᠢ ᠪᠠᠷ ᠬᠤᠪᠢ | ᠣᠷᠤᠭᠤᠯᠬᠤ᠂ ᠵᠠᠬᠢᠶᠠᠯᠠᠭ᠎ᠠ ᠪᠠᠷ ᠪᠣᠷᠤᠯᠠᠭᠤᠯᠬᠤ ᠵᠢᠴᠢ ᠰᠠᠭᠤᠷᠢᠨ ᠭᠠᠵᠠᠷ ᠪᠠᠶᠢᠭᠤᠯᠬᠤ ᠵᠡᠷᠭᠡ ᠠᠷᠭ᠎ᠠ ᠪᠠᠷ | ᠳᠠᠮᠵᠢᠭᠤᠯᠤᠨ᠂ ᠮᠠᠯᠴᠢᠨ ᠲᠠᠷᠢᠶᠠᠴᠢᠳ ᠢ ᠰᠠᠨᠠᠭᠠᠴᠢᠯᠠᠭ᠎ᠠ ᠠᠴᠠ ᠪᠠᠨ ᠠᠵᠤ ᠦᠢᠯᠡᠰᠵᠢᠯᠲᠡ ᠳᠤ ᠣᠷᠤᠯᠴᠠᠭᠤᠯᠵᠤ᠂ | ᠵᠢᠯ ᠤᠨ ᠳᠤᠲᠤᠷ᠎ᠠ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ 50% ᠠᠴᠠ ᠳᠡᠭᠡᠭᠰᠢ | ᠪᠣᠯᠭᠠᠨ᠎ᠠ᠃ ︽ᠤᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠵᠢᠱᠢᠶ᠎ᠡ ᠦᠵᠡᠭᠦᠯᠬᠦ | ᠬᠤᠰᠢᠭᠤ︾ ᠶᠢ ᠪᠦᠲᠦᠭᠡᠨ ᠪᠠᠶᠢᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠂ ᠨᠡᠷᠡᠲᠦ ᠲᠡᠮᠳᠡᠭᠲᠦ | ᠶᠢᠨ ᠦᠢᠯᠡᠳᠦᠯ ᠢ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠨ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠤᠬᠠᠢ ᠶᠢᠨ ᠭᠠᠵᠠᠷ ᠲᠠᠭᠠᠨ ᠪᠣᠯᠪᠠᠰᠤᠷᠠᠭᠤᠯᠤᠨ ᠡᠳ᠋ᠰᠢᠭᠦᠯᠬᠦ ᠨᠣᠷᠮ᠎ᠠ | ᠶᠢ 45% ᠳᠡᠭᠡᠭᠰᠢc ᠪᠣᠯᠭᠠᠨ᠎ᠠ᠃ ︽ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠬᠤ︾ ᠲᠤᠷᠰᠢᠯᠲᠠ ᠶᠢᠨ | ᠬᠤᠰᠢᠭᠤ ᠪᠣᠯᠤᠭᠰᠠᠨ ᠳᠤᠬᠢᠶᠠᠯ ᠢ ᠠᠰᠢᠭᠯᠠᠨ᠂ ᠡᠷᠳᠡᠨᠢ ᠰᠢᠰᠢ ᠶᠢᠨ ᠨᠣᠭᠤᠭᠠᠨ ᠳᠠᠷᠤᠰᠢ ᠵᠡᠷᠭᠡ ᠡᠪᠡᠰᠦ | ᠪᠣᠷᠳᠤᠭᠠᠨ ᠠᠮᠤ ᠶᠢ 12 ᠲᠦᠮᠡᠨ ᠮᠤ᠋ ᠠᠴᠠ ᠳᠡᠭᠡᠭᠰᠢ ᠲᠠᠷᠢᠵᠤ᠂ ︽ᠠᠮᠤ ᠪᠤᠳᠠᠭ᠎ᠠ᠂ ᠠᠵᠤ ᠠᠬᠤᠢ᠂ ᠲᠡᠵᠢᠭᠡᠯ | ᠪᠣᠷᠳᠤᠭ᠎ᠠ︾ ᠶᠢᠨ ᠬᠠᠷᠢᠴᠠᠯ ᠢ 72᠄ 11᠄ 17 ᠪᠣᠯᠭᠠᠨ᠎ᠠ᠃ ᠲᠦᠪᠯᠡᠷᠡᠭᠰᠡᠨ᠂ ᠪᠠᠷᠢᠮᠵᠢᠶᠠᠵᠢᠭᠰᠠᠨ ᠪᠠ | ᠲᠤᠰᠬᠠᠶᠢᠵᠢᠭᠰᠠᠨ ᠲᠡᠵᠢᠭᠡᠪᠦᠷᠢ ᠶᠢᠨ ᠦᠢᠯᠡᠰ ᠢ ᠬᠦᠭᠵᠢᠭᠦᠯᠵᠦ᠂ ᠫᠧᠩ ᠰᠠᠷᠠᠪᠴᠢ ᠪᠠ ᠨᠤᠭᠤᠭᠠᠨ ᠳᠠᠷᠤᠰᠢ ᠶᠢᠨ | ᠵᠤᠭᠤᠷᠢ ᠪᠠᠷᠢᠵᠤ᠂ ᠵᠢᠷᠭᠤᠳᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠯ ᠤᠨ ᠵᠤᠭᠰᠤᠭ᠎ᠠ ᠲᠤᠭ᠎ᠠ ᠶᠢ 240 | ᠲᠦᠮᠡ ᠠᠴᠠ ᠳᠡᠭᠡᠭᠰᠢ ᠪᠣᠯᠭᠠᠨ᠎ᠠ᠃ ᠠᠯᠠᠰᠢᠨ ᠦᠬᠡᠷ ᠪᠠ ᠬᠤᠨᠢ ᠲᠡᠵᠢᠭᠡᠬᠦ ᠪᠠᠷ ᠭᠤᠣᠯ ᠪᠣᠯᠭᠠᠭᠰᠠᠨ ᠳᠠᠪᠠᠭᠤᠯᠢᠭ | ᠠᠵᠤ ᠦᠢᠯᠡᠰ᠂ ᠱᠦᠭᠦᠷ ᠡᠪᠡᠰᠦ᠂ ᠠᠯᠠᠰᠢᠨ ᠡᠯᠵᠢᠭᠡ᠂ ᠪᠦᠳᠦᠭᠦᠯᠢᠭ ᠠᠮᠤ ᠪᠤᠷᠴᠠᠭ᠂ ᠲᠦᠮᠦᠰᠦ᠂ ᠰᠢᠬᠢᠷ | ᠯᠣᠣᠪᠠᠩ ᠵᠡᠷᠭᠡ ᠪᠠᠷ ᠭᠤᠣᠯ ᠪᠣᠯᠭᠠᠭᠰᠠᠨ ᠣᠨᠴᠠᠯᠢᠭᠲᠤ ᠠᠵᠤ ᠦᠢᠯᠡᠰ ᠢ ᠴᠢᠩᠭ᠎ᠠ ᠠᠳᠬᠤᠵᠤ᠂ ᠢᠳᠡᠰᠢᠨ | ᠨᠤᠭᠤᠭ᠎ᠠ᠂ ᠢᠳᠡᠰᠢᠨ ᠮᠦᠭᠦ᠂ ᠬᠡᠭᠡᠷ᠎ᠡ ᠶᠢᠨ ᠭᠦᠢᠯᠡᠰᠦ ᠵᠢᠴᠢ ᠡᠪᠡᠰᠦᠨ ᠡᠮ ᠢᠶᠠᠷ ᠭᠤᠣᠯ ᠪᠣᠯᠭᠠᠭᠰᠠᠨ ᠠᠷᠠᠳ ᠢ | ᠪᠠᠶᠠᠵᠢᠭᠤᠯᠬᠤ ᠠᠵᠤ ᠦᠢᠯᠡᠰ ᠢ ᠬᠦᠭᠵᠢᠭᠦᠯᠦᠨ᠎ᠡ᠃ ᠵᠢᠯ ᠤᠨ ᠳᠣᠲᠤᠷ᠎ᠠ᠂ ᠦᠨᠳᠦᠷ ᠦᠷ᠎ᠡ ᠠᠰᠢᠭᠲᠤ ᠠᠵᠤ | ᠠᠬᠤᠢ ᠶᠢᠨ ᠣᠢ 1.5 ᠲᠦᠮᠡᠨ ᠮᠤ᠋ ᠣᠶᠢᠵᠢᠭᠤᠯᠵᠤ᠂ 5000 ᠮᠤ᠋ ᠲᠦᠬᠦᠭᠡᠷᠦᠮᠵᠢᠲᠦ ᠲᠠᠷᠢᠶᠠᠯᠠᠩ ᠰᠢᠨ᠎ᠡ ᠪᠠᠷ | ᠨᠡᠮᠡᠭᠳᠡᠭᠦᠯᠦᠨ᠂ ᠰᠢᠯᠢᠳᠡᠭ ᠡᠭᠦᠯᠳᠡᠷ ᠤᠨ ᠠᠯᠠᠰᠢᠨ ᠤ ᠬᠤᠨᠢ 100 ᠲᠦᠮᠡ᠂ ᠰᠢᠯᠢᠳᠡᠭ ᠡᠭᠦᠯᠳᠡᠷ ᠤᠨ ᠠᠯᠰᠢᠨ | ᠦᠬᠡᠷ ᠪᠠ ᠡᠯᠵᠢᠭᠡ ᠲᠤᠰ ᠪᠦᠷᠢ 8 ᠲᠦᠮᠡ ᠪᠤᠷᠤᠯᠠᠭᠤᠯᠤᠨ᠎ᠠ᠃ | ︵ᠭᠤᠷᠪᠠ︶ ᠰᠤᠶᠤᠯ ᠵᠢᠭᠤᠯᠴᠢᠯᠠᠯ ᠢ ᠠᠳᠬᠤᠵᠤ᠂ ᠭᠤᠷᠪᠠᠨ ᠠᠵᠤ ᠦᠢᠯᠡᠰ ᠢ ᠬᠦᠭᠵᠢᠭᠦᠯᠦᠨ᠂ ᠠᠵᠤ | ᠠᠬᠤᠢ ᠶᠢᠨ ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠦᠨᠡᠨᠬᠦ ᠴᠢᠩᠭᠠᠳᠬᠠᠨ᠎ᠠ | ᠰᠤᠶᠤᠯ ᠪᠠ ᠵᠢᠭᠤᠯᠴᠢᠯᠠᠯ ᠤᠨ ᠤᠶᠠᠯᠳᠤᠯ ᠢ ᠠᠬᠢᠭᠤᠯᠤᠨ᠎ᠠ᠃ ᠵᠢᠭᠤᠯᠴᠢᠯᠠᠯ ᠢ ᠬᠦᠭᠵᠢᠭᠦᠯᠵᠦ᠂ ᠭᠢᠳᠠᠨ ᠰᠤᠶᠤᠯ | ᠤᠨ ᠤᠯᠠᠨ ᠤᠯᠤᠰ ᠤᠨ ᠵᠢᠭᠤᠯᠴᠢᠯᠠᠯ ᠤᠨ ᠣᠷᠣᠨ ᠪᠣᠯᠭᠠᠬᠤ ᠪᠠᠷ ᠬᠠᠷᠠᠯᠲᠠ ᠪᠣᠯᠭᠠᠵᠤ᠂ ᠭᠢᠯᠦᠪᠡᠷ ᠵᠤᠤ ᠶᠢᠨ | ᠦᠵᠡᠮᠵᠢ ᠶᠢᠨ ᠣᠷᠣᠨ᠂ ︽ᠭᠢᠳᠠᠨ︾ ᠵᠢᠭᠤᠯᠴᠢᠯᠠᠯ ᠤᠨ ᠪᠠᠭᠤᠴᠠ᠂ ᠳᠤᠮᠳᠠᠳᠤ ᠤᠯᠤᠰ ᠤᠨ ᠭᠢᠳᠠᠨ ᠰᠤᠶᠤᠯ ᠤᠨ | ᠦᠵᠡᠰᠭᠦᠯᠡᠩ ᠤᠨ ᠬᠦᠷᠢᠶᠡᠯᠡᠩ ᠵᠡᠷᠭᠡ ᠲᠦᠷᠦᠯ ᠵᠦᠢᠯ ᠢ ᠪᠠᠶᠢᠭᠤᠯᠵᠤ᠂ ᠪᠦᠬᠦ ᠬᠤᠰᠢᠭᠤᠨ ᠤ ᠡᠮᠦᠨ᠎ᠡ ᠬᠡᠰᠡᠭ | ᠤᠨ ᠭᠢᠳᠠᠨ ᠰᠤᠶᠤᠯ ᠵᠢᠭᠤᠯᠴᠢᠯᠠᠯ ᠪᠠ ᠤᠮᠠᠷᠠᠲᠤ ᠬᠡᠰᠡᠭ ᠤᠨ ᠠᠮᠢ ᠠᠬᠤᠢ ᠶᠢᠨ ᠪᠠᠶᠢᠭᠠᠯᠢ ᠶᠢᠨ ᠦᠵᠡᠮᠵᠢᠲᠦ | ᠵᠢᠭᠤᠯᠴᠢᠯᠠᠯ ︽ᠬᠤᠶᠠᠷ ᠭᠤᠣᠯ ᠣᠷᠣᠨ︾ ᠢ ᠪᠠᠶᠢᠭᠤᠯᠤᠨ᠎ᠠ᠃ ᠦᠵᠡᠮᠵᠢ ᠶᠢᠨ ᠣᠷᠣᠨ ᠵᠢᠴᠢ ᠡᠷᠭᠢᠨ ᠲᠣᠭᠤᠷᠢᠨ | ᠤ ᠰᠠᠭᠤᠷᠢ ᠲᠦᠬᠦᠭᠡᠷᠦᠮᠵᠢ ᠶᠢ ᠰᠠᠶᠢᠵᠢᠷᠠᠭᠤᠯᠵᠤ᠂ ᠭᠢᠯᠦᠪᠡᠷ ᠵᠤᠤ ᠠᠴᠠ ᠯᠢᠶᠤᠤ ᠶᠢᠨ ᠳᠡᠭᠡᠳᠦᠰ ᠤᠨ ᠣᠩᠭᠤᠨ ᠤ | ᠪᠠᠭᠤᠷᠢ ᠬᠦᠷᠬᠦ᠂ ᠭᠢᠯᠦᠪᠡᠷ ᠵᠤᠤ ᠠᠴᠠ ᠳᠣᠯᠤᠭᠠᠨ ᠲᠣᠭᠤᠭᠠᠲᠤ ᠠᠭᠤᠯᠠ ᠬᠦᠷᠬᠦ᠂ ᠤᠯᠠᠭᠠᠨᠳᠠᠪᠠᠭ᠎ᠠ ᠣᠢ ᠰᠢᠭᠤᠢ | ᠶᠢᠨ ᠲᠠᠯᠠᠪᠠᠢ ᠠᠴᠠ ᠠᠷᠪᠠᠨ ᠨᠠᠢᠮᠠᠨ ᠠᠷᠢᠶᠠᠪᠠᠯᠤ ᠶᠢᠨ ᠠᠭᠤᠯᠠ ᠬᠦᠷᠬᠦ ᠵᠡᠷᠭᠡ ᠵᠢᠭᠤᠯᠴᠢᠯᠠᠯ ᠤᠨ ᠳᠣᠯᠤᠭᠠᠨ | ᠵᠣᠷᠪᠤᠰ ᠵᠠᠰᠠᠮᠠᠯ ᠵᠠᠮ ᠢ ᠳᠡᠪᠢᠰᠦᠨ᠎ᠡ᠃ ᠦᠵᠡᠮᠵᠢ ᠰᠣᠨᠢᠷᠬᠠᠬᠤ ᠲᠠᠯᠠᠪᠠᠢ ᠪᠣᠯᠤᠨ ᠭᠢᠳᠠᠨ ᠸᠠᠩᠲᠦ ᠲᠦᠷᠦ ᠲᠣᠮᠣ | ᠵᠦᠴᠦᠭᠡ ᠶᠢᠨ ᠬᠦᠷᠢᠶᠡᠯᠡᠩ ᠢ ᠪᠠᠶᠢᠭᠤᠯᠵᠤ᠂ ᠭᠢᠳᠠᠨ ᠰᠤᠶᠤᠯ ᠤᠨ ᠠᠵᠤ ᠦᠢᠯᠡᠰ ᠤᠨ ᠲᠣᠭᠤᠷᠢᠭ ᠢ | ᠡᠵᠡᠩᠨᠡᠭᠦᠯᠦᠨ᠂ ᠲᠣᠮᠣ ᠬᠡᠪᠴᠢᠶᠡᠨ ᠤ ᠵᠦᠴᠦᠭᠡ ︽ᠭᠢᠳᠠᠨ ᠸᠠᠩᠲᠤ ᠲᠦᠷᠦ︾ ᠶᠢ 8 ᠰᠠᠷ᠎ᠠ ᠳᠤ ᠠᠩᠬ᠎ᠠ | ᠲᠣᠭᠯᠠᠭᠤᠯᠤᠨ᠎ᠠ᠃ ᠯᠢᠶᠤᠤ ᠶᠢᠨ ᠳᠡᠭᠡᠳᠦ ᠨᠡᠶᠢᠰᠯᠡᠯ ᠤᠨ ᠣᠯᠣᠰ ᠤᠨ ᠬᠠᠭᠤᠴᠢ ᠰᠤᠳᠤᠯᠤᠯ ᠤᠨ ᠪᠠᠭᠤᠷᠢ ᠶᠢᠨ | ᠴᠡᠴᠡᠷᠯᠢᠭ ᠢ ᠪᠠᠶᠢᠭᠤᠯᠵᠤ᠂ ᠴᠢᠨᠳᠠᠮᠦᠨᠢ ᠪᠠᠭᠤᠷᠢ ᠶᠢᠨ ᠬᠠᠮᠠᠭᠠᠯᠠᠯᠲᠠ ᠶᠢᠨ ᠦᠵᠡᠭᠦᠯᠭᠡ᠂ ᠬᠠᠭᠠᠨ ᠬᠤᠲᠠ ᠶᠢ | ᠪᠢᠲᠡᠭᠦᠮᠵᠢᠯᠡᠬᠦ ᠵᠡᠷᠭᠡ 5 ᠲᠦᠷᠦᠯ ᠵᠦᠢᠯ ᠢ ᠭᠤᠣᠯᠳᠠᠯᠭ᠎ᠠ ᠲᠠᠢ ᠠᠳᠬᠤᠵᠤ᠂ ᠯᠢᠶᠤᠤ ᠶᠢᠨ ᠳᠡᠭᠡᠳᠦ ᠨᠡᠶᠢᠰᠯᠡᠯ | ᠬᠤᠲᠠ ᠶᠢ ︽ᠳᠡᠯᠡᠬᠡᠢ ᠶᠢᠨ ᠰᠤᠶᠤᠯ ᠤᠨ ᠦᠯᠡᠳᠡᠭᠳᠡᠯ ᠳᠤ ᠭᠤᠶᠤᠴᠢᠯᠠᠬᠤ︾ ᠠᠵᠢᠯ ᠳᠤ ᠰᠠᠭᠤᠷᠢ ᠲᠠᠯᠪᠢᠨ᠎ᠠ᠃ | ᠭᠢᠳᠠᠨ ᠰᠤᠶᠤᠯ ᠤᠨ ᠳᠣᠲᠤᠭᠠᠳᠤ ᠠᠭᠤᠯᠤᠭᠳᠠᠬᠤᠨ ᠢ ᠠᠭᠤᠳᠠᠯᠤᠨ᠂ ᠴᠢᠩᠬᠤᠸᠠ ᠶᠡᠭᠡ ᠰᠤᠷᠭᠠᠭᠤᠯᠢ ᠪᠠ ᠦᠪᠥᠷ | ᠮᠣᠩᠭᠤᠯ ᠤᠨ ᠶᠡᠭᠡ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠤᠳ ᠲᠠᠢ ᠬᠠᠮᠲᠤᠷᠠᠨ ᠠᠵᠢᠯᠯᠠᠵᠤ᠂ ︽ | ᠲᠣᠭᠠᠴᠢᠯᠠᠭᠰᠠᠨ ᠭᠢᠳᠠᠨ︾ ᠤ ᠲᠦᠷᠦᠯ ᠵᠦᠢᠯ ᠢ ᠪᠠᠶᠢᠭᠤᠯᠤᠨ᠂ ᠣᠯᠠᠨ ᠤᠯᠤᠰ ᠤᠨ ᠴᠢᠨᠠᠷᠲᠠᠢ ᠭᠢᠳᠠᠨ ᠰᠤᠶᠤᠯ | ᠤᠨ ᠲᠣᠮᠣ ᠮᠠᠲ᠋ᠧᠷᠢᠶᠠᠯ ᠤᠨ ᠲᠦᠪ ᠢ ᠪᠠᠶᠢᠭᠤᠯᠤᠨ᠎ᠠ᠃ ᠤᠬᠠᠭᠤᠯᠭ᠎ᠠ ᠪᠠ ᠲᠠᠨᠢᠯᠴᠠᠭᠤᠯᠭ᠎ᠠ ᠶᠢᠨ ᠠᠵᠢᠯᠯᠠᠭ᠎ᠠ | ᠦᠷᠨᠢᠭᠦᠯᠵᠦ᠂ ᠨᠡᠷᠡᠲᠦ ᠵᠠᠭᠤᠴᠢᠯᠠᠭᠤᠷ ᠪᠠ ᠠᠵᠢᠯ ᠲᠦᠷᠦᠯ ᠢ ᠠᠰᠢᠭᠯᠠᠨ᠂ ᠪᠣᠷᠤᠯᠠᠭᠤᠯᠭ᠎ᠠ ᠶᠢᠨ ᠤᠬᠠᠭᠤᠯᠭ᠎ᠠ | ᠬᠢᠵᠦ᠂ ᠪᠠᠭᠠᠷᠢᠨ ᠵᠡᠭᠦᠨ ᠬᠤᠰᠢᠭᠤ ᠪᠣᠯᠤᠨ ᠭᠢᠳᠠᠨ ᠰᠤᠶᠤᠯ ᠤᠨ ᠨᠡᠷᠡᠲᠦ ᠲᠡᠮᠲᠡᠭᠳᠦ ᠶᠢᠨ ᠨᠦᠯᠦᠭᠡᠯᠡᠬᠦ ᠭᠦᠴᠦᠨ ᠢ | ᠳᠡᠭᠡᠭᠰᠢᠯᠡᠭᠦᠯᠦᠨ᠎ᠡ᠃ | ᠠᠷᠠᠯᠵᠢᠶ᠎ᠠ ᠬᠤᠳᠠᠯᠳᠤᠭ᠎ᠠ ᠪᠠ ᠪᠤᠳᠠᠰ ᠤᠨ ᠭᠦᠢᠯᠭᠡᠭᠡᠨ ᠤ ᠬᠦᠭᠵᠢᠯᠲᠡ ᠶᠢ ᠠᠬᠢᠭᠤᠯᠤᠨ᠎ᠠ᠃ ᠱᠠᠩ ᠵᠢᠩ | ᠪᠤᠳᠠᠰ ᠤᠨ ᠭᠦᠢᠯᠭᠡᠭᠡᠨ ᠤ ᠲᠣᠭᠤᠷᠢᠭ ᠢ ᠬᠦᠭᠵᠢᠭᠦᠯᠵᠦ᠂ ᠪᠤᠳᠠᠰ ᠤᠨ ᠭᠦᠢᠯᠭᠡᠭᠡᠨ ᠤ ᠬᠦᠮᠦᠷᠭᠡ ᠶᠢ ᠨᠠᠶᠢᠳᠠᠨ | ᠬᠠᠮᠢᠶᠠᠷᠤᠭᠤᠯᠬᠤ ᠲᠦᠪ ᠪᠠ ᠬᠦᠯᠳᠡᠭᠦᠦ ᠢᠳᠡᠭᠡᠨ ᠤ ᠬᠡᠯᠬᠢᠶᠡᠲᠦ ᠪᠤᠳᠠᠰ ᠤᠨ ᠭᠦᠢᠯᠭᠡᠭᠡᠨ ᠤ ᠲᠦᠪ ᠵᠡᠷᠭᠡ ᠲᠦᠷᠦᠯ | ᠵᠦᠢᠯ ᠢ ᠪᠠᠶᠢᠭᠤᠯᠵᠤ᠂ ᠬᠠᠮᠢᠶ᠎ᠠ ᠪᠦᠬᠦᠢ ᠬᠠᠷᠠᠭᠠᠯᠵᠠᠯ ᠤᠨ ᠲᠦᠷᠦ ᠶᠢᠨ ᠪᠣᠳᠤᠯᠭ᠎ᠠ ᠲᠣᠭᠲᠠᠭᠠᠨ᠂ ᠲᠡᠮᠦᠷᠯᠢᠭ | ᠮᠠᠰᠢᠨ ᠴᠠᠬᠢᠯᠭᠠᠨ᠂ ᠲᠠᠷᠢᠶᠠᠯᠠᠩ ᠤᠨ ᠬᠡᠷᠡᠭᠯᠡᠬᠦᠨ ᠪᠠ ᠠᠷᠠᠯᠵᠢᠶ᠎ᠠ᠂ ᠮᠠᠰᠢᠨ ᠲᠡᠷᠭᠡᠨ ᠤ ᠵᠠᠰᠠᠯᠭ᠎ᠠ ᠪᠠ ᠠᠷᠠᠯᠵᠢᠶ᠎ᠠ | ᠵᠡᠷᠭᠡ ᠠᠵᠢᠯ ᠦᠢᠯᠡᠰ ᠢ ᠲᠣᠭᠤᠷᠢᠭ ᠲᠤ ᠰᠠᠭᠤᠷᠢᠰᠢᠭᠤᠯᠵᠤ᠂ ᠬᠦᠷ ᠨᠠᠷᠭᠢᠶᠠᠨ ᠲᠠᠢ ᠪᠣᠯᠭᠠᠨ᠎ᠠ᠃ ᠤᠯᠠᠭᠠᠨᠬᠠᠳᠠ | ᠶᠢᠨ ᠬᠤᠶᠢᠲᠤ ᠬᠡᠰᠡᠭ ᠲᠠᠬᠢ ᠠᠷᠠᠯᠵᠢᠶ᠎ᠠ ᠬᠤᠳᠠᠯᠳᠤᠭ᠎ᠠ ᠪᠠ ᠪᠤᠳᠠᠰ ᠤᠨ ᠭᠦᠢᠯᠭᠡᠭᠡᠨ ᠤ ᠲᠦᠪ ᠢ ᠪᠠᠶᠢᠭᠤᠯᠵᠤ᠂ | ᠮᠢᠩᠭᠠᠨ ᠳᠤᠨ ᠤ ᠰᠢᠲᠠᠭᠠᠯᠭ᠎ᠠ ᠶᠢᠨ ᠬᠡᠢ ᠶᠢ ᠬᠦᠮᠦᠷᠭᠡᠯᠡᠵᠦ ᠳᠣᠬᠢᠷᠠᠭᠤᠯᠤᠨ ᠬᠦᠷᠭᠡᠬᠦ᠂ ᠶᠢᠩ ᠷᠦᠨ ᠤᠷᠭᠤᠮᠠᠯ | ᠪᠣᠶᠢᠵᠢᠭᠤᠯᠬᠤ ᠲᠤᠷᠰᠢᠯᠲᠠ ᠶᠢᠨ ᠲᠠᠰᠤᠭ ᠪᠠᠶᠢᠭᠤᠯᠬᠤ ᠵᠢᠴᠢ ᠳᠤᠮᠳᠠᠳᠤ ᠤᠯᠤᠰ ᠤᠨ ᠲᠠᠷᠢᠶᠠᠯᠠᠩ ᠤᠨ ᠬᠡᠷᠡᠭᠯᠡᠬᠦᠨ | ᠤ ᠨᠢᠭᠡ ᠦᠷᠲᠡᠭᠡ ᠶᠢᠨ ᠬᠡᠯᠪᠡᠷᠢᠲᠦ ᠬᠤᠰᠢᠭᠤᠴᠢ ᠦᠢᠯᠡᠴᠢᠯᠡᠭᠡᠨ ᠤ ᠲᠦᠪ ᠢ ᠪᠠᠶᠢᠭᠤᠯᠬᠤ ᠵᠡᠷᠭᠡ ᠲᠦᠷᠦᠯ ᠵᠦᠢᠯ ᠢ | ᠡᠬᠢᠯᠡᠭᠦᠯᠵᠦ᠂ ᠯᠢᠨᠳᠦ᠋ᠩ ᠤᠨ ᠭᠠᠯᠲᠤ ᠲᠡᠷᠭᠡᠨ ᠤ ᠦᠷᠲᠡᠭᠡ ᠶᠢ ᠭᠠᠵᠠᠷ ᠰᠢᠯᠵᠢᠭᠦᠯᠦᠨ ᠪᠠᠶᠢᠭᠤᠯᠵᠤ᠂ ᠱᠠᠩ ᠵᠢᠩ | ᠪᠤᠳᠠᠰ ᠤᠨ ᠭᠦᠢᠯᠭᠡᠭᠡᠨ ᠤ ᠲᠣᠭᠤᠷᠢᠭ ᠤᠨ ᠠᠵᠢᠯ ᠢ ᠪᠠᠶᠠᠯᠢᠭᠵᠢᠭᠤᠯᠤᠨ᠂ ᠳᠠᠭᠠᠭᠠᠴᠠ ᠶᠢ ᠨᠡᠮᠡᠭᠳᠡᠭᠦᠯᠦᠨ᠎ᠡ᠃ | ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠢ ᠳᠡᠰ ᠳᠡᠪᠰᠢᠭᠦᠯᠵᠦ᠂ ᠡᠯᠧᠺᠲᠷᠤᠨ ᠬᠤᠳᠠᠯᠳᠤᠭᠠᠨ ᠤ | ᠶᠠᠪᠤᠳᠠᠯ ᠢ ᠬᠦᠳᠡᠭᠡ ᠲᠤᠰᠬᠤᠨ ᠮᠠᠯᠵᠢᠬᠤ ᠣᠷᠣᠨ ᠳᠤ ᠬᠦᠷᠭᠡᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠠᠵᠢᠯ ᠢ | ᠰᠠᠶᠢᠲᠤᠷ ᠬᠢᠵᠦ᠂ ᠡᠯᠧᠺᠲᠷᠤᠨ ᠬᠤᠳᠠᠯᠳᠤᠭᠠᠨ ᠤ ᠶᠠᠪᠤᠳᠠᠯ ᠢ ᠲᠦᠭᠡᠮᠡᠯᠵᠢᠭᠦᠯᠦᠨ᠎ᠡ᠃ | ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠦᠭᠡᠮᠡᠯ | ᠬᠠᠷᠠᠭᠠᠯᠵᠠᠯᠲᠤ ᠮᠦᠩᠭᠦᠨ ᠭᠦᠢᠯᠭᠡᠭᠡᠨ ᠢ ᠬᠦᠭᠵᠢᠭᠦᠯᠵᠦ᠂ ᠲᠠᠷᠢᠶᠠᠯᠠᠩ ᠳᠤ ᠲᠤᠰᠠᠯᠠᠬᠤ ᠮᠦᠩᠭᠦᠨ ᠭᠦᠢᠯᠭᠡᠭᠡᠨ ᠤ | ᠦᠢᠯᠡᠴᠢᠯᠡᠭᠡ ᠶᠢ ᠴᠢᠩᠭᠠᠳᠬᠠᠨ᠂ ᠬᠦᠳᠡᠭᠡ ᠲᠤᠰᠬᠤᠨ ᠮᠠᠯᠵᠢᠬᠤ ᠣᠷᠣᠨ ᠳᠠᠬᠢ ᠮᠦᠩᠭᠦᠨ ᠭᠦᠢᠯᠭᠡᠭᠡᠨ ᠤ | ᠦᠢᠯᠡᠴᠢᠯᠡᠭᠡ ᠶᠢ ᠰᠠᠶᠢᠵᠢᠷᠠᠭᠤᠯᠤᠨ᠎ᠠ᠃ ᠤᠯᠤᠰ ᠤᠨ ᠦᠮᠴᠢᠯᠡᠯᠲᠦ ᠪᠡᠯᠡ ᠲᠠᠲᠠᠬᠤ ᠲᠠᠪᠴᠠᠩ ᠪᠣᠯᠤᠨ ᠬᠦᠭᠵᠢᠯᠲᠡ | ᠶᠢᠨ ᠰᠠᠭᠤᠷᠢ ᠮᠦᠩᠭᠦᠨ ᠤ ᠦᠢᠯᠡᠳᠦᠯ ᠢ ᠪᠠᠳᠠᠷᠠᠭᠤᠯᠵᠤ᠂ ᠬᠤᠳᠠᠯᠳᠤᠭᠠᠨ ᠤ ᠪᠠᠩᠬᠢ ᠶᠢᠨ ᠢᠲᠡᠭᠡᠮᠵᠢᠲᠦ ᠵᠢᠭᠡᠯᠡᠯᠭᠡ | ᠶᠢ ᠨᠡᠮᠡᠭᠳᠡᠭᠦᠯᠦᠨ᠂ ᠪᠦᠬᠦ ᠵᠢᠯ ᠳᠤ 15 ᠳ᠋ᠦᠩᠰᠢᠭᠤᠷ ᠲᠦᠭᠦᠷᠢᠭ ᠠᠴᠠ ᠳᠡᠭᠡᠭᠰᠢ ᠪᠡᠯᠡ ᠮᠦᠩᠭᠦ ᠬᠤᠷᠠᠮᠳᠤᠭᠤᠯᠵᠤ᠂ | ᠪᠦᠬᠦ ᠬᠤᠰᠢᠭᠤᠨ ᠤ ᠠᠵᠤ ᠦᠢᠯᠡᠰ ᠤᠨ ᠬᠦᠭᠵᠢᠯᠲᠡ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠳᠡᠮᠵᠢᠯᠭᠡ ᠦᠵᠡᠭᠦᠯᠦᠨ᠎ᠡ᠃ PPP ᠪᠡᠯᠡ ᠬᠤᠷᠠᠮᠳᠤᠭᠤᠯᠬᠤ ᠵᠠᠭᠪᠤᠷ ᠢ ᠲᠦᠭᠡᠮᠡᠯᠵᠢᠭᠦᠯᠵᠦ᠂ | ᠵᠦᠩ ᠵᠢᠶᠦ᠋ᠨ ᠡᠵᠡᠩᠨᠡᠯᠲᠡ ᠵᠡᠷᠭᠡ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠬᠤ ᠪᠠᠨ ᠴᠢᠩᠭᠠᠳᠬᠠᠨ᠂ ᠰᠠᠭᠤᠷᠢ | ᠲᠦᠬᠦᠭᠡᠷᠦᠮᠵᠢ᠂ ᠰᠤᠶᠤᠯ ᠵᠢᠭᠤᠯᠴᠢᠯᠠᠯ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭᠠᠨ | ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠴᠢᠷᠳᠡᠯ ᠢ ᠠᠷᠢᠯᠭᠠᠨ᠎ᠠ᠃ ᠵᠠᠰᠠᠭ ᠤᠨ ᠣᠷᠳᠣᠨ᠂ | ᠪᠠᠩᠬᠢ ᠵᠢᠴᠢ ᠠᠵᠤ ᠠᠬᠤᠶᠢᠯᠠᠯ ᠤᠨ ᠬᠠᠷᠢᠯᠴᠠᠭᠠᠨ ᠤ ᠲᠠᠪᠴᠠᠩ ᠢ ᠪᠠᠶᠢᠭᠤᠯᠵᠤ᠂ ︽ᠪᠠᠲᠤᠯᠠᠭᠠᠲᠤ ᠵᠢᠭᠡᠯᠡᠯᠭᠡ︾ | ᠶᠢᠨ ᠬᠦᠰᠢᠭᠦᠷᠭᠡ ᠶᠢᠨ ᠦᠢᠯᠡᠳᠦᠯ ᠢ ᠪᠠᠳᠠᠷᠠᠭᠤᠯᠤᠨ᠂ ᠠᠵᠤ ᠠᠬᠤᠢ ᠶᠢᠨ ᠪᠡᠯᠡ ᠬᠤᠷᠠᠮᠳᠤᠭᠤᠯᠬᠤ ᠬᠦᠴᠢᠷᠳᠡᠯ | ᠪᠣᠯᠤᠨ ᠦᠨᠡᠲᠠᠢ ᠪᠠᠶᠢᠬᠤ ᠵᠡᠷᠭᠡ ᠬᠦᠴᠢᠷᠳᠡᠯ ᠢ ᠰᠢᠢᠳᠪᠦᠷᠢᠯᠡᠨ᠎ᠡ᠃ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ ᠪᠠ | ᠪᠠᠲᠤᠯᠠᠭᠠᠨ ᠤ ᠺᠤᠮᠫᠠᠨᠢ ᠳᠤ ᠴᠢᠩᠭ᠎ᠠ ᠬᠢᠨᠠᠯᠲᠠ ᠲᠠᠯᠪᠢᠵᠤ᠂ ᠬᠠᠤᠯᠢ ᠪᠤᠰᠤ ᠪᠡᠯᠡ ᠴᠤᠭᠯᠠᠭᠤᠯᠭ᠎ᠠ ᠶᠢ ᠪᠠᠶᠢᠴᠠᠭᠠᠨ | ᠰᠢᠢᠳᠪᠦᠷᠢᠯᠡᠬᠦ ᠪᠣᠯᠤᠨ ᠬᠢᠵᠠᠭᠠᠷᠯᠠᠵᠤ᠂ ᠮᠦᠩᠭᠦᠨ ᠭᠦᠢᠯᠭᠡᠭᠡᠨ ᠤ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠢ | ᠪᠣᠢ ᠪᠣᠯᠭᠠᠨ᠎ᠠ᠃ |