2017 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2017/12/27
     ︵ᠳᠥᠷᠪᠡ︶ ᠦᠷᠭᠦᠯᠵᠢᠯᠡᠨ ᠨᠢᠭᠡᠲᠦᠯᠲᠡᠢ ᠲᠦᠯᠦᠪᠯᠡᠵᠦ᠂ ᠬᠦᠭᠵᠢᠯᠲᠡ ᠶᠢᠨ ᠰᠠᠭᠤᠷᠢ ᠶᠢ ᠪᠠᠲᠤᠵᠢᠭᠤᠯᠤᠨ᠂ ᠬᠤᠲᠠ ᠬᠦᠳᠡᠭᠡ ᠶᠢᠨ ᠨᠢᠭᠡ ᠴᠣᠭᠴᠠᠵᠢᠭᠰᠠᠨ ᠬᠦᠭᠵᠢᠯᠲᠡ ᠶᠢ ᠠᠬᠢᠭᠤᠯᠤᠨ᠎ᠠᠯᠢᠨᠳᠦ᠋ᠩ ᠬᠤᠲᠠ ᠲᠣᠭᠤᠷᠢᠭ ᠤᠨ ᠴᠢᠳᠠᠪᠦᠷᠢ ᠶᠢ ᠴᠢᠩᠭᠠᠳᠬᠠᠨ᠎ᠠ᠃ ᠰᠢᠨ᠎ᠡ ᠬᠠᠭᠤᠴᠢᠨ ᠬᠤᠲᠠ ᠶᠢᠨ ᠨᠢᠭᠡᠲᠦᠯᠲᠡᠢ ᠬᠦᠭᠵᠢᠯᠲᠡ ᠶᠢᠨ ᠲᠣᠭᠤᠷᠢᠨ ᠳᠤ᠂ ᠯᠢᠨᠳᠦ᠋ᠩ ᠬᠤᠲᠠ ᠲᠣᠭᠤᠷᠢᠭ ᠤᠨ ᠶᠡᠷᠦᠩᠬᠡᠢ ᠲᠦᠯᠦᠪᠵᠢᠭᠦᠯᠭᠡ᠂ ᠭᠠᠵᠠᠷ ᠰᠢᠷᠤᠢ ᠠᠰᠢᠭᠯᠠᠬᠤ ᠲᠦᠯᠦᠪᠵᠢᠭᠦᠯᠭᠡ ᠵᠢᠴᠢ ᠬᠤᠳᠠᠯᠳᠤᠭᠠᠨ ᠤ ᠴᠢᠭ ᠤᠨ ᠲᠦᠯᠦᠪᠵᠢᠭᠦᠯᠭᠡ ᠶᠢ ᠲᠡᠭᠦᠯᠳᠡᠷᠵᠢᠭᠦᠯᠦᠨ᠂ ᠬᠤᠲᠠ ᠲᠣᠭᠤᠷᠢᠭ ᠤᠨ ᠰᠢᠨᠵᠢᠯᠡᠬᠦ ᠤᠬᠠᠭᠠᠨᠴᠢ᠂ ᠳᠦᠷᠢᠮᠵᠢᠭᠰᠡᠨ ᠬᠦᠭᠵᠢᠯᠲᠡ ᠶᠢ ᠠᠬᠢᠭᠤᠯᠤᠨ᠎ᠠ᠃ 2030 ᠣᠨ ᠪᠣᠯᠲᠠᠯ᠎ᠠ ᠬᠤᠲᠠ ᠲᠣᠭᠤᠷᠢᠭ ᠤᠨ ᠬᠦᠮᠦᠨ ᠠᠮᠠ ᠶᠢ 25 ᠲᠦᠮᠡ ᠳᠤ ᠬᠦᠷᠭᠡᠬᠦ ᠬᠠᠷᠠᠯᠲᠠ ᠶᠢᠨ ᠲᠣᠭᠤᠷᠢᠨ ᠳᠤ᠂ ᠯᠢᠨᠳᠦ᠋ᠩ ᠬᠤᠲᠠ ᠲᠣᠭᠤᠷᠢᠭ ᠤᠨ ᠶᠡᠷᠦᠩᠬᠡᠢ ᠲᠦᠯᠦᠪᠵᠢᠭᠦᠯᠭᠡ ᠶᠢ ᠨᠠᠶᠢᠷᠠᠭᠤᠯᠵᠤ᠂ ᠬᠤᠲᠠ ᠶᠢᠨ ᠬᠡᠪᠴᠢᠶ᠎ᠡ ᠶᠢ 5 ᠲᠡᠭᠰᠢ ᠳᠦᠷᠪᠡᠯᠵᠢᠨ ᠺᠢᠯᠦᠮᠧᠲᠷ ᠦᠷᠭᠡᠳᠬᠡᠨ᠂ ᠬᠤᠶᠢᠰᠢᠲᠠ ᠶᠢᠨ ᠬᠦᠭᠵᠢᠯᠲᠡ ᠳᠤ ᠣᠷᠣᠨ ᠵᠠᠢ ᠦᠯᠡᠳᠡᠭᠡᠨ᠎ᠡ᠃ ᠠᠮᠢ ᠠᠬᠤᠢ ᠶᠢᠨ ᠬᠤᠲᠠ ᠪᠣᠯᠭᠠᠨ ᠪᠦᠲᠦᠭᠡᠨ ᠪᠠᠶᠢᠭᠤᠯᠵᠤ᠂ ᠠᠮᠢ ᠠᠬᠤᠢ ᠶᠢᠨ ᠬᠦᠷᠢᠶᠡᠯᠡᠩ᠂ ᠹᠦ᠋ ᠱᠠᠨ ᠴᠡᠴᠡᠷᠯᠢᠭ ᠵᠢᠴᠢ ᠸᠠᠩ ᠵᠢᠩ ᠭᠧ ᠴᠡᠴᠡᠷᠯᠢᠭ ᠢ ᠪᠠᠶᠢᠭᠤᠯᠤᠨ᠂ ᠬᠤᠶᠢᠲᠤ ᠰᠣᠪᠤᠷᠭ᠎ᠠ ᠶᠢᠨ ᠰᠤᠶᠤᠯ ᠤᠨ ᠴᠡᠴᠡᠷᠯᠢᠭ᠂ ᠯᠢᠶᠤᠤ ᠶᠢᠨ ᠳᠡᠭᠡᠳᠦ ᠨᠡᠶᠢᠰᠯᠡᠯ ᠤᠨ ᠪᠠᠭᠤᠷᠢ ᠶᠢᠨ ᠴᠡᠴᠡᠷᠯᠢᠭ ᠵᠢᠴᠢ ᠰᠢᠷᠭ᠎ᠠ ᠶᠢᠨ ᠭᠤᠣᠯ ᠤᠨ ᠨᠠᠮᠤᠭᠲᠤ ᠴᠡᠴᠡᠷᠯᠢᠭ ᠢ ᠡᠬᠢᠯᠡᠨ ᠪᠠᠶᠢᠭᠤᠯᠵᠤ᠂ ᠬᠤᠲᠠ ᠲᠣᠭᠤᠷᠢᠭ ᠤᠨ ᠠᠮᠢ ᠠᠬᠤᠢ  ᠶᠢᠨ ᠴᠢᠳᠠᠪᠦᠷᠢ ᠶᠢ ᠲᠡᠭᠦᠯᠳᠡᠷᠵᠢᠭᠦᠯᠦᠨ᠎ᠡ᠃ ᠣᠷᠣᠨ ᠰᠠᠭᠤᠴᠠ ᠪᠠ ᠠᠵᠤ ᠦᠢᠯᠡᠰ ᠲᠤ ᠳᠣᠬᠢᠷᠠᠭᠰᠠᠨ ᠬᠤᠲᠠ ᠶᠢ ᠪᠦᠲᠦᠭᠡᠨ ᠪᠠᠶᠢᠭᠤᠯᠵᠤ᠂ 17 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠵᠠᠷᠤᠴᠠᠭᠤᠯᠤᠨ ᠳᠦᠭᠦᠮ ᠪᠦᠲᠦᠴᠡᠲᠦ ᠣᠷᠣᠨ ᠰᠠᠭᠤᠴᠠ ᠶᠢ ᠦᠭᠡᠷᠡᠴᠢᠯᠡᠨ᠂ ᠮᠠᠰᠢᠨ ᠲᠡᠷᠭᠡᠨ ᠤ ᠦᠢᠯᠡᠴᠢᠯᠡᠭᠡᠨ ᠤ ᠬᠤᠲᠠ᠂ ᠹᠦ᠋ ᠱᠠᠨ ᠴᠡᠴᠡᠷᠯᠢᠭ ᠵᠢᠴᠢ ᠵᠠᠰᠠᠭ ᠵᠠᠬᠢᠷᠭᠠᠨ ᠤ ᠠᠯᠪᠠᠨ ᠲᠣᠭᠤᠷᠢᠭ ᠤᠨ ᠭᠤᠸᠠᠯᠢᠭᠵᠢᠯ᠂ ᠳᠠᠬᠢᠨ ᠠᠰᠢᠭᠯᠠᠵᠤ ᠪᠣᠯᠬᠤ ᠤᠰᠤ ᠵᠡᠷᠭᠡ ᠢᠨᠵᠧᠨᠧᠷᠢᠩ ᠢ ᠪᠡᠶᠡᠯᠡᠭᠦᠯᠵᠦ᠂ 220 ᠺᠢᠯᠦᠸᠣᠯᠲ ᠠᠮᠫᠧᠷ ᠤᠨ ᠯᠢᠨᠳᠦ᠋ᠩ ᠳᠠᠬᠢ ᠴᠠᠬᠢᠯᠭᠠᠨ ᠬᠤᠪᠢᠰᠬᠠᠭᠤᠷ ᠢ ᠭᠠᠵᠠᠷ ᠰᠢᠯᠵᠢᠭᠦᠯᠦᠨ ᠰᠢᠨ᠎ᠡ ᠪᠠᠷ ᠪᠠᠶᠢᠭᠤᠯᠬᠤ᠂ ᠯᠢᠨᠳᠦ᠋ᠩ ᠮᠠᠰᠢᠨ ᠲᠡᠷᠭᠡᠨ ᠤ ᠦᠷᠲᠡᠭᠡ ᠶᠢ ᠭᠠᠵᠠᠷ ᠰᠢᠯᠵᠢᠭᠦᠯᠬᠦ ᠵᠢᠴᠢ ᠲᠣᠰᠬᠠᠢ ᠬᠦᠮᠦᠨ ᠪᠦᠬᠦ ᠲᠠᠯ᠎ᠠ ᠪᠠᠷ ᠬᠠᠷᠢᠭᠤᠴᠠᠭᠰᠠᠨ ᠬᠤᠲᠠ ᠲᠣᠭᠤᠷᠢᠭ ᠤᠨ ᠰᠦᠯᠵᠢᠭᠰᠡᠨ ᠬᠠᠮᠢᠶᠠᠷᠤᠯᠲᠠ  ᠶᠢ ᠬᠡᠷᠡᠭᠵᠢᠭᠦᠯᠦᠨ᠎ᠡ᠃ ᠰᠤᠶᠤᠯ ᠵᠢᠭᠤᠯᠴᠢᠯᠠᠯ ᠤᠨ ᠬᠤᠲᠠ ᠶᠢ ᠪᠠᠶᠢᠭᠤᠯᠵᠤ᠂  ᠭᠢᠳᠠᠨ ᠰᠤᠶᠤᠯ ᠤᠨ ᠡᠯᠧᠮᠧᠨ᠋ᠲ ᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠬᠦᠷᠢᠶ᠎ᠡ ᠴᠠᠷᠠᠭᠠᠨ ᠳᠤ ᠠᠭᠤᠰᠤᠯᠴᠠᠭᠤᠯᠵᠤ᠂ ᠵᠠᠮ ᠤᠨ ᠲᠡᠮᠳᠡᠭ ᠫᠠᠶᠢᠰᠠ ᠶᠢ ᠵᠢᠷᠤᠵᠤ ᠲᠦᠯᠦᠪᠯᠡᠬᠦ ᠪᠠ ᠵᠠᠰᠠᠵᠤ ᠰᠣᠯᠢᠨ᠂ ᠬᠤᠳᠠᠯᠳᠤᠭ᠎ᠠ ᠪᠣᠯᠤᠨ ᠢᠳᠡᠭᠡᠨ ᠤᠮᠳᠠᠭᠠᠨ ᠵᠣᠴᠢᠳ ᠤᠨ ᠪᠠᠭᠤᠳᠠᠯ ᠤᠨ ᠦᠢᠯᠡᠴᠢᠯᠡᠭᠡ ᠶᠢ ᠰᠠᠶᠢᠵᠢᠷᠠᠭᠤᠯᠵᠤ᠂ ︽ᠤᠶᠤᠨᠳᠤ ᠨᠡᠶᠢᠭᠡᠮ ᠲᠣᠭᠤᠷᠢᠭ︾ ᠢ ᠪᠠᠶᠢᠭᠤᠯᠤᠨ᠂ ᠯᠢᠨᠳᠦ᠋ᠩ ᠬᠤᠲᠠ ᠲᠣᠭᠤᠷᠢᠭ ᠤᠨ ᠬᠠᠮᠢᠶᠠᠷᠤᠯᠲᠠ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃       ᠬᠦᠳᠡᠭᠡ ᠲᠤᠰᠬᠤᠨ ᠮᠠᠯᠵᠢᠬᠤ ᠣᠷᠣᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠢᠨᠵᠧᠨᠧᠷᠢᠩ ᠤᠨ ᠦᠷ᠎ᠡ ᠠᠰᠢᠭ ᠢ ᠪᠠᠲᠤᠯᠠᠨ᠂ ᠰᠠᠭᠤᠷᠢ ᠲᠦᠬᠦᠭᠡᠷᠦᠮᠵᠢ ᠪᠠ ᠣᠯᠠᠨ ᠨᠡᠶᠢᠲᠡ  ᠶᠢᠨ ᠦᠢᠯᠡᠴᠢᠯᠡᠭᠡᠨ ᠢ ᠬᠦᠳᠡᠭᠡ ᠲᠤᠰᠬᠤᠨ ᠮᠠᠯᠵᠢᠬᠤ ᠣᠷᠣᠨ ᠳᠤ ᠬᠦᠷᠭᠡᠨ᠎ᠡ᠃ ᠭᠠᠴᠠᠭᠠᠨ ᠳᠤ ᠨᠡᠪᠲᠡᠷᠡᠬᠦ ᠵᠠᠰᠠᠮᠠᠯ ᠵᠠᠮ 70 ᠺᠢᠯᠦᠮᠧᠲᠷ ᠳᠡᠪᠢᠰᠴᠦ᠂ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡᠨ ᠤ ᠵᠠᠮ ᠱᠤᠭᠤᠮ 12 ᠵᠣᠷᠪᠤᠰ ᠭᠠᠷᠭᠠᠵᠤ᠂ ᠵᠠᠰᠠᠮᠠᠯ ᠵᠠᠮ ᠤᠨ ᠲᠡᠭᠡᠭᠡᠪᠦᠷᠢ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠬᠦᠪ ᠤᠨ ᠭᠤᠤ ᠤᠰᠤᠨ ᠠᠰᠢᠭᠯᠠᠯᠲᠠ ᠶᠢᠨ ᠵᠠᠩᠭᠢᠯᠠᠭ᠎ᠠ ᠵᠢᠴᠢ ᠤᠰᠤᠨ ᠴᠦᠭᠦᠷᠦᠮ ᠢ ᠨᠡᠪᠲᠡᠷᠡᠭᠦᠯᠵᠦ ᠤᠰᠤ ᠬᠠᠩᠭᠠᠬᠤ᠂ ᠦᠯᠵᠡᠶᠢᠮᠦ᠋ᠷᠡᠨ ᠭᠤᠣᠯ ᠢ ᠵᠠᠰᠠᠬᠤ ᠵᠡᠷᠭᠡ ᠢᠨᠵᠧᠨᠧᠷᠢᠩ ᠢ ᠬᠡᠷᠡᠭᠵᠢᠭᠦᠯᠦᠨ᠂ ᠤᠰᠤᠨ ᠴᠦᠭᠦᠷᠦᠮ ᠤᠨ ᠠᠶᠤᠯ ᠢ ᠰᠡᠷᠭᠡᠶᠢᠯᠡᠨ ᠪᠠᠬᠢᠵᠢᠭᠦᠯᠬᠦ ᠪᠠ ᠭᠠᠩ ᠭᠠᠮᠰᠢᠭ ᠢ ᠠᠷᠭᠠᠴᠠᠭᠠᠵᠤ᠂ ᠣᠯᠠᠨ ᠲᠦᠮᠡᠨ ᠤ ᠤᠤᠭᠤᠬᠤ ᠤᠰᠤᠨ  ᠤ ᠠᠮᠤᠷ ᠲᠦᠪᠰᠢᠨ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠱᠠᠭᠠᠷᠳᠠᠯᠭ᠎ᠠ ᠶᠢ ᠦᠨᠡᠨᠬᠦ ᠪᠠᠲᠤᠯᠠᠨ᠎ᠠ᠃ ᠪᠠᠶᠠᠨ᠋ᠠ᠋ᠭᠤᠯᠠ ᠪᠠᠯᠭᠠᠰᠤ ᠶᠢᠨ 66 ᠺᠢᠯᠦᠸᠣᠯᠲ ᠠᠮᠫᠧᠷ ᠤᠨ ᠴᠠᠬᠢᠯᠭᠠᠨ ᠬᠤᠪᠢᠰᠬᠠᠭᠤᠷ ᠤᠨ ᠦᠷᠲᠡᠭᠡ ᠶᠢ ᠠᠦ᠋ᠲᠴᠢᠯᠠᠬᠤ ᠪᠠ 10 ᠺᠢᠯᠦᠸᠣᠯᠲ ᠠᠮᠫᠧᠷ ᠤᠨ ︽ᠲᠤᠰᠬᠤᠨ ᠳᠤ ᠨᠡᠪᠲᠡᠷᠡᠬᠦ ᠬᠦᠳᠡᠯᠭᠡᠭᠦᠷᠲᠦ ᠴᠠᠬᠢᠯᠭᠠᠨ︾ ᠵᠡᠷᠭᠡ ᠢᠨᠵᠧᠨᠧᠷᠢᠩ ᠢ ᠨᠠᠶᠢᠳᠠᠪᠦᠷᠢᠵᠢᠭᠤᠯᠵᠤ᠂ ᠬᠦᠳᠡᠭᠡ ᠲᠤᠰᠬᠤᠨ ᠮᠠᠯᠵᠢᠬᠤ ᠣᠷᠣᠨ ᠤ ᠴᠠᠬᠢᠯᠭᠠᠨ ᠬᠦᠴᠦᠨ ᠤ ᠦᠢᠯᠡᠴᠢᠯᠡᠭᠡ ᠶᠢ ᠴᠢᠩᠭᠠᠳᠬᠠᠨ᠎ᠠ᠃ ᠵᠢᠢ ᠲᠦᠩ ᠲᠡᠮᠦᠷ ᠵᠠᠮ ᠤᠨ ᠮᠠᠨ ᠤ ᠬᠤᠰᠢᠭᠤ ᠪᠠᠷ ᠦᠩᠭᠡᠷᠡᠬᠦ ᠵᠠᠮ ᠤᠨ ᠬᠡᠰᠡᠭ ᠢ ᠪᠠᠶᠢᠭᠤᠯᠤᠨ ᠲᠡᠷᠭᠡ ᠨᠡᠪᠲᠡᠷᠡᠭᠦᠯᠵᠦ᠂ ᠮᠣᠵᠢ ᠶᠢᠨ ᠳᠡᠰ ᠤᠨ ᠵᠠᠮ ᠢ ᠳᠡᠭᠡᠳᠦ ᠬᠤᠷᠳᠤᠴᠠᠲᠤ ᠵᠠᠰᠠᠮᠠᠯ ᠵᠠᠮ ᠪᠣᠯᠭᠠᠵᠤ᠂ ᠳᠡᠭᠡᠳᠦ ᠨᠡᠶᠢᠰᠯᠡᠯ ᠨᠢᠰᠭᠡᠯ ᠤᠨ ᠲᠠᠯᠠᠪᠠᠢ᠂ 303 ᠤᠯᠤᠰ ᠤᠨ ᠵᠠᠮ ᠱᠤᠭᠤᠮ ᠵᠡᠷᠭᠡ ᠲᠦᠷᠦᠯ ᠵᠦᠢᠯ ᠢ ᠡᠬᠢᠯᠡᠭᠦᠯᠦᠨ᠂ ᠵᠠᠮ ᠳᠠᠭᠠᠭᠰᠠᠨ ᠭᠠᠵᠠᠷ ᠣᠷᠣᠨ ᠤ ᠬᠦᠭᠵᠢᠯᠲᠡ ᠶᠢ ᠠᠬᠢᠭᠤᠯᠵᠤ᠂ ᠪᠦᠬᠦ ᠬᠤᠰᠢᠭᠤᠨ ᠤ ᠬᠦᠭᠵᠢᠯᠲᠡ ᠶᠢ ᠲᠦᠷᠭᠡᠳᠬᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃       ᠮᠠᠯᠴᠢᠨ ᠲᠠᠷᠢᠶᠠᠴᠢᠳ ᠤᠨ ᠬᠤᠲᠠ ᠣᠷᠤᠬᠤ ᠶᠢ ᠠᠬᠢᠭᠤᠯᠤᠨ᠎ᠠ᠃ ᠪᠠᠭ᠎ᠠ ᠵᠢᠵᠢᠭ ᠬᠤᠲᠠ ᠪᠠᠯᠭᠠᠰᠤ ᠶᠢᠨ ᠬᠦᠭᠵᠢᠯᠲᠡ ᠶᠢᠨ ᠲᠦᠯᠦᠪᠵᠢᠭᠦᠯᠭᠡ ᠶᠢ ᠨᠠᠶᠢᠷᠠᠭᠤᠯᠵᠤ᠂ ᠪᠢᠯᠡᠭᠦᠲᠡᠢ᠂ ᠯᠦᠩᠴᠠᠩ ᠵᠢᠴᠢ ᠪᠠᠶᠠᠨ᠋ᠠ᠋ᠭᠤᠯᠠ ᠭᠤᠷᠪᠠᠨ ᠣᠨᠴᠠᠯᠢᠭᠲᠤ ᠵᠢᠵᠢᠭ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠳᠬᠤᠵᠤ᠂ ᠪᠤᠰᠤᠳ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠦᠭᠡᠷᠡᠴᠢᠯᠡᠨ ᠰᠠᠶᠢᠵᠢᠷᠠᠭᠤᠯᠤᠨ᠎ᠠ᠃ ᠰᠤᠮᠤ ᠰᠢᠶᠠᠩ ᠪᠠᠯᠭᠠᠰᠤ   ᠶᠢᠨ ᠲᠦᠪᠯᠡᠷᠡᠭᠰᠡᠨ ᠳᠤᠯᠠᠭᠠᠯᠠᠭ᠎ᠠ ᠬᠠᠩᠭᠠᠬᠤ᠂ ᠰᠢᠲᠠᠮᠠᠬᠠᠢ ᠬᠡᠢ ᠬᠠᠩᠭᠠᠬᠤ᠂ ᠬᠤᠭ ᠨᠣᠪᠰᠢ ᠪᠠ ᠪᠣᠬᠢᠷ ᠤᠰᠤ ᠶᠢ ᠰᠢᠢᠳᠪᠦᠷᠢᠯᠡᠬᠦ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠠᠭᠠᠭᠠᠴᠠ ᠪᠠ ᠳᠠᠭᠠᠭᠤᠯᠬᠤ ᠦᠢᠯᠡᠳᠦᠯ ᠢ ᠴᠢᠩᠭᠠᠳᠬᠠᠨ᠂ ᠮᠠᠯᠴᠢᠨ ᠲᠠᠷᠢᠶᠠᠴᠢᠳ ᠤᠨ ᠨᠤᠲᠤᠭ ᠤᠨ ᠬᠤᠲᠠ ᠪᠠᠯᠭᠠᠰᠤᠵᠢᠯᠲᠠ ᠶᠢ ᠠᠬᠢᠭᠤᠯᠤᠨ᠎ᠠ᠃ ᠭᠤᠣᠯᠯᠠᠬᠤ ᠠᠵᠤ ᠦᠢᠯᠡᠰ ᠢ ᠪᠣᠶᠢᠵᠢᠭᠤᠯᠬᠤ ᠪᠠ ᠠᠵᠢᠯ ᠣᠯᠭᠤᠵᠤ ᠦᠢᠯᠡᠰ ᠪᠤᠰᠬᠠᠬᠤ ᠵᠡᠷᠭᠡ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠮᠠᠯᠴᠢᠨ ᠲᠠᠷᠢᠶᠠᠴᠢᠳ  ᠤᠨ ᠣᠷᠤᠯᠭ᠎ᠠ ᠪᠠᠨ ᠨᠡᠮᠡᠭᠳᠡᠭᠦᠯᠬᠦ ᠣᠷᠣᠨ ᠵᠠᠢ ᠶᠢ ᠦᠷᠭᠡᠳᠬᠡᠨ᠂ ᠬᠤᠳᠠ ᠪᠠᠯᠭᠠᠰᠤᠨ ᠵᠦᠭ ᠰᠢᠯᠵᠢᠭᠦᠯᠦᠨ᠎ᠡ᠃ ᠮᠠᠯᠵᠢᠬᠤ ᠣᠷᠣᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠲᠠᠯ᠎ᠠ ᠪᠠᠷ ᠬᠢ ᠳᠣᠪᠤᠶᠢᠮ᠎ᠠ ᠠᠰᠠᠭᠤᠳᠠᠯ  ᠢ ᠰᠢᠢᠳᠪᠦᠷᠢᠯᠡᠵᠦ᠂ ᠵᠦᠷᠢᠶᠡᠲᠦ ᠲᠦᠷᠦ ᠶᠢᠨ ᠪᠣᠳᠤᠯᠭ᠎ᠠ ᠲᠣᠭᠲᠠᠭᠠᠨ᠂ ᠮᠠᠯᠵᠢᠬᠤ ᠣᠷᠣᠨ ᠤ ᠬᠦᠭᠵᠢᠯᠲᠡ ᠶᠢᠨ ᠳᠤᠳᠠᠭᠳᠠᠯ ᠢ ᠠᠭᠠᠵᠢᠮ ᠢᠶᠠᠷ ᠨᠦᠬᠦᠪᠦᠷᠢᠯᠡᠨ᠎ᠡ᠃        ︵ᠲᠠᠪᠤ︶  ᠲᠦᠭᠡᠮᠡᠯ ᠬᠠᠷᠠᠭᠠᠯᠵᠠᠯᠲᠤ ᠲᠦᠷᠦ ᠶᠢᠨ ᠪᠣᠳᠤᠯᠭ᠎ᠠ ᠶᠢ ᠨᠠᠶᠢᠳᠠᠪᠦᠷᠢᠵᠢᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠂ ᠣᠯᠠᠨ ᠲᠦᠮᠡᠨ ᠳᠤ ᠵᠤᠯ ᠵᠢᠷᠭᠠᠯ ᠡᠳ᠋ᠯᠡᠭᠦᠯᠦᠨ᠎ᠡᠶᠠᠳᠠᠭᠤ ᠠᠴᠠ ᠠᠩᠭᠢᠵᠢᠷᠠᠭᠤᠯᠬᠤ ᠠᠵᠢᠯ ᠢ ᠰᠠᠶᠢᠲᠤᠷ ᠬᠢᠨ᠎ᠡ᠃ ᠨᠠᠷᠢᠨ ᠣᠨᠤᠪᠴᠢᠲᠠᠢ ᠶᠠᠳᠠᠭᠤ ᠶᠢ ᠲᠡᠳᠬᠦᠬᠦ ᠪᠣᠯᠤᠨ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠪᠣᠳᠤᠯᠭ᠎ᠠ ᠶᠢ ᠪᠠᠷᠢᠮᠲᠠᠯᠠᠵᠤ᠂ ᠶᠠᠳᠠᠭᠤ ᠬᠦᠴᠢᠷᠳᠡᠢ ᠪᠣᠶᠤ ᠶᠠᠳᠠᠭᠤ ᠬᠦᠴᠢᠷᠲᠡᠢ ᠪᠣᠰᠤ ᠭᠠᠴᠠᠭ᠎ᠠ ᠲᠤᠰᠬᠤᠨ ᠢ ᠨᠢᠭᠡᠲᠦᠯᠲᠡᠢ ᠲᠦᠯᠦᠪᠯᠡᠨ ᠨᠡᠶᠢᠳᠡᠮ ᠬᠠᠷᠠᠭᠠᠯᠵᠠᠵᠤ᠂ ᠲᠦᠷᠦᠯ ᠵᠦᠢᠯ ᠪᠣᠯᠤᠨ ᠪᠡᠯᠡ ᠮᠦᠩᠭᠦ ᠶᠢ ᠶᠠᠳᠠᠭᠤ ᠬᠦᠴᠢᠷᠲᠡᠢ ᠡᠷᠦᠬᠡ ᠳᠤ ᠬᠦᠷᠭᠡᠨ᠎ᠡ᠃ ᠠᠵᠤ ᠦᠢᠯᠡᠰ ᠢᠶᠠᠷ ᠶᠠᠳᠠᠭᠤ  ᠠᠴᠠ  ᠠᠩᠭᠢᠵᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠭᠰᠠᠨ ᠪᠡᠯᠡ ᠮᠦᠩᠭᠦ ᠶᠢ ᠨᠢᠭᠡᠳᠦᠭᠦᠯᠦᠨ ᠂ ᠱᠦᠭᠦᠷ ᠡᠪᠡᠰᠦ᠂ ᠠᠯᠠᠰᠢᠨ ᠦᠬᠡᠷ᠂ ᠠᠯᠠᠰᠢᠨ ᠬᠤᠨᠢ᠂ ᠠᠯᠠᠰᠢᠨ ᠡᠯᠵᠢᠭᠡ᠂ ᠰᠢᠬᠢᠷ ᠯᠣᠣᠪᠠᠩ ᠵᠢᠴᠢ ᠲᠦᠮᠦᠰᠦ ᠵᠡᠷᠭᠡ ᠠᠵᠤ ᠦᠢᠯᠡᠰ ᠤᠨ ᠲᠣᠭᠤᠷᠢᠨ ᠳᠤ᠂ ︽ᠭᠤᠷᠪᠠ ᠶᠢ ᠲᠤᠰᠬᠤᠨ ᠪᠠ ᠡᠷᠦᠬᠡ ᠳᠤ ᠬᠦᠷᠭᠡᠬᠦ︾᠂ ︽ᠲᠣᠯᠤᠭᠠᠶᠢᠯᠠᠭᠴᠢ ᠠᠵᠤ ᠠᠬᠤᠶᠢᠯᠠᠯ ᠤᠨ ᠵᠢᠭᠡᠯᠡᠯᠭᠡ︾ ᠵᠢᠴᠢ ︽ᠮᠦᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ︾ ᠵᠡᠷᠭᠡ ᠢᠨᠵᠧᠨᠧᠷᠢᠩ ᠢ ᠠᠬᠢᠭᠤᠯᠤᠨ᠂ ᠬᠦᠳᠡᠯᠮᠦᠷᠢᠯᠡᠬᠦ ᠴᠢᠳᠠᠪᠦᠷᠢ ᠲᠠᠢ ᠪᠦᠭᠡᠳ ᠳᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠲᠡᠢ ᠡᠷᠦᠬᠡ ᠶᠢ ᠠᠵᠤ ᠦᠢᠯᠡᠰᠵᠢᠯᠲᠡ ᠶᠢᠨ ᠰᠢᠰᠲ᠋ᠧᠮ ᠳᠤ ᠣᠷᠤᠭᠤᠯᠤᠨ᠎ᠠ᠃ ᠨᠡᠭᠦᠯᠭᠡᠬᠦ ᠪᠠᠷ ᠶᠠᠳᠠᠭᠤ ᠶᠢ ᠲᠡᠳᠬᠦᠵᠦ᠂ ᠠᠵᠤ ᠦᠢᠯᠡᠰ ᠤᠨ ᠬᠦᠭᠵᠢᠯᠲᠡ ᠪᠠ ᠭᠤᠣᠯᠳᠠᠯᠭ᠎ᠠ  ᠲᠠᠢ ᠲᠦᠷᠦᠯ ᠵᠦᠢᠯ ᠢ ᠤᠷᠭᠠᠨᠢᠭ ᠤᠶᠠᠯᠳᠤᠭᠤᠯᠤᠨ᠂ 2582 ᠬᠦᠮᠦᠨ ᠢ ᠨᠡᠭᠦᠯᠭᠡᠨ ᠰᠢᠯᠵᠢᠭᠦᠯᠵᠦ ᠶᠠᠳᠠᠭᠤ ᠠᠴᠠ ᠠᠩᠭᠢᠵᠢᠷᠠᠭᠤᠯᠤᠨ᠎ᠠ᠃ ᠡᠯᠧᠺᠲᠷᠤᠨ ᠬᠤᠳᠠᠯᠳᠤᠭ᠎ᠠ᠂ ᠵᠢᠭᠤᠯᠴᠢᠯᠠᠯ᠂ ᠰᠤᠷᠭᠠᠨ ᠬᠦᠮᠦᠵᠢᠯ᠂ ᠡᠮ ᠡᠮᠨᠡᠯᠭᠡ᠂ ᠠᠮᠢ ᠠᠬᠤᠢ᠂ ᠨᠠᠷᠠᠨ ᠡᠨᠧᠷᠭᠢ ᠵᠢᠴᠢ ᠬᠦᠷᠦᠩᠭᠡ ᠶᠢᠨ ᠣᠷᠤᠯᠭ᠎ᠠ ᠵᠡᠷᠭᠡ ᠶᠠᠳᠠᠭᠤ ᠶᠢ ᠲᠡᠳᠬᠦᠬᠦ ᠵᠠᠭᠪᠤᠷ ᠢ ᠠᠰᠢᠭᠯᠠᠨ᠂ ᠣᠷᠣᠨ ᠬᠤᠲᠠ ᠶᠢᠨ ᠤᠳᠤᠷᠢᠳᠤᠯᠭ᠎ᠠ ᠬᠠᠷᠢᠯᠴᠠᠨ ᠲᠡᠳᠬᠦᠬᠦ᠂ ᠪᠡᠭᠡᠵᠢᠩ ᠥᠪᠥᠷ ᠮᠣᠩᠭᠤᠯ ᠬᠤᠯᠪᠤᠭᠠᠯᠠᠨ ᠲᠡᠳᠬᠦᠬᠦ ᠂ ᠳᠤᠮᠳᠠᠳᠤ ᠶᠢᠨ ᠤᠰᠤᠨ ᠴᠠᠬᠢᠯᠭᠠᠨ ᠤ ᠲᠣᠭᠲᠠᠭᠰᠠᠨ ᠴᠢᠭᠲᠦ ᠲᠡᠳᠬᠦᠬᠦ ᠵᠢᠴᠢ ᠪᠠᠷᠠᠭᠤᠨ ᠣᠷᠤᠨ ᠤ ᠨᠡᠭᠡᠭᠡᠨ ᠬᠦᠭᠵᠢᠯᠲᠡ ᠶᠢ ᠠᠬᠢᠭᠤᠯᠬᠤ ᠨᠡᠶᠢᠭᠡᠮᠯᠢᠭ ᠤᠨ ᠲᠡᠳᠬᠦᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ  ᠤᠨ ᠠᠪᠤᠷᠠᠨ ᠲᠤᠰᠠᠯᠠᠬᠤ ᠳᠦᠷᠢᠮ ᠪᠣᠯᠤᠨ ᠶᠠᠳᠠᠭᠤ ᠶᠢ ᠲᠡᠳᠬᠦᠨ ᠨᠡᠭᠡᠭᠡᠨ ᠬᠦᠭᠵᠢᠭᠦᠯᠬᠦ ᠲᠦᠷᠦ ᠶᠢᠨ ᠪᠣᠳᠤᠯᠭ᠎ᠠ  ᠶᠢ ᠪᠦᠲᠦᠮᠵᠢᠲᠠᠢ ᠵᠤᠯᠭᠠᠭᠤᠯᠵᠤ᠂ ᠶᠠᠳᠠᠭᠤ ᠶᠢ ᠲᠡᠳᠬᠦᠬᠦ ᠪᠠ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠤᠨ᠎ᠠ᠃ ᠬᠠᠮᠲᠤ ᠶᠢᠨ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠵᠠᠮ ᠢ ᠡᠷᠢᠯᠬᠢᠯᠡᠵᠦ᠂ ᠲᠦᠷᠦ ᠶᠢᠨ ᠪᠣᠳᠤᠯᠭ᠎ᠠ ᠶᠢᠨ ᠳᠡᠮᠵᠢᠯᠭᠡ ᠶᠢ ᠴᠢᠩᠭᠠᠳᠬᠠᠨ᠂ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠬᠦᠭᠵᠢᠯᠲᠡ ᠶᠢ ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠳᠤ ᠬᠦᠴᠦᠨ ᠨᠡᠮᠡᠷᠢᠯᠡᠨ᠎ᠡ᠃ ᠶᠠᠳᠠᠭᠤ ᠶᠢ ᠲᠡᠳᠬᠦᠬᠦ ᠪᠠ ᠤᠶᠤᠨ ᠤᠬᠠᠭᠠᠨ ᠢ ᠲᠡᠳᠬᠦᠬᠦ ᠶᠢ ᠵᠡᠷᠭᠡᠪᠡᠷ ᠴᠢᠬᠤᠯᠠᠴᠢᠯᠠᠵᠤ᠂ ᠶᠠᠳᠠᠭᠤ ᠬᠦᠴᠢᠷᠲᠡᠢ ᠣᠯᠠᠨ ᠲᠦᠮᠡᠨ ᠤ ᠳᠣᠲᠤᠭᠠᠳᠤ ᠬᠦᠴᠦᠨ ᠢ ᠬᠦᠭᠵᠢᠭᠡᠨ᠂ ᠭᠠᠳᠠᠨ᠎ᠠ ᠠᠴᠠ ᠲᠡᠳᠬᠦᠨ ᠳᠡᠮᠵᠢᠬᠦ ᠪᠣᠯᠤᠨ ᠳᠣᠲᠤᠭᠠᠳᠤ ᠰᠡᠳᠬᠢᠯᠭᠡ ᠶᠢ ᠬᠠᠷᠢᠯᠴᠠᠨ ᠤᠶᠠᠯᠳᠤᠭᠤᠯᠵᠤ᠂ ᠵᠢᠯ ᠤᠨ ᠳᠣᠲᠤᠷ᠎ᠠ 1.5 ᠲᠦᠮᠡᠨ ᠬᠦᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠤᠨ᠎ᠠ᠃         ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠠᠵᠢᠯ ᠣᠯᠤᠭᠰᠠᠳ ᠪᠣᠯᠤᠨ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠵᠢᠴᠢ ᠳᠤᠮᠳᠠ ᠵᠢᠵᠢᠭ ᠠᠵᠤ ᠠᠬᠤᠶᠢᠯᠠᠯ ᠢ ᠨᠡᠶᠢᠭᠡᠮ ᠤᠨ ᠳᠠᠭᠠᠭᠳᠬᠠᠯ ᠳᠤ ᠣᠷᠤᠭᠤᠯᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠪᠣᠯᠤᠨ ᠦᠨᠳᠦᠰᠦᠨ ᠡᠮᠨᠡᠯᠭᠡ ᠶᠢᠨ ᠳᠠᠭᠠᠳᠬᠠᠯ ᠳᠤ ᠣᠷᠤᠬᠤ ᠨᠣᠷᠮ᠎ᠠ ᠶᠢ 95% ᠠᠴᠠ ᠳᠡᠭᠡᠭᠰᠢ ᠪᠣᠯᠭᠠᠨ᠎ᠠ᠃ ᠨᠡᠶᠢᠭᠡᠮ ᠤᠨ ᠡᠯ᠎ᠡ ᠵᠦᠢᠯ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠠᠪᠤᠨ ᠪᠠᠲᠤᠯᠠᠭ᠎ᠠ᠂ ᠦᠨᠦᠴᠢᠨ ᠬᠡᠥᠬᠡᠳ ᠵᠢᠴᠢ ᠲᠦᠷ ᠴᠠᠭ ᠤᠨ ᠠᠪᠤᠷᠠᠨ ᠲᠤᠰᠠᠯᠠᠯᠲᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠤᠨ᠂ ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠤᠨ ᠲᠦᠪᠰᠢᠨ ᠢ ᠦᠨᠡᠨᠬᠦ ᠰᠠᠶᠢᠵᠢᠷᠠᠭᠤᠯᠤᠨ᠎ᠠ᠃ ᠵᠠᠰᠠᠭ ᠤᠨ ᠣᠷᠳᠣᠨ ᠬᠤᠳᠠᠯᠳᠤᠨ ᠠᠪᠬᠤ ᠦᠢᠯᠡᠴᠢᠯᠡᠭᠡᠨ ᠤ ᠬᠡᠯᠪᠡᠷᠢ ᠶᠢ ᠠᠪᠴᠤ᠂ ᠬᠤᠲᠠ ᠬᠦᠳᠡᠭᠡ ᠶᠢᠨ ᠳᠣᠣᠷ᠎ᠠ ᠪᠠᠲᠤᠯᠠᠭ᠎ᠠ ᠶᠢ ᠬᠢᠨᠠᠨ ᠲᠣᠭᠲᠠᠭᠠᠬᠤ ᠪᠠ ᠣᠨᠴᠠ ᠬᠦᠴᠢᠷᠲᠡᠢ ᠣᠯᠠᠨ ᠲᠦᠮᠡᠨ ᠢ ᠬᠠᠷᠠᠭᠠᠯᠵᠠᠬᠤ ᠵᠡᠷᠭᠡ ᠲᠤᠷᠰᠢᠯᠲᠠ  ᠶᠢᠨ ᠴᠢᠭ ᠤᠨ ᠠᠵᠢᠯ ᠢ ᠶᠠᠪᠤᠭᠳᠠᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠎ᠠ᠃ ᠨᠠᠰᠤᠲᠠᠨ ᠤ ᠵᠢᠷᠭᠠᠯᠲᠤ ᠬᠦᠷᠢᠶᠡᠯᠡᠩ᠂ ᠨᠠᠰᠤᠲᠠᠨ ᠢ ᠠᠰᠠᠷᠠᠬᠤ ᠬᠦᠷᠢᠶᠡᠯᠡᠩ ᠵᠢᠴᠢ ᠡᠳᠦᠷᠵᠢᠨ ᠬᠠᠷᠠᠭᠠᠯᠵᠠᠬᠤ ᠲᠦᠪ ᠵᠡᠷᠭᠡ ᠨᠠᠰᠤᠲᠠᠨ ᠢ ᠠᠰᠠᠷᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠮᠨᠡᠯᠭᠡ ᠪᠣᠯᠤᠨ ᠠᠰᠠᠷᠠᠮᠵᠢ ᠶᠢ ᠨᠢᠭᠡᠳᠦᠭᠦᠯᠬᠦ ᠲᠤᠷᠰᠢᠯᠲᠠ ᠶᠢᠨ ᠴᠢᠭ  ᠪᠠᠶᠢᠭᠤᠯᠤᠨ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠡᠷᠡᠭᠦᠯᠵᠢᠯ ᠤᠨ ᠲᠦᠪ ᠢ ᠨᠡᠭᠡᠭᠡᠵᠦ᠂ ᠡᠷᠡᠭᠦᠯᠵᠢᠭᠦᠯᠬᠦ ᠪᠠ ᠪᠣᠯᠪᠠᠰᠤᠷᠠᠯ ᠬᠦᠷᠲᠡᠭᠡᠬᠦ ᠠᠵᠢᠯ ᠦᠷᠨᠢᠭᠦᠯᠦᠨ᠂ ᠵᠡᠮᠳᠡᠭᠴᠦᠳ ᠤᠨ ᠪᠠᠲᠤᠯᠠᠭ᠎ᠠ ᠶᠢ  ᠴᠢᠩᠭᠠᠳᠬᠠᠨ᠎ᠠ᠃        ᠨᠡᠶᠢᠭᠡᠮ ᠤᠨ ᠠᠵᠢᠯ ᠦᠢᠯᠡᠰ ᠢ ᠨᠢᠭᠡᠲᠦᠯᠲᠡᠢ ᠠᠬᠢᠭᠤᠯᠤᠨ᠎ᠠ᠃ ᠣᠯᠠᠨ ᠲᠦᠮᠡᠨ ᠳᠤ ᠲᠠᠭᠠᠯᠠᠭᠳᠠᠭᠰᠠᠨ ᠰᠤᠷᠭᠠᠨ ᠬᠦᠮᠦᠵᠢᠯ ᠢ ᠡᠷᠬᠢᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠲᠦᠷᠭᠡᠨ ᠬᠦᠭᠵᠢᠯᠲᠡ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠦᠭᠵᠢᠯᠲᠡ᠂ ᠳᠡᠭᠡᠳᠦ ᠳᠤᠮᠳᠠᠳᠤ  ᠶᠢᠨ ᠰᠤᠷᠭᠠᠨ ᠬᠦᠮᠦᠵᠢᠯ ᠤᠨ ᠴᠢᠨᠠᠷᠯᠢᠭ ᠬᠦᠭᠵᠢᠯᠲᠡ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠣᠨᠴᠠᠯᠢᠭᠲᠤ ᠬᠦᠭᠵᠢᠯᠲᠡ ᠵᠢᠴᠢ ᠦᠨᠳᠦᠰᠦᠲᠡᠨ ᠤ ᠰᠤᠷᠭᠠᠨ ᠬᠦᠮᠦᠵᠢᠯ ᠤᠨ ᠲᠡᠷᠢᠭᠦᠨ ᠤ ᠬᠦᠭᠵᠢᠯᠲᠡ ᠶᠢ ᠠᠬᠢᠭᠤᠯᠤᠨ᠎ᠠ᠃ ᠤᠯᠠᠭᠠᠨᠬᠠᠳᠠ ᠶᠢᠨ ᠬᠤᠶᠢᠲᠤ ᠬᠡᠰᠡᠭ ᠤᠨ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠲᠦᠪ ᠢ ᠪᠠᠶᠢᠭᠤᠯᠵᠤ᠂ ᠬᠢᠴᠢᠶᠡᠯ ᠬᠦᠮᠦᠵᠢᠯ ᠢ ᠰᠢᠨᠵᠢᠯᠡᠬᠦ ᠤᠬᠠᠭᠠᠨᠴᠢ ᠪᠠᠷ ᠳᠣᠬᠢᠷᠠᠭᠤᠯᠤᠨ᠂ ᠲᠤᠰᠬᠠᠢ ᠮᠡᠷᠭᠡᠵᠢᠯ ᠤᠨ ᠪᠠᠭᠰᠢ ᠣᠷᠢᠨ ᠬᠢᠴᠢᠶᠡᠯᠯᠡᠭᠦᠯᠬᠦ ᠳᠦᠷᠢᠮ ᠢ ᠲᠤᠷᠰᠢᠨ ᠬᠡᠷᠡᠭᠯᠡᠵᠦ᠂ ᠭᠤᠣᠯ ᠦᠷᠢᠰᠦᠯᠳᠦᠬᠦ ᠬᠦᠴᠦᠨ ᠢ ᠴᠢᠩᠭᠠᠳᠬᠠᠨ᠎ᠠ᠃ ᠤᠯᠤᠰ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠭᠤᠣᠯᠳᠠᠯᠭ᠎ᠠ ᠲᠠᠢ ᠰᠠᠯᠠᠭ᠎ᠠ  ᠶᠢ ᠪᠠᠶᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠦᠭᠵᠢᠯᠲᠡ ᠶᠢ ᠳᠡᠮᠵᠢᠨ᠂ ᠦᠨᠳᠦᠰᠦᠨ ᠱᠠᠲᠤᠨ ᠤ ᠡᠮᠴᠢ ᠰᠤᠪᠢᠯᠠᠭᠴᠢ ᠶᠢ ᠬᠦᠮᠦᠵᠢᠭᠦᠯᠵᠦ᠂ ᠬᠤᠲᠠ ᠬᠦᠳᠡᠭᠡ ᠶᠢᠨ ᠡᠮ ᠡᠮᠨᠡᠯᠭᠡ ᠪᠣᠯᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠦᠷᠢ ᠶᠢ ᠳᠡᠭᠡᠭᠰᠢᠯᠡᠭᠦᠯᠦᠨ᠎ᠡ᠃ ︽ᠬᠤᠶᠠᠷ ᠬᠡᠥᠬᠡᠳ︾ ᠤᠨ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠵᠤ᠂ ᠡᠮᠡᠭᠲᠡᠶᠢᠴᠦᠳ ᠪᠠ ᠬᠡᠥᠬᠡᠳ ᠤᠨ ᠡᠷᠡᠭᠦᠯ ᠮᠡᠨᠳᠦ ᠶᠢ ᠬᠠᠮᠠᠭᠠᠯᠠᠨ᠂ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠰᠢᠯᠢᠳᠡᠭ ᠤᠯᠠᠮᠵᠢᠯᠠᠯᠲᠤ ᠰᠤᠶᠤᠯ ᠢ ᠬᠦᠭᠵᠢᠭᠦᠯᠵᠦ᠂ ᠪᠦᠬᠦ ᠠᠷᠠᠳ ᠢᠶᠠᠷ ᠢᠶᠠᠨ ᠨᠤᠮ ᠤᠩᠰᠢᠬᠤ ᠪᠠ ᠪᠡᠶ᠎ᠡ  ᠴᠢᠬᠢᠷᠠᠭᠵᠢᠭᠤᠯᠬᠤ ᠠᠵᠢᠯᠯᠠᠭ᠎ᠠ ᠦᠷᠨᠢᠭᠦᠯᠦᠨ᠂ ᠰᠤᠶᠤᠯ ᠲᠠᠮᠢᠷ ᠤᠨ ᠦᠢᠯᠡᠰ ᠢ ᠡᠷᠡᠭᠦᠯ ᠢᠶᠠᠷ ᠬᠦᠭᠵᠢᠭᠦᠯᠦᠨ᠎ᠡ᠃ ᠬᠤᠰᠢᠭᠤᠨ ᠤ ᠳᠣᠲᠤᠷᠠᠬᠢ ᠠᠵᠤ ᠠᠬᠤᠶᠢᠯᠠᠯ ᠪᠣᠯᠤᠨ ᠤᠯᠤᠰ ᠤᠨ ᠳᠣᠲᠤᠭᠠᠳᠤᠬᠢ ᠨᠡᠷᠡᠲᠦ ᠰᠤᠷᠭᠠᠭᠤᠯᠢ ᠤᠳ ᠲᠠᠢ ᠬᠠᠷᠢᠯᠴᠠᠬᠤ ᠲᠠᠪᠴᠠᠩ ᠪᠠᠶᠢᠭᠤᠯᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠰᠢᠨᠵᠢᠯᠡᠭᠡ ᠮᠡᠷᠭᠡᠵᠢᠯ ᠤᠨ ᠬᠤᠪᠢ ᠨᠡᠮᠡᠷᠢ ᠶᠢ ᠨᠡᠮᠡᠭᠳᠡᠭᠦᠯᠦᠨ᠎ᠡ᠃        ᠠᠷᠠᠳ ᠤᠨ ᠠᠮᠢᠳᠤᠷᠠᠯ ᠤᠨ ᠬᠡᠷᠡᠭ ᠶᠠᠪᠤᠳᠠᠯ ᠢ ᠰᠠᠶᠢᠲᠤᠷ ᠬᠢᠨ᠎ᠡ᠃  21 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠶᠢ ᠨᠢᠭᠡᠲᠦᠭᠦᠯᠵᠦ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠤᠭᠳᠠᠭᠰᠠᠨ 15 ᠬᠤᠪᠢ ᠬᠡᠷᠡᠭ ᠶᠠᠪᠤᠳᠠᠯ ᠢ ᠰᠢᠢᠳᠪᠦᠷᠢᠯᠡᠨ᠂ ᠪᠤᠳᠠᠲᠤ ᠦᠢᠯᠡ ᠠᠵᠢᠯᠯᠠᠭ᠎ᠠ ᠪᠣᠯᠤᠨ ᠦᠷ᠎ᠡ ᠪᠦᠲᠦᠮᠵᠢ ᠪᠠᠷ ᠪᠦᠬᠦ ᠬᠤᠰᠢᠭᠤᠨ ᠤ ᠦᠷᠭᠡᠨ ᠣᠯᠠᠨ ᠲᠦᠮᠡᠨ ᠳᠤ ᠪᠤᠶᠠᠨ ᠨᠡᠮᠡᠷᠢᠯᠡᠨ᠎ᠡ᠃        ⒈ᠲᠦᠬᠦᠮ ᠪᠦᠳᠦᠴᠡᠳᠤ ᠤᠷᠤᠨ ᠰᠠᠭᠤᠴᠠ ᠶᠢ ᠦᠭᠡᠷᠡᠴᠢᠯᠡᠨ᠎ᠡ᠃ ᠬᠤᠶᠢᠳᠤ ᠰᠤᠪᠤᠷᠭ᠎ᠠ ᠶᠢᠨ ᠡᠷᠬᠢᠨ ᠲᠤᠭᠤᠷᠢᠨ᠂ ᠪᠸᠢ ᠰᠢᠨ ᠵᠡᠬᠡᠯᠢ ᠶᠢᠨ ᠪᠠᠷᠠᠭᠤᠨᠲᠡᠬᠢ ᠵᠠᠮ ᠤᠨ ᠬᠤᠶᠢᠳᠤ ᠬᠡᠰᠡᠭ᠂ ᠤᠤᠯ ᠤᠨ ᠵᠠᠰᠠᠮᠠᠯ ᠵᠠᠮ ᠤᠨ ᠠᠷᠤ ᠵᠡᠷᠬᠡ ᠤᠷᠤᠨ ᠤ 2589 ᠲᠦᠬᠦᠮ ᠪᠦᠳᠦᠴᠡᠳᠤ ᠤᠷᠤᠨ ᠰᠠᠭᠤᠴᠠ ᠶᠢ ᠦᠬᠡᠷᠡᠴᠢᠯᠡᠵᠤ᠂ ᠠᠷᠠᠳ ᠤᠯᠠᠨ ᠤ ᠤᠷᠤᠨ ᠰᠠᠭᠤᠴᠠ ᠶᠢᠨ ᠨᠦᠬᠦᠴᠡᠯ ᠢ ᠰᠠᠶᠢᠵᠢᠷᠠᠭᠤᠯᠤᠨ᠎ᠠ᠃        ⒉ᠯᠢᠨᠳᠦ᠋ᠡᠭ ᠬᠠᠭᠤᠴᠢᠨ ᠬᠤᠳᠠ ᠲᠤᠭᠤᠷᠢᠭ ᠤᠨ ᠰᠠᠭᠤᠷᠢ ᠲᠦᠬᠦᠬᠡᠷᠦᠮᠵᠢ ᠶᠢ ᠦᠬᠡᠷᠡᠴᠢᠯᠡᠵᠤ ᠰᠠᠶᠢᠵᠢᠷᠠᠭᠤᠯᠤᠨ᠎ᠠ᠃ ᠬᠠᠭᠠᠨ ᠬᠤᠳᠠ ᠵᠠᠮ ᠤᠨ ᠬᠤᠶᠢᠳᠤ ᠬᠡᠰᠡᠭ ᠵᠢᠴᠢ ᠪᠠᠷᠠᠭᠤᠨ ᠲᠡᠭᠦᠷᠭᠡ ᠶᠢᠨ ᠲᠣᠭᠤᠷᠢᠯ ᠵᠠᠮ  ᠤᠨ ᠪᠠᠶᠢᠭᠤᠯᠤᠯᠳᠠ ᠶᠢ ᠲᠦᠷᠬᠡᠳᠬᠡᠨ᠂ 15 ᠬᠠᠭᠤᠴᠢᠨ ᠰᠠᠭᠤᠭᠠᠯᠢ ᠲᠤᠭᠤᠷᠢᠭ ᠤᠨ ᠠᠮᠤᠷ ᠲᠦᠪᠰᠢᠨ ᠤ ᠰᠡᠷᠬᠡᠶᠢᠯᠡᠯᠳᠡ᠂ ᠬᠡᠷᠡᠯᠳᠦᠬᠦᠯᠬᠡ ᠵᠢᠴᠢ ᠬᠡᠰᠡᠭ ᠰᠠᠭᠤᠭᠠᠯᠢ ᠲᠤᠭᠤᠷᠢᠭ ᠤᠨ ᠤᠰᠤᠨ ᠲᠤᠯᠠᠭᠠᠯᠠᠮᠵᠢ ᠶᠢᠨ ᠬᠤᠭᠤᠯᠠᠢ  ᠶᠢᠨ ᠲᠤᠤᠷᠵᠢᠯ ᠢ ᠦᠬᠡᠷᠡᠴᠢᠯᠡᠬᠦ᠂ ᠬᠠᠳᠠᠭᠤᠷᠠᠭᠤᠯᠤᠯᠳᠠ ᠨᠤᠭᠤᠭᠠᠷᠠᠭᠤᠯᠤᠯᠳᠠ ᠵᠡᠷᠬᠡ ᠶᠢ ᠪᠡᠶᠡᠯᠡᠬᠦᠯᠦᠨ᠂  ᠬᠠᠭᠤᠴᠢᠨ ᠬᠤᠳᠠ ᠲᠤᠭᠤᠷᠢᠭ ᠤᠨ ᠤᠷᠴᠢᠨ ᠲᠤᠭᠤᠷᠢᠨ ᠤ ᠲᠦᠷᠢ ᠲᠦᠷᠰᠤ ᠶᠢ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ  ᠲᠡᠭᠡᠭᠰᠢᠯᠡᠬᠦᠯᠦᠨ᠎ᠡ᠃        ⒊ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠡᠩᠴᠡᠬᠦᠷᠢᠳᠡᠢ ᠬᠦᠭᠵᠢᠭᠦᠯᠦᠨ᠎ᠡ᠃ ᠬᠦᠳᠡᠭᠡ ᠲᠤᠰᠬᠤᠨ ᠮᠠᠯᠵᠢᠬᠤ ᠤᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠨᠦᠬᠦᠴᠡᠯ ᠢ ᠰᠠᠶᠢᠵᠢᠷᠠᠭᠤᠯᠵᠤ᠂ ᠰᠢᠷᠤᠢ ᠶᠢᠨ ᠲᠠᠮᠢᠷ ᠤᠨ ᠲᠠᠯᠠᠪᠤᠷ᠂  ᠰᠢᠷᠤᠢ ᠶᠢᠨ ᠵᠤᠤᠬ᠎ᠠ᠂ ᠵᠠᠳᠠᠭᠠᠢ ᠵᠤᠷᠯᠦᠩ ᠵᠢᠴᠢ ᠬᠠᠨᠵᠤ ᠵᠡᠷᠬᠡ ᠶᠢ ᠦᠭᠡᠶᠢᠰᠬᠡᠨ᠎ᠡ᠃ ᠯᠢᠨᠳᠦ᠋ᠡᠭ ᠤᠨ ᠨᠠᠢᠮᠠᠳᠤᠭᠠᠷ ᠪᠠᠭ᠎ᠠ ᠰᠤᠷᠭᠠᠭᠤᠯᠢ ᠶᠢ ᠪᠠᠶᠢᠭᠤᠯᠵᠤ᠂ 12 ᠰᠤᠷᠭᠠᠭᠤᠯᠢ ᠶᠢᠨ ᠬᠦᠯ ᠪᠦᠮᠪᠦᠭᠡ ᠶᠢᠨ ᠤᠷᠳᠤᠨ᠂  ᠬᠤᠳᠠ ᠶᠢᠨ ᠲᠤᠭᠤᠷᠢᠭ ᠲᠠᠬᠢ 7  ᠳᠤᠮᠳᠠᠳᠤ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠤᠷ ᠵᠢᠴᠢ ᠬᠤᠸᠠᠵᠢᠯᠠᠭ᠎ᠠ ᠪᠠᠶᠢᠷᠢᠯᠠᠬᠤ ᠲᠦᠷᠢᠮᠳᠤ ᠰᠤᠷᠭᠠᠭᠤᠯᠢ ᠶᠢᠨ ᠬᠢᠴᠢᠶᠡᠯᠯᠡᠬᠦ ᠠᠰᠠᠷ ᠢ ᠪᠠᠷᠢᠵᠤ᠂ ᠪᠦᠬᠦ ᠬᠤᠰᠢᠭᠤᠨ ᠤ ᠠᠯᠪᠠᠨ ᠵᠢᠷᠤᠮ  ᠤᠨ ᠰᠤᠷᠭᠠᠨ ᠬᠦᠮᠦᠵᠢᠯ ᠤᠨ ᠲᠡᠩᠴᠡᠬᠦᠷᠢᠳᠡᠢ ᠬᠦᠭᠵᠢᠯᠳᠡ ᠶᠢ ᠠᠬᠢᠭᠤᠯᠤᠨ᠎ᠠ᠃        ⒋ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠢ ᠰᠠᠶᠢᠵᠢᠷᠠᠭᠤᠯᠤᠨ᠎ᠠ᠃ ᠯᠢᠨᠳᠦ᠋ᠡᠭ ᠪᠠᠯᠭᠠᠰᠤᠨ  ᠤ ᠳ᠋ᠠ ᠰᠢᠨ ᠵᠤᠸᠠᠩ ᠲᠤᠰᠬᠤᠨ᠂ ᠪᠢᠯᠡᠬᠦᠳᠡᠢ ᠪᠠᠯᠭᠠᠰᠤᠨ ᠤ ᠶᠠᠩ ᠵᠢᠶᠠ ᠶᠢᠩᠽᠢ ᠲᠤᠰᠬᠤᠨ ᠳᠤ ᠲᠤᠰ ᠲᠤᠰ ᠬᠡᠤᠬᠡᠳ ᠤᠨ ᠴᠡᠴᠡᠷᠯᠢᠭ 1 ᠪᠠ ᠯᠢᠨᠳᠦ᠋ᠡᠭ ᠬᠤᠳᠠ ᠲᠤᠭᠤᠷᠢᠭ ᠲᠤ  ᠬᠡᠤᠬᠡᠳ ᠤᠨ ᠴᠡᠴᠡᠷᠯᠢᠭ 2 ᠪᠠᠶᠢᠭᠤᠯᠤᠨ᠂ 1000 ᠭᠠᠷᠤᠢ ᠬᠡᠥᠬᠡᠳ ᠢ ᠬᠡᠷ ᠠᠴᠠ ᠪᠠᠨ ᠣᠶᠢᠷᠠᠯᠴᠠᠭ᠎ᠠ ᠴᠡᠴᠡᠷᠯᠢᠭ ᠲᠤ ᠰᠠᠭᠤᠬᠤ ᠪᠣᠯᠭᠠᠨ᠎ᠠ᠃        ⒌ᠰᠤᠷᠭᠠᠨ ᠬᠦᠮᠦᠵᠢᠯ ᠤᠨ ᠮᠡᠳᠡᠭᠡ ᠵᠠᠩᠬᠢᠴᠢᠯᠠᠯᠳᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠬᠤᠰᠢᠭᠤᠨ ᠤ ᠠᠯᠪᠠᠨ ᠠᠴᠠ ᠡᠷᠬᠢᠯᠡᠭᠰᠡᠨ ᠠᠯᠢᠪᠠ ᠰᠤᠷᠭᠠᠭᠤᠯᠢ ᠳᠤ ᠪᠠᠭᠰᠢ ᠶᠢᠨ ᠠᠯᠪᠠᠯᠠᠬᠤ ᠲᠦᠬᠦᠬᠡᠷᠦᠮᠵᠢ᠂ ᠰᠤᠷᠭᠠᠭᠤᠯᠢ ᠶᠢᠨ ᠠᠮᠤᠷ ᠲᠦᠪᠰᠢᠨ ᠢ ᠬᠢᠨᠠᠨ ᠡᠵᠡᠮᠰᠢᠬᠦ ᠰᠢᠰᠲ᠋ᠧᠮ᠂  ᠬᠠᠷᠠᠭᠠᠨ ᠳᠠᠪᠲᠠᠮᠵᠢᠲᠤ ᠬᠤᠷᠠᠯ ᠤᠨ ᠰᠢᠰᠲ᠋ᠧᠮ ᠵᠡᠷᠬᠡ ᠰᠤᠷᠠᠭ ᠵᠠᠩᠬᠢᠴᠢᠯᠠᠯᠳᠠ ᠶᠢ ᠪᠠᠶᠢᠭᠤᠯᠤᠨ᠂ ᠬᠦᠭᠵᠢᠭᠰᠡᠨ ᠤᠷᠤᠨ ᠲᠠᠢ ᠰᠤᠷᠭᠠᠨ ᠬᠦᠮᠦᠵᠢᠯ ᠪᠠ ᠵᠢᠭᠠᠨ ᠰᠤᠷᠭᠠᠯᠳᠠ   ᠶᠢᠨ ᠡᠬᠢ ᠰᠤᠷᠪᠤᠯᠵᠢ ᠶᠢ ᠬᠠᠮᠳᠤ ᠪᠠᠷ ᠡᠳ᠋ᠯᠡᠨ᠎ᠡ᠃        ⒍ᠡᠮ ᠡᠮᠨᠡᠯᠬᠡ ᠪᠠ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢ ᠰᠢᠯᠢᠳᠡᠭᠵᠢᠬᠦᠯᠦᠨ ᠰᠠᠶᠢᠵᠢᠷᠠᠭᠤᠯᠤᠨ᠎ᠠ᠃ ᠮᠤᠩᠭᠤᠯ ᠬᠢᠳᠠᠳ ᠡᠮᠨᠡᠯᠬᠡ ᠶᠢᠨ ᠬᠤᠷᠢᠶᠠᠨ ᠤ ᠡᠪᠡᠳᠴᠢᠳᠡᠨ ᠤ ᠶᠡᠷᠦᠩᠬᠡᠶᠢᠯᠡᠭᠰᠡᠨ ᠠᠰᠠᠷ ᠪᠠ ᠬᠤᠸᠠᠵᠢᠯᠠᠭ᠎ᠠ ᠰᠢᠶᠠᠩ ᠤᠨ ᠡᠷᠡᠬᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠵᠤ ᠳᠠᠭᠤᠰᠬᠠᠨ᠂ ᠰᠦᠷᠢᠶ᠎ᠡ ᠡᠪᠡᠳᠴᠢᠨ ᠰᠡᠷᠬᠡᠶᠢᠯᠡᠨ ᠵᠠᠰᠠᠬᠤ ᠭᠠᠵᠠᠷ᠂ ᠡᠮ ᠡᠮᠨᠡᠯᠬᠡ ᠶᠢᠨ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠲᠦᠪ ᠢ ᠡᠬᠢᠯᠡᠨ ᠪᠠᠶᠢᠭᠤᠯᠵᠤ᠂ ᠵᠡᠬᠦᠨ ᠪᠠᠷᠠᠭᠤᠨ ᠬᠤᠳᠠ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠢ ᠤᠷᠤᠨ ᠰᠢᠯᠵᠢᠬᠦᠯᠵᠤ ᠰᠢᠨ᠎ᠡ ᠪᠠᠷ ᠪᠠᠶᠢᠭᠤᠯᠤᠨ᠂ ᠦᠷᠬᠡᠨ ᠤᠯᠠᠨ ᠲᠦᠮᠡᠨ ᠤ ᠡᠮᠴᠢᠯᠡᠬᠡᠨ ᠤ ᠬᠡᠷᠡᠭᠴᠡᠭᠡ ᠶᠢ ᠬᠠᠩᠭᠠᠨ᠎ᠠ᠃        ⒎ᠦᠢᠯᠡᠰ ᠪᠦᠲᠦᠭᠡᠵᠦ ᠠᠵᠢᠯ ᠣᠯᠭᠤᠭᠤᠯᠤᠨ᠎ᠠ᠃ ᠦᠢᠯᠡᠰ ᠪᠦᠳᠦᠬᠡᠬᠦ ᠵᠢᠬᠡᠯᠡᠯᠬᠡ ᠶᠢᠨ ᠮᠦᠡᠭᠬᠦ ᠶᠢ ᠨᠢᠬᠡᠳᠤᠯᠳᠡᠢ 10 ᠲᠦᠮᠡᠨ ᠲᠦᠬᠦᠷᠢᠭ ᠪᠣᠯᠲᠠᠯ᠎ᠠ ᠨᠡᠮᠡᠭᠳᠡᠬᠦᠯᠦᠨ᠂ ᠪᠦᠬᠦ ᠵᠢᠯ ᠳᠤ ᠠᠮᠵᠢᠯᠳᠠ ᠲᠠᠢ ᠦᠢᠯᠡᠰ ᠪᠦᠳᠦᠬᠡᠭᠰᠡᠨ ᠬᠦᠮᠦᠨ ᠤ ᠲᠤᠭ᠎ᠠ ᠶᠢ 200 ᠠᠴᠠ ᠲᠡᠭᠡᠭᠰᠢ ᠪᠠᠶᠢᠯᠭᠠᠵᠤ᠂ ᠬᠤᠳᠠ ᠪᠠᠯᠭᠠᠰᠤ ᠶᠢᠨ ᠠᠵᠢᠯ ᠤᠯᠭᠤᠯᠳᠠ ᠶᠢ 1700 ᠬᠦᠮᠦᠨ ᠠᠴᠠ ᠲᠡᠭᠡᠭᠰᠢ ᠰᠢᠨ᠎ᠡ ᠪᠠᠷ ᠨᠡᠮᠡᠭᠳᠡᠭᠦᠯᠦᠨ᠂ ᠬᠦᠳᠡᠭᠡ ᠲᠤᠰᠬᠤᠨ ᠮᠠᠯᠵᠢᠬᠤ ᠤᠷᠤᠨ ᠤ ᠬᠦᠳᠡᠯᠮᠦᠷᠢ ᠬᠦᠴᠦᠨ ᠢ5.2 ᠲᠦᠮᠡᠨ ᠬᠦᠮᠦᠨ ᠠᠴᠠ ᠲᠡᠭᠡᠭᠰᠢ  ᠰᠢᠯᠵᠢᠭᠦᠯᠵᠦ᠂ ᠬᠤᠳᠠ ᠪᠠᠯᠭᠠᠰᠤᠨ ᠤ ᠲᠠᠩᠰᠠᠯᠠᠭᠰᠠᠨ ᠠᠵᠢᠯ ᠠᠯᠳᠠᠭᠰᠠᠳ ᠤᠨ ᠨᠤᠷᠮ᠎ᠠ ᠶᠢ 4% ᠶᠢᠨ ᠲᠤᠳᠤᠷ᠎ᠠ ᠪᠠᠶᠢᠯᠭᠠᠨ᠎ᠠ᠃        8᠂ ᠶᠠᠳᠠᠭᠤ ᠬᠦᠴᠢᠷᠳᠡᠢ ᠤᠶᠤᠳᠠᠳ ᠢ ᠬᠠᠪᠰᠤᠷᠤᠨ ᠳᠡᠮᠵᠢᠨ᠎ᠡ᠃ ᠬᠤᠳᠠ ᠬᠦᠳᠡᠭᠡ ᠶᠢᠨ ᠲᠤᠤᠷ᠎ᠠ ᠪᠠᠳᠤᠯᠠᠭᠠᠳᠤ ᠡᠷᠦᠬᠡ ᠶᠢᠨ ᠶᠡᠭᠡ ᠰᠤᠷᠭᠠᠭᠤᠯᠢ ᠳᠤ ᠤᠷᠤᠭᠰᠠᠨ ᠰᠢᠨ᠎ᠡ ᠰᠤᠷᠤᠭᠴᠢᠳ ᠲᠤ ᠰᠤᠷᠤᠯᠭ᠎ᠠ ᠶᠢᠨ ᠲᠡᠳᠬᠦᠮᠵᠢ ᠬᠦᠷᠳᠡᠬᠡᠨ᠂  ᠵᠢᠯ ᠤᠨ ᠲᠤᠳᠤᠷ᠎ᠠ ᠤᠶᠤᠳᠠᠳ ᠲᠤ ᠲᠦᠷᠦᠭᠰᠡᠨ ᠨᠤᠲᠤᠭ ᠤᠨ ᠰᠤᠷᠤᠯᠭ᠎ᠠ ᠶᠢᠨ ᠲᠡᠳᠬᠦᠮᠵᠢ ᠶᠢᠨ ᠵᠢᠬᠡᠯᠡᠯᠬᠡ 2600 ᠲᠦᠮᠡᠨ ᠲᠦᠬᠦᠷᠢᠭ ᠲᠠᠷᠬᠠᠭᠠᠵᠤ᠂ 4000 ᠢᠯᠡᠬᠦᠤ ᠰᠤᠷᠤᠭᠴᠢ ᠶᠢ ᠲᠡᠮᠵᠢᠨ ᠲᠤᠰᠠᠯᠠᠨ᠎ᠠ᠃        9᠂ ᠡᠮ ᠡᠮᠨᠡᠯᠬᠡ ᠶᠢᠨ ᠠᠪᠤᠷᠠᠨ ᠲᠤᠰᠠᠯᠠᠬᠤ ᠪᠠᠳᠤᠯᠠᠭ᠎ᠠ ᠶᠢ ᠪᠡᠶᠡᠯᠡᠬᠦᠯᠦᠨ᠎ᠡ᠃ ᠬᠦᠨᠳᠤ ᠡᠪᠡᠳᠴᠢᠨ ᠤ ᠡᠮᠨᠡᠯᠬᠡ ᠶᠢᠨ ᠵᠠᠷᠤᠳᠠᠯ ᠢ ᠬᠠᠮᠤᠭ ᠶᠡᠭᠡ ᠳᠡᠭᠡᠨ 15 ᠲᠦᠮᠡᠨ ᠲᠦᠬᠦᠷᠢᠭ ᠠᠴᠠ ᠨᠡᠮᠡᠭᠳᠡᠬᠦᠯᠦᠬᠡᠳ 25 ᠲᠦᠮᠡᠨ ᠲᠦᠬᠦᠷᠢᠭ ᠲᠦᠯᠦᠵᠦ᠂ ᠰᠠᠭᠤᠭᠠᠯᠢ ᠠᠷᠠᠳ ᠤᠨ ᠦᠨᠳᠦᠰᠦᠨ ᠡᠮᠨᠡᠯᠬᠡ ᠶᠢᠨ ᠲᠠᠭᠠᠳᠬᠠᠯ᠂ ᠬᠦᠨᠳᠤ ᠡᠪᠡᠳᠴᠢᠨ ᠤ ᠡᠮᠨᠡᠯᠬᠡ ᠶᠢᠨ ᠲᠠᠭᠠᠳᠬᠠᠯ ᠤᠨ ᠵᠠᠷᠤᠳᠠᠯ ᠲᠦᠯᠦᠬᠦ ᠬᠠᠷᠢᠴᠠᠯ ᠢ ᠨᠡᠮᠡᠭᠳᠡᠬᠦᠯᠦᠬᠡᠳ 85% ᠳᠤ ᠬᠦᠷᠬᠡᠨ᠂ ᠤᠯᠠᠨ ᠲᠦᠮᠡᠨ ᠤ ᠲᠠᠷᠤᠭᠠᠰᠤ ᠶᠢ ᠬᠦᠩᠭᠡᠯᠡᠨ᠎ᠡ᠃        ⒑ ᠠᠷᠠᠳ ᠤᠨ ᠡᠷᠡᠬᠦᠯ ᠴᠢᠬᠢᠷᠠᠭ ᠢ ᠪᠠᠲᠤᠯᠠᠨ᠎ᠠ᠃ ᠪᠦᠬᠦ ᠬᠤᠰᠢᠭᠤᠨ ᠤ 65 ᠨᠠᠰᠤᠨ ᠠᠴᠠ ᠲᠡᠭᠡᠭᠰᠢ ᠨᠠᠰᠤᠳᠠᠶᠢᠴᠤᠳ ᠲᠤ ᠦᠨ᠎ᠡ ᠲᠦᠯᠦᠪᠦᠷᠢ ᠦᠬᠡᠢ ᠪᠠᠷ ᠡᠷᠡᠬᠦᠯ ᠮᠡᠨᠳᠤ ᠶᠢᠨ ᠪᠠᠶᠢᠴᠠᠭᠠᠯᠳᠠ ᠬᠢᠵᠤ᠂ ᠰᠢᠨ᠎ᠡ ᠬᠤᠷᠢᠮᠯᠠᠭᠰᠠᠨ ᠡᠷ᠎ᠡ ᠡᠮ᠎ᠡ ᠵᠢᠴᠢ ᠬᠤᠶᠠᠳᠤᠭᠠᠷ ᠬᠡᠥᠬᠡᠳ ᠠᠪᠬᠤ ᠶᠢ ᠵᠦᠪᠰᠢᠶᠡᠷᠡᠭᠰᠡᠨ ᠡᠷ᠎ᠡ ᠡᠮ᠎ᠡ ᠬᠤᠶᠠᠷ ᠲᠤ ᠵᠢᠷᠮᠦᠰᠦᠯᠡᠬᠦ ᠠᠴᠠ ᠡᠮᠦᠨᠡᠬᠢ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠲᠦᠯᠦᠪᠦᠷᠢ ᠦᠭᠡᠢ ᠪᠠᠶᠢᠴᠠᠭᠠᠯᠲᠠ ᠶᠢ ᠨᠡᠶᠢᠳᠡᠮ ᠪᠦᠷᠬᠦᠭᠦᠯᠦᠨ᠎ᠡ᠃        ⒒ ᠰᠤᠶᠤᠯ ᠢᠶᠠᠷ ᠠᠷᠠᠳ ᠲᠤ ᠠᠰᠢᠭ ᠬᠦᠷᠲᠡᠭᠡᠨ᠎ᠡ᠃ ︽ᠭᠤᠷᠪᠠᠨ ᠣᠷᠳᠣᠨ︾ ᠢ ᠲᠦᠯᠦᠪᠦᠷᠢ ᠠᠪᠬᠤ ᠦᠭᠡᠢ ᠪᠠᠷ ᠨᠡᠭᠡᠭᠡᠵᠦ᠂ ︽ᠬᠤᠣᠰ ᠪᠠᠶᠠᠷ ᠤᠨ ᠡᠳᠦᠷ︾ ᠪᠠ ︽ᠵᠠᠭᠤᠨ ᠡᠳᠦᠷ ᠤᠨ ᠵᠤᠨ ᠤ ᠰᠡᠯᠡᠭᠦᠴᠡᠯ︾ ᠤᠨ ᠰᠢᠷᠢᠰ ᠰᠤᠶᠤᠯ ᠲᠠᠮᠢᠷ ᠤᠨ ᠠᠵᠢᠯᠯᠠᠭ᠎ᠠ ᠦᠷᠨᠢᠭᠦᠯᠦᠨ᠂ ᠤᠯᠠᠭᠠᠨᠮᠦ᠋ᠴᠢᠷ ᠤᠨ ︽ᠵᠢᠷᠭᠤᠭ᠎ᠠ ᠪᠠᠭᠤᠬᠤ︾ ᠲᠣᠭᠯᠠᠯᠲᠠ ᠶᠢ 100  ᠲᠠᠯᠠᠪᠠᠢ ᠲᠣᠭᠯᠠᠭᠤᠯᠵᠤ᠂ ᠬᠤᠲᠠ ᠬᠦᠳᠡᠭᠡ ᠶᠢᠨ ᠣᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃        ⒓ ᠬᠦᠳᠡᠭᠡ ᠲᠤᠰᠬᠤᠨ ᠮᠠᠯᠵᠢᠬᠤ ᠣᠷᠣᠨ ᠳᠤ ᠷᠠᠳᠢᠤ᠋ ᠲᠧᠯᠸᠢᠰ ᠢ ᠲᠦᠭᠡᠮᠡᠯᠵᠢᠭᠦᠯᠦᠨ᠎ᠡ᠃ ᠲᠣᠬᠢᠶᠠᠨ ᠲᠡᠮᠳᠡᠭ ᠤᠨ ᠦᠷᠲᠡᠭᠡ ᠪᠠᠶᠢᠭᠤᠯᠵᠤ᠂ ᠮᠠᠯᠴᠢᠨ ᠲᠠᠷᠢᠶᠠᠴᠢᠳ ᠲᠤ ᠲᠦᠯᠦᠪᠦᠷᠢ ᠦᠭᠡᠢ ᠲᠧᠯᠸᠢᠰ ᠦᠵᠡᠬᠦ ᠮᠠᠰᠢᠨ ᠤᠭᠰᠠᠷᠠᠨ ᠦᠭᠴᠦ᠂ ᠪᠤᠶᠢᠳᠠ ᠪᠦᠭᠯᠡᠬᠦᠦ ᠭᠠᠵᠠᠷ ᠣᠷᠣᠨ ᠤ ᠮᠠᠯᠴᠢᠨ ᠲᠠᠷᠢᠶᠠᠴᠢᠳ ᠢ ᠲᠧᠯᠸᠢᠰ ᠦᠵᠡᠵᠦ ᠳᠡᠶᠢᠯᠬᠦ ᠪᠣᠯᠭᠠᠨ᠎ᠠ᠃        ⒔ ᠠᠭᠠᠷ ᠮᠠᠨᠳᠠᠯ ᠤᠨ ᠪᠣᠬᠢᠷᠳᠤᠯ ᠢ ᠵᠠᠰᠠᠨ᠎ᠠ᠃ ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠭᠦᠷᠡᠰᠦ ᠰᠢᠲᠠᠭᠠᠬᠤ ᠵᠤᠤᠬ᠎ᠠ ᠶᠢ ᠦᠭᠡᠶᠢᠰᠬᠡᠵᠦ᠂ ᠯᠢᠨᠳᠦ᠋ᠩ ᠬᠤᠲᠠ ᠲᠣᠭᠤᠷᠢᠭ ᠪᠣᠯᠤᠨ ᠲᠣᠭᠤᠰᠬᠠᠨ  ᠪᠠᠶᠢᠰᠢᠩ ᠳᠤ ᠡᠨᠧᠷᠭᠢ ᠠᠷᠪᠢᠯᠠᠬᠤ ᠵᠤᠤᠬ᠎ᠠ ᠲᠠᠭᠠᠷᠠᠭᠤᠯᠵᠤ᠂ ᠵᠢᠯ ᠤᠨ ᠳᠣᠲᠤᠷ᠎ᠠ 500 ᠡᠷᠦᠬᠡ  ᠳᠤ ᠬᠡᠷᠡᠭᠯᠡᠭᠦᠯᠦᠨ᠎ᠡ᠃        ⒕ ᠰᠢᠲᠠᠮᠠᠬᠠᠢ ᠬᠡᠢ ᠶᠢᠨ ᠠᠮᠤᠷ ᠲᠦᠪᠰᠢᠨ ᠢ ᠪᠠᠲᠤᠯᠠᠨ᠎ᠠ᠃ ᠬᠡᠷᠡᠭᠯᠡᠬᠦ ᠬᠤᠭᠤᠴᠠᠭ᠎ᠠ ᠨᠢ ᠬᠡᠲᠦᠷᠡᠭᠰᠡᠨ ᠴᠢᠯᠠᠭᠤᠨ ᠲᠣᠰᠣᠨ ᠯᠣᠩᠬᠤ 2 ᠲᠦᠮᠡ ᠶᠢ ᠰᠣᠯᠢᠵᠤ᠂ ᠦᠷᠭᠡᠨ ᠣᠯᠠᠨ ᠲᠦᠮᠡᠨ ᠤ ᠰᠢᠲᠠᠮᠠᠬᠠᠢ ᠬᠡᠢ ᠬᠡᠷᠡᠭᠯᠡᠬᠦ ᠠᠮᠤᠷ ᠲᠦᠪᠰᠢᠨ ᠢ ᠪᠠᠲᠤᠯᠠᠨ᠎ᠠ᠃        ⒖ ᠯᠢᠨᠳᠦ᠋ᠩ ᠬᠤᠲᠠ ᠲᠣᠭᠤᠷᠢᠭ ᠤᠨ ᠵᠠᠮ ᠬᠠᠷᠢᠯᠴᠠᠭ᠎ᠠ ᠶᠢ ᠰᠢᠯᠤᠭᠤᠳᠬᠠᠨ᠎ᠠ᠃ ᠵᠠᠮ ᠤᠨ ᠫᠠᠶᠢᠰᠠ ᠲᠡᠮᠳᠡᠭ᠂ ᠨᠣᠭᠤᠭᠠᠨ ᠤᠯᠠᠭᠠᠨ ᠳ᠋ᠧᠩ ᠢ ᠰᠠᠶᠢᠵᠢᠷᠠᠭᠤᠯᠵᠤ᠂ ᠭᠢᠳᠠᠨ ᠵᠡᠭᠡᠯᠢ ᠶᠢ ᠵᠠᠮ ᠬᠠᠷᠢᠯᠴᠠᠭᠠᠨ ᠤ ᠴᠢᠩᠭ᠎ᠠ ᠬᠠᠮᠢᠶᠠᠷᠤᠯᠲᠠ ᠶᠢᠨ ᠵᠡᠭᠡᠯᠢ ᠪᠣᠯᠭᠠᠨ᠎ᠠ᠃ ᠨᠡᠶᠢᠲᠡ ᠶᠢᠨ ᠮᠠᠰᠢᠨ ᠲᠡᠷᠭᠡ᠂ ᠳᠦᠷᠢᠶᠡᠰᠦᠨ ᠮᠠᠰᠢᠨ ᠲᠡᠷᠭᠡ ᠵᠢᠴᠢ ᠬᠤᠪᠢ ᠶᠢᠨ ᠲᠡᠷᠭᠡ ᠶᠢᠨ ᠳᠣᠷ᠎ᠠ ᠪᠠᠷ ᠵᠠᠮ ᠰᠣᠯᠢᠬᠤ᠂ ᠳᠤᠷ᠎ᠠ ᠪᠠᠷ ᠵᠣᠭᠰᠤᠬᠤ ᠵᠡᠷᠭᠡ ᠠᠵᠢᠯᠯᠠᠭ᠎ᠠ ᠶᠢ ᠰᠢᠢᠳᠬᠡᠨ᠎ᠡ᠃ ᠶᠡᠷᠦᠩᠬᠡᠢ ᠠᠷᠭ᠎ᠠ ᠬᠡᠮᠵᠢᠶ᠎ᠡ ᠠᠪᠴᠤ᠂ ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠳᠦᠭᠵᠢᠷᠡᠯ ᠪᠠ ᠣᠯᠠᠨ ᠲᠦᠮᠡᠨ ᠤ ᠶᠠᠪᠤᠵᠤ ᠰᠠᠭᠤᠬᠤ ᠳᠤ ᠳᠦᠭᠦᠮ ᠦᠭᠡᠢ ᠠᠰᠠᠭᠤᠳᠠᠯ ᠢ ᠰᠢᠢᠳᠪᠦᠷᠢᠯᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号