︵ᠵᠢᠷᠭᠤᠭ᠎ᠠ︶ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠢ ᠵᠠᠰᠠᠵᠤ ᠴᠡᠭᠴᠡᠯᠡᠨ᠂ ᠡᠶ᠎ᠡ | ᠵᠣᠬᠢᠴᠠᠯ ᠲᠠᠢ ᠪᠦᠭᠡᠳ ᠲᠣᠭᠲᠠᠭᠤᠨ ᠬᠦᠭᠵᠢᠯᠲᠡ ᠶᠢᠨ ᠣᠷᠴᠢᠨ ᠢ ᠪᠣᠢ ᠪᠣᠯᠭᠠᠨ᠎ᠠ | ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠴᠢᠳᠠᠮᠵᠢ ᠶᠢ ᠳᠡᠭᠡᠭᠰᠢᠯᠡᠭᠦᠯᠦᠨ᠎ᠡ᠃ ᠬᠠᠩᠭᠠᠯᠭ᠎ᠠ ᠲᠡᠰᠢ ᠬᠡᠯᠪᠡᠶᠢᠬᠦ | ᠪᠦᠲᠦᠴᠡᠲᠦ ᠦᠭᠡᠷᠡᠴᠢᠯᠡᠯᠲᠡ ᠬᠢᠵᠦ᠂ ︽ᠭᠤᠷᠪᠠ ᠶᠢ ᠦᠭᠡᠶᠢᠰᠬᠡᠬᠦ ᠨᠢᠭᠡ ᠶᠢ ᠪᠠᠭᠤᠷᠠᠭᠤᠯᠬᠤ ᠨᠢᠭᠡ ᠶᠢ ᠨᠦᠬᠦᠬᠦ︾ | ᠡᠭᠦᠷᠭᠡ ᠶᠢ ᠪᠡᠶᠡᠯᠡᠭᠦᠯᠦᠨ᠂ ᠬᠠᠩᠭᠠᠯᠭ᠎ᠠ ᠶᠢᠨ ᠶᠠᠰᠤ ᠴᠢᠨᠠᠷ ᠪᠠ ᠦᠷ᠎ᠡ ᠠᠰᠢᠭ ᠢ ᠨᠡᠮᠡᠭᠳᠡᠭᠦᠯᠦᠨ᠎ᠡ᠃ ᠵᠠᠰᠠᠭ ᠤᠨ | ᠣᠷᠳᠣᠨ ᠤ ᠪᠠᠶᠢᠭᠤᠯᠤᠮᠵᠢ ᠶᠢ ᠦᠭᠡᠷᠡᠴᠢᠯᠡᠵᠦ᠂ ᠠᠵᠢᠯᠲᠠᠨ ᠤ ᠣᠷᠣᠨ ᠲᠤᠭ᠎ᠠ ᠶᠢᠨ ᠬᠠᠮᠢᠶᠠᠷᠤᠯᠲᠠ ᠶᠢ | ᠴᠢᠩᠭᠠᠳᠬᠠᠨ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠨᠡᠮᠡᠭᠳᠡᠯ ᠢ ᠬᠢᠵᠠᠭᠠᠷᠯᠠᠨ᠎ᠠ᠃ ᠭᠠᠵᠠᠷ ᠰᠢᠷᠤᠢ ᠶᠢᠨ ᠡᠷᠬᠡ | ᠶᠢ ᠳᠠᠩᠰᠠᠯᠠᠨ ᠲᠣᠳᠤᠷᠬᠠᠶᠢᠯᠠᠵᠤ ᠦᠨᠡᠮᠯᠡᠯ ᠣᠯᠭᠤᠬᠤ ᠦᠷ᠎ᠡ ᠪᠦᠲᠦᠮᠵᠢ ᠶᠢ ᠪᠠᠲᠤᠳᠬᠠᠨ᠂ ᠰᠢᠨ᠎ᠡ ᠮᠠᠶ᠋ᠢᠭ ᠤᠨ | ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠷᠰᠢᠯᠲᠠ ᠶᠢᠨ ᠴᠢᠭ ᠢ ᠠᠳᠬᠤᠨ᠂ | ᠬᠦᠳᠡᠭᠡ ᠲᠤᠰᠬᠤᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠪᠠᠷ ᠵᠢᠭᠡᠯᠡᠯᠭᠡ ᠵᠢᠭᠡᠯᠡᠭᠦᠯᠬᠦ ᠠᠵᠢᠯ ᠢ | ᠡᠬᠢᠯᠡᠭᠦᠯᠦᠨ᠎ᠡ᠃ ᠤᠯᠤᠰ ᠤᠨ ᠦᠮᠴᠢᠯᠡᠯᠲᠦ ᠣᠢ ᠰᠢᠭᠤᠢ ᠶᠢᠨ ᠲᠠᠯᠠᠪᠠᠢ ᠪᠣᠯᠤᠨ ᠨᠤᠲᠤᠭ ᠪᠡᠯᠴᠢᠭᠡᠷ ᠤᠨ | ᠦᠨᠳᠦᠰᠦᠨ ᠡᠵᠡᠩᠨᠡᠯᠲᠡ ᠶᠢᠨ ᠲᠦᠷᠢᠮ ᠢ ᠦᠭᠡᠷᠡᠴᠢᠯᠡᠵᠦ᠂ ᠨᠤᠲᠤᠭ ᠪᠡᠯᠴᠢᠭᠡᠷ ᠤᠨ ᠡᠷᠬᠡ ᠶᠢ ᠲᠣᠳᠤᠷᠬᠠᠶᠢᠯᠠᠨ | ᠳᠠᠭᠠᠭᠠᠴᠢᠯᠠᠭᠤᠯᠬᠤ ᠠᠵᠢᠯ ᠢ ᠪᠡᠶᠡᠯᠡᠭᠦᠯᠦᠨ᠎ᠡ᠃ ᠤᠯᠤᠰ ᠤᠨ ᠦᠮᠴᠢᠯᠡᠯᠲᠦ ᠤᠰᠤᠨ ᠠᠰᠢᠭᠯᠠᠯᠲᠠ ᠶᠢᠨ ᠪᠠᠷᠢᠯᠭ᠎ᠠ | ᠶᠢᠨ ᠬᠠᠮᠢᠶᠠᠷᠤᠯᠲᠠ ᠶᠢ ᠦᠭᠡᠷᠡᠴᠢᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠣᠰᠤᠨ ᠤ ᠬᠠᠩᠰᠢ ᠶᠢ | ᠦᠭᠡᠷᠡᠴᠢᠯᠡᠨ᠂ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠮᠢᠶᠠᠷᠤᠯᠲᠠ ᠶᠢᠨ | ᠦᠭᠡᠷᠡᠴᠢᠯᠡᠯᠲᠡ ᠶᠢ ᠠᠬᠢᠭᠤᠯᠤᠨ᠎ᠠ᠃ ᠤᠯᠤᠰ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠯ ᠢ | ᠦᠭᠡᠷᠡᠴᠢᠯᠡᠵᠦ᠂ ᠵᠢᠱᠢᠶ᠎ᠡ ᠦᠵᠡᠭᠦᠯᠬᠦ ᠬᠤᠰᠢᠭᠤ ᠪᠣᠯᠭᠠᠨ ᠪᠦᠲᠦᠭᠡᠨ ᠪᠠᠶᠢᠭᠤᠯᠵᠤ᠂ ᠡᠮ ᠡᠮᠨᠡᠯᠭᠡ ᠪᠠ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠴᠢᠳᠠᠪᠦᠷᠢ ᠶᠢ ᠳᠡᠭᠡᠭᠰᠢᠯᠡᠭᠦᠯᠦᠨ᠎ᠡ᠃ | ᠠᠵᠤ ᠠᠬᠤᠶ ᠶᠢᠨ ᠬᠥᠭᠵᠢᠯᠲᠡ ᠶᠢᠨ ᠣᠷᠴᠢᠨ ᠢ ᠰᠢᠯᠢᠳᠡᠭᠵᠢᠭᠦᠯᠦᠨ᠎ᠡ᠃ ᠣᠷᠴᠢᠨ ᠲᠣᠭᠤᠷᠢᠨ ᠤ | ᠳᠠᠪᠠᠭᠤᠯᠢᠭ ᠢᠶᠠᠷ ᠬᠦᠭᠵᠢᠯᠲᠡ ᠶᠢᠨ ᠳᠠᠪᠠᠭᠤᠯᠢᠭ ᠢ ᠠᠬᠢᠭᠤᠯᠵᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ | ᠤ ᠣᠷᠴᠢᠨ ᠪᠠ ᠨᠡᠭᠡᠭᠡᠯᠲᠡ ᠲᠠᠢ᠂ ᠴᠢᠯᠦᠭᠡᠲᠡᠢ ᠪᠡᠯᠡ ᠣᠷᠣᠭᠤᠯᠤᠯᠲᠠ ᠶᠢᠨ ᠣᠷᠴᠢᠨ ᠢ ᠪᠣᠢ ᠪᠣᠯᠭᠠᠵᠤ᠂ ᠨᠡᠩ | ᠤᠯᠠᠨ ᠠᠵᠤ ᠠᠬᠤᠶᠢᠯᠠᠯ ᠪᠠ ᠴᠢᠳᠠᠪᠤᠷᠢᠲᠠᠨ ᠢ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ | ᠳᠤ ᠣᠷᠤᠯᠴᠠᠭᠤᠯᠤᠨ᠎ᠠ᠃ ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ︽ᠨᠢᠭᠡ | ᠥᠷᠲᠡᠭᠡᠨ ᠤ ᠬᠡᠯᠪᠡᠷᠢ ᠪᠠᠷ ᠬᠦᠯᠢᠶᠡᠨ ᠠᠪᠴᠤ᠂ ᠪᠦᠬᠦ ᠶᠠᠪᠤᠴᠠ ᠳᠤ ᠦᠢᠯᠡᠴᠢᠯᠡᠬᠦ︾ ᠵᠠᠭᠪᠤᠷ ᠢ ᠠᠪᠴᠤ᠂ | ᠬᠠᠮᠤᠭ ᠤᠨ ᠶᠡᠭᠡ ᠬᠡᠮᠵᠢᠶ᠎ᠡ ᠪᠠᠷ ᠤᠯᠠᠨ ᠲᠦᠮᠡᠨ ᠳᠤ ᠳᠦᠭᠦᠮ ᠦᠵᠡᠭᠦᠯᠦᠨ᠎ᠡ᠃ ᠭᠤᠤᠯᠳᠠᠯᠭ᠎ᠠ ᠲᠠᠢ ᠠᠵᠤ | ᠠᠬᠤᠶᠢᠯᠠᠯ ᠤᠨ ᠬᠠᠪᠰᠤᠷᠤᠨ ᠲᠡᠳᠬᠦᠬᠦ ᠲᠦᠷᠢᠮ ᠢ ᠬᠡᠷᠡᠭᠵᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ | ᠦᠢᠯᠡᠳᠪᠦᠷᠢᠯᠡᠯ ᠪᠠ ᠠᠷᠠᠯᠵᠢᠶᠠᠨ ᠤ ᠥᠪᠡᠷ ᠤᠨ ᠦᠷᠳᠡᠭ ᠢ ᠪᠠᠭᠤᠷᠠᠭᠤᠯᠤᠨ᠂ ᠠᠵᠤ ᠠᠬᠤᠶᠢᠯᠠᠯ ᠤᠨ | ᠬᠥᠭᠵᠢᠯᠲᠡ ᠶᠢ ᠳᠡᠮᠵᠢᠨ᠎ᠡ᠃ ᠨᠡᠶᠢᠲᠡ ᠶᠢᠨ ᠪᠤᠰᠤ ᠦᠮᠴᠢᠯᠡᠯᠲᠦ ᠠᠵᠤ ᠠᠬᠤᠶ ᠶᠢᠨ ᠬᠥᠭᠵᠢᠯᠲᠡ ᠶᠢ ᠳᠡᠮᠵᠢᠬᠦ | ᠲᠤᠬᠠᠶ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠬᠠᠳᠠ ᠬᠤᠲᠠ ᠶᠢᠨ ᠬᠠᠮᠢᠶ᠎ᠠ ᠪᠦᠬᠦᠢ | ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠵᠤ᠂ ᠬᠤᠰᠢᠭᠤᠨ ᠤ ᠪᠤᠳᠠᠲᠤ ᠪᠠᠶᠢᠳᠠᠯ ᠳᠤ ᠵᠣᠬᠢᠴᠠᠭᠰᠠᠨ ᠠᠷᠭ᠎ᠠ | ᠬᠡᠮᠵᠢᠶ᠎ᠠ ᠲᠣᠭᠲᠠᠭᠠᠨ᠂ ᠪᠦᠬᠦ ᠬᠤᠰᠢᠭᠤᠨ ᠤ ᠨᠡᠶᠢᠲᠡ ᠶᠢᠨ ᠪᠣᠰᠤ ᠦᠮᠴᠢᠯᠡᠯᠲᠦ ᠠᠵᠤ ᠠᠬᠤᠢ ᠶᠢᠨ ᠴᠤᠭᠯᠠᠷᠠᠯ ᠢ | ᠪᠤᠶᠢᠵᠢᠭᠤᠯᠤᠨ ᠪᠣᠵᠠᠭᠠᠶᠢᠷᠠᠭᠤᠯᠤᠨ᠎ᠠ᠃ | ᠨᠡᠶᠢᠭᠡᠮ ᠢ ᠵᠠᠰᠠᠨ ᠴᠡᠭᠴᠡᠯᠡᠵᠦ ᠰᠢᠨ᠎ᠡ ᠶᠢ ᠡᠭᠦᠳᠬᠦ ᠶᠢ ᠠᠬᠢᠭᠤᠯᠤᠨ᠎ᠠ᠃ ︽ᠲᠣᠯᠤᠭ᠎ᠠ ᠲᠠᠪᠤ︾ ᠬᠠᠤᠯᠢ | ᠲᠦᠭᠡᠮᠡᠯᠵᠢᠭᠦᠯᠬᠦ ᠠᠵᠢᠯ ᠥᠷᠨᠢᠭᠦᠯᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠪᠠᠶᠢᠭᠤᠯᠤᠯᠲᠠ ᠶᠢ ᠠᠬᠢᠭᠤᠯᠤᠨ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠢ ᠪᠤᠢ ᠪᠣᠯᠭᠠᠨ᠎ᠠ᠃ ︽ | ᠠᠮᠤᠭᠤᠯᠠᠩᠲᠤ ᠵᠡᠭᠦᠨ ᠬᠤᠰᠢᠭᠤ︾ ᠶᠢ ᠪᠠᠶᠢᠭᠤᠯᠵᠤ᠂ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠶᠢ | ᠰᠡᠷᠭᠡᠶᠢᠯᠡᠨ ᠲᠡᠭᠦᠨ ᠳᠤ ᠴᠣᠬᠢᠯᠲᠠ ᠥᠭᠴᠦ᠂ ᠤᠯᠠᠨ ᠲᠦᠮᠡᠨ ᠤ ᠠᠮᠤᠷ ᠲᠦᠪᠰᠢᠨ ᠰᠡᠳᠬᠢᠯᠭᠡ ᠶᠢ ᠨᠡᠮᠡᠭᠳᠡᠭᠦᠯᠦᠨ᠎ᠡ | ᠃ ᠬᠦᠨᠳᠦ ᠴᠢᠬᠤᠯᠠ ᠬᠡᠷᠡᠭ ᠶᠠᠪᠤᠳᠠᠯ ᠤᠨ ᠨᠡᠶᠢᠭᠡᠮ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠦᠷᠢᠮ ᠢ | ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠨ᠂ ᠤᠯᠠᠨ ᠲᠦᠮᠡᠨ ᠤ | ᠬᠠᠤᠯᠢ ᠶᠣᠰᠤᠨ ᠤ ᠬᠦᠰᠡᠯ ᠱᠠᠭᠠᠷᠳᠠᠯᠭ᠎ᠠ ᠶᠢ ᠬᠠᠩᠭᠠᠨ᠎ᠠ᠃ ︽ᠠᠶᠤᠯ ᠥᠭᠡᠢ ᠦᠢᠯᠡᠳᠪᠤᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠣᠨ︾ ᠤ ᠠᠵᠢᠯᠯᠠᠭ᠎ᠠ ᠥᠷᠨᠢᠭᠦᠯᠵᠦ᠂ ᠭᠤᠣᠯᠳᠠᠯᠭ᠎ᠠ ᠲᠠᠢ ᠠᠵᠢᠯ | ᠲᠦᠷᠤᠯ ᠤᠨ ᠬᠦᠷᠢᠶᠡᠨ ᠳᠤ ᠪᠠᠶᠢᠭ᠎ᠠ ᠡᠯᠧᠺᠲᠷᠣᠨ ᠬᠢᠨᠠᠨ ᠡᠵᠡᠮᠳᠡᠬᠦ ᠲᠦᠪ ᠤᠨ ᠪᠥᠳᠥᠭᠡᠨ ᠪᠠᠶᠢᠭᠤᠯᠤᠯᠲᠠ ᠶᠢ | ᠡᠬᠢᠯᠡᠭᠦᠯᠵᠦ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠡ᠊ᠨᠳᠡᠯ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ | ᠡ᠊ᠩ ᠤᠨ ᠡ᠊ᠨᠳᠡᠯ ᠢ ᠪᠦᠲᠦᠮᠵᠢᠲᠡᠶ ᠪᠠᠭᠠᠰᠬᠠᠵᠤ᠂ ᠣᠨᠴᠠ ᠶᠡᠭᠡ ᠭᠡᠨᠡᠳᠡᠯ ᠭᠠᠷᠬᠤ ᠶᠢ ᠡᠷᠡᠰ ᠬᠤᠷᠢᠭᠯᠠᠨ᠎ᠠ᠃ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠬᠢᠭᠡᠳ ᠢᠳᠡᠭᠡᠨ ᠪᠠ ᠡᠮ ᠤᠨ ᠵᠦᠢᠯᠡᠰ ᠤᠨ ᠠᠮᠤᠷ | ᠲᠦᠪᠰᠢᠨ ᠤ ᠬᠠᠮᠢᠶᠠᠷᠤᠯᠳᠠ ᠶᠢ ᠲᠡᠭᠦᠯᠳᠡᠷᠵᠢᠭᠦᠯᠵᠦ ᠂ ᠥᠷᠭᠡᠨ ᠣᠯᠠᠨ ᠲᠦᠮᠡᠨ ᠤ ︽ᠢᠳᠡᠭᠡᠨ ᠤᠮᠳᠠᠭᠠᠨ ᠤ | ᠠᠮᠤᠷ ᠲᠦᠪᠰᠢᠨ︾ ᠢ ᠪᠠᠲᠤᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠭᠠᠮᠰᠢᠭ ᠢ ᠰᠡᠷᠭᠡᠶᠢᠯᠡᠬᠦ᠂ ᠪᠠᠭᠠᠰᠬᠠᠬᠤ ᠵᠢᠴᠢ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ | ᠠᠳᠬᠤᠵᠤ᠂ ᠤᠯᠠᠨ ᠨᠡᠶᠢᠲᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠪᠠᠲᠤᠯᠠᠨ᠎ᠠ᠃ | ᠭᠤᠷᠪᠠ ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠨ᠎ᠠ | ᠲᠥᠯᠥᠭᠡᠯᠡᠭᠴᠢᠳ ᠡ᠂ ᠰᠢᠨ᠎ᠡ ᠪᠠᠶᠢᠳᠠᠯ ᠪᠠ ᠰᠢᠨ᠎ᠡ ᠡᠭᠦᠷᠭᠡ ᠨᠢ ᠵᠠᠰᠠᠭ ᠤᠨ ᠣᠷᠳᠣᠨ ᠤ ᠠᠵᠢᠯ ᠳᠤ ᠴᠣ ᠰᠢᠨ᠎ᠡ | ᠪᠦᠭᠡᠳ ᠨᠡᠩ ᠥᠨᠳᠥᠷ ᠱᠠᠭᠠᠷᠳᠠᠯᠭ᠎ᠠ ᠲᠠᠯᠪᠢᠵᠠᠢ᠃ ᠪᠢᠳᠡ ᠡᠷᠬᠡᠪᠰᠢ ᠴᠠᠭ ᠢᠮᠠᠭᠲᠠ ᠴᠢᠷᠮᠠᠶᠢᠨ ᠠᠵᠢᠯᠯᠠᠵᠤ᠂ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠨ᠂ ᠵᠠᠰᠠᠭ ᠤᠨ ᠣᠷᠳᠣᠨ ᠤ | ᠠᠵᠢᠯ ᠢ ᠰᠢᠨ᠎ᠡ ᠠᠬᠢᠴᠠ ᠳᠤ ᠬᠦᠷᠭᠡᠨ᠎ᠡ᠃ | ︵ᠨᠢᠭᠡ︶ ᠬᠠᠤᠯᠢ ᠪᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠲᠦᠷᠢᠮᠲᠦ ᠵᠠᠰᠠᠭ ᠤᠨ | ᠣᠷᠳᠣᠨ ᠢ ᠪᠠᠶᠢᠭᠤᠯᠤᠨ᠎ᠠ᠃ ᠬᠠᠤᠯᠢ ᠳᠦᠷᠢᠮᠲᠦ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠳᠦᠷᠢᠮ ᠢ | ᠬᠡᠷᠡᠭᠵᠢᠭᠦᠯᠵᠦ᠂ ᠬᠠᠤᠯᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠ ᠰᠢᠶᠳᠪᠦᠷᠢᠲᠦ ᠪᠤᠳᠤᠯᠭ᠎ᠠ ᠲᠣᠭᠲᠠᠭᠠᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠰᠤᠷᠠᠭ ᠵᠠᠩᠭᠢ ᠶᠢ ᠢᠯᠡ ᠨᠡᠶᠢᠲᠡᠯᠡᠵᠦ᠂ ᠤᠯᠠᠨ | ᠲᠦᠮᠡᠨ ᠤ ᠪᠠᠶᠢᠳᠠᠯ ᠢ ᠮᠡᠳᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠨ᠎ᠠ᠃ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ | ᠬᠢᠨᠠᠯᠲᠠ ᠪᠠ ᠠᠵᠢᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠬᠢᠨᠠᠨ ᠪᠣᠳᠤᠬᠤ | ᠪᠣᠯᠤᠨ ᠬᠢᠨᠠᠨ ᠪᠠᠶᠢᠴᠠᠭᠠᠬᠤ ᠪᠠᠨ ᠴᠢᠩᠭᠠᠳᠬᠠᠨ᠂ ᠡᠷᠬᠡ ᠶᠢ ᠢᠯᠡ ᠬᠡᠷᠡᠭᠵᠢᠭᠦᠯᠦᠨ᠎ᠡ᠃ | ︵ᠬᠤᠶᠠᠷ︶ ᠡᠭᠦᠷᠭᠡ ᠴᠢᠳᠠᠪᠤᠷᠢ ᠶᠢ ᠬᠤᠪᠢᠷᠠᠭᠤᠯᠵᠤ᠂ ᠥᠨᠳᠥᠷ ᠦᠷ᠎ᠡ ᠠᠰᠢᠭᠲᠤ ᠵᠠᠰᠠᠭ ᠤᠨ | ᠣᠷᠳᠣᠨ ᠢ ᠪᠠᠶᠢᠭᠤᠯᠤᠨ᠎ᠠ᠃ ᠵᠠᠰᠠᠭ ᠤᠨ ᠰᠤᠷᠲᠠᠯ ᠪᠣᠯᠤᠨ ᠠᠵᠢᠯ ᠤᠨ ᠰᠣᠷᠳᠠᠯ ᠢ ᠪᠣᠢ ᠪᠣᠯᠭᠠᠵᠤ᠂ ᠵᠠᠯᠬᠠᠭᠤ | ᠬᠤᠶᠢᠷᠭᠤ ᠪᠠ ᠰᠤᠯᠠ ᠵᠠᠳᠠᠭᠠᠶ ᠵᠡᠷᠭᠡ ᠮᠠᠭᠤ ᠬᠡᠪ ᠰᠤᠷᠲᠠᠯ ᠢ ᠵᠠᠰᠠᠨ᠎ᠠ᠃ ᠵᠣᠬᠢᠶᠠᠯ ᠤᠨ ᠰᠤᠷᠲᠠᠯ ᠪᠣᠯᠤᠨ | ᠬᠤᠷᠠᠯ ᠤᠨ ᠰᠤᠷᠲᠠᠯ ᠢ ᠰᠠᠶᠢᠵᠢᠷᠠᠭᠤᠯᠵᠤ᠂ ᠨᠡᠩ ᠶᠡᠭᠡ ᠴᠠᠭ ᠪᠣᠯᠤᠨ ᠣᠶᠤᠨ ᠤᠬᠠᠭᠠᠨ ᠵᠠᠷᠤᠴᠠᠭᠤᠯᠵᠤ | ᠨᠠᠶᠢᠳᠠᠪᠦᠷᠢᠵᠢᠭᠤᠯᠤᠨ᠎ᠠ᠃ ᠵᠠᠰᠠᠭ ᠢ ᠴᠣᠮᠬᠠᠳᠬᠠᠨ ᠡᠷᠬᠡ ᠶᠢ ᠰᠤᠯᠠᠯᠠᠬᠤ ᠡᠷᠴᠢᠮ ᠢᠶᠠᠨ ᠴᠢᠩᠭᠠᠷᠠᠭᠤᠯᠵᠤ᠂ | ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠪᠠ ᠡᠰᠡᠷᠭᠦ ᠲᠠᠯ᠎ᠠ ᠶᠢᠨ ᠨᠠᠷᠢᠨ ᠳᠠᠩᠰᠠ ᠶᠢ | ᠲᠡᠬᠦᠯᠳᠠᠷᠵᠢᠬᠦᠯᠤᠨᠠ᠃ ᠳᠥᠭᠦᠮ ᠳᠥᠲᠡ ᠪᠥᠭᠡᠳ ᠥᠨᠳᠥᠷ ᠦᠷ᠎ᠡ ᠠᠰᠢᠭᠲᠤ ᠵᠠᠰᠠᠭ ᠤᠨ ᠶᠠᠪᠤᠳᠠᠯ ᠤᠨ ᠣᠷᠴᠢᠨ | ᠲᠣᠭᠤᠷᠢᠨ ᠢ ᠪᠤᠢ ᠪᠣᠯᠭᠠᠵᠤ᠂ ᠬᠤᠰᠢᠭᠤ ᠰᠤᠮᠤ ᠭᠠᠴᠠᠭ᠎ᠠ ᠭᠤᠷᠪᠠᠨ ᠱᠠᠲᠤᠨ ᠤ ᠡᠯᠧᠺᠲᠷᠤᠨ ᠵᠠᠰᠠᠭ ᠤᠨ | ᠶᠠᠪᠤᠳᠠᠯ ᠤᠨ ᠰᠦᠯᠵᠢᠶ᠎ᠡ ᠪᠠᠶᠢᠭᠤᠯᠤᠨ᠂ ᠣᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ | ᠺᠢᠯᠣᠮᠧᠲᠷ︾ ᠢ ᠨᠡᠪᠳᠠᠷᠠᠬᠦᠯᠤᠨᠠ᠃ | ︵ᠭᠤᠷᠪᠠ︶ ᠠᠷᠢᠭᠤᠨ ᠴᠢᠬᠡᠴᠢ ᠶᠢ ᠡᠷᠬᠢᠮᠯᠡᠵᠦ᠂ ᠠᠷᠢᠭᠤᠨ ᠴᠢᠬᠡᠴᠢ ᠵᠠᠰᠠᠭ ᠤᠨ ᠣᠷᠳᠣᠨ ᠢ | ᠪᠠᠶᠢᠭᠤᠯᠤᠨ᠎ᠠ᠃ ᠴᠢᠬᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠵᠤ᠂ | ᠨᠠᠮ ᠤᠨ ᠰᠠᠬᠢᠯᠭ᠎ᠠ ᠂ ᠵᠠᠰᠠᠭ ᠤᠨ ᠰᠠᠬᠢᠯᠭ᠎ᠠ ᠪᠠ ᠬᠠᠤᠯᠢ ᠲᠣᠭᠲᠠᠭᠠᠯ ᠢ ᠴᠢᠩᠭ᠎ᠠ ᠰᠠᠬᠢᠨ᠎ᠠ᠃ ᠵᠠᠰᠠᠭ ᠵᠠᠬᠢᠷᠭᠠᠨ ᠤ | ᠥᠪᠡᠷ ᠤᠨ ᠦᠷᠳᠡᠭ ᠢ ᠪᠠᠭᠤᠷᠠᠭᠤᠯᠵᠤ᠂ ᠨᠡᠩ ᠠᠷᠪᠢᠨ ᠡᠳ᠋ ᠤᠨ ᠬᠦᠴᠦᠨ ᠪᠠ ᠪᠣᠳᠠᠰ ᠤᠨ ᠬᠦᠴᠦᠨ ᠢ | ᠬᠥᠭᠵᠢᠯᠲᠡ ᠶᠢ ᠠᠬᠢᠭᠤᠯᠬᠤ ᠪᠣᠯᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠵᠠᠷᠤᠴᠠᠭᠤᠯᠤᠨ᠎ᠠ᠃ | ᠡᠳ᠋ ᠤᠨ ᠵᠠᠰᠠᠭ ᠤᠨ ᠪᠡᠯᠡ ᠮᠥᠩᠭᠦ᠂ ᠢᠨᠵᠧᠨᠧᠷᠢᠩ ᠤᠨ ᠪᠦ᠋ᠲᠦᠭᠡᠨ ᠪᠠᠶᠢᠭᠤᠯᠤᠯᠲᠠ ᠂ ᠳᠠᠭᠠᠭᠠᠴᠢᠯᠠᠯᠲᠠ ᠵᠠᠷᠯᠠᠬᠤ | ᠪᠠ ᠬᠦᠯᠢᠶᠡᠬᠦ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠬᠢᠨᠠᠯᠲᠠ ᠲᠠᠯᠪᠢᠵᠤ᠂ ᠬᠠᠤᠯᠢ ᠰᠠᠬᠢᠯᠭ᠎ᠠ ᠶᠢ ᠵᠥᠷᠢᠴᠡᠭᠰᠡᠨ | ᠡᠯ᠎ᠡ ᠵᠦᠢᠯ ᠤᠨ ᠶᠠᠯᠠᠲᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠺᠠᠳ᠋ᠷ ᠨᠢ ᠲᠥᠪ ᠴᠢᠬᠡᠴᠢ᠂ ᠵᠠᠰᠠᠭ ᠤᠨ | ᠣᠷᠳᠣᠨ ᠨᠢ ᠠᠷᠢᠭᠤᠨ ᠴᠢᠬᠡᠴᠢ᠂ ᠤᠯᠤᠰ ᠲᠦᠷᠦ ᠨᠢ ᠢᠯᠡ ᠲᠣᠳᠣ ᠪᠠᠶᠢᠬᠤ ᠶᠢ ᠪᠡᠶᠡᠯᠡᠭᠦᠯᠦᠨ᠎ᠡ᠃ | ︵ᠲᠦᠷᠪᠡ︶ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠷᠢᠭᠤᠴᠠᠯᠭᠠᠲᠤ ᠵᠠᠰᠠᠭ ᠤᠨ | ᠣᠷᠳᠣᠨ ᠢ ᠪᠠᠶᠢᠭᠤᠯᠤᠨ᠎ᠠ᠃ ᠬᠤᠰᠢᠭᠤ ᠪᠠᠨ ᠮᠠᠨᠳᠤᠭᠤᠯᠬᠤ ᠪᠠ ᠠᠷᠠᠳ ᠤᠨ ᠲᠥᠯᠥᠭᠡ ᠪᠣᠳᠠᠲᠠᠶ ᠠᠵᠢᠯᠯᠠᠵᠤ᠂ | ᠦᠷ᠎ᠡ ᠪᠦᠲᠦᠮᠵᠢ ᠶᠢ ᠴᠢᠬᠤᠯᠠᠴᠢᠯᠠᠬᠤ ᠪᠠ ᠨᠠᠶᠢᠳᠠᠪᠦᠷᠢᠵᠢᠭᠤᠯᠤᠯᠲᠠ ᠶᠢ ᠠᠳᠬᠤᠬᠤ ᠳᠡᠭᠡᠷ᠎ᠡ ᠬᠦᠴᠦᠨ ᠲᠠᠯᠪᠢᠨ᠎ᠠ᠃ | ︽ᠭᠤᠷᠪᠠᠨ ᠴᠢᠬᠤᠯᠠ ᠨᠢᠭᠡ ᠶᠡᠭᠡ︾ ᠬᠠᠮᠲᠤ ᠶᠢᠨ ᠰᠢᠢᠳᠪᠦᠷᠢ ᠵᠡᠷᠭᠡ ᠬᠠᠮᠢᠶ᠎ᠠ ᠪᠦᠬᠦᠢ ᠳᠦᠷᠢᠮ ᠢ | ᠨᠠᠶᠢᠳᠠᠪᠤᠷᠢᠵᠢᠭᠤᠯᠵᠤ᠂ ᠰᠢᠶᠳᠪᠦᠷᠢᠲᠦ ᠪᠤᠳᠤᠯᠭ᠎ᠠ ᠨᠢ ᠬᠠᠤᠯᠢ ᠳᠤ ᠨᠡᠶᠢᠴᠡᠬᠦ᠂ ᠶᠠᠪᠤᠴᠠ ᠨᠢ ᠢᠯᠡ ᠪᠠᠶᠢᠬᠤ ᠶᠢ | ᠪᠠᠲᠤᠯᠠᠨ᠎ᠠ᠃ ᠵᠠᠰᠠᠭ ᠵᠠᠬᠢᠷᠭᠠᠨ ᠤ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠯᠴᠠᠭ᠎ᠠ ᠶᠢ ᠬᠡᠷᠡᠭᠵᠢᠭᠦᠯᠵᠦ᠂ | ᠳᠡᠭᠡᠳᠦ ᠱᠠᠳᠤ ᠪᠠ ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠦᠷᠢᠵᠢᠭᠤᠯᠤᠨ᠂ ᠤᠯᠠᠨ | ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠲᠤᠰᠬᠠᠭᠰᠠᠨ ᠠᠰᠠᠭᠤᠳᠠᠯ ᠢ | ᠦᠨᠡᠨ ᠬᠦ ᠰᠢᠢᠳᠪᠦᠷᠢᠯᠡᠨ᠎ᠡ᠃ | ᠲᠦᠯᠦᠭᠡᠯᠡᠭᠴᠢᠳ ᠡ᠂ ᠴᠢᠷᠮᠠᠶᠢᠯᠭ᠎ᠠ ᠬᠦᠮᠦᠨ ᠢ ᠭᠤᠮᠤᠳᠠᠭᠠᠳᠠᠭ ᠦᠭᠡᠢ᠃ ᠪᠢᠳᠡ ᠬᠤᠰᠢᠭᠤ ᠨᠠᠮ ᠤᠨ | ᠬᠤᠷᠢᠶ᠎ᠠ ᠶᠢᠨ ᠵᠦᠪ ᠤᠨᠤᠪᠴᠢᠳᠠᠢ ᠤᠳᠤᠷᠢᠳᠤᠯᠭ᠎ᠠ ᠪᠣᠯᠤᠨ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠪᠠ ᠳᠡᠮᠵᠢᠯᠭᠡ ᠳᠣᠣᠷ᠎ᠠ᠂ ᠬᠦᠴᠦᠨ ᠢᠶᠠᠨ | ᠬᠠᠮᠲᠤᠳᠬᠠᠵᠤ᠂ ᠣᠶᠤᠨ ᠢᠶᠠᠨ ᠨᠢᠬᠡᠳᠬᠡᠨ᠂ ᠰᠢᠷᠭᠠᠭᠤ ᠲᠡᠮᠡᠴᠡᠵᠤ ᠭᠠᠷᠮᠠᠭᠠᠶᠢᠯᠠᠨ ᠠᠵᠢᠯᠯᠠᠵᠤ᠂ ᠠᠵᠤ ᠠᠬᠤᠢ | ᠨᠡᠶᠢᠭᠡᠮ ᠤᠨ ᠬᠦᠭᠵᠢᠯᠲᠡ ᠶᠢᠨ ᠡᠯ᠎ᠡ ᠲᠠᠯ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠤ᠂ ᠰᠢᠯᠢᠳᠡᠭ | ᠠᠮᠵᠢᠯᠲᠠ ᠰᠢᠨ᠎ᠡ ᠪᠦᠳᠦᠮᠵᠢ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠥᠪᠡᠷᠲᠡᠭᠡᠨ ᠵᠠᠰᠠᠬᠤ | ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠪᠠᠶᠠᠷᠯᠠᠨ ᠣᠭᠲᠤᠶ᠎ᠠ︕ | | |