ᠮᠠᠯᠴᠢᠨ ᠣᠯᠠᠭᠠᠨᠪᠠᠭᠠᠳᠣᠷ ᠴᠠᠭᠠᠬᠠᠳᠠ ᠰᠣᠷᠭᠠᠭᠤᠯᠢ ᠳᠤ ᠰᠣᠷᠣᠯᠭ᠎ᠠ ᠶᠢᠨ ᠲᠣᠰᠠᠯᠠᠮᠵᠢ ᠶᠢᠨ ᠮᠦᠩᠬᠦ ᠬᠠᠨᠳᠢᠪᠯᠠᠪᠠ
ᠨᠡᠶᠢᠲᠡᠯᠡᠭᠰᠡᠨ ᠴᠠᠭ᠄
2018/4/11
      ᠤᠯᠠᠭᠠᠨᠪᠠᠭᠠᠲᠤᠷ ᠪᠤᠯ ᠪᠠᠭᠠᠷᠢᠨ ᠵᠡᠬᠦᠨ ᠬᠤᠰᠢᠭᠤᠨ ᠤ ᠴᠠᠭᠠᠬᠠᠳᠠ ᠰᠤᠮᠤᠨ ᠤ ᠤᠩᠭᠤᠴᠠ ᠭᠠᠴᠠᠭᠠᠨ ᠤ ᠮᠠᠯᠴᠢᠨ᠂ ᠲᠡᠷᠡ 2004 ᠤᠨ ᠠᠴᠠ ᠨᠤᠲᠤᠭ ᠠᠴᠠ ᠪᠠᠨ ᠭᠠᠷᠴᠤ ᠦᠢᠯᠡᠰ ᠡᠷᠬᠢᠯᠡᠨ ᠤᠯᠠᠭᠠᠨᠬᠠᠳᠠ ᠬᠤᠲᠠ ᠶᠢᠨ ᠲᠤᠳᠤᠨ᠎ᠠ ᠭᠠᠳᠠᠨ᠎ᠠ ᠪᠠ ᠬᠢᠷᠢᠨ᠂ ᠬᠠᠷᠠᠮᠦ᠋ᠷᠡᠨ ᠵᠡᠷᠭᠡ ᠮᠤᠵᠢ ᠪᠠᠷ ᠵᠠᠰᠠᠮᠠᠯ ᠵᠠᠮ ᠲᠡᠪᠢᠰᠬᠦ ᠠᠵᠢᠯ ᠬᠢᠵᠦ ᠤᠳᠤ ᠪᠤᠯᠬᠤ ᠳᠤ ᠵᠢᠯ ᠤᠨ ᠤᠷᠤᠯᠭ᠎ᠠ ᠠᠷᠪᠠ ᠭᠠᠷᠤᠢ ᠲᠦᠮᠡᠨ ᠲᠦᠭᠦᠷᠢᠭ ᠬᠦᠷᠴᠦ ᠪᠤᠢ᠃ ᠲᠡᠷᠡ 1983 ᠤᠨ ᠳᠤ ᠴᠠᠭᠠᠨᠬᠠᠳᠠ ᠰᠤᠮᠤᠨ ᠤ ᠰᠣᠷᠭᠠᠭᠤᠯᠢ ᠠᠴᠠ ᠲᠡᠭᠦᠰᠴᠠᠢ᠂ ᠢᠩᠭᠢᠭᠡᠳ ᠡᠷᠬᠢᠯᠡᠭᠰᠡᠨ ᠠᠵᠢᠯ ᠨᠢ ᠦᠭᠡᠲᠡ ᠲᠠᠢ᠂ ᠤᠯᠠᠨ ᠤ ᠪᠠᠨ ᠲᠤᠮᠳᠠ ᠬᠦᠷᠢᠶᠡᠯᠡᠯ ᠲᠠᠢ ᠪᠤᠯᠬᠤ ᠳᠤ ᠪᠠᠨ ᠡᠬᠡ ᠰᠤᠷᠭᠠᠭᠤᠯᠢ ᠳᠤ ᠪᠠᠨ ᠬᠠᠶᠢᠷ᠎ᠠ ᠬᠠᠯᠠᠮᠵᠢ ᠪᠠᠨ ᠡᠷᠭᠦᠨ ᠤᠷᠤᠨ ᠨᠤᠲᠤᠭ ᠤᠨ ᠢᠶᠠᠨ ᠰᠤᠶᠤᠯ ᠰᠤᠷᠭᠠᠨ ᠬᠦᠮᠦᠵᠢᠯ ᠤᠨ ᠦᠢᠯᠡᠰ ᠢ ᠲᠡᠮᠵᠢᠬᠦ ᠪᠠᠷ ᠰᠢᠢᠳᠴᠤ ᠨᠢᠳᠤᠨᠤᠨ ᠵᠢᠯ ᠠᠴᠠ ᠡᠬᠢᠯᠡᠨ ᠲᠤᠰ ᠰᠤᠷᠭᠠᠭᠤᠯᠢ ᠶᠢᠨ ᠰᠤᠷᠤᠯᠭ᠎ᠠ ᠮᠤᠷᠠᠯ ᠬᠤᠤᠰᠯᠠᠭᠰᠠᠨ ᠰᠤᠷᠤᠭᠴᠢᠳ ᠪᠠ ᠭᠡᠷ  ᠤᠨ ᠠᠮᠢᠳᠤᠷᠠᠯ ᠬᠦᠴᠢᠷᠲᠠᠢ ᠰᠤᠷᠤᠭᠴᠢᠳ ᠢ ᠲᠡᠮᠵᠢᠨ ᠲᠤᠰᠠᠯᠠᠬᠤ ᠪᠠᠷ ᠪᠤᠯᠤᠭᠰᠠᠨ ᠪᠠᠶᠢᠨ᠎ᠠ᠃
     ᠪᠠᠭᠠᠷᠢᠨ ᠵᠡᠬᠦᠨ ᠬᠤᠰᠢᠭᠤᠨ ᠤ ᠷᠠᠳᠢᠤ᠋ ᠲᠧᠯᠸᠢᠰ ᠲᠦᠪ ᠤᠨ ᠰᠤᠷᠪᠤᠯᠵᠢᠯᠠᠭᠴᠢ ᠢᠦᠢ ᠬᠤᠸᠠ᠂ ᠡᠷᠬᠢᠮᠪᠠᠶᠠᠷ ᠮᠡᠳᠡᠭᠡᠯᠡᠵᠡᠢ᠃
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠷᠠᠳᠢᠤ᠋ ᠲᠧᠯᠸᠢᠰ ᠲᠦᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号