ᠵᠠᠰᠠᠭ ᠤᠨ ᠣᠷᠳᠣᠨ ᠤ ᠠᠵᠢᠯ ᠤᠨ ᠢᠯᠡᠳᠬᠡᠯ | —— 2018 ᠣᠨ ᠤ 2 ᠰᠠᠷ᠎ᠠ ᠶᠢᠨ 26 ᠤ ᠡᠳᠦᠷ ᠪᠠᠭᠠᠷᠢᠨ | ᠵᠡᠭᠦᠨ ᠬᠤᠰᠢᠭᠤᠨ ᠤ ᠠᠷᠪᠠᠨ ᠳᠣᠯᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠤᠳᠠᠭᠠᠨ ᠤ ᠬᠤᠷᠠᠯ ᠳᠡᠭᠡᠷ᠎ᠡ | | ᠬᠤᠰᠢᠭᠤᠨ ᠳᠠᠷᠤᠭ᠎ᠠ ᠮᠦᠩᠬᠡᠳᠠᠯᠠᠢ | | ᠲᠦᠯᠦᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠶᠡᠭᠡ ᠬᠤᠷᠠᠯ ᠳᠤ ᠠᠵᠢᠯ ᠤᠨ | ᠮᠡᠳᠡᠭᠦᠯᠦᠯᠲᠡ ᠬᠢᠶ᠎ᠡ᠂ ᠬᠢᠨᠠᠨ ᠵᠦᠪᠯᠡᠬᠦ ᠪᠣᠯᠪᠠᠤ︕ ᠬᠤᠷᠠᠯ ᠳᠤ ᠰᠤᠯᠠ ᠣᠷᠤᠯᠴᠠᠭᠰᠠᠨ ᠬᠤᠰᠢᠭᠤᠨ ᠤ ᠤᠯᠤᠰ | ᠲᠥᠷᠥ ᠶᠢᠨ ᠵᠦᠪᠯᠡᠯᠭᠡᠨ ᠤ ᠭᠡᠰᠢᠭᠦᠳ ᠪᠣᠯᠤᠨ ᠪᠣᠰᠤᠳ ᠨᠦᠬᠦᠳ ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃ | | ᠨᠢᠭᠡ᠂ 2017 ᠣᠨ ᠤ ᠠᠵᠢᠯ ᠤᠨ ᠡᠷᠭᠢᠴᠡᠭᠦᠯᠦᠯ | 2017 ᠣᠨ ᠳᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠋ ᠪᠣᠯᠤᠨ | ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ | ᠪᠠ ᠳᠡᠮᠵᠢᠯᠭᠡ ᠲᠣᠣᠷ᠎ᠠ᠂ ᠬᠤᠰᠢᠭᠤᠨ ᠤ ᠵᠠᠰᠠᠭ ᠤᠨ ᠣᠷᠳᠣᠨ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ | ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠰᠢᠨ᠎ᠡ ᠠᠵᠠ ᠳᠣᠬᠢᠶᠠᠯ ᠢ ᠠᠮᠵᠢᠨ ᠠᠳᠬᠤᠵᠤ᠂ ᠰᠢᠨ᠎ᠡ | ᠣᠶᠢᠯᠠᠭᠠᠭᠳᠠᠬᠤᠨ ᠢ ᠦᠢᠯᠡᠳᠦᠯᠭᠡᠵᠢᠭᠦᠯᠦᠨ᠂ ᠰᠢᠨ᠎ᠡ ᠬᠦᠭᠵᠢᠯᠲᠡ ᠶᠢ ᠠᠬᠢᠭᠤᠯᠵᠤ᠂ ᠪᠦᠬᠦ ᠬᠤᠰᠢᠭᠤᠨ ᠤ ᠠᠵᠤ | ᠠᠬᠤᠢ ᠨᠡᠶᠢᠭᠡᠮ ᠤᠨ ᠬᠦᠭᠵᠢᠯᠲᠡ ᠦᠷᠭᠦᠯᠵᠢᠯᠡᠨ ᠰᠢᠨ᠎ᠡ ᠦᠷ᠎ᠡ ᠪᠦᠲᠦᠮᠵᠢ ᠣᠯᠤᠭᠰᠠᠨ ᠪᠠᠶᠢᠨ᠎ᠠ᠃ ᠤᠯᠤᠰ ᠠᠴᠠ | ᠰᠢᠨ᠎ᠡ ᠪᠠᠷ ᠳᠣᠬᠢᠷᠠᠭᠤᠯᠤᠭᠰᠠᠨ ᠲᠤᠭ᠎ᠠ ᠪᠦᠷᠢᠳᠬᠡᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠦᠨᠳᠦᠰᠦᠯᠡᠪᠡᠯ᠂ ᠪᠦᠬᠦ | ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 5.2% ᠢᠶᠠᠷ ᠨᠡᠮᠡᠭᠳᠡᠨ᠂ ᠲᠣᠭᠲᠠᠮᠠᠯ | ᠬᠦᠷᠦᠩᠭᠡ ᠶᠢᠨ ᠪᠡᠯᠡ ᠣᠷᠤᠭᠤᠯᠤᠯᠲᠠ 9.4% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 8.8% ᠪᠠᠷ ᠨᠡᠮᠡᠭᠳᠡᠵᠦ᠂ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠬᠤᠪᠢᠶᠠᠷᠢᠯᠠᠵᠤ ᠪᠣᠯᠬᠤ ᠣᠷᠤᠯᠭ᠎ᠠ ᠨᠢ ᠲᠤᠰ ᠲᠤᠰ 8.6% ᠪᠠ | 8.7% ᠪᠠᠷ ᠨᠡᠮᠡᠭᠳᠡᠨ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠤᠯᠭ᠎ᠠ 5.24 | ᠳ᠋ᠦᠩᠰᠢᠭᠤᠷ ᠲᠦᠭᠦᠷᠢᠭ ᠬᠦᠷᠴᠦ᠂ ᠨᠡᠮᠡᠭᠳᠡᠯ ᠤᠨ ᠬᠤᠷᠳᠣᠴᠠ ᠪᠠᠷ ᠪᠦᠬᠦ ᠬᠤᠲᠠ ᠳᠤ ᠬᠤᠶᠠᠳᠤᠭᠠᠷ ᠲᠤ ᠣᠷᠤᠪᠠ᠃ | ᠨᠢᠭᠡ ᠵᠢᠯ ᠤᠨ ᠲᠤᠷᠰᠢ᠂ ᠮᠠᠨ ᠤ ᠭᠤᠣᠯ ᠬᠢᠭᠰᠡᠨ ᠠᠵᠢᠯ ᠭᠡᠪᠡᠯ᠄ | ︵ᠨᠢᠭᠡ︶ ᠠᠵᠤ ᠠᠬᠤᠢ ᠶᠢᠨ ᠬᠦᠭᠵᠢᠯᠲᠡ ᠶᠢᠨ ᠲᠠᠯ᠎ᠠ ᠪᠠᠷ ᠶᠡᠷᠦᠩᠬᠡᠢ ᠬᠡᠮᠵᠢᠶ᠎ᠡ ᠶᠢᠨ ᠨᠡᠮᠡᠭᠳᠡᠯ ᠪᠣᠯᠤᠨ ᠪᠦᠲᠦᠴᠡ | ᠶᠢᠨ ᠰᠢᠯᠢᠳᠡᠭᠵᠢᠯ ᠢ ᠳᠣᠪᠤᠶᠢᠯᠭᠠᠪᠠ᠃ | ᠬᠦᠷᠢᠶ᠎ᠡ ᠬᠡᠪᠴᠢᠶ᠎ᠡ ᠶᠢᠨ ᠦᠷᠭᠡᠳᠬᠡᠯ ᠪᠠ ᠲᠠᠪᠴᠠᠩ ᠤᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ | ᠪᠣᠯᠭᠠᠭᠰᠠᠨ ᠠᠵᠤ ᠦᠢᠯᠡᠳᠪᠦᠷᠢ ᠶᠢᠨ ᠠᠵᠤ ᠠᠬᠤᠢ ᠦᠷᠭᠦᠯᠵᠢᠯᠡᠨ ᠦᠰᠪᠡ᠃ ᠪᠦᠬᠦ ᠵᠢᠯ ᠳᠤ᠂ ᠠᠭᠤᠷᠬᠠᠢ | ᠨᠡᠭᠡᠭᠡᠬᠦ ᠡᠷᠬᠡ 4 ᠶᠢ ᠨᠢᠭᠡᠲᠦᠭᠦᠯᠵᠦ᠂ ᠢᠦᠢ ᠪᠠᠩ ᠠᠭᠤᠷᠬᠠᠢ ᠶᠢᠨ ᠦᠢᠯᠡᠰ ᠤᠨ ᠬᠤᠣᠰ ᠱᠣᠷᠤᠩ ᠠᠭᠤᠯᠠ ᠶᠢᠨ | ᠠᠭᠤᠷᠬᠠᠢ ᠨᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠳᠤ | ᠬᠠᠳᠠᠭᠠᠯᠠᠭᠳᠠᠴᠠ ᠶᠢ ᠬᠢᠨᠠᠨ ᠬᠠᠷᠭᠤᠭᠤᠯᠬᠤ ᠮᠡᠳᠡᠭᠦᠯᠦᠯᠲᠡ ᠪᠠᠨ ᠳᠠᠩᠰᠠᠯᠠᠭᠤᠯᠬᠤ ᠶᠢᠨ ᠬᠠᠮᠲᠤ ᠮᠣᠨᠳᠠᠭ ᠶᠡᠭᠡ | ᠮᠦᠩᠭᠦ ᠲᠤᠭᠤᠯᠭ᠎ᠠ ᠶᠢᠨ ᠠᠭᠤᠷᠬᠠᠢ ᠪᠠᠷ ᠦᠨᠡᠯᠡᠭᠳᠡᠪᠡ︔ ᠾᠧᠩ ᠲᠦᠩ ᠠᠷᠠᠯᠵᠢᠶ᠎ᠠ ᠬᠤᠳᠠᠯᠳᠤᠭ᠎ᠠ ᠶᠢᠨ | ᠬᠢᠵᠠᠭᠠᠷᠲᠤ ᠺᠤᠮᠫᠠᠨᠢ ᠶᠢᠨ ᠡᠳᠦᠷ ᠪᠦᠷᠢ 1000 ᠳᠣᠨ ᠴᠠᠶᠢᠷ ᠲᠤᠭᠤᠯᠭ᠎ᠠ ᠰᠢᠯᠢᠬᠦ ᠲᠦᠷᠦᠯ ᠵᠦᠢᠯ ᠢ ᠪᠠᠶᠢᠭᠤᠯᠤᠨ | ᠠᠰᠢᠭᠯᠠᠯᠲᠠ ᠳᠤ ᠣᠷᠤᠭᠤᠯᠵᠤ᠂ ᠰᠠᠨ ᠰᠢᠨ ᠠᠭᠤᠷᠬᠠᠢ ᠶᠢᠨ ᠡᠳᠦᠷ ᠪᠦᠷᠢ 1000 ᠳᠣᠨ ᠤ ᠣᠯᠠᠨ ᠦᠩᠭᠡᠲᠦ | ᠲᠡᠮᠦᠷᠯᠢᠭ ᠰᠢᠯᠢᠬᠦ ᠪᠠ ᠢᠦᠢ ᠪᠠᠩ ᠠᠭᠤᠷᠬᠠᠢ ᠶᠢᠨ ᠡᠳᠦᠷ ᠪᠦᠷᠢ 5000 ᠳᠣᠨ ᠤ ᠮᠦᠩᠭᠦ ᠲᠤᠭᠤᠯᠭ᠎ᠠ ᠰᠢᠯᠢᠵᠦ | ᠦᠷᠭᠡᠳᠬᠡᠨ ᠪᠠᠶᠢᠭᠤᠯᠬᠤ ᠵᠡᠷᠭᠡ ᠲᠦᠷᠦᠯ ᠵᠦᠢᠯ ᠢ ᠠᠮᠵᠢᠯᠲᠠ ᠲᠠᠢ ᠠᠬᠢᠭᠤᠯᠪᠠ︔ ᠹᠧᠩ ᠬᠤᠸᠠᠩ ᠱᠠᠨ ᠠᠵᠤ | ᠦᠢᠯᠡᠳᠪᠦᠷᠢ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠭᠠᠵᠠᠷ ᠢ ᠦᠨᠳᠦᠰᠦᠨ ᠳᠡᠭᠡᠨ ᠪᠠᠶᠢᠭᠤᠯᠵᠤ | ᠳᠠᠭᠤᠰᠤᠨ᠂ ᠠᠵᠤ ᠦᠢᠯᠡᠳᠪᠦᠷᠢ ᠶᠢᠨ ᠬᠤᠣᠷ ᠬᠦᠨᠦᠭᠡᠯ ᠲᠠᠢ ᠬᠠᠶᠠᠭᠳᠠᠮᠠᠯ ᠪᠤᠳᠠᠰ ᠪᠣᠯᠤᠨ ᠰᠢᠪᠬᠠᠷᠤᠤ ᠶᠢ | ᠰᠢᠢᠳᠪᠦᠷᠢᠯᠡᠬᠦ ᠭᠠᠵᠠᠷ ᠢ ᠪᠠᠶᠢᠭᠤᠯᠵᠤ᠂ ᠱᠠᠩ ᠵᠢᠩ ᠠᠵᠤ ᠦᠢᠯᠡᠳᠪᠦᠷᠢ ᠶᠢᠨ ᠲᠣᠭᠤᠷᠢᠭ ᠨᠢ ︽ᠪᠦᠬᠦ ᠤᠯᠤᠰ | ᠤᠨ ᠬᠦᠳᠡᠭᠡ ᠲᠤᠰᠬᠤᠨ ᠤ ᠦᠢᠯᠡᠰ ᠪᠦᠲᠦᠭᠡᠵᠦ ᠰᠢᠨ᠎ᠡ ᠶᠢ ᠡᠭᠦᠳᠭᠦ ᠲᠣᠭᠤᠷᠢᠭ ︵ᠰᠠᠭᠤᠷᠢᠨ ᠭᠠᠵᠠᠷ︶ ᠤᠨ | ᠨᠡᠷᠡᠰ︾ ᠲᠤ ᠠᠮᠵᠢᠯᠲᠠ ᠲᠠᠢ ᠣᠷᠤᠭᠰᠠᠨ ᠪᠠᠶᠢᠨ᠎ᠠ᠃ | ᠰᠠᠭᠤᠷᠢ ᠶᠢᠨ ᠪᠠᠬᠢᠵᠢᠯ ᠪᠠ ᠠᠵᠤ ᠦᠢᠯᠡᠰ ᠤᠨ ᠬᠡᠯᠪᠡᠷᠢ ᠶᠢᠨ ᠰᠣᠯᠢᠭᠳᠠᠯ ᠢᠶᠠᠷ ᠭᠤᠣᠯᠳᠠᠯᠭ᠎ᠠ | ᠪᠣᠯᠭᠠᠭᠰᠠᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠲᠦᠷᠭᠡᠨ ᠬᠦᠭᠵᠢᠭᠦᠯᠪᠡ᠃ ᠲᠠᠷᠢᠶᠠᠨ ᠭᠠᠵᠠᠷ | ᠤᠨ ᠲᠠᠯᠠᠪᠠᠢ 180 ᠲᠦᠮᠡᠨ ᠮᠤ᠋ ᠬᠦᠷᠴᠦ᠂ ᠭᠠᠮᠰᠢᠭᠳᠠᠭᠰᠠᠨ ᠵᠢᠯ ᠳᠤ ᠴᠦ ᠠᠮᠤ ᠪᠤᠳᠠᠭᠠᠨ ᠤ ᠶᠡᠷᠦᠩᠬᠡᠢ ᠤᠨᠠᠯᠲᠠ | ᠶᠢ 8 ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠪᠠ︔ ︽ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠬᠤ︾ | ᠲᠦᠷᠦᠯ ᠵᠦᠢᠯ ᠢ ᠨᠠᠶᠢᠳᠠᠪᠦᠷᠢᠵᠢᠭᠤᠯᠵᠤ᠂ ᠳᠠᠷᠤᠰᠢᠭᠤᠯᠬᠤ ᠡᠷᠳᠡᠨᠢ ᠰᠢᠰᠢ 12 ᠲᠦᠮᠡᠨ ᠮᠣ᠋ ᠲᠠᠷᠢᠨ᠂ ᠦᠷ᠎ᠡ ᠶᠢᠨ | ᠡᠷᠳᠡᠨᠢ ᠰᠢᠰᠢ ᠶᠢ 20 ᠲᠦᠮᠡᠨ ᠮᠣ᠋ ᠪᠤᠯᠭᠠᠨ ᠪᠠᠭᠠᠰᠬᠠᠵᠤ᠂ ᠮᠠᠯ ᠤᠨ ᠲᠤᠭ᠎ᠠ ᠶᠢ 220 ᠲᠦᠮᠡ ᠠᠴᠠ ᠳᠡᠭᠡᠭᠰᠢ | ᠪᠣᠯᠭᠠᠪᠠ︔ ᠪᠦᠬᠦ ᠬᠤᠰᠢᠭᠤᠨ ᠤ ᠪᠣᠷᠤᠯᠠᠭᠤᠯᠭ᠎ᠠ ᠶᠢᠨ ᠣᠷᠤᠯᠭ᠎ᠠ ᠨᠢ 500 ᠲᠦᠮᠡ ᠠᠴᠠ ᠳᠡᠭᠡᠭᠰᠢᠬᠢ | ᠲᠠᠷᠢᠶᠠᠯᠠᠩ ᠮᠠᠯ ᠠᠵᠤ ᠠᠬᠤᠢ ᠶᠢᠨ ᠲᠣᠯᠤᠭᠠᠶᠢᠯᠠᠭᠴᠢ ᠠᠵᠤ ᠠᠬᠤᠶᠢᠯᠠᠯ ᠨᠡᠮᠡᠭᠳᠡᠭᠡᠳ 51 ᠪᠣᠯᠤᠭᠰᠠᠨ ᠪᠠ ᠮᠠᠯᠴᠢᠨ | ᠲᠠᠷᠢᠶᠠᠴᠢᠳ ᠤᠨ ᠡᠯ᠎ᠡ ᠵᠦᠢᠯ ᠤᠨ ᠲᠤᠰᠬᠠᠢ ᠬᠤᠷᠰᠢᠶᠠᠵᠢᠯ ᠬᠦᠭᠵᠢᠭᠡᠳ 1252 ᠪᠣᠯᠵᠤ᠂ ︽ᠭᠤᠷᠪᠠᠨ | ᠪᠦᠲᠦᠭᠡᠭᠳᠡᠬᠦᠨ ᠨᠢᠭᠡ ᠲᠡᠮᠳᠡᠭ︾ ᠢᠶᠠᠷ ᠭᠡᠷᠡᠴᠢᠯᠡᠭᠦᠯᠦᠭᠰᠡᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ | ᠰᠢᠮ᠎ᠡ 81 ᠪᠣᠯᠵᠤ᠂ ᠰᠢᠯᠵᠢᠯᠲᠡ ᠶᠢᠨ ᠭᠠᠵᠠᠷ ᠰᠢᠷᠤᠢ 67.5 ᠲᠦᠮᠡᠨ ᠮᠣ᠋ ᠬᠦᠷᠦᠭᠰᠡᠨ ᠪᠠᠶᠢᠨ᠎ᠠ᠃ | ᠲᠡᠭᠦᠯᠳᠡᠷ ᠠᠵᠢᠯ ᠤᠨ ᠪᠠᠶᠢᠳᠠᠯ ᠪᠠ ᠰᠤᠶᠤᠯ ᠵᠢᠭᠤᠯᠴᠢᠯᠠᠯ ᠤᠨ ᠤᠶᠠᠯᠳᠤᠯ ᠢᠶᠠᠷ ᠭᠤᠣᠯᠳᠠᠯᠭ᠎ᠠ | ᠪᠣᠯᠭᠠᠭᠰᠠᠨ ᠭᠤᠷᠪᠠᠳᠤᠭᠠᠷ ᠠᠵᠤ ᠦᠢᠯᠡᠰ ᠢ ᠬᠤᠷᠳᠤᠳᠬᠠᠪᠠ᠃ ᠱᠠᠩ ᠵᠢᠩ ᠪᠤᠳᠠᠰ ᠤᠨ ᠭᠦᠢᠯᠭᠡᠭᠡᠨ ᠤ | ᠲᠣᠭᠤᠷᠢᠭ ᠤᠨ ᠬᠡᠷᠡᠭᠯᠡᠭᠡᠨ ᠤ ᠲᠠᠯᠠᠪᠠᠢ 16 ᠲᠦᠮᠡᠨ ᠬᠠᠪᠲᠠᠭᠠᠢ ᠳᠦᠷᠪᠡᠯᠵᠢᠨ ᠮᠧᠲᠷ ᠬᠦᠷᠴᠦ᠂ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠵᠠᠭᠤᠴᠢᠯᠠᠭᠤᠷ ᠤᠨ ᠪᠠ ᠵᠠᠭᠤᠴᠢᠯᠠᠭᠤᠷ ᠤᠨ ᠪᠣᠰᠤ ᠶᠡᠷᠦᠩᠬᠡᠶᠢᠯᠡᠭᠰᠡᠨ | ᠦᠢᠯᠡᠴᠢᠯᠡᠭᠡᠨ ᠤ ᠲᠠᠪᠴᠠᠩ ᠢ ᠪᠦᠬᠦ ᠲᠠᠯ᠎ᠠ ᠪᠠᠷ ᠡᠵᠡᠩᠨᠡᠭᠦᠯᠵᠦ᠂ ᠪᠦᠬᠦ ᠣᠷᠣᠨ ᠤ ᠬᠠᠩᠭᠠᠨ ᠪᠣᠷᠤᠯᠠᠭᠤᠯᠬᠤ | ᠬᠤᠷᠰᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠬᠠᠢ ᠶᠢᠨ ᠲᠠᠯᠠᠪᠤᠷ ᠤᠨ ᠬᠤᠷᠠᠯ ᠢ ᠮᠠᠨ ᠤ ᠬᠤᠰᠢᠭᠤᠨ | ᠳᠤ ᠬᠤᠷᠠᠯᠳᠤᠭᠤᠯᠪᠠ︔ ᠪᠦᠬᠦ ᠬᠤᠰᠢᠭᠤᠨ ᠤ ᠵᠢᠭᠤᠯᠴᠢᠯᠠᠯ ᠤᠨ ᠬᠦᠭᠵᠢᠯᠲᠡ ᠶᠢᠨ ᠶᠡᠷᠦᠩᠬᠡᠢ ᠲᠦᠯᠦᠪᠵᠢᠭᠦᠯᠭᠡ | ᠶᠢ ᠲᠣᠭᠲᠠᠭᠠᠵᠤ᠂ ᠭᠢᠯᠦᠪᠡᠷ ᠵᠤᠤ ᠶᠢᠨ ᠭᠤᠣᠯ ᠦᠵᠡᠮᠵᠢ ᠶᠢᠨ ᠣᠷᠣᠨ᠂ ᠯᠢᠶᠤᠤ ᠶᠢᠨ ᠳᠡᠭᠡᠳᠦ ᠨᠡᠶᠢᠰᠯᠡᠯ ᠤᠨ | ᠤᠯᠤᠰ ᠤᠨ ᠬᠠᠭᠤᠴᠢ ᠰᠤᠳᠤᠯᠤᠯ ᠤᠨ ᠦᠯᠡᠳᠡᠭᠳᠡᠯ ᠪᠠᠭᠤᠷᠢ ᠶᠢᠨ ᠴᠡᠴᠡᠷᠯᠢᠭ ᠵᠡᠷᠭᠡ ᠲᠦᠷᠦᠯ ᠵᠦᠢᠯ ᠢ | ᠡᠬᠢᠯᠡᠭᠦᠯᠦᠨ ᠪᠠᠶᠢᠭᠤᠯᠵᠤ᠂ ᠭᠢᠯᠦᠪᠡᠷ ᠵᠤᠤ ᠠᠴᠠ ᠯᠢᠶᠤᠤ ᠶᠢᠨ ᠳᠡᠭᠡᠳᠦᠰ ᠤᠨ ᠪᠠᠭᠤᠷᠢ ᠬᠦᠷᠬᠦ ᠵᠢᠭᠤᠯᠴᠢᠯᠠᠯ ᠤᠨ 7 | ᠵᠣᠷᠪᠤᠰ ᠵᠠᠰᠠᠮᠠᠯ ᠵᠠᠮ ᠢ ᠪᠦᠬᠦᠨ ᠢ ᠨᠡᠪᠲᠡᠷᠡᠭᠦᠯᠪᠡ︔ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ ᠤᠨ ᠭᠢᠳᠠᠨ ᠰᠤᠶᠤᠯ ᠤᠨ ᠬᠠᠭᠤᠴᠢ ᠰᠤᠳᠤᠯᠤᠯ | ᠤᠨ ᠰᠠᠭᠤᠷᠢᠨ ᠭᠠᠵᠠᠷ ᠢ ᠪᠠᠶᠢᠭᠤᠯᠤᠨ ᠫᠠᠶᠢᠰᠠ ᠡᠯᠭᠦᠵᠦ᠂ ︽ᠳᠡᠯᠡᠬᠡᠢ ᠶᠢᠨ ᠰᠤᠶᠤᠯ ᠤᠨ ᠦᠯᠡᠳᠡᠭᠳᠡᠯ ᠳᠤ | ᠭᠤᠶᠤᠴᠢᠯᠠᠬᠤ︾ ᠠᠵᠢᠯ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ | ᠬᠦᠷᠴᠦ᠂ ᠱᠠᠩ ᠵᠢᠩ ᠭᠢᠳᠠᠨ ᠰᠤᠶᠤᠯ ᠤᠨ ᠠᠵᠤ ᠦᠢᠯᠡᠰ ᠤᠨ ᠬᠦᠷᠢᠶᠡᠯᠡᠩ ᠢ ᠦᠨᠳᠦᠰᠦᠨ ᠳᠡᠭᠡᠨ ᠪᠠᠶᠢᠭᠤᠯᠵᠤ | ᠳᠠᠭᠤᠰᠪᠠ︔ ︽ᠮᠠᠨ ᠤ ᠳᠤ ᠢᠷᠡᠭᠡᠷᠡᠢ︾ ᠪᠠᠷ ᠭᠤᠣᠯ ᠰᠡᠳᠦᠪ ᠪᠣᠯᠭᠠᠭᠰᠠᠨ ᠭᠢᠳᠠᠨ ᠰᠤᠶᠤᠯ ᠤᠨ ᠨᠠᠶᠢᠷ ᠪᠠ | ᠤᠯᠤᠰ ᠤᠨ ᠲᠡᠥᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠣᠪᠴᠢᠶ᠎ᠠ ᠶᠢᠨ ᠠᠩᠬᠠᠳᠤᠭᠠᠷ ᠤᠳᠠᠭᠠᠨ ᠤ | ᠬᠤᠲᠠ ᠶᠢᠨ ᠬᠠᠭᠤᠴᠢ ᠰᠤᠳᠤᠯᠤᠯ ᠤᠨ ᠲᠤᠰᠬᠠᠢ ᠰᠡᠳᠦᠪᠲᠦ ᠰᠤᠳᠤᠯᠤᠨ ᠰᠤᠷᠤᠯᠴᠠᠬᠤ ᠠᠩᠬᠢ ᠶᠢᠨ ᠠᠵᠢᠯᠯᠠᠭᠠᠨ ᠢ | ᠠᠮᠵᠢᠯᠲᠠ ᠲᠠᠢ ᠡᠷᠬᠢᠯᠡᠵᠦ᠂ ᠪᠦᠬᠦ ᠵᠢᠯ ᠳᠤ ᠨᠡᠶᠢᠲᠡ 80 ᠲᠦᠮᠡᠨ ᠬᠦᠮᠦᠨ ︵ᠤᠳᠠᠭ᠎ᠠ︶ ᠬᠦᠯᠢᠶᠡᠨ ᠠᠪᠴᠤ᠂ | ᠵᠢᠭᠤᠯᠴᠢᠯᠠᠯ ᠤᠨ ᠶᠡᠷᠦᠩᠬᠡᠢ ᠣᠷᠤᠯᠭ᠎ᠠ 15.2 ᠳ᠋ᠦᠩᠰᠢᠭᠤᠷ ᠲᠦᠭᠦᠷᠢᠭ ᠬᠦᠷᠦᠭᠰᠡᠨ ᠪᠠᠶᠢᠨ᠎ᠠ᠃ | ︵ᠬᠤᠶᠠᠷ︶ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠴᠢᠳᠠᠮᠵᠢ ᠶᠢᠨ ᠳᠡᠭᠡᠭᠰᠢᠯᠡᠯᠲᠡ | ᠪᠣᠯᠤᠨ ᠣᠷᠴᠢᠨ ᠲᠣᠭᠤᠷᠢᠨ ᠤ ᠰᠠᠶᠢᠵᠢᠷᠠᠯᠲᠠ ᠶᠢ ᠳᠣᠪᠤᠶᠢᠯᠭᠠᠪᠠ᠃ | ᠠᠮᠢ ᠠᠬᠤᠢ ᠨᠢ ᠣᠷᠤᠰᠢᠨ ᠰᠠᠭᠤᠷᠢᠰᠢᠬᠤ ᠳᠤ ᠳᠣᠬᠢᠷᠠᠮᠵᠢᠲᠠᠢ ᠪᠠ ᠪᠠᠭᠲᠠᠭᠠᠮᠵᠢ ᠶᠢ ᠦᠷᠭᠡᠳᠬᠡᠨ | ᠶᠠᠰᠤ ᠴᠢᠨᠠᠷ ᠤᠨ ᠰᠠᠶᠢᠵᠢᠷᠠᠯᠲᠠ ᠪᠠᠷ ᠭᠤᠣᠯᠳᠠᠯᠭ᠎ᠠ ᠪᠣᠯᠭᠠᠭᠰᠠᠨ ᠬᠤᠲᠠ ᠲᠣᠭᠤᠷᠢᠭ ᠤᠨ ᠪᠦᠲᠦᠭᠡᠨ ᠪᠠᠶᠢᠭᠤᠯᠤᠯᠲᠠ | ᠶᠢ ᠲᠦᠷᠭᠡᠳᠬᠡᠪᠡ᠃ 19.4 ᠳ᠋ᠦᠩᠰᠢᠭᠤᠷ ᠲᠦᠭᠦᠷᠢᠭ ᠬᠤᠷᠠᠮᠳᠤᠭᠤᠯᠵᠤ᠂ ᠳᠦᠭᠦᠮ ᠪᠦᠲᠦᠴᠡᠲᠦ ᠣᠷᠣᠨ | ᠰᠠᠭᠤᠴᠠ ᠶᠢ ᠦᠭᠡᠷᠡᠴᠢᠯᠡᠬᠦ ᠢᠨᠵᠧᠨᠧᠷᠢᠩ ᠪᠠ ᠨᠢᠭᠡ ᠵᠢᠯ ᠤᠨ ᠠᠵᠢᠯ ᠤᠨ ᠡᠭᠦᠷᠭᠡ ᠪᠠᠨ ᠠᠮᠵᠢᠯᠲᠠ ᠲᠠᠢ | ᠪᠡᠶᠡᠯᠡᠭᠦᠯᠪᠡ︔ ᠰᠢᠨ᠎ᠡ ᠬᠤᠲᠠ ᠲᠣᠭᠤᠷᠢᠭ ᠢ ᠭᠤᠸᠠᠯᠢᠭᠵᠢᠭᠤᠯᠬᠤ ᠠᠵᠢᠯ ᠢᠶᠠᠨ ᠪᠦᠬᠦᠨ ᠢ ᠪᠡᠶᠡᠯᠡᠭᠦᠯᠵᠦ᠂ ᠪᠸᠢ | ᠱᠠᠨ ᠴᠡᠴᠡᠷᠯᠢᠭ᠂ ᠸᠠᠩ ᠵᠢᠩ ᠭᠧ ᠴᠡᠴᠡᠷᠯᠢᠭ ᠵᠢᠴᠢ ᠬᠠᠭᠠᠨ ᠬᠤᠲᠠ ᠵᠠᠮ ᠤᠨ ᠬᠤᠶᠢᠲᠤ ᠬᠡᠰᠡᠭ ᠤᠨ ᠵᠠᠮ ᠤᠨ | ᠲᠦᠷᠦᠯ ᠵᠦᠢᠯ ᠢ ᠯᠠᠪᠳᠠᠭᠤᠨ ᠠᠬᠢᠭᠤᠯᠪᠠ︔ ᠤᠰᠤᠨ ᠳᠤᠯᠠᠭᠠᠴᠠᠭᠤᠷ ᠤᠨ ᠬᠤᠭᠤᠯᠠᠢ 5.7 ᠲᠦᠮᠡᠨ | ᠤᠷᠲᠤᠳᠬᠠᠯ ᠮᠧᠲᠷ ᠰᠢᠨᠡᠳᠬᠡᠨ᠂ ᠪᠣᠶᠢᠳᠠ ᠪᠦᠭᠯᠡᠭᠦᠦ ᠵᠡᠭᠡᠯᠢ ᠭᠤᠳᠤᠮᠵᠢ ᠶᠢ 4.6 ᠲᠦᠮᠡᠨ ᠬᠠᠪᠲᠠᠭᠠᠢ | ᠳᠦᠷᠪᠡᠯᠵᠢᠨ ᠮᠧᠲᠷ ᠵᠠᠰᠠᠵᠤ᠂ 768 ᠰᠢᠨ᠎ᠡ ᠡᠨᠧᠷᠭᠢ ᠶᠢᠨ ᠵᠠᠮ ᠤᠨ ᠳ᠋ᠧᠩ ᠰᠢᠨ᠎ᠡ ᠪᠠᠷ ᠤᠭᠰᠠᠷᠪᠠ︔ 9 | ᠬᠠᠭᠤᠴᠢᠨ ᠬᠤᠷᠢᠶᠠᠯᠠᠯ ᠤᠨ ᠭᠡᠷᠡᠯᠳᠦᠭᠦᠯᠭᠡ ᠶᠢᠨ ᠢᠨᠵᠧᠨᠧᠷᠢᠩ ᠢ ᠳᠠᠭᠤᠰᠬᠠᠨ᠂ ᠤᠶᠤᠨᠯᠢᠭ ᠠᠳᠠᠯ ᠦᠢᠯᠡᠴᠢᠯᠡᠭᠡᠨ | ᠤ ᠲᠤᠷᠰᠢᠯᠲᠠ ᠶᠢᠨ ᠴᠢᠭ ᠢ ᠪᠠᠶᠢᠭᠤᠯᠵᠤ᠂ ᠬᠤᠲᠠ ᠶᠢᠨ ᠲᠣᠣᠷᠵᠢᠭᠰᠠᠨ ᠬᠠᠮᠢᠶᠠᠷᠤᠯᠲᠠ ᠶᠢᠨ ᠵᠠᠭᠪᠤᠷ ᠢ ᠪᠦᠬᠦ | ᠲᠠᠯ᠎ᠠ ᠪᠠᠷ ᠠᠬᠢᠭᠤᠯᠪᠠ᠃ | ᠲᠤᠲᠠᠭᠤᠳᠠᠯ ᠢᠶᠠᠨ ᠨᠦᠬᠦᠬᠦ ᠪᠠ ᠲᠤᠯᠭᠠᠭᠤᠷᠢ ᠬᠦᠴᠦᠨ ᠢ ᠴᠢᠩᠭᠠᠳᠬᠠᠬᠤ ᠪᠠᠷ ᠭᠤᠣᠯᠳᠠᠯᠭ᠎ᠠ | ᠪᠣᠯᠭᠠᠭᠰᠠᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠳᠡᠭᠦᠯᠳᠡᠷᠵᠢᠭᠦᠯᠪᠡ᠃ | ᠭᠠᠴᠠᠭᠠᠨ ᠳᠤ ᠨᠡᠪᠲᠡᠷᠡᠬᠦ ᠱᠦᠢᠨᠢ ᠵᠠᠮ 54.4 ᠺᠢᠯᠦᠮᠧᠲᠷ ᠰᠢᠨ᠎ᠡ ᠪᠠᠷ ᠳᠡᠪᠢᠰᠴᠦ᠂ ᠵᠢᠢ ᠲᠦᠩ ᠲᠡᠮᠦᠷ ᠵᠠᠮ ᠢ | ᠦᠭᠡᠷᠡᠴᠢᠯᠡᠬᠦ ᠢᠨᠵᠧᠨᠧᠷᠢᠩ ︵ᠵᠡᠭᠦᠨ ᠬᠤᠰᠢᠭᠤᠨ ᠤ ᠬᠡᠰᠡᠭ︶ ᠢ ᠲᠤᠷᠰᠢᠨ ᠲᠡᠷᠭᠡ ᠨᠡᠪᠲᠡᠷᠡᠭᠦᠯᠦᠨ᠂ ᠱᠠᠩ ᠵᠢᠩ | ᠨᠢᠰᠭᠡᠯ ᠤᠨ ᠲᠠᠯᠠᠪᠠᠢ ᠪᠠ ᠯᠢᠨᠳᠦ᠋ᠩ ᠭᠠᠯᠲᠤ ᠲᠡᠷᠭᠡᠨ ᠤ ᠦᠷᠲᠡᠭᠡ ᠶᠢ ᠭᠠᠵᠠᠷ ᠰᠢᠯᠵᠢᠭᠦᠯᠦᠨ ᠪᠠᠶᠢᠭᠤᠯᠬᠤ ᠲᠦᠷᠦᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠦᠲᠦᠮᠵᠢᠲᠠᠢ ᠠᠬᠢᠭᠤᠯᠪᠠ︔ ᠬᠦᠪ ᠤᠨ ᠭᠤᠤ ᠤᠰᠤᠨ | ᠠᠰᠢᠭᠯᠠᠯᠲᠠ ᠶᠢᠨ ᠭᠤᠣᠯ ᠢᠨᠵᠧᠨᠧᠷᠢᠩ ᠢ ᠡᠬᠢᠯᠡᠭᠦᠯᠵᠦ᠂ ᠱᠢᠨᠠ ᠤᠰᠤᠨ ᠴᠦᠭᠦᠷᠦᠮ ᠢ ᠪᠠᠬᠢᠵᠢᠭᠦᠯᠬᠦ ᠪᠠ | ᠦᠯᠵᠡᠶᠢᠮᠦ᠋ᠷᠡᠨ ᠭᠤᠣᠯ ᠢ ᠵᠠᠰᠠᠬᠤ ᠢᠨᠵᠧᠨᠧᠷᠢᠩ ᠢ ᠠᠮᠵᠢᠯᠲᠠ ᠲᠠᠢ ᠶᠠᠪᠤᠭᠳᠠᠭᠤᠯᠪᠠ︔ ᠬᠦᠳᠡᠭᠡ ᠲᠤᠰᠬᠤᠨ ᠤ | ᠴᠠᠬᠢᠯᠭᠠᠨ ᠤᠲᠠᠰᠤ ᠶᠢ ᠵᠠᠰᠠᠨ ᠦᠭᠡᠷᠡᠴᠢᠯᠡᠵᠦ᠂ ᠪᠠᠶᠠᠨ᠋ᠠ᠋ᠭᠤᠯᠠ ᠶᠢᠨ 66 ᠺᠢᠯᠦᠸᠣᠯᠲ ᠤᠨ ᠴᠠᠬᠢᠯᠭᠠᠨ | ᠬᠤᠪᠢᠰᠬᠠᠭᠤᠷ ᠤᠨ ᠦᠷᠲᠡᠭᠡ ᠶᠢ ᠠᠰᠢᠭᠯᠠᠯᠲᠠ ᠳᠤ ᠣᠷᠤᠭᠤᠯᠤᠨ᠂ ᠪᠠᠶᠠᠨᠨᠢᠷᠤᠭᠤ ᠠᠴᠠ ᠬᠤᠭᠤᠯᠲᠤ ᠬᠦᠷᠬᠦ 66 | ᠺᠢᠯᠦᠸᠣᠯᠲ ᠤᠨ ᠴᠠᠬᠢᠯᠭᠠᠨ ᠤᠳᠠᠰᠤ ᠲᠠᠲᠠᠪᠠ᠃ | ᠪᠣᠬᠢᠷᠳᠤᠯ ᠦᠭᠡᠢ ᠬᠦᠭᠵᠢᠯᠲᠡ ᠪᠠ ᠥᠩᠭᠡ ᠦᠨᠳᠦᠰᠦ ᠶᠢ ᠵᠡᠷᠭᠡᠪᠡᠷ ᠵᠠᠰᠠᠬᠤ ᠪᠠᠷ ᠭᠤᠣᠯᠳᠠᠯᠭ᠎ᠠ | ᠪᠣᠯᠭᠠᠭᠰᠠᠨ ᠠᠮᠢ ᠠᠬᠤᠢ ᠣᠷᠴᠢᠨ ᠲᠣᠭᠤᠷᠢᠨ ᠡᠳᠦᠷ ᠢᠷᠡᠬᠦᠶ᠎ᠡ ᠰᠠᠶᠢᠵᠢᠷᠠᠪᠠ᠃ 24.3 ᠲᠦᠮᠡᠨ ᠮᠣ᠋ ᠠᠮᠢ ᠠᠬᠤᠢ | ᠶᠢᠨ ᠪᠦᠲᠦᠭᠡᠨ ᠪᠠᠶᠢᠭᠤᠯᠤᠯᠲᠠ ᠬᠢᠵᠦ᠂ ᠤᠯᠠᠭᠠᠨᠳᠠᠪᠠᠭ᠎ᠠ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠤᠨ ᠤ ᠠᠩᠬᠠᠳᠤᠭᠠᠷ ᠬᠤᠭᠤᠴᠠᠭᠠᠨ ᠤ ᠢᠨᠵᠧᠨᠧᠷᠢᠩ ᠪᠠ ᠦᠯᠵᠡᠶᠢᠮᠦ᠋ᠷᠡᠨ ᠭᠤᠣᠯ ᠤᠨ ᠤᠯᠤᠰ ᠤᠨ ᠨᠠᠮᠤᠭᠲᠤ | ᠴᠡᠴᠡᠷᠯᠢᠭ ︵ᠲᠤᠷᠰᠢᠯᠲᠠ ᠶᠢᠨ ᠴᠡᠭ︶ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠳᠣᠯᠤᠭᠠᠨ ᠲᠣᠭᠤᠭ᠎ᠠ | ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢ ᠤᠯᠤᠰ ᠤᠨ ᠳᠡᠰ ᠤᠨ ᠴᠡᠴᠡᠷᠯᠢᠭ ᠪᠣᠯᠭᠠᠬᠤ ᠪᠠᠷ ᠲᠤᠰᠬᠠᠢ | ᠮᠡᠷᠭᠡᠵᠢᠯᠲᠡᠳ ᠤᠨ ᠬᠢᠨᠠᠨ ᠲᠣᠭᠲᠠᠭᠠᠯᠲᠠ ᠶᠢ ᠠᠮᠵᠢᠯᠲᠠ ᠲᠠᠢ ᠦᠩᠭᠡᠷᠡᠭᠡᠪᠡ︔ ︽ᠭᠤᠣᠯ ᠮᠦᠷᠡᠨ ︵ᠨᠠᠭᠤᠷ︶ | ᠤᠨ ᠳᠠᠷᠤᠭ᠎ᠠ ᠶᠢᠨ ᠳᠦᠷᠢᠮ︾ ᠤᠨ ᠠᠵᠢᠯ ᠤᠨ ᠳᠦᠷᠢᠮ ᠢ ᠲᠣᠭᠲᠠᠭᠠᠵᠤ᠂ ᠭᠤᠣᠯᠳᠠᠯᠭ᠎ᠠ ᠲᠠᠢ ᠣᠷᠤᠨ ᠬᠡᠴᠡ | ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠵᠣᠬᠢᠴᠠᠮᠵᠢ ᠡᠳᠦᠷ ᠢᠷᠡᠬᠦᠶ᠎ᠡ ᠰᠠᠶᠢᠵᠢᠷᠠᠪᠠ︔ ᠳᠤᠮᠳᠠᠳᠤ ᠶᠢᠨ | ᠥᠩᠭᠡᠲᠦ ᠲᠡᠮᠦᠷᠯᠢᠭ ᠤᠨ ᠪᠠᠶᠠᠨᠨᠢᠷᠤᠭᠤ ᠠᠭᠤᠷᠬᠠᠢ ᠪᠠ ᠹᠦ᠋ ᠯᠦᠩ ᠢᠯᠴᠢᠲᠦ ᠬᠦᠴᠦᠨ ᠤ ᠬᠢᠵᠠᠭᠠᠷᠲᠤ | ᠬᠠᠷᠢᠭᠤᠴᠠᠯᠭᠠᠲᠤ ᠺᠤᠮᠫᠠᠨᠢ ᠶᠢᠨ ᠵᠤᠤᠬ᠎ᠠ ᠶᠢᠨ ᠤᠲᠤᠭ᠎ᠠ ᠶᠢ ᠬᠦᠬᠦᠷ ᠦᠭᠡᠶᠢᠳᠡᠭᠦᠯᠬᠦ ᠮᠡᠷᠭᠡᠵᠢᠯ ᠤᠨ | ᠥᠭᠡᠷᠡᠴᠢᠯᠡᠯᠲᠡ ᠬᠢᠬᠦ ᠶᠢᠨ ᠬᠠᠮᠲᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠭᠦᠷᠡᠰᠦ ᠰᠢᠲᠠᠭᠠᠬᠤ ᠵᠤᠤᠬ᠎ᠠ | 33 ᠶᠢ ᠮᠠᠰᠢᠨ ᠢᠶᠠᠷ ᠬᠢᠨᠠᠨ ᠰᠢᠯᠭᠠᠬᠤ ᠪᠠ ᠰᠢᠯᠢᠵᠦ ᠥᠭᠡᠷᠡᠴᠢᠯᠡᠨ᠂ ᠪᠠᠶᠢᠰᠢᠩ ᠭᠡᠷ ᠤᠨ ᠲᠣᠭᠤᠷᠢᠭ ᠤᠨ ᠡᠨᠧᠷᠭᠢ | ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠤᠤᠬ᠎ᠠ ᠶᠢ ᠦᠭᠡᠷᠡᠴᠢᠯᠡᠬᠦ ᠲᠤᠷᠰᠢᠯᠲᠠ ᠶᠢᠨ ᠴᠡᠭ ᠤᠨ ᠠᠵᠢᠯ | ᠠᠮᠵᠢᠯᠲᠠ ᠣᠯᠪᠠ᠃ | ︵ᠭᠤᠷᠪᠠ︶ ᠨᠡᠶᠢᠭᠡᠮ ᠤᠨ ᠦᠢᠯᠡᠰ ᠤᠨ ᠲᠠᠯ᠎ᠠ ᠪᠠᠷ᠂ ᠠᠷᠠᠳ ᠳᠤ ᠠᠰᠢᠭᠲᠠᠢ ᠬᠠᠮᠲᠤ ᠪᠠᠷ ᠡᠳ᠋ᠯᠡᠬᠦ ᠪᠣᠯᠤᠨ ᠵᠤᠯ | ᠵᠢᠷᠭᠠᠯ ᠡᠶ᠎ᠡ ᠵᠣᠬᠢᠴᠠᠯ ᠢ ᠳᠣᠪᠤᠶᠢᠯᠭᠠᠪᠠ᠃ | ᠪᠦᠬᠦ ᠲᠠᠯ᠎ᠠ ᠪᠠᠷ ᠬᠦᠴᠦᠯᠡᠬᠦ ᠪᠠ ᠣᠨᠤᠪᠴᠢᠲᠠᠢ ᠠᠷᠭ᠎ᠠ ᠪᠣᠳᠤᠯᠭ᠎ᠠ ᠲᠣᠭᠲᠠᠭᠠᠬᠤ ᠪᠠᠷ ᠭᠤᠣᠯᠳᠠᠯᠭ᠎ᠠ | ᠪᠣᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠦᠷ᠎ᠡ ᠪᠦᠲᠦᠮᠵᠢ ᠢᠯᠡᠳᠲᠡ ᠰᠠᠶᠢᠨ᠃ ︽ᠲᠠᠪᠤᠨ | ᠨᠢᠭᠡ ᠪᠦᠯᠦᠭ︾ ᠪᠠ ︽ᠵᠢᠷᠭᠤᠭᠠᠨ ᠣᠨᠤᠪᠴᠢᠲᠠᠢ︾ ᠠᠷᠭ᠎ᠠ ᠪᠠᠷᠢᠯ ᠢ ᠬᠡᠷᠡᠭᠵᠢᠭᠦᠯᠵᠦ᠂ ᠳᠠᠩᠰᠠ ᠺᠠᠷᠲ | ᠪᠠᠶᠢᠭᠤᠯᠬᠤ ᠬᠡᠯᠪᠡᠷᠢ ᠪᠠᠷ ᠳᠠᠬᠢᠨ ᠬᠢᠨᠠᠨ ᠪᠠᠶᠢᠴᠠᠭᠠᠬᠤ ᠪᠠ ᠶᠠᠳᠠᠭᠤ ᠬᠦᠴᠢᠷᠲᠡᠢ ᠠᠷᠠᠳ ᠢ ᠬᠦᠳᠡᠯᠦᠩᠭᠦᠢ | ᠬᠠᠮᠢᠶᠠᠷᠬᠤ ᠪᠠᠷ ᠳᠠᠮᠵᠢᠭᠤᠯᠵᠤ᠂ ᠣᠨᠤᠪᠴᠢᠲᠠᠢ ᠠᠷᠭ᠎ᠠ ᠪᠣᠳᠤᠯᠭ᠎ᠠ ᠲᠣᠭᠲᠠᠭᠠᠬᠤ ᠳᠤ ᠪᠠᠲᠤ ᠪᠠᠬᠢ ᠰᠠᠭᠤᠷᠢ ᠶᠢ | ᠲᠠᠯᠪᠢᠭᠰᠠᠨ ᠪᠠᠶᠢᠨ᠎ᠠ︔ ︽ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠭᠵᠢᠯᠲᠡ ᠪᠠᠷ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢ ᠲᠤᠰᠠᠯᠠᠬᠤ ᠬᠡᠷᠡᠭᠵᠢᠭᠦᠯᠬᠦ ᠲᠦᠰᠦᠯ︾ ᠪᠠ ︽ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢ ᠲᠦᠷᠦᠯ ᠬᠤᠪᠢᠶᠠᠨ ᠳᠠᠶᠢᠴᠢᠯᠠᠬᠤ ᠬᠡᠷᠡᠭᠵᠢᠭᠦᠯᠬᠦ ᠠᠷᠭ᠎ᠠ︾ | ᠵᠡᠷᠭᠡ ᠰᠢᠷᠢᠰ ᠱᠠᠩᠨᠠᠨ ᠨᠦᠬᠦᠪᠦᠷᠢᠯᠡᠬᠦ ᠠᠷᠭ᠎ᠠ ᠪᠠᠷᠢᠯ ᠢ ᠲᠣᠭᠲᠠᠭᠠᠵᠤ᠂ ᠲᠦᠷᠦ ᠶᠢᠨ ᠪᠣᠳᠤᠯᠭ᠎ᠠ ᠶᠢᠨ ᠪᠠᠲᠤᠯᠠᠭ᠎ᠠ | ᠶᠢᠨ ᠲᠣᠭᠲᠠᠯᠴᠠᠭ᠎ᠠ ᠶᠢ ᠨᠡᠩ ᠪᠦᠷᠢᠨᠰᠢᠭᠦᠯᠪᠡ︔ ᠡᠷᠡᠭᠦᠯ ᠮᠡᠨᠳᠦ᠂ ᠰᠤᠷᠭᠠᠨ ᠬᠦᠮᠦᠵᠢᠯ᠂ ᠠᠮᠢ ᠠᠬᠤᠢ ᠵᠡᠷᠭᠡ | ᠠᠵᠢᠯ ᠲᠦᠷᠦᠯ ᠤᠨ ᠶᠠᠳᠠᠭᠤ ᠶᠢ ᠲᠡᠳᠬᠦᠬᠦ ᠠᠵᠢᠯ ᠢ ᠡᠮᠬᠢ ᠳᠠᠷᠠᠭ᠎ᠠ ᠲᠠᠢ ᠶᠠᠪᠤᠭᠳᠠᠭᠤᠯᠵᠤ᠂ ᠶᠠᠳᠠᠭᠤ ᠶᠢ | ᠲᠡᠳᠬᠦᠬᠦ ᠪᠡᠯᠡ ᠮᠦᠩᠭᠦ ᠨᠡᠶᠢᠲᠡ 4 ᠳ᠋ᠦᠩᠰᠢᠭᠤᠷ ᠲᠦᠭᠦᠷᠢᠭ ᠪᠠᠭᠤᠯᠭᠠᠨ᠂ ᠶᠠᠳᠠᠭᠤ ᠬᠦᠴᠢᠷᠲᠡᠢ 24631 | ᠡᠷᠦᠬᠡ ᠶᠢᠨ 53727 ᠬᠦᠮᠦᠨ ᠠᠮᠠ ᠳᠤ ᠠᠰᠢᠭ ᠬᠦᠷᠲᠡᠭᠡᠵᠦ᠂ 8093 ᠶᠠᠳᠠᠭᠤ ᠬᠦᠴᠢᠷᠲᠡᠢ ᠬᠦᠮᠦᠰ ᠢ | ᠶᠠᠳᠠᠭᠤ ᠠᠴᠠ ᠠᠩᠭᠢᠵᠢᠷᠠᠭᠤᠯᠪᠠ᠃ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠣᠶᠠᠨ ᠬᠡᠰᠢᠭ ᠨᠡᠮᠡᠭᠳᠡᠭᠦᠯᠬᠦ ᠪᠠᠷ ᠭᠤᠣᠯᠳᠠᠯᠭ᠎ᠠ ᠪᠣᠯᠭᠠᠭᠰᠠᠨ | ᠪᠠᠲᠤᠯᠠᠭ᠎ᠠ ᠶᠢᠨ ᠴᠢᠳᠠᠪᠦᠷᠢ ᠶᠢ ᠦᠷᠭᠦᠯᠵᠢᠯᠡᠨ ᠳᠡᠭᠡᠭᠰᠢᠯᠡᠭᠦᠯᠪᠡ᠃ ᠬᠤᠲᠠ ᠪᠠᠯᠭᠠᠰᠤᠨ ᠳᠤ 1600 ᠬᠦᠮᠦᠨ ᠳᠤ | ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤ ᠶᠢᠨ ᠠᠵᠢᠯ ᠠᠯᠳᠠᠭᠰᠠᠳ ᠤᠨ ᠨᠣᠷᠮ᠎ᠠ ᠶᠢ 3.71% | ᠳᠣᠲᠤᠷ᠎ᠠ ᠬᠢᠵᠠᠭᠠᠷᠯᠠᠨ᠂ ᠮᠠᠯᠴᠢᠨ ᠲᠠᠷᠢᠶᠠᠴᠢᠳ ᠢ 5.2 ᠲᠦᠮᠡᠨ ᠬᠦᠮᠦᠨ ︵ᠤᠳᠠᠭ᠎ᠠ︶ ᠰᠢᠯᠵᠢᠭᠦᠯᠦᠨ ᠠᠵᠢᠯ | ᠣᠯᠭᠤᠪᠠ︔ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠪᠠ ᠡᠮᠨᠡᠯᠭᠡ ᠶᠢᠨ | ᠳᠠᠭᠠᠳᠬᠠᠯ ᠶᠢᠨ ᠳᠠᠭᠠᠳᠬᠠᠯ ᠳᠤ ᠣᠷᠤᠭᠰᠠᠨ ᠨᠣᠷᠮ᠎ᠠ ᠨᠢ ᠴᠦᠮ 95% ᠠᠴᠠ ᠳᠡᠭᠡᠭᠰᠢ ᠪᠠᠶᠢᠵᠤ᠂ ᠬᠤᠲᠠ | ᠬᠦᠳᠡᠭᠡ ᠶᠢᠨ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠡᠳ ᠲᠤᠰ ᠲᠤᠰ | ᠬᠦᠮᠦᠨ ᠪᠦᠷᠢ ᠰᠠᠷ᠎ᠠ ᠪᠣᠯᠭᠠᠨ 560 ᠪᠠ ᠬᠦᠮᠦᠨ ᠪᠦᠷᠢ ᠵᠢᠯ ᠪᠣᠯᠭᠠᠨ 3800 ᠲᠦᠭᠦᠷᠢᠭ ᠪᠣᠯᠭᠠᠵᠤ᠂ ᠬᠠᠮᠤᠭ | ᠲᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠬᠢᠨᠠᠨ ᠲᠣᠭᠲᠠᠭᠠᠯᠲᠠ ᠶᠢᠨ ᠦᠷ᠎ᠡ ᠪᠦᠲᠦᠮᠵᠢ ᠨᠢ ᠤᠯᠤᠰ ᠤᠨ ᠠᠷᠠᠳ | ᠤᠨ ᠶᠠᠪᠤᠳᠠᠯ ᠤᠨ ᠶᠠᠮᠤᠨ ᠳᠤ ᠲᠡᠷᠢᠭᠦᠨ ᠤ ᠨᠡᠶᠢᠲᠡᠯᠢᠭ ᠵᠢᠱᠢᠶᠡᠴᠢ ᠪᠠᠷ ᠦᠨᠡᠯᠡᠭᠳᠡᠪᠡ︔ ᠪᠦᠬᠦ ᠵᠢᠯ ᠳᠤ ᠨᠡᠶᠢᠲᠡ 1. | 6 ᠳ᠋ᠦᠩᠰᠢᠭᠤᠷ ᠲᠦᠭᠦᠷᠢᠭ ᠤᠨ ᠡᠯ᠎ᠡ ᠲᠦᠷᠦᠯ ᠤᠨ ᠲᠤᠰᠠᠯᠠᠮᠵᠢ ᠨᠦᠬᠦᠪᠦᠷᠢ ᠶᠢᠨ ᠪᠡᠯᠡ ᠮᠦᠩᠭᠦ ᠲᠠᠷᠬᠠᠭᠠᠵᠤ᠂ | 10 ᠭᠠᠷᠤᠢ ᠲᠦᠮᠡᠨ ᠶᠠᠳᠠᠭᠤ ᠬᠦᠴᠢᠷᠲᠡᠢ ᠣᠯᠠᠨ ᠲᠦᠮᠡᠨ ᠳᠤ ᠠᠰᠢᠭ ᠬᠦᠷᠲᠡᠭᠡᠪᠡ᠃ | ᠪᠦᠬᠦ ᠲᠠᠯ᠎ᠠ ᠪᠠᠷ ᠶᠠᠰᠤ ᠴᠢᠨᠠᠷ ᠢ ᠳᠡᠭᠡᠭᠰᠢᠯᠡᠭᠦᠯᠬᠦ ᠪᠠ ᠣᠯᠠᠨ ᠲᠦᠮᠡᠨ ᠢ ᠨᠡᠶᠢᠳᠡᠮ ᠬᠠᠷᠠᠭᠠᠯᠵᠠᠬᠤ ᠪᠠᠷ | ᠭᠤᠣᠯᠳᠠᠯᠭ᠎ᠠ ᠪᠣᠯᠭᠠᠭᠰᠠᠨ ᠨᠡᠶᠢᠭᠡᠮ ᠤᠨ ᠦᠢᠯᠡᠰ ᠦᠷᠨᠢᠩᠭᠦᠢ ᠬᠦᠭᠵᠢᠪᠡ᠃ ᠮᠠᠯᠵᠢᠬᠤ ᠲᠠᠷᠢᠶᠠᠯᠠᠬᠤ ᠣᠷᠣᠨ ᠤ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠭᠦᠴᠡᠯ ᠢ ᠰᠠᠶᠢᠵᠢᠷᠠᠭᠤᠯᠵᠤ᠂ ᠯᠢᠨᠳᠦ᠋ᠩ ᠤᠨ | ᠨᠠᠢᠮᠠᠳᠤᠭᠠᠷ ᠪᠠᠭ᠎ᠠ ᠰᠤᠷᠭᠠᠭᠤᠯᠢ᠂ ᠪᠠᠷᠠᠭᠤᠨ ᠬᠤᠲᠠ ᠶᠢᠨ ᠬᠡᠥᠬᠡᠳ ᠤᠨ ᠴᠡᠴᠡᠷᠯᠢᠭ ᠪᠣᠯᠤᠨ ᠮᠣᠩᠭᠤᠯ | ᠦᠨᠳᠦᠰᠦᠲᠡᠨ ᠤ ᠬᠡᠥᠬᠡᠳ ᠤᠨ ᠴᠡᠴᠡᠷᠯᠢᠭ ᠤᠨ ᠲᠦᠷᠦᠯ ᠵᠦᠢᠯ ᠢ ᠡᠬᠢᠯᠡᠭᠦᠯᠦᠨ ᠪᠠᠶᠢᠭᠤᠯᠵᠤ᠂ ᠠᠯᠪᠠᠨ ᠵᠢᠷᠦᠮ | ᠤᠨ ᠰᠤᠷᠭᠠᠨ ᠬᠦᠮᠦᠵᠢᠯ ᠤᠨ ᠰᠤᠷᠭᠠᠭᠤᠯᠢ ᠶᠢ ᠵᠠᠰᠠᠬᠤ ᠪᠠ ᠬᠤᠴᠤᠷᠤᠩᠭᠤᠢ ᠰᠤᠷᠭᠠᠭᠤᠯᠢ ᠶᠢᠨ ᠰᠤᠷᠭᠠᠭᠤᠯᠢ | ᠡᠷᠬᠢᠯᠡᠬᠦ ᠨᠦᠬᠦᠴᠡᠯ ᠢ ᠰᠠᠶᠢᠵᠢᠷᠠᠭᠤᠯᠬᠤ ᠢᠨᠵᠧᠨᠧᠷᠢᠩ ᠢ ᠨᠠᠶᠢᠳᠠᠪᠦᠷᠢᠵᠢᠭᠤᠯᠪᠠ︔ ᠡᠪᠡᠳᠴᠢᠨ ᠡᠮᠭᠡᠭ ᠢ | ᠰᠡᠷᠭᠡᠶᠢᠯᠡᠨ ᠬᠤᠷᠢᠭᠯᠠᠬᠤ ᠲᠦᠪ ᠪᠠ ᠡᠬᠡ ᠨᠢᠯᠬᠠᠰ ᠤᠨ ᠡᠷᠡᠭᠦᠯ ᠮᠡᠨᠳᠦ ᠲᠦᠯᠦᠪᠯᠡᠭᠡᠲᠦ ᠦᠷᠡᠵᠢᠯ ᠤᠨ | ᠦᠢᠯᠡᠴᠢᠯᠡᠭᠡᠨ ᠤ ᠲᠦᠪ ᠵᠢᠴᠢ ᠦᠨᠳᠦᠰᠦᠨ ᠱᠠᠲᠤᠨ ᠤ 6 ᠡᠷᠡᠭᠦᠯ ᠬᠠᠮᠠᠭᠠᠯᠠᠯ ᠤᠨ ᠬᠤᠷᠢᠶ᠎ᠠ ᠶᠢᠨ | ᠶᠡᠷᠦᠩᠬᠡᠶᠢᠯᠡᠭᠰᠡᠨ ᠠᠰᠠᠷ ᠢ ᠠᠰᠢᠭᠯᠠᠯᠲᠠ ᠳᠤ ᠣᠷᠤᠭᠤᠯᠵᠤ᠂ ᠪᠦᠬᠦ ᠬᠤᠰᠢᠭᠤᠨ ᠤ ᠬᠦᠮᠦᠨ ᠠᠮᠠ ᠶᠢᠨ ᠲᠦᠷᠦᠬᠦ | ᠨᠣᠷᠮ᠎ᠠ ᠪᠠ ᠲᠦᠷᠦ ᠶᠢᠨ ᠪᠣᠳᠤᠯᠭ᠎ᠠ ᠳᠤ ᠨᠡᠶᠢᠴᠡᠭᠰᠡᠨ ᠬᠦᠩᠭᠡᠵᠢᠯ ᠤᠨ ᠨᠣᠷᠮ᠎ᠠ ᠶᠢ ᠲᠤᠰ ᠲᠤᠰ 7.8‰ ᠪᠣᠯᠤᠨ | 97% ᠳᠤ ᠬᠦᠷᠭᠡᠵᠡᠢ︔ ᠰᠢᠨᠵᠢᠯᠡᠭᠡ ᠮᠡᠷᠭᠡᠵᠢᠯ ᠤᠨ ᠦᠷ᠎ᠡ ᠪᠦᠲᠦᠮᠵᠢ ᠶᠢ ᠬᠤᠪᠢᠷᠠᠭᠠᠬᠤ ᠲᠦᠷᠦᠯ ᠵᠦᠢᠯ 25 | ᠶᠢ ᠣᠷᠤᠭᠤᠯᠵᠤ᠂ ᠲᠡᠵᠢᠭᠡᠯ ᠪᠣᠷᠳᠤᠭᠠᠨ ᠤ ᠬᠡᠯᠪᠡᠷᠢᠲᠦ ᠬᠤᠯᠢᠮᠠᠭ ᠠᠮᠤ ᠪᠤᠳᠠᠭᠠᠨ ᠤ ᠮᠡᠷᠭᠡᠵᠢᠯ ᠤᠨ ᠦᠷ᠎ᠡ | ᠪᠦᠲᠦᠮᠵᠢ ᠨᠢ ᠤᠯᠤᠰ ᠤᠨ ᠳᠣᠲᠤᠭᠠᠳᠤ ᠶᠢᠨ ᠬᠤᠭᠤᠰᠤᠨ ᠢ ᠨᠦᠬᠦᠵᠡᠢ︔ ᠬᠤᠰᠢᠭᠤᠨ ᠤ ᠰᠢᠨ᠎ᠡ ᠨᠣᠮ ᠤᠨ ᠰᠠᠩ | ᠢ ᠪᠠᠶᠢᠭᠤᠯᠵᠤ᠂ ︽ᠡᠷᠦᠬᠡ ᠪᠣᠯᠭᠠᠨ ᠳᠤ ᠨᠡᠪᠲᠡᠷᠡᠬᠦ︾ ᠷᠠᠳᠢᠤ᠋ ᠲᠧᠯᠸᠢᠰ ᠢ 2800 ᠡᠷᠦᠬᠡ ᠳᠤ ᠰᠢᠨ᠎ᠡ ᠪᠠᠷ | ᠨᠡᠪᠲᠡᠷᠡᠭᠦᠯᠦᠨ᠂ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠮᠠᠯᠴᠢᠨ ᠲᠠᠷᠢᠶᠠᠴᠢᠳ ᠪᠠ ᠠᠵᠢᠯᠲᠠᠳ ᠤᠨ ᠪᠡᠶ᠎ᠡ | ᠲᠠᠮᠢᠷ ᠤᠨ ᠴᠣᠭᠯᠠᠭᠠᠨ ᠪᠣᠯᠤᠨ ᠬᠤᠰᠢᠭᠤᠨ ᠤ ᠠᠷᠪᠠᠨ ᠨᠠᠢᠮᠠᠳᠤᠭᠠᠷ ᠤᠳᠠᠭᠠᠨ ᠤ ᠠᠷᠠᠳ ᠤᠨ ᠶᠡᠭᠡ ᠨᠠᠭᠠᠳᠤᠮ ᠢ | ᠠᠮᠵᠢᠯᠲᠠ ᠲᠠᠢ ᠶᠠᠪᠤᠭᠳᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠤᠳᠠᠭᠠᠨ ᠤ ᠮᠣᠩᠭᠤᠯ ᠠᠷᠠᠳ | ᠤᠨ ᠳᠠᠭᠤᠤ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠵᠡᠭᠦᠨ ᠬᠤᠪᠢᠶᠠᠷᠢ ᠲᠠᠯᠠᠪᠠᠢ ᠤᠷᠤᠯᠳᠤᠭᠠᠨ ᠢ | ᠳᠠᠭᠠᠭᠠᠴᠢᠯᠠᠨ ᠡᠷᠬᠢᠯᠡᠪᠡ᠃ ᠨᠢᠭᠡ ᠵᠢᠯ ᠤᠨ ᠲᠤᠷᠰᠢ᠂ ᠪᠦᠬᠦ ᠬᠤᠰᠢᠭᠤᠨ ᠤ ᠠᠷᠠᠳ ᠤᠨ ᠠᠮᠢᠳᠤᠷᠠᠯ ᠳᠠᠬᠢ ᠪᠡᠯᠡ | ᠣᠷᠤᠭᠤᠯᠤᠯᠲᠠ ᠨᠢ ᠡᠳ᠋ ᠤᠨ ᠵᠠᠰᠠᠭ ᠤᠨ ᠵᠠᠷᠤᠯᠭ᠎ᠠ ᠶᠢᠨ ᠬᠤᠪᠢ ᠶᠢᠨ ᠵᠢᠩ ᠤᠨ 72% ᠶᠢ ᠡᠵᠡᠯᠡᠭᠰᠡᠨ ᠪᠠᠶᠢᠨ᠎ᠠ᠃ | |