2018 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ(ᠬᠤᠶᠠᠷ )
ᠨᠡᠶᠢᠲᠡᠯᠡᠭᠰᠡᠨ ᠴᠠᠭ᠄
2018/4/16
︵ᠳᠦᠷᠪᠡ︶ ᠥᠭᠡᠷᠡᠴᠢᠯᠡᠯᠲᠡ ᠨᠡᠭᠡᠭᠡᠯᠲᠡ ᠶᠢᠨ ᠲᠠᠯ᠎ᠠ ᠪᠠᠷ ᠠᠷᠭ᠎ᠠ ᠪᠠᠷᠢᠯ ᠤᠨ ᠰᠢᠨ᠎ᠡ ᠡᠭᠦᠳᠦᠯᠲᠡ ᠪᠠ ᠡᠯᠧᠮᠧᠨ᠋ᠲ  ᠤᠨ ᠠᠭᠤᠰᠤᠯᠴᠠᠯ ᠢ ᠳᠣᠪᠤᠶᠢᠯᠭᠠᠪᠠ᠃        ᠣᠯᠠᠨ ᠲᠠᠯ᠎ᠠ ᠠᠴᠠ ᠬᠦᠴᠦ ᠭᠠᠷᠭᠠᠬᠤ ᠪᠠ ᠭᠦᠨᠵᠡᠭᠡᠶᠢᠷᠡᠭᠦᠯᠦᠨ ᠠᠬᠢᠭᠤᠯᠬᠤ ᠪᠠᠷ ᠭᠤᠣᠯᠳᠠᠯᠭ᠎ᠠ ᠪᠣᠯᠭᠠᠭᠰᠠᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢ ᠦᠭᠡᠷᠡᠴᠢᠯᠡᠪᠡ᠃ ᠠᠵᠢᠯ ᠦᠢᠯᠡᠰ ᠤᠨ ᠨᠢᠭᠡᠴᠡ 98 ᠶᠢ ᠬᠦᠴᠦᠨ ᠦᠭᠡᠢ ᠪᠣᠯᠭᠠᠵᠤ᠂ ᠣᠷᠤᠨ ᠲᠤᠭ᠎ᠠ ᠬᠡᠲᠦᠷᠡᠭᠰᠡᠨ 36 ᠠᠵᠢᠯ ᠦᠢᠯᠡᠰ ᠤᠨ ᠨᠢᠭᠡᠴᠡ ᠪᠠ 436 ᠠᠵᠢᠯᠲᠠᠨ ᠢ ᠴᠡᠭᠴᠡᠯᠡᠬᠦ ᠠᠵᠢᠯ ᠢ ᠪᠦᠬᠦᠨ ᠢ ᠳᠠᠭᠤᠰᠬᠠᠪᠠ︔ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ ᠠᠩᠬ᠎ᠠ ᠠᠯᠬᠤᠮ ᠪᠠᠶᠢᠭᠤᠯᠪᠠ︔ ᠨᠤᠲᠤᠭ ᠪᠡᠯᠴᠢᠭᠡᠷ ᠤᠨ ᠡᠷᠭᠡ ᠶᠢ ᠲᠣᠳᠤᠷᠬᠠᠶᠢᠯᠠᠨ ᠳᠠᠩᠰᠠᠯᠠᠵᠤ ᠦᠨᠡᠮᠯᠡᠯ ᠲᠠᠷᠬᠠᠭᠠᠬᠤ ᠠᠵᠢᠯ ᠢ ᠯᠠᠪᠳᠠᠭᠤᠨ ᠠᠬᠢᠭᠤᠯᠵᠤ᠂ ︽ᠬᠤᠶᠠᠷ ᠢ ᠨᠦᠬᠦᠪᠦᠷᠢᠯᠡᠬᠦ ᠬᠤᠶᠠᠷ ᠢ ᠥᠭᠡᠷᠡᠴᠢᠯᠡᠬᠦ︾ ᠲᠤᠷᠰᠢᠯᠲᠠ ᠶᠢᠨ ᠴᠡᠭ ᠢ ᠪᠠᠶᠢᠭᠤᠯᠤᠨ᠂ ᠬᠠᠭᠤᠯᠠᠪᠦᠷᠢᠯᠠᠵᠤ ᠪᠣᠯᠬᠤ ᠪᠦᠭᠡᠳ ᠲᠤᠷᠰᠢᠯᠭ᠎ᠠ   ᠪᠠᠨ ᠲᠦᠭᠡᠮᠡᠯᠵᠢᠭᠦᠯᠵᠦ ᠳᠡᠶᠢᠯᠬᠦ ᠪᠣᠯᠪᠠ︔ ᠬᠤᠰᠢᠭᠤᠨ ᠤ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠨᠢ ᠥᠪᠡᠷ ᠤᠨ ᠦᠷᠲᠡᠭ ᠢᠶᠠᠨ ᠪᠦᠬᠦᠨ ᠢ ᠲᠣᠭᠠᠴᠠᠭ᠎ᠠ ᠬᠢᠵᠦ ᠳᠡᠶᠢᠯᠬᠦ ᠪᠣᠯᠤᠭᠰᠠᠨ ᠪᠦᠭᠡᠳ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠠᠢ ᠡᠮᠨᠡᠯᠭᠡ ᠶᠢᠨ ᠬᠠᠮᠲᠤ ᠴᠣᠭᠴᠠ ᠶᠢ ᠪᠠᠶᠢᠭᠤᠯᠤᠨ᠂ ᠳᠡᠰ ᠬᠤᠪᠢᠶᠠᠨ ᠡᠮᠴᠢᠯᠡᠵᠦ ᠡᠪᠡᠳᠴᠢᠨ ᠦᠵᠡᠭᠦᠯᠬᠦ ᠪᠠᠶᠢᠳᠠᠯ ᠢ ᠦᠨᠳᠦᠰᠦᠨ  ᠳᠡᠭᠡᠨ ᠪᠦᠷᠢᠯᠳᠦᠭᠦᠯᠪᠡ᠃       ᠦᠢᠯᠡᠴᠢᠯᠡᠭᠡᠨ ᠢ ᠰᠢᠯᠢᠳᠡᠭᠵᠢᠭᠦᠯᠬᠦ ᠪᠠ ᠴᠢᠳᠠᠮᠵᠢ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠭᠰᠠᠨ ᠠᠷᠠᠯᠵᠢᠶ᠎ᠠ ᠡᠷᠬᠢᠯᠡᠬᠦ ᠣᠷᠴᠢᠨ ᠲᠣᠭᠤᠷᠢᠨ ᠡᠳᠦᠷ ᠢᠷᠡᠬᠦᠶ᠎ᠡ ᠰᠢᠯᠢᠳᠡᠭᠵᠢᠪᠡ᠃ ︽ᠣᠯᠠᠨ ᠦᠨᠡᠮᠯᠡᠯ ᠢ ᠨᠢᠭᠡᠳᠬᠡᠬᠦ︾ ᠠᠵᠢᠯ ᠢ ᠦᠷᠭᠦᠯᠵᠢᠯᠡᠨ ᠠᠬᠢᠭᠤᠯᠵᠤ᠂ ᠵᠠᠭᠤᠴᠢᠯᠠᠭᠤᠷ ᠤᠨ ᠪᠠ ᠵᠠᠭᠤᠴᠢᠯᠠᠭᠤᠷ ᠤᠨ ᠪᠣᠰᠤ ︽ᠬᠤᠣᠰ ᠵᠠᠮ︾ ᠢᠶᠠᠷ ᠦᠢᠯᠡᠳᠪᠦᠷᠢ ᠬᠤᠳᠠᠯᠳᠤᠭᠠᠨ ᠤ ᠳᠠᠩᠰᠠᠯᠠᠯ ᠬᠢᠵᠦ᠂ ︽ᠡᠷᠬᠡ ᠪᠠ ᠬᠠᠷᠢᠭᠤᠴᠠᠯᠭ᠎ᠠ ᠶᠢᠨ ᠨᠠᠷᠢᠨ ᠳᠠᠩᠰᠠ︾ ᠶᠢᠨ ᠬᠦᠳᠡᠯᠦᠩᠭᠦᠢ ᠳᠣᠬᠢᠷᠠᠭᠤᠯᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ 78 ᠬᠢᠨᠠᠨ ᠵᠦᠪᠰᠢᠶᠡᠷᠡᠬᠦ ᠠᠯᠬᠤᠮ ᠳᠠᠷᠠᠭ᠎ᠠ ᠶᠢ ᠪᠠᠭᠠᠰᠬᠠᠪᠠ︔ ᠠᠵᠤ ᠠᠬᠤᠢ ᠨᠡᠶᠢᠭᠡᠮ ᠤᠨ ᠬᠦᠭᠵᠢᠯᠲᠡ ᠳᠤ ᠦᠵᠡᠭᠦᠯᠬᠦ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠳᠦᠯ ᠳᠣᠪᠤᠶᠢᠮ᠎ᠠ ᠪᠠᠶᠢᠵᠤ᠂ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ ᠲᠤᠰ ᠲᠤᠰ 104 ᠳ᠋ᠦᠩᠰᠢᠭᠤᠷ ᠲᠦᠭᠦᠷᠢᠭ ᠪᠠ 78 ᠳ᠋ᠦᠩᠰᠢᠭᠤᠷ ᠲᠦᠭᠦᠷᠢᠭ ᠬᠦᠷᠴᠦ᠂ ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ ᠨᠢ 75% ᠪᠣᠯᠵᠤ᠂ ᠳ᠋ᠠ ᠹᠧᠩ ᠲᠠᠷᠢᠶᠠᠯᠠᠩ ᠪᠠ ᠯᠢᠨ ᠶᠤᠸᠠᠨ ᠪᠣᠭᠤ ᠶᠢᠨ ᠦᠢᠯᠡᠰ ᠵᠡᠷᠭᠡ 7 ᠠᠵᠤ ᠠᠬᠤᠶᠢᠯᠠᠯ ᠨᠢ ᠥᠪᠥᠷ ᠮᠣᠩᠭᠤᠯ ᠤᠨ ᠰᠲ᠋ᠤᠺ ᠤᠨ ᠡᠷᠬᠡ ᠶᠢᠨ ᠰᠣᠯᠢᠯᠴᠠᠭᠠᠨ ᠤ ᠲᠦᠪ ᠲᠤ ᠠᠮᠵᠢᠯᠲᠠ ᠲᠠᠢ ᠪᠠᠷ ᠫᠠᠶᠢᠰᠠ ᠪᠠᠨ ᠡᠯᠭᠦᠪᠡ︔ ᠬᠤᠪᠢ ᠶᠢᠨ ᠡᠵᠡᠩᠨᠡᠯᠲᠡ ᠶᠢᠨ ᠠᠵᠤ ᠠᠬᠤᠢ ᠦᠷᠨᠢᠭᠦᠨ ᠬᠦᠭᠵᠢᠵᠦ ᠂ ᠪᠦᠬᠦ ᠵᠢᠯ ᠳᠤ ᠨᠡᠶᠢᠲᠡ ᠶᠢᠨ ᠪᠣᠰᠤ ᠠᠵᠤ ᠠᠬᠤᠶᠢᠯᠠᠯ ᠨᠡᠶᠢᠲᠡ 56 ᠰᠢᠨ᠎ᠡ ᠪᠠᠷ ᠨᠡᠮᠡᠭᠳᠡᠨ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠨᠢ ᠪᠦᠬᠦ ᠤᠯᠤᠰ ᠤᠨ ︽ᠲᠠᠪᠤᠨ ᠰᠠᠶᠢᠨᠲᠠᠢ︾ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠷ ᠦᠨᠡᠯᠡᠭᠳᠡᠪᠡ᠃       ᠳᠣᠲᠤᠭᠠᠳᠤ ᠬᠦᠴᠦᠨ ᠢ ᠤᠷᠮᠠᠰᠢᠭᠤᠯᠬᠤ ᠪᠠ ᠭᠠᠳᠠᠭᠠᠳᠤ ᠬᠦᠴᠦᠨ ᠢ ᠲᠠᠲᠠᠬᠤ ᠪᠠᠷ ᠭᠤᠣᠯᠳᠠᠯᠭ᠎ᠠ ᠪᠣᠯᠭᠠᠭᠰᠠᠨ ᠭᠠᠳᠠᠭᠰᠢ ᠨᠡᠭᠡᠭᠡᠬᠦ ᠬᠦᠴᠦᠯᠡᠴᠡ ᠢᠶᠠᠨ ᠲᠠᠰᠤᠷᠠᠯᠲᠠ ᠦᠭᠡᠢ ᠪᠣᠵᠠᠭᠠᠶᠢᠷᠠᠭᠤᠯᠪᠠ᠃ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠤᠨ ᠰᠢᠰᠲ᠋ᠧᠮ ᠢᠶᠠᠷ  ᠬᠠᠪᠰᠤᠷᠤᠨ ᠲᠡᠳᠬᠦᠬᠦ ᠪᠠ ᠳᠤᠮᠳᠠᠳᠤ ᠶᠢᠨ ᠤᠰᠤ ᠴᠠᠬᠢᠯᠭᠠᠨ ᠬᠦᠴᠦᠨ ᠤ ᠲᠣᠭᠲᠠᠭᠰᠠᠨ ᠴᠡᠭᠲᠦ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠳᠡᠯᠭᠡᠨ ᠪᠣᠷᠤᠯᠠᠭᠤᠯᠬᠤ ᠲᠠᠪᠴᠠᠩ ᠢ ᠪᠠᠶᠢᠭᠤᠯᠪᠠ︔ ᠬᠤᠰᠢᠭᠤᠨ ᠤ ᠤᠳᠤᠷᠢᠳᠤᠯᠭ᠎ᠠ ᠪᠦᠯᠬᠦᠮ ᠪᠠᠶᠢᠭᠤᠯᠤᠨ ᠠᠷᠠᠯᠵᠢᠶᠠᠴᠢᠨ ᠤᠷᠢᠬᠤ ᠪᠠ ᠲᠤᠰᠬᠠᠢ ᠠᠷᠠᠯᠵᠢᠶᠠᠴᠢᠨ ᠣᠷᠢᠬᠤ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠲᠡᠮᠦᠷᠯᠢᠭ ᠪᠣᠰᠤ ᠶᠢᠨ ᠠᠵᠤ ᠦᠢᠯᠡᠳᠪᠦᠷᠢ ᠶᠢᠨ ᠨᠡᠶᠢᠭᠡᠮᠯᠢᠭ᠂ ᠵᠧᠵᠢᠶᠠᠩ ᠶᠡᠭᠡ ᠰᠤᠷᠭᠠᠭᠤᠯᠢ ᠵᠢᠴᠢ ᠪᠡᠭᠡᠵᠢᠩ ᠤᠨ ᠭᠢᠳᠠᠨ ᠬᠤᠳᠠᠯᠳᠤᠭᠠᠴᠢᠳ ᠤᠨ ᠡᠪᠯᠡᠯ ᠲᠠᠢ ᠨᠠᠶᠢᠳᠠᠵᠤ ᠠᠷᠠᠯᠵᠢᠶᠠᠴᠢᠨ ᠤᠷᠢᠭᠤᠯᠬᠤ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠤᠨ᠂ ᠹᠦ᠋ ᠯᠢᠩ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠴᠣᠬᠤᠢ ᠶᠢᠨ ᠴᠢᠯᠠᠭᠤ ᠶᠢ ᠨᠠᠷᠢᠯᠢᠭ ᠪᠣᠯᠪᠠᠰᠤᠷᠠᠭᠤᠯᠬᠤ ᠪᠠ ᠪᠠᠢ ᠾᠦᠢ ᠱᠧᠩ ᠵᠢᠯ ᠳᠤ 10 ᠲᠦᠮᠡᠨ ᠳᠣᠨ ᠰᠢᠬᠢᠷ ᠯᠤᠤᠪᠠᠩ ᠨᠠᠷᠢᠯᠢᠭ ᠪᠣᠯᠪᠠᠰᠤᠷᠠᠭᠤᠯᠬᠤ ᠲᠦᠷᠦᠯ ᠵᠦᠢᠯ ᠢ ᠡᠬᠢᠯᠡᠭᠦᠯᠵᠦ᠂ ᠳᠤᠮᠳᠠᠳᠤ ᠶᠢᠨ ᠪᠤᠭᠤᠳᠠᠯᠯᠠᠬᠤ ᠪᠦᠯᠦᠭᠯᠡᠯ ᠤᠨ ᠴᠣᠬᠤᠢ ᠶᠢᠨ ᠴᠢᠯᠠᠭᠤ ᠶᠢ ᠨᠠᠷᠢᠯᠢᠭ ᠪᠣᠯᠪᠠᠰᠤᠷᠠᠭᠤᠯᠬᠤ ᠪᠠ ᠢ ᠳ᠋ᠦ᠋ ᠪᠦᠯᠦᠭᠯᠡᠯ ᠤᠨ ᠯᠢᠨ ᠪᠠᠢ ᠲᠡᠮᠦᠷ ᠵᠠᠮ ᠳᠤ ᠳᠣᠬᠢᠷᠠᠭᠤᠯᠤᠯᠲᠠ ᠬᠢᠬᠦ ᠵᠡᠷᠭᠡ 20 ᠲᠦᠷᠦᠯ ᠵᠦᠢᠯ ᠢ ᠠᠮᠵᠢᠯᠲᠠ ᠲᠠᠢ ᠬᠡᠯᠡᠯᠴᠡᠭᠡᠷ ᠲᠣᠭᠲᠠᠵᠤ᠂ 225.6: ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠪᠠ︔ ᠭᠠᠳᠠᠭᠠᠳᠤ ᠠᠷᠠᠯᠵᠢᠶᠠᠨ  ᠤ ᠭᠠᠳᠠᠭᠰᠢ ᠭᠠᠷᠭᠠᠬᠤ ᠠᠵᠢᠯ ᠰᠢᠪᠲᠤᠯᠤᠯᠲᠠ ᠲᠠᠢ ᠪᠣᠯᠵᠤ᠂ ᠵᠢᠶᠠᠨ ᠶᠤᠸᠠᠨ ᠪᠤᠭᠤ ᠶᠢᠨ ᠦᠢᠯᠡᠰ ᠪᠠ ᠳ᠋ᠦᠩ ᠰᠢᠨ ᠨᠣᠣᠰᠤ ᠨᠣᠣᠯᠤᠤᠷ ᠵᠡᠷᠭᠡ ᠠᠵᠤ ᠠᠬᠤᠶᠢᠯᠠᠯ ᠤᠨ ᠪᠦᠲᠦᠭᠡᠭᠳᠡᠬᠦᠨ ᠢ ᠠᠮᠵᠢᠯᠲᠠ ᠲᠠᠢ ᠪᠠᠷ ᠬᠢᠯᠢ ᠳᠠᠪᠠᠨ ᠠᠷᠠᠯᠵᠢᠶᠠᠯᠠᠪᠠ᠃︵ᠲᠠᠪᠤ︶ ᠲᠣᠰ ᠪᠡᠶ᠎ᠡ ᠶᠢᠨ ᠪᠠᠶᠢᠭᠤᠯᠤᠯᠲᠠ ᠶᠢᠨ ᠲᠠᠯ᠎ᠠ ᠪᠠᠷ ᠤᠯᠤᠰ ᠲᠦᠷᠦ ᠶᠢᠨ ᠵᠣᠭᠰᠤᠯᠲᠠ ᠪᠠ ᠴᠢᠳᠠᠪᠦᠷᠢ ᠶᠢᠨ ᠦᠭᠡᠷᠡᠴᠢᠯᠡᠯᠲᠡ ᠶᠢ ᠳᠣᠪᠤᠶᠢᠯᠭᠠᠪᠠ᠃       ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠪᠠ ᠬᠠᠤᠯᠢ ᠶᠣᠰᠤᠭᠠᠷ ᠵᠠᠰᠠᠭ ᠶᠠᠪᠤᠭᠤᠯᠬᠤ ᠪᠠᠷ ᠭᠤᠣᠯᠳᠠᠯᠭ᠎ᠠ ᠪᠣᠯᠭᠠᠭᠰᠠᠨ ᠲᠤᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠤᠯᠤᠰ ᠲᠦᠷᠦ  ᠶᠢᠨ ᠪᠦᠲᠦᠭᠡᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠰᠤᠷᠤᠯᠴᠠᠨ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠤᠨ ᠠᠵᠢᠯᠯᠠᠭᠠᠨ ᠢ ᠯᠠᠪᠳᠠᠭᠤᠨ ᠦᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷ ᠠᠵᠢᠯᠲᠠᠳ ᠤᠨ ︽ᠳᠦᠷᠪᠡᠨ ᠤᠬᠠᠮᠰᠠᠷ ︾ ᠢ ᠦᠨᠡᠨᠬᠦ ᠴᠢᠩᠭᠠᠳᠬᠠᠪᠠ︔ ︽ᠳᠣᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠦᠯᠦᠪᠵᠢᠭᠦᠯᠭᠡ  ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠢ ᠭᠦᠨᠵᠡᠭᠡᠶᠢᠷᠡᠭᠦᠯᠪᠡ︔ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠬᠢᠨᠠᠯᠲᠠ ᠲᠠᠯᠪᠢᠬᠤ ᠪᠠ ᠠᠵᠢᠯ ᠢᠶᠠᠷ ᠬᠢᠨᠠᠯᠲᠠ ᠲᠠᠯᠪᠢᠬᠤ ᠵᠢᠴᠢ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠵᠠᠰᠠᠭ ᠤᠨ ᠶᠠᠪᠤᠳᠠᠯ ᠢ ᠵᠦᠪᠳᠡᠯᠴᠡᠬᠦ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠵᠦᠪᠯᠡᠯᠭᠡ ᠶᠢ ᠭᠦᠢᠴᠡᠳ ᠰᠤᠨᠤᠰᠤᠨ ᠬᠦᠯᠢᠶᠡᠨ ᠠᠪᠴᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ 44 ᠬᠤᠪᠢ ᠰᠠᠨᠠᠭᠤᠯᠭ᠎ᠠ ᠪᠣᠯᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ 42 ᠬᠤᠪᠢ ᠳᠤᠷᠠᠳᠤᠯᠭ᠎ᠠ ᠪᠦᠬᠦᠨ ᠢ ᠬᠠᠤᠯᠢ ᠲᠣᠭᠲᠠᠭᠠᠯ ᠶᠣᠰᠤᠭᠠᠷ ᠰᠢᠢᠳᠪᠦᠷᠢᠯᠡᠵᠡᠢ᠃        ᠰᠤᠷᠲᠠᠯ ᠢᠶᠠᠨ ᠥᠬᠡᠷᠡᠴᠢᠯᠡᠬᠦ ᠪᠠ ᠰᠠᠬᠢᠯᠭ᠎ᠠ ᠪᠠᠲᠤ ᠶᠢ ᠴᠢᠩᠭ᠎ᠠ ᠪᠦᠭᠡᠳ ᠲᠣᠳᠤᠷᠬᠠᠢ ᠪᠣᠯᠭᠠᠬᠤ ᠪᠠᠷ ᠭᠤᠣᠯᠳᠠᠯᠭ᠎ᠠ ᠪᠣᠯᠭᠠᠭᠰᠠᠨ ᠴᠢᠭᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠪᠠ᠃ ᠲᠦᠪ ᠤᠨ ᠨᠠᠢᠮᠠᠨ ᠵᠣᠷᠪᠤᠰ ᠲᠣᠭᠲᠠᠭᠠᠯ ᠤᠨ ᠵᠣᠷᠢᠭ ᠰᠠᠨᠠᠭ᠎ᠠ ᠪᠣᠯᠤᠨ ᠣᠷᠣᠨ ᠨᠤᠲᠤᠭ ᠤᠨ ᠲᠦᠬᠦᠷᠵᠢᠭᠰᠡᠨ ᠲᠣᠭᠲᠠᠭᠠᠯ ᠢ ᠴᠢᠩᠭ᠎ᠠ ᠨᠠᠶᠢᠳᠠᠪᠦᠷᠢᠵᠢᠭᠤᠯᠵᠤ᠂ ︽ᠭᠤᠷᠪᠠᠨ ᠠᠯᠪᠠᠨ︾ ᠤ ᠵᠠᠷᠤᠳᠠᠯ ᠤᠨ ᠵᠠᠷᠤᠯᠭ᠎ᠠ ᠶᠢ ᠤᠯᠠᠮ ᠨᠢᠭᠡ ᠠᠯᠬᠤᠮ ᠪᠠᠭᠠᠰᠬᠠᠨ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠴᠢᠳᠠᠮᠵᠢ ᠪᠠ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ︔ ᠡᠳ᠋ ᠤᠨ ᠵᠠᠰᠠᠭ ᠤᠨ ᠬᠢᠨᠠᠨ ᠬᠠᠮᠢᠶᠠᠷᠤᠯᠲᠠ ᠪᠠ ᠬᠢᠨᠠᠨ ᠪᠣᠳᠤᠯᠲᠠ ᠪᠠᠷ ᠬᠢᠨᠠᠯᠲᠠ ᠲᠠᠯᠪᠢᠬᠤ ᠶᠢ ᠲᠠᠰᠤᠷᠠᠯᠲᠠ ᠦᠭᠡᠢ ᠴᠢᠩᠭᠠᠳᠬᠠᠨ᠂ ᠤᠯᠤᠰ ᠤᠨ ᠦᠮᠴᠢᠯᠡᠯᠲᠦ ᠭᠠᠵᠠᠷ ᠰᠢᠷᠤᠢ ᠶᠢ ᠬᠤᠳᠠᠯᠳᠤᠬᠤ ᠪᠣᠯᠤᠨ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠵᠡᠷᠭᠡ ᠬᠦᠷᠢᠶ᠎ᠡ ᠴᠠᠷᠠᠭᠠᠨ ᠤ ᠬᠢᠨᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠴᠢᠳᠠᠪᠦᠷᠢ ᠨᠢ ᠢᠯᠡᠳᠲᠡ ᠳᠡᠭᠡᠭᠰᠢᠯᠡᠭᠰᠡᠨ ᠪᠠᠶᠢᠨ᠎ᠠ︔ ᠬᠠᠤᠯᠢ ᠶᠣᠰᠤᠭᠠᠷ ᠢᠯᠵᠠᠷᠠᠯ ᠢ ᠵᠠᠯᠬᠠᠭᠠᠨ ᠰᠢᠢᠳᠬᠡᠬᠦ ᠶᠢ ᠭᠤᠶᠢᠪᠢᠰᠢ ᠦᠭᠡᠢ ᠪᠠᠷᠢᠮᠲᠠᠯᠠᠨ᠂ ᠳᠡᠭᠡᠳᠦ ᠱᠠᠲᠤᠨ ᠤ ᠲᠣᠭᠤᠷᠢᠨ ᠪᠠᠶᠢᠴᠠᠭᠠᠵᠤ ᠲᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠵᠠᠰᠠᠨ ᠨᠠᠶᠢᠳᠠᠪᠦᠷᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠴᠢᠭᠡᠴᠢ ᠵᠠᠰᠠᠭ ᠤᠨ ᠪᠦᠲᠦᠭᠡᠨ ᠪᠠᠶᠢᠭᠤᠯᠤᠯᠲᠠ  ᠶᠢᠨ ᠲᠦᠪᠰᠢᠨ ᠪᠦᠬᠦ ᠲᠠᠯ᠎ᠠ ᠪᠠᠷ ᠳᠡᠭᠡᠭᠰᠢᠯᠡᠪᠡ᠃        ᠡᠶ᠎ᠡ ᠵᠣᠬᠢᠴᠠᠯ ᠠᠮᠤᠷ ᠲᠣᠭᠲᠠᠭᠤᠨ ᠪᠣᠯᠤᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠠᠷ ᠭᠤᠣᠯᠳᠠᠯᠭ᠎ᠠ ᠪᠣᠯᠭᠠᠭᠰᠠᠨ ᠨᠡᠶᠢᠭᠡᠮ ᠤᠨ ᠵᠠᠰᠠᠨ ᠴᠡᠭᠴᠡᠯᠡᠯᠲᠡ ᠶᠢ ᠲᠠᠰᠤᠷᠠᠯᠲᠠ ᠦᠭᠡᠢ ᠴᠢᠩᠭᠠᠳᠬᠠᠪᠠ᠃ ︽ᠠᠮᠤᠭᠤᠯᠠᠩ ᠪᠠᠭᠠᠷᠢᠨ ᠵᠡᠭᠦᠨ ᠬᠤᠰᠢᠭᠤ︾ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦ ᠳᠠᠷᠤᠩᠭᠤᠶᠢᠯᠠᠬᠤ ᠬᠦᠴᠦᠨ ᠢ ᠢᠮᠠᠭᠲᠠ ᠪᠠᠷᠢᠮᠲᠠᠯᠠᠨ᠂ ᠣᠯᠠᠨ ᠲᠦᠮᠡᠨ ᠤ ᠲᠤᠰᠬᠠᠯ ᠴᠢᠩᠭ᠎ᠠ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠠᠷᠠᠳ ᠲᠦᠮᠡᠨ ᠤ ᠠᠶᠤᠯᠭᠦᠢ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ︔ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠦᠷᠦ ᠶᠢᠨ ᠪᠣᠳᠤᠯᠭ᠎ᠠ  ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠪᠣᠯᠤᠨ ᠱᠠᠰᠢᠨ ᠤ ᠡᠶ᠎ᠡ ᠵᠣᠬᠢᠴᠠᠯ ᠢ ᠦᠨᠡᠨᠬᠦ ᠬᠠᠮᠠᠭᠠᠯᠠᠪᠠ︔ ᠠᠶᠤᠯ ᠦᠭᠡᠢ ᠦᠢᠯᠡᠳᠪᠦᠷᠢᠯᠡᠯ ᠤᠨ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠭᠦ︾ ᠬᠠᠷᠢᠭᠤᠴᠠᠯᠭ᠎ᠠ ᠶᠢᠨ ᠳᠦᠷᠢᠮ ᠢ ᠭᠦᠨᠵᠡᠭᠡᠢ ᠨᠠᠶᠢᠳᠠᠪᠦᠷᠢᠵᠢᠭᠤᠯᠵᠤ᠂ ᠢᠳᠡᠭᠡᠨ ᠤᠮᠳᠠᠭᠠᠨ ᠪᠠ ᠡᠮ ᠤᠨ ᠵᠦᠢᠯᠡᠰ ᠤᠨ ᠠᠶᠤᠯ ᠦᠭᠡᠢ ᠬᠢᠨᠠᠨ ᠬᠠᠮᠢᠶᠠᠷᠤᠯᠲᠠ ᠢᠯᠡᠳᠲᠡ ᠦᠷ᠎ᠡ ᠪᠦᠲᠦᠮᠵᠢ ᠣᠯᠵᠤ᠂ ᠪᠦᠬᠦ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠯ᠎ᠠ᠃ᠠᠷᠠᠳ ᠤᠨ ᠠᠭᠠᠷ ᠤᠨ ᠰᠡᠷᠭᠡᠶᠢᠯᠡᠯᠲᠡ᠂ ᠵᠡᠪᠰᠡᠭᠲᠦ ᠬᠦᠴᠦᠨ ᠤ ᠬᠡᠯᠲᠡᠰ᠂ ᠵᠡᠮᠳᠡᠭᠴᠦᠳ ᠤᠨ ᠬᠤᠯᠪᠤᠭᠠᠲᠤ ᠬᠤᠷᠠᠯ ᠂ ᠪᠠᠴᠢᠮ ᠪᠠᠶᠢᠳᠠᠯ ᠢ ᠠᠷᠭᠠᠴᠠᠭᠠᠬᠤ᠂ ᠭᠠᠵᠠᠷ ᠬᠦᠳᠡᠯᠦᠯᠲᠡ᠂ ᠴᠠᠭ ᠠᠭᠤᠷ᠂ ᠳᠠᠩᠰᠠ ᠡᠪᠬᠡᠮᠡᠯ ᠵᠢᠴᠢ ᠬᠤᠰᠢᠭᠤᠨ  ᠤ ᠣᠶᠢᠯᠠᠯᠭ᠎ᠠ ᠵᠡᠷᠭᠡ ᠲᠠᠯ᠎ᠠ ᠶᠢᠨ ᠠᠵᠢᠯ ᠰᠢᠨ᠎ᠡ ᠠᠬᠢᠯᠲᠠ ᠲᠠᠢ ᠪᠣᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠪᠠᠲᠤ ᠴᠢᠩᠭ᠎ᠠ ᠲᠤᠯᠭᠠᠭᠤᠷᠢ ᠬᠦᠴᠦᠨ ᠪᠣᠯᠤᠭᠰᠠᠨ ᠪᠠᠶᠢᠨ᠎ᠠ᠃ᠲᠦᠯᠦᠭᠡᠯᠡᠭᠴᠢᠳ ᠡ᠂ ᠥᠩᠭᠡᠷᠡᠭᠰᠡᠨ ᠨᠢᠭᠡ ᠵᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠣᠯᠤᠭᠰᠠᠨ ᠠᠮᠵᠢᠯᠲᠠ ᠨᠢ ᠬᠢᠯᠪᠠᠷ ᠪᠣᠰᠤ ᠶᠤᠮ᠃ ᠡᠳᠡᠭᠡᠷ ᠬᠢᠷᠢ ᠪᠦᠲᠦᠮᠵᠢ ᠶᠢ ᠣᠯᠤᠭᠰᠠᠨ ᠨᠢ ᠬᠤᠰᠢᠭᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠠ ᠰᠢᠨᠵᠢᠯᠡᠬᠦ ᠤᠬᠠᠭᠠᠨᠴᠢ ᠪᠣᠳᠤᠯᠭ᠎ᠠ ᠲᠣᠭᠲᠠᠭᠠᠭᠰᠠᠨ ᠤ ᠦᠷ᠎ᠡ ᠳ᠋ᠦᠩ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠬᠠᠤᠯᠢ ᠪᠠᠷ ᠬᠢᠨᠠᠯᠲᠠ ᠲᠠᠯᠪᠢᠬᠤ ᠪᠠ ᠪᠦᠬᠦ ᠬᠦᠴᠦᠨ ᠢᠶᠠᠷ ᠳᠡᠮᠵᠢᠭᠰᠡᠨ ᠤ ᠦᠷ᠎ᠡ ᠳ᠋ᠦᠩ ᠪᠣᠯᠬᠤ ᠪᠦᠭᠡᠳ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠰᠡᠳᠬᠢᠯ ᠨᠢᠭᠡᠳᠦᠨ ᠪᠦᠯᠬᠦᠮᠳᠡᠵᠦ᠂ ᠬᠠᠮᠲᠤ ᠪᠠᠷ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠮᠦᠨ᠃ ᠪᠠᠰᠠᠴᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠷᠭ᠎ᠠ ᠪᠣᠳᠤᠯᠭ᠎ᠠ ᠭᠠᠷᠭᠠᠨ ᠦᠭᠴᠦ᠂ ᠶᠡᠭᠡ ᠬᠦᠴᠦᠨ ᠢᠶᠠᠷ ᠬᠠᠪᠰᠤᠷᠤᠨ ᠳᠡᠮᠵᠢᠭᠰᠡᠨ ᠤ ᠦᠷ᠎ᠡ ᠳ᠋ᠦᠩ ᠪᠣᠯᠬᠤ ᠶᠤᠮ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠬᠤᠰᠢᠭᠤᠨ ᠤ ᠡᠯ᠎ᠡ ᠠᠵᠢᠯ ᠤᠨ ᠹᠷᠤᠨᠲ ᠳᠡᠭᠡᠷ᠎ᠡ ᠬᠠᠳᠠᠭᠤᠵᠢᠯᠲᠠᠢ ᠠᠵᠢᠯᠯᠠᠵᠤ᠂ ᠰᠢᠨᠲᠠᠷᠠᠰᠢ ᠦᠭᠡᠢ ᠵᠢᠳᠬᠦᠵᠦ ᠪᠠᠶᠢᠭ᠎ᠠ ᠨᠦᠬᠦᠳ ᠪᠠ ᠪᠠᠭᠠᠷᠢᠨ ᠵᠡᠭᠦᠨ ᠬᠤᠰᠢᠭᠤᠨ ᠤ ᠬᠦᠭᠵᠢᠯᠳᠡ ᠶᠢ ᠬᠠᠯᠠᠮᠵᠢᠯᠠᠨ ᠳᠡᠮᠵᠢᠵᠦ ᠪᠠᠶᠢᠭ᠎ᠠ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕ᠲᠦᠯᠦᠭᠡᠯᠡᠭᠴᠢᠳ ᠡ᠂ ᠥᠭᠡᠷᠡᠴᠢᠯᠡᠯᠲᠡ ᠬᠦᠭᠵᠢᠯᠲᠡ ᠶᠢᠨ ᠵᠠᠮ ᠡᠭᠦᠷᠢᠳᠡ ᠡᠩᠬᠦᠯ ᠳᠣᠩᠬᠤᠯ ᠪᠠᠶᠢᠳᠠᠭ᠃ ᠪᠢᠳᠡ ᠬᠢᠷᠢ ᠪᠦᠲᠦᠮᠵᠢ ᠪᠠᠨ ᠳ᠋ᠦᠩᠨᠡᠬᠦ ᠶᠢᠨ ᠳᠠᠭᠠᠤ ᠪᠠᠰᠠ ᠪᠦᠬᠦ ᠬᠤᠰᠢᠭᠤᠨ ᠤ ᠬᠦᠭᠵᠢᠯᠲᠡ ᠪᠦᠷᠢᠨ ᠲᠡᠭᠦᠯᠳᠡᠷ ᠪᠣᠰᠤ ᠪᠦᠭᠡᠳ ᠲᠡᠩᠴᠡᠭᠦᠷᠢ ᠦᠭᠡᠢ ᠪᠠᠶᠢᠬᠤ ᠵᠦᠷᠢᠴᠡᠯ ᠮᠦᠨ ᠳᠣᠪᠤᠶᠢᠮ᠎ᠠ᠂ ᠵᠠᠰᠠᠭ ᠤᠨ ᠣᠷᠳᠣᠨ ᠤ ᠠᠵᠢᠯ ᠳᠤ ᠪᠠᠰᠠ ᠨᠢᠭᠡ ᠪᠦᠯᠦᠭ ᠤᠮᠳᠤᠭᠠᠶᠢᠯᠠᠵᠤ ᠪᠣᠯᠤᠰᠢ ᠦᠭᠡᠢ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠤᠰᠢᠭᠰᠠᠭᠠᠷ ᠭᠡᠳᠡᠭ ᠢ ᠰᠡᠷᠭᠡᠭ ᠢᠶᠠᠷ ᠲᠠᠨᠢᠭᠰᠠᠨ ᠪᠠᠶᠢᠨ᠎ᠠ᠃ ᠭᠤᠣᠯ ᠢᠯᠡᠷᠡᠯ ᠭᠡᠪᠡᠯ᠄ ᠨᠢᠭᠡ ᠳᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ ᠪᠠᠶᠢᠬᠤ ᠣᠳᠣᠬᠢ ᠪᠠᠶᠢᠳᠠᠯ ᠦᠨᠳᠦᠰᠦᠨ ᠴᠢᠨᠠᠷᠲᠠᠢ ᠬᠤᠪᠢᠷᠠᠯᠲᠠ ᠭᠠᠷᠤᠭᠰᠠᠨ ᠦᠭᠡᠢ᠂ ᠠᠵᠤ ᠠᠬᠤᠢ ᠶᠢᠨ ᠬᠦᠭᠵᠢᠯᠲᠡ ᠶᠢ ᠲᠤᠯᠭᠠᠭᠤᠷᠢᠯᠠᠬᠤ ᠲᠣᠮᠣ ᠲᠦᠷᠦᠯ ᠵᠦᠢᠯ ᠪᠠ ᠰᠠᠶᠢᠨ ᠲᠦᠷᠦᠯ ᠵᠦᠢᠯ ᠴᠦᠬᠡᠨ᠂ ᠡᠳ᠋  ᠤᠨ ᠵᠠᠰᠠᠭ ᠤᠨ ᠣᠷᠤᠯᠭ᠎ᠠ ᠵᠠᠷᠤᠯᠭ᠎ᠠ ᠶᠢᠨ ᠨᠡᠮᠡᠭᠳᠡᠯ ᠤᠨ ᠬᠤᠷᠳᠤᠴᠠ ᠠᠨᠠᠢ ᠪᠠ ᠵᠦᠷᠢᠴᠡᠯ ᠳᠣᠪᠤᠶᠢᠮ᠎ᠠ︔ ᠬᠤᠶᠠᠷ  ᠲᠤ᠂ ᠠᠵᠤ ᠦᠢᠯᠡᠰ ᠤᠨ ᠪᠦᠲᠦᠴᠡ ᠮᠦᠨ ᠶᠣᠰᠤᠨ ᠳᠤ ᠨᠡᠶᠢᠴᠡᠬᠦ ᠦᠭᠡᠢ᠂ ᠠᠵᠤ ᠦᠢᠯᠡᠳᠪᠦᠷᠢ ᠶᠢᠨ ᠬᠦᠭᠵᠢᠯᠲᠡ ᠶᠢᠨ ᠰᠠᠭᠤᠷᠢ ᠳᠣᠷᠤᠢ᠂ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠶᠢᠨ ᠥᠭᠡᠷᠡᠴᠢᠯᠡᠯᠲᠡ ᠪᠠ ᠪᠦᠲᠦᠴᠡ ᠶᠢᠨ ᠳᠣᠬᠢᠷᠠᠭᠤᠯᠤᠯᠲᠠ ᠶᠢᠨ ᠡᠭᠦᠷᠭᠡ ᠬᠦᠨᠳᠦ᠂ ᠵᠠᠮ ᠬᠤᠯᠠ᠂ ᠭᠢᠳᠠᠨ ᠰᠤᠶᠤᠯ ᠵᠡᠷᠭᠡ ᠣᠨᠴᠠᠯᠢᠭᠲᠤ ᠡᠬᠢ ᠰᠤᠷᠪᠤᠯᠵᠢ ᠶᠢ ᠤᠯᠠᠮ ᠨᠢᠭᠡ ᠠᠯᠬᠤᠮ ᠠᠭᠤᠳᠠᠯᠠᠬᠤ ᠴᠢᠬᠤᠯᠠᠲᠠᠢ︔ ᠭᠤᠷᠪᠠ ᠳᠤ᠂ ᠬᠤᠲᠠ ᠬᠦᠳᠡᠭᠡ ᠶᠢᠨ ᠣᠷᠣᠨ ᠬᠡᠴᠡ ᠶᠢᠨ ᠬᠦᠭᠵᠢᠯᠲᠡ ᠲᠡᠩᠴᠡᠭᠦᠷᠢ ᠦᠭᠡᠢ᠂ ᠰᠠᠭᠤᠷᠢ ᠲᠦᠬᠦᠭᠡᠷᠦᠮᠵᠢ ᠪᠠ ᠨᠡᠶᠢᠲᠡ ᠶᠢᠨ ᠦᠢᠯᠡᠴᠢᠯᠡᠭᠡᠨ  ᠤ ᠲᠦᠪᠰᠢᠨ ᠪᠠᠰᠠᠴᠤ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠠᠶᠢᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠬᠦᠴᠦ ᠣᠷᠤᠭᠤᠯᠬᠤ ᠴᠢᠬᠤᠯᠠᠲᠠᠢ ᠪᠠᠶᠢᠭᠰᠠᠭᠠᠷ︔ ᠳᠦᠷᠪᠡ ᠳᠤ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠤ ᠳᠤᠲᠠᠭᠤᠳᠠᠯ ᠢ ᠲᠦᠷᠭᠡᠨ  ᠨᠦᠬᠦᠪᠦᠷᠢᠯᠡᠬᠦ ᠴᠢᠬᠤᠯᠠᠲᠠᠢ᠂ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠲᠣᠯᠭᠠᠮ᠎ᠠ ᠪᠦᠭᠡᠳ ᠬᠦᠨᠳᠦ᠂ ᠰᠤᠷᠭᠠᠨ ᠬᠦᠮᠦᠵᠢᠯ᠂ ᠡᠮ ᠡᠮᠨᠡᠯᠭᠡ ᠵᠢᠴᠢ ᠨᠠᠰᠤᠵᠢᠯ ᠤᠨ ᠳᠠᠭᠠᠳᠬᠠᠯ ᠵᠡᠷᠭᠡ ᠨᠡᠶᠢᠲᠡ ᠶᠢᠨ ᠦᠢᠯᠡᠴᠢᠯᠡᠭᠡᠨ ᠤ ᠰᠠᠶᠢᠨ ᠡᠬᠢ ᠰᠣᠷᠪᠤᠯᠵᠢ ᠶᠢᠨ ᠬᠠᠩᠭᠠᠯᠭ᠎ᠠ ᠮᠦᠨ ᠬᠦᠷᠦᠯᠴᠡᠬᠦ ᠦᠭᠡᠢ ᠪᠠᠶᠢᠭᠰᠠᠭᠠᠷ︔ ᠲᠠᠪᠤ ᠳᠤ ᠂ ᠵᠠᠰᠠᠭ ᠤᠨ ᠣᠷᠳᠣᠨ ᠤ ᠴᠢᠳᠠᠪᠬᠢ ᠶᠢᠨ ᠬᠤᠪᠢᠷᠠᠯᠲᠠ ᠪᠣᠯᠣᠨ ᠴᠢᠳᠠᠮᠵᠢ ᠶᠢᠨ ᠳᠡᠭᠡᠭᠰᠢᠯᠡᠯᠲᠡ ᠳᠤᠲᠠᠮᠠᠭ᠂ ᠦᠢᠯᠡᠴᠢᠯᠡᠭᠡᠨ ᠤ ᠴᠢᠳᠠᠪᠦᠷᠢ ᠪᠣᠯᠤᠨ ᠠᠷᠠᠳ ᠲᠦᠮᠡᠨ ᠤ ᠬᠦᠰᠡᠯ ᠱᠠᠭᠠᠷᠳᠠᠯᠭ᠎ᠠ ᠲᠠᠢ ᠨᠢᠭᠡ ᠬᠡᠮᠵᠢᠶᠡᠨ ᠤ ᠵᠦᠷᠢᠶ᠎ᠡ ᠣᠷᠤᠰᠢᠵᠦ ᠪᠠᠶᠢᠨ᠎ᠠ᠂ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ᠃ ᠡᠭᠦᠨ ᠳᠤ᠂ ᠪᠢᠳ᠋ᠨ ᠠᠰᠠᠭᠤᠳᠠᠯ ᠤᠨ ᠴᠢᠭᠯᠡᠯ ᠢ ᠪᠠᠷᠢᠮᠲᠠᠯᠠᠨ᠂ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠵᠠᠰᠠᠭ ᠤᠨ ᠣᠷᠳᠣᠨ ᠤ ᠡᠯ᠎ᠡ ᠲᠠᠯ᠎ᠠ ᠶᠢᠨ ᠠᠵᠢᠯ ᠢ ᠤᠶᠤᠨ ᠴᠢᠳᠠᠯ ᠢᠶᠠᠨ ᠰᠢᠪᠬᠠᠨ ᠰᠠᠶᠢᠲᠤᠷ ᠪᠡᠶᠡᠯᠡᠭᠦᠯᠦᠨ᠂ ᠲᠦᠯᠦᠭᠡᠯᠡᠭᠴᠢᠳ ᠪᠣᠯᠤᠨ ᠦᠷᠭᠡᠨ ᠣᠯᠠᠨ ᠲᠦᠮᠡᠨ ᠤ ᠢᠳᠡᠭᠡᠯ ᠨᠠᠶᠢᠳᠠᠯᠭ᠎ᠠ ᠶᠢ ᠶᠠᠭᠠᠬᠢᠭᠰᠠᠨ ᠴᠦ ᠬᠦᠰᠡᠷᠳᠡᠭᠦᠯᠬᠦ ᠦᠭᠡᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号