ᠬᠤᠶᠠᠷ᠂ 2018 ᠣᠨ ᠤ ᠠᠵᠢᠯ ᠤᠨ ᠳᠣᠬᠢᠷᠠᠭᠤᠯᠤᠯᠲᠠ | 2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ | ᠪᠠᠷ ᠲᠤᠤᠱᠯᠠᠭᠤᠯᠬᠤ ᠡᠬᠢᠯᠡᠯᠲᠡ ᠶᠢᠨ ᠨᠢᠭᠡ ᠵᠢᠯ ᠪᠣᠯᠬᠤ ᠪᠦᠭᠡᠳ ᠥᠭᠡᠷᠡᠴᠢᠯᠡᠯᠲᠡ ᠨᠡᠭᠡᠭᠡᠯᠲᠡ ᠶᠢᠨ 40 ᠵᠢᠯ | ᠪᠣᠯᠤᠨ᠎ᠠ᠃ ᠨᠡᠩ ᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠲᠡᠮᠡᠴᠡᠨ | ᠣᠯᠬᠤ ᠳᠡᠭᠡᠷᠡᠬᠢ ᠶᠢ ᠵᠠᠯᠭᠠᠮᠵᠢᠯᠠᠨ ᠳᠣᠷᠤᠭᠰᠢ ᠤᠯᠠᠮᠵᠢᠯᠠᠬᠤ ᠵᠠᠩᠭᠢᠯᠠᠭ᠎ᠠ ᠶᠢᠨ ᠨᠢᠭᠡ ᠵᠢᠯ ᠪᠣᠯᠬᠤ ᠶᠤᠮ᠃ ᠦᠨᠦ | ᠵᠢᠯ ᠤᠨ ᠡᠯ᠎ᠡ ᠲᠠᠯ᠎ᠠ ᠶᠢᠨ ᠠᠵᠢᠯ ᠢ ᠰᠠᠶᠢᠲᠤᠷ ᠪᠡᠶᠡᠯᠡᠭᠦᠯᠬᠦ ᠳᠤ ᠡᠭᠦᠷᠭᠡ ᠬᠠᠷᠢᠭᠤᠴᠠᠯᠭ᠎ᠠ ᠬᠦᠨᠳᠦ ᠪᠦᠭᠡᠳ | ᠤᠳᠬ᠎ᠠ ᠠᠭᠤᠯᠭ᠎ᠠ ᠭᠦᠨ ᠭᠦᠨᠵᠡᠭᠡᠢ ᠶᠤᠮ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠴᠠᠭ ᠤᠨ | ᠪᠠᠶᠢᠳᠠᠯ ᠢ ᠲᠠᠭᠠᠨ ᠤᠷᠤᠭᠰᠢᠯᠠᠵᠤ᠂ ᠳᠣᠬᠢᠶᠠᠯ ᠢ ᠠᠰᠢᠭᠯᠠᠨ ᠦᠭᠡᠳᠡᠯᠡᠵᠦ᠂ ᠪᠦᠬᠦ ᠬᠤᠰᠢᠭᠤᠨ ᠤ ᠠᠵᠤ ᠠᠬᠤᠢ | ᠨᠡᠶᠢᠭᠡᠮ ᠤᠨ ᠬᠦᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ | ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠦᠭᠦᠳᠡ | ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ | ᠂ ᠦᠨᠦ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠨ᠂ ᠲᠦᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠵᠢᠴᠢ | ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ | ᠂ ᠲᠣᠭᠲᠠᠭᠤᠨ ᠤ ᠳᠤᠮᠳᠠ ᠠᠬᠢᠭᠤᠯᠬᠤ ᠠᠵᠢᠯ ᠤᠨ ᠭᠤᠣᠯ ᠰᠠᠨᠠᠭ᠎ᠠ ᠪᠠ ᠰᠢᠨ᠎ᠡ ᠬᠦᠭᠵᠢᠯᠲᠡ ᠶᠢᠨ | ᠣᠶᠢᠯᠠᠭᠠᠭᠳᠠᠬᠤᠨ ᠢ ᠪᠠᠷᠢᠮᠲᠠᠯᠠᠨ᠂ ᠴᠢᠨᠠᠷᠯᠢᠭ ᠰᠠᠶᠢᠨ ᠬᠦᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠵᠦ᠂ | ᠶᠠᠳᠠᠭᠤ ᠠᠴᠠ ᠠᠩᠭᠢᠵᠢᠷᠠᠭᠤᠯᠬᠤ ᠪᠠ ᠲᠦᠷᠦᠯ ᠵᠦᠢᠯ ᠢ ᠪᠦᠲᠦᠭᠡᠨ ᠪᠠᠶᠢᠭᠤᠯᠬᠤ ᠬᠤᠶᠠᠷ ᠵᠦᠢᠯ ᠤᠨ ᠭᠤᠣᠯ | ᠡᠭᠦᠷᠭᠡ ᠶᠢ ᠳᠣᠪᠤᠶᠢᠯᠭᠠᠨ᠂ ︽ᠲᠠᠪᠤᠨ ᠭᠤᠣᠯᠳᠠᠯᠭ᠎ᠠ ᠲᠠᠢ ᠠᠵᠢᠯ︾ ᠢ ᠭᠦᠨᠵᠡᠭᠡᠢ ᠠᠬᠢᠭᠤᠯᠵᠤ᠂ ᠬᠦᠭᠵᠢᠯᠲᠡ᠂ | ᠠᠮᠢ ᠠᠬᠤᠢ᠂ ᠠᠷᠠᠳ ᠤᠨ ᠠᠮᠢᠳᠤᠷᠠᠯ ᠭᠡᠬᠦ ︽ᠭᠤᠷᠪᠠᠨ ᠦᠨᠳᠦᠰᠦᠨ ᠪᠠᠲᠤᠯᠠᠭ᠎ᠠ︾ ᠶᠢ ᠴᠢᠩᠭ᠎ᠠ ᠠᠳᠬᠤᠨ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠪᠠᠳᠤ ᠪᠠᠬᠢ ᠰᠠᠭᠤᠷᠢ ᠶᠢ ᠲᠠᠯᠪᠢᠨ᠎ᠠ᠃ ᠵᠢᠱᠢᠭᠰᠡᠨ ᠭᠤᠣᠯ | ᠬᠠᠷᠠᠯᠲᠠ ᠪᠣᠯ᠄ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 7.5% | ᠣᠷᠴᠢᠮ ᠨᠡᠮᠡᠭᠳᠡᠭᠦᠯᠦᠨ᠎ᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠤᠯᠭ᠎ᠠ ᠶᠢ 6% | ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ 10% ᠣᠷᠴᠢᠮ | ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ | 9% ᠣᠷᠴᠢᠮ ᠨᠡᠮᠡᠭᠳᠡᠭᠦᠯᠦᠨ᠎ᠡ︔ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ | ᠲᠡᠭᠰᠢᠳᠬᠡᠭᠰᠡᠨ ᠬᠤᠪᠢᠶᠠᠷᠢᠯᠠᠵᠤ ᠪᠣᠯᠬᠤ ᠣᠷᠤᠯᠭ᠎ᠠ ᠶᠢ ᠲᠤᠰ ᠲᠤᠰ 8.5% ᠣᠷᠴᠢᠮ ᠪᠠ 8.5% ᠠᠴᠠ | ᠳᠡᠭᠡᠭᠰᠢ ᠨᠡᠮᠡᠭᠳᠡᠭᠦᠯᠦᠨ᠎ᠡ᠃ | ᠲᠡᠭᠡᠷ᠎ᠡ ᠲᠤᠷᠠᠳᠤᠭᠰᠠᠨ ᠬᠠᠷᠠᠯᠳᠠ ᠶᠢ ᠪᠡᠶᠡᠯᠡᠭᠦᠯᠬᠦ ᠳᠤ᠂ ᠦᠨᠦ ᠵᠢᠯ ᠪᠢᠳᠡ ᠲᠤᠤᠷᠠᠬᠢ ᠨᠠᠢᠮᠠᠨ ᠲᠠᠯ᠎ᠠ | ᠶᠢᠨ ᠠᠵᠢᠯ ᠢ ᠰᠠᠶᠢᠳᠤᠷ ᠬᠢᠬᠦ ᠬᠡᠷᠡᠭᠲᠡᠢ᠄ | ︵ᠨᠢᠭᠡ︶ ᠠᠰᠠᠭᠤᠳᠠᠯ ᠤᠨ ᠴᠢᠭᠯᠡᠯ ᠢ ᠪᠠᠷᠢᠮᠲᠠᠯᠠᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ | ᠢ ᠭᠦᠨᠵᠡᠭᠡᠢ ᠦᠷᠨᠢᠭᠦᠯᠦᠨ᠎ᠡ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ ᠪᠣᠭᠤᠮᠳᠠ ᠰᠢᠪᠲᠤᠯᠬᠤ ᠳᠠᠶᠢᠯᠠᠯᠳᠤᠭᠠᠨ | ᠢ ᠰᠠᠶᠢᠲᠤᠷ ᠬᠢᠨ᠎ᠡ᠃ ᠮᠦᠩᠭᠦᠨ ᠭᠦᠢᠯᠭᠡᠭᠡᠨ ᠤ ᠣᠷᠴᠢᠨ ᠢ ᠴᠢᠩᠭ᠎ᠠ ᠴᠡᠭᠴᠡᠯᠡᠵᠦ᠂ ᠢᠲᠡᠭᠡᠮᠵᠢ ᠶᠢᠨ | ᠲᠣᠭᠲᠠᠯᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠦᠷᠢ ᠥᠭᠴᠡᠭᠡᠨ ᠠᠴᠠ ᠵᠣᠷᠢᠭᠤᠳᠠ ᠳᠤᠲᠠᠭᠠᠬᠤ | ᠪᠠ ᠬᠤᠬᠢᠷᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠠᠷᠠᠳ ᠤᠨ ᠳᠤᠮᠳᠠᠬᠢ ᠬᠠᠤᠯᠢ ᠪᠣᠰᠤ ᠪᠠᠷ | ᠪᠡᠯᠡ ᠬᠤᠷᠠᠮᠳᠤᠭᠤᠯᠬᠤ ᠪᠠ ᠦᠨᠳᠦᠷ ᠬᠦᠦ ᠲᠠᠢ ᠵᠢᠭᠡᠯᠡᠯᠭᠡ ᠵᠢᠭᠡᠯᠡᠬᠦ ᠠᠵᠢᠯᠯᠠᠭ᠎ᠠ ᠶᠢ ᠴᠢᠩᠭ᠎ᠠ ᠰᠢᠢᠳᠪᠦᠷᠢᠯᠡᠨ᠂ | ᠰᠢᠰᠲ᠋ᠧᠮᠲᠦ ᠴᠢᠨᠠᠷᠲᠠᠢ ᠪᠠ ᠭᠠᠵᠠᠷ ᠣᠷᠣᠨ ᠤ ᠴᠢᠨᠠᠷᠲᠠᠢ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠡᠭᠦᠰᠬᠦ | ᠦᠭᠡᠢ ᠪᠠᠶᠢᠬᠤ ᠶᠢ ᠪᠠᠲᠤᠯᠠᠨ᠎ᠠ︔ ᠵᠠᠰᠠᠭ ᠤᠨ ᠣᠷᠳᠣᠨ ᠤ ᠦᠷᠢ ᠦᠭᠴᠡᠭᠡᠨ ᠤ ᠠᠶᠤᠯ ᠲᠦᠭᠰᠢᠭᠦᠷᠢ ᠶᠢ ᠴᠢᠩᠭ᠎ᠠ | ᠰᠡᠷᠭᠡᠶᠢᠯᠡᠨ ᠬᠤᠷᠢᠭᠯᠠᠵᠤ᠂ ᠬᠦᠭᠵᠢᠯᠲᠡ ᠶᠢᠨ ᠰᠡᠳᠬᠢᠮᠵᠢ ᠶᠢ ᠰᠠᠨᠠᠭᠠᠴᠢᠯᠠᠭ᠎ᠠ ᠠᠴᠠ ᠪᠠᠨ ᠬᠤᠪᠢᠷᠠᠭᠠᠨ᠂ ᠲᠦᠷᠦᠯ | ᠵᠦᠢᠯ ᠣᠷᠤᠭᠤᠯᠬᠤ᠂ ᠬᠦᠭᠵᠢᠯᠲᠡ ᠶᠢ ᠠᠳᠬᠤᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠢᠴᠢ ᠦᠷᠢ ᠦᠭᠴᠡᠭᠡ | ᠶᠢ ᠠᠷᠢᠯᠭᠠᠬᠤ ᠵᠡᠷᠭᠡ ᠶᠢᠨ ᠬᠤᠭᠤᠷᠤᠨᠳᠤᠬᠢ ᠬᠠᠷᠢᠴᠠᠭ᠎ᠠ ᠶᠢ ᠣᠨᠤᠪᠴᠢᠲᠠᠢ ᠰᠢᠢᠳᠪᠦᠷᠢᠯᠡᠵᠦ᠂ ᠵᠢᠭᠡᠯᠡᠯᠭᠡ ᠪᠠᠷ ᠪᠡᠯᠡ | ᠬᠤᠷᠠᠮᠳᠤᠭᠤᠯᠬᠤ᠂ ᠰᠠᠭᠤᠷᠢ ᠮᠦᠩᠭᠦ ᠶᠢ ᠡᠷᠭᠢᠯᠳᠦᠭᠦᠯᠬᠦ ᠪᠣᠯᠤᠨ ᠨᠡᠶᠢᠲᠡ ᠶᠢᠨ ᠦᠢᠯᠡᠴᠢᠯᠡᠭᠡᠨ ᠢ ᠬᠤᠳᠠᠯᠳᠤᠨ | ᠠᠪᠬᠤ ᠠᠵᠢᠯᠯᠠᠭ᠎ᠠ ᠶᠢ ᠴᠢᠩᠭ᠎ᠠ ᠳᠦᠷᠢᠮᠵᠢᠭᠦᠯᠦᠨ᠎ᠡ︔ ᠡᠳ᠋ ᠤᠨ ᠵᠠᠰᠠᠭ ᠤᠨ ᠲᠦᠰᠦᠪ ᠤᠨ ᠬᠢᠵᠠᠭᠠᠷᠯᠠᠯ ᠢ | ᠴᠢᠩᠭᠠᠳᠬᠠᠨ᠂ ᠴᠢᠳᠠᠯ ᠤᠨ ᠢᠶᠠᠨ ᠬᠢᠷᠢ ᠪᠠᠷ ᠴᠢᠷᠮᠠᠶᠢᠵᠤ᠂ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠲᠠᠢ | ᠰᠢᠨ᠎ᠡ ᠲᠦᠷᠦᠯ ᠵᠦᠢᠯ ᠳᠤ ᠦᠷᠢ ᠦᠭᠴᠡᠭᠡᠨ ᠤ ᠠᠶᠤᠯ ᠲᠦᠭᠰᠢᠭᠦᠷᠢ ᠶᠢᠨ ᠬᠢᠨᠠᠨ ᠦᠨᠡᠯᠡᠯᠲᠡ ᠪᠠ ᠬᠠᠤᠯᠢ | ᠶᠣᠰᠤᠨ ᠤ ᠪᠠᠶᠢᠴᠠᠭᠠᠯᠲᠠ ᠬᠢᠵᠦ᠂ ᠰᠣᠬᠤᠷ ᠪᠠᠯᠠᠢ ᠪᠠᠷ ᠵᠢᠭᠡᠯᠡᠯᠭᠡ ᠵᠢᠭᠡᠯᠡᠬᠦ ᠶᠢ ᠡᠷᠡᠰ ᠬᠤᠷᠢᠭᠯᠠᠨ᠎ᠠ︔ ᠤᠳᠠᠭᠠᠨ | ᠵᠢᠯ ᠤᠨ ᠦᠷᠢ ᠦᠭᠴᠡᠭᠡ ᠶᠢ ᠨᠠᠶᠢᠳᠠᠪᠦᠷᠢᠲᠠᠢ ᠡᠮᠬᠢ ᠳᠠᠷᠠᠭ᠎ᠠ ᠲᠠᠢ ᠰᠢᠢᠳᠪᠦᠷᠢᠯᠡᠵᠦ᠂ ︽ᠵᠢᠭᠡᠯᠡᠬᠦ᠂ ᠬᠡᠷᠡᠭᠯᠡᠬᠦ᠂ | ᠪᠤᠴᠠᠭᠠᠬᠤ︾ ᠶᠢ ᠨᠢᠭᠡᠳᠦᠯᠵᠢᠭᠦᠯᠦᠭᠰᠡᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ᠂ ᠡᠩ ᠤᠨ ᠵᠠᠷᠤᠯᠭ᠎ᠠ | ᠶᠢᠨ ᠴᠢᠨᠠᠷᠲᠠᠢ ᠦᠷᠢ ᠶᠢ ᠪᠠᠭᠠᠰᠬᠠᠵᠤ᠂ ᠵᠢᠭᠡᠯᠡᠯᠭᠡ ᠶᠢᠨ ᠲᠡᠮᠲᠡᠭᠲᠦ ᠶᠢᠨ ᠰᠣᠯᠢᠯᠴᠠᠭ᠎ᠠ᠂ ᠬᠦᠷᠦᠩᠭᠡ ᠶᠢᠨ | ᠰᠢᠢᠳᠪᠦᠷᠢᠯᠡᠯᠲᠡ ᠵᠢᠴᠢ ᠡᠬᠢ ᠰᠤᠷᠪᠤᠯᠵᠢ ᠶᠢ ᠴᠢᠯᠦᠭᠡᠲᠡᠢ ᠪᠣᠯᠭᠠᠬᠤ ᠬᠠᠮ ᠳᠠᠭᠠᠷᠢᠯᠲᠠ ᠬᠢᠵᠦ᠂ 2021 ᠣᠨ | ᠪᠣᠯᠲᠠᠯ᠎ᠠ ᠦᠷᠢ ᠦᠭᠴᠡᠭᠡ ᠶᠢ ᠪᠠᠭᠠᠰᠬᠠᠨ ᠵᠣᠬᠢᠰᠲᠠᠢ ᠲᠦᠪᠰᠢᠨ ᠳᠤ ᠬᠦᠷᠭᠡᠬᠦ ᠳᠤ ᠪᠠᠲᠤ ᠪᠠᠬᠢ ᠰᠠᠭᠤᠷᠢ ᠶᠢ | ᠲᠠᠯᠪᠢᠨ᠎ᠠ᠃ | ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠨ᠎ᠡ᠃ ︽ᠣᠨᠤᠪᠴᠢᠲᠠᠢ ᠪᠠᠷ ᠶᠠᠳᠠᠭᠤ ᠶᠢ ᠲᠡᠳᠬᠦᠬᠦ᠂ ᠣᠨᠤᠪᠴᠢᠲᠠᠢ ᠪᠠᠷ ᠶᠠᠳᠠᠭᠤ ᠠᠴᠠ | ᠠᠩᠬᠢᠵᠢᠷᠠᠭᠤᠯᠬᠤ︾ ᠦᠨᠳᠦᠰᠦᠨ ᠪᠣᠳᠤᠯᠭ᠎ᠠ ᠶᠢ ᠭᠦᠨᠵᠡᠭᠡᠢ ᠨᠠᠶᠢᠳᠠᠪᠦᠶᠢᠷᠵᠢᠭᠤᠯᠵᠤ᠂ ᠨᠢᠭᠡ ᠵᠢᠯ ᠳᠤ ᠠᠳᠠᠭ | ᠲᠠᠭᠠᠨ 5 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠡᠯᠡ ᠮᠦᠩᠭᠦᠨ | ᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠪᠠᠲᠤᠯᠠᠨ᠎ᠠ︔ ᠶᠠᠳᠠᠭᠤ ᠶᠢ ᠲᠡᠳᠬᠦᠬᠦ ᠪᠡᠯᠡ ᠮᠦᠩᠭᠦ ᠶᠢ ᠬᠡᠷᠡᠭᠯᠡᠬᠦ ᠠᠷᠭ᠎ᠠ ᠶᠢ | ᠰᠢᠨᠵᠢᠯᠠᠬᠦ ᠤᠬᠠᠭᠠᠨᠴᠢ ᠪᠠᠷ ᠲᠣᠭᠲᠠᠭᠠᠵᠤ᠂ ᠪᠠᠯᠭᠠᠰᠤᠨ ᠤ ᠳᠠᠩᠰᠠ ᠮᠡᠳᠡᠭᠦᠯᠬᠦ ᠳᠦᠷᠢᠮᠲᠦ ᠬᠠᠮᠢᠶᠠᠷᠤᠯᠲᠠ ᠶᠢᠨ | ᠳᠦᠷᠢᠮ ᠢ ᠴᠢᠩᠭ᠎ᠠ ᠬᠡᠷᠡᠭᠵᠢᠭᠦᠯᠦᠨ᠂ ᠪᠡᠯᠡ ᠮᠦᠩᠭᠦᠨ ᠤ ᠦᠢᠯᠡᠳᠦᠯ ᠢ ᠦᠨᠡᠨᠬᠦ ᠪᠠᠳᠠᠷᠠᠭᠤᠯᠤᠨ᠎ᠠ︔ ᠠᠵᠤ | ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠶᠡᠬᠡᠪᠡᠷ ᠬᠦᠭᠵᠢᠭᠦᠯᠦᠨ᠂ ᠬᠡᠷᠡᠭᠯᠡᠭᠡᠨ ᠤ ᠮᠡᠷᠭᠡᠵᠢᠯ ᠤᠨ | ᠪᠣᠯᠪᠠᠰᠤᠷᠠᠯ ᠢ ᠴᠢᠩᠭᠠᠳᠬᠠᠵᠤ᠂ ᠶᠠᠳᠠᠭᠤ ᠶᠢ ᠲᠡᠳᠬᠦᠬᠦ ᠲᠣᠯᠤᠭᠠᠶᠢᠯᠠᠭᠴᠢ ᠠᠵᠤ ᠠᠬᠤᠶᠢᠯᠠᠯ ᠢ ᠪᠣᠶᠢᠵᠢᠭᠤᠯᠤᠨ᠂ | ᠡᠷᠬᠡ ᠪᠠ ᠠᠰᠢᠭ ᠤᠨ ᠨᠡᠶᠢᠯᠡᠮᠡᠯ ᠲᠣᠭᠲᠠᠯᠴᠠᠭ᠎ᠠ ᠶᠢ ᠪᠠᠶᠢᠭᠤᠯᠵᠤ᠂ ᠣᠯᠠᠨ ᠠᠷᠭ᠎ᠠ ᠵᠠᠮ ᠢᠶᠠᠷ ᠶᠠᠳᠠᠭᠤ ᠬᠦᠴᠢᠷᠲᠡᠢ | ᠡᠷᠦᠬᠡ ᠶᠢᠨ ᠣᠷᠤᠯᠭ᠎ᠠ ᠶᠢ ᠨᠡᠮᠡᠭᠳᠡᠭᠦᠯᠦᠨ᠎ᠡ︔ ᠰᠤᠷᠭᠠᠨ ᠬᠦᠮᠦᠵᠢᠯ᠂ ᠠᠮᠢ ᠠᠬᠤᠢ᠂ ᠡᠷᠡᠭᠦᠯ ᠮᠡᠨᠳᠦ ᠵᠡᠷᠭᠡ ᠠᠵᠢᠯ | ᠲᠦᠷᠦᠯ ᠢᠶᠠᠷ ᠶᠠᠳᠠᠭᠤ ᠶᠢ ᠲᠡᠳᠬᠦᠬᠦ ᠶᠢ ᠨᠢᠭᠡᠲᠦᠯᠲᠡᠢ ᠠᠳᠬᠤᠵᠤ᠂ ᠲᠦᠷᠦ ᠶᠢᠨ ᠪᠣᠳᠤᠯᠭ᠎ᠠ ᠶᠢ | ᠦᠷᠭᠦᠯᠵᠢᠯᠡᠭᠦᠯᠦᠨ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠦᠷ᠎ᠡ ᠪᠦᠲᠦᠮᠵᠢ ᠶᠢ ᠪᠠᠲᠤᠳᠬᠠᠨ᠎ᠠ︔ ︽ | ᠬᠤᠶᠠᠷ ᠦᠯᠦ ᠵᠤᠪᠠᠭ᠋ᠤ ᠭᠤᠷᠪᠠᠨ ᠪᠠᠲᠤᠯᠠᠭ᠎ᠠ ᠲᠠᠢ︾ ᠪᠠᠶᠢᠬᠤ ᠬᠠᠷᠠᠯᠲᠠ ᠶᠢ ᠪᠠᠲᠤᠯᠠᠭᠰᠠᠨ ᠤ ᠰᠠᠭᠤᠷᠢᠨ ᠳᠡᠭᠡᠷ᠎ᠡ | ᠶᠠᠳᠠᠭᠤ ᠶᠢ ᠲᠡᠳᠬᠦᠬᠦ ᠠᠷᠭ᠎ᠠ ᠵᠠᠮ ᠢ ᠦᠷᠭᠡᠳᠬᠡᠨ᠂ ᠰᠢᠨ᠎ᠡ ᠶᠢ ᠡᠭᠦᠳᠬᠦ ᠪᠠ ᠣᠷᠤᠯᠴᠠᠬᠤ ᠲᠣᠭᠲᠠᠯᠴᠠᠭ᠎ᠠ ᠶᠢ | ᠡᠭᠦᠳᠴᠦ᠂ ᠶᠠᠳᠠᠭᠤ ᠶᠢ ᠲᠡᠳᠬᠦᠬᠦ ᠣᠯᠠᠨ ᠵᠦᠢᠯ ᠤᠨ ᠬᠡᠯᠪᠡᠷᠢ ᠶᠢ ᠡᠷᠢᠯᠬᠢᠯᠡᠨ᠂ ᠣᠯᠠᠨ ᠳᠠᠪᠬᠤᠷᠭ᠎ᠠ ᠪᠠ ᠥᠷᠭᠡᠨ | ᠬᠡᠪᠴᠢᠶᠡᠲᠦ ᠶᠠᠳᠠᠭᠤ ᠶᠢ ᠲᠡᠳᠬᠦᠬᠦ ᠪᠠᠶᠢᠳᠠᠯ ᠢ ᠪᠣᠢ ᠪᠣᠯᠭᠠᠨ᠎ᠠ︔ ᠤᠬᠠᠭᠤᠯᠭ᠎ᠠ ᠬᠦᠮᠦᠵᠢᠯ ᠢ ᠴᠢᠩᠭᠠᠳᠬᠠᠨ᠂ | ᠤᠶᠤᠨ ᠰᠠᠨᠠᠭᠠᠨ ᠤ ᠵᠢᠯᠤᠭᠤᠳᠤᠯᠭ᠎ᠠ ᠶᠢ ᠴᠢᠬᠤᠯᠠᠴᠢᠯᠠᠵᠤ᠂ ᠵᠣᠷᠢᠭᠵᠢᠭᠤᠯᠤᠨ ᠱᠠᠩᠨᠠᠵᠤ ᠨᠦᠬᠦᠪᠦᠷᠢᠯᠡᠬᠦ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠶᠠᠳᠠᠭᠤ ᠬᠦᠴᠢᠷᠲᠡᠢ ᠬᠦᠮᠦᠰ ᠤᠨ ᠶᠠᠳᠠᠭᠤ ᠠᠴᠠ ᠠᠩᠭᠢᠵᠢᠷᠠᠨ ᠪᠠᠶᠠᠵᠢᠨ | ᠴᠢᠨᠡᠭᠡᠯᠢᠭᠵᠢᠭᠦ ᠳᠣᠲᠤᠭᠠᠳᠤ ᠬᠦᠳᠡᠯᠭᠡᠬᠦ ᠬᠦᠴᠦᠨ ᠢ ᠣᠷᠮᠠᠰᠢᠭᠤᠯᠵᠤ᠂ ᠪᠦᠬᠦ ᠵᠢᠯ ᠳᠤ ᠨᠡᠶᠢᠲᠡ 1.3 ᠲᠦᠮᠡᠨ | ᠬᠦᠮᠦᠨ ᠠᠮᠠ ᠪᠣᠯᠤᠨ 38 ᠶᠠᠳᠠᠭᠤ ᠬᠦᠴᠢᠷᠲᠡᠢ ᠭᠠᠴᠠᠭ᠎ᠠ ᠲᠤᠰᠬᠤᠨ ᠢ ᠶᠠᠳᠠᠭᠤ ᠠᠴᠠ ᠠᠩᠭᠢᠵᠢᠷᠠᠭᠤᠯᠤᠨ᠎ᠠ᠃ | ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠤᠨᠠᠭᠰᠠᠨ | ᠰᠢᠷᠤᠢ ᠠᠯᠲᠠ᠂ ᠤᠤᠭᠤᠭᠰᠠᠨ ᠤᠰᠤ ᠷᠠᠰᠢᠶᠠᠨ ᠭᠡᠬᠦ ᠣᠶᠢᠯᠠᠭᠠᠭᠳᠠᠬᠤᠨ ᠢ ᠪᠠᠲᠤ ᠴᠢᠩᠭ᠎ᠠ ᠪᠣᠢ ᠪᠣᠯᠭᠠᠬᠤ ᠪᠠ | ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠠᠭᠠᠷ ᠮᠠᠨᠳᠠᠯ᠂ ᠤᠰᠤ ᠪᠣᠯᠤᠨ ᠬᠦᠷᠦᠰᠦ ᠰᠢᠷᠤᠢ ᠶᠢᠨ ᠪᠣᠵᠠᠷᠳᠤᠯ ᠢ | ᠰᠡᠷᠭᠡᠶᠢᠯᠡᠨ ᠵᠠᠰᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠠᠮᠤᠷ ᠲᠦᠪᠰᠢᠨ ᠤ ᠦᠨᠳᠦᠰᠦᠨ ᠪᠠᠲᠤᠯᠠᠭ᠎ᠠ ᠶᠢ | ᠬᠠᠮᠠᠭᠠᠯᠠᠨ᠎ᠠ︔ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠬᠦᠴᠦᠯᠡᠴᠡ ᠪᠠᠨ | ᠴᠢᠩᠭᠠᠳᠬᠠᠨ᠂ ᠨᠡᠶᠢᠳᠡᠮ ᠬᠠᠷᠢᠭᠤᠴᠠᠯᠭ᠎ᠠ ᠲᠠᠢ᠂ ᠪᠦᠬᠦ ᠲᠠᠯ᠎ᠠ ᠪᠠ ᠪᠦᠬᠦᠶᠢᠯᠡ ᠶᠠᠪᠤᠴᠠ ᠳᠤ ᠬᠠᠮᠢᠶᠠᠷᠤᠯᠲᠠ ᠲᠠᠢ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠣᠭᠲᠠᠯᠴᠠᠭ᠎ᠠ ᠶᠢ ᠪᠠᠶᠢᠭᠤᠯᠤᠨ᠎ᠠ︔ ᠨᠡᠭᠦᠷᠡᠰᠦ ᠰᠢᠲᠠᠭᠠᠬᠤ ᠵᠤᠤᠬ᠎ᠠ ᠶᠢ | ᠦᠭᠡᠶᠢᠰᠬᠡᠬᠦ ᠪᠠ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠠᠵᠢᠯ ᠢ ᠦᠷᠭᠦᠯᠵᠢᠯᠡᠨ ᠠᠬᠢᠭᠤᠯᠵᠤ᠂ | ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠦᠬᠦᠷ ᠦᠭᠡᠶᠢᠳᠡᠭᠦᠯᠵᠦ ᠬᠤᠭ ᠲᠣᠭᠤᠰᠤ ᠶᠢ ᠠᠷᠢᠯᠭᠠᠬᠤ ᠬᠦᠴᠦᠯᠡᠴᠡ | ᠶᠢ ᠴᠢᠩᠭᠠᠳᠬᠠᠨ᠂ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠪᠠᠷᠢᠮᠵᠢᠶᠠᠨ ᠳᠤ ᠬᠦᠷᠭᠡᠬᠦ ᠠᠵᠢᠯᠯᠠᠭᠠᠨ ᠤ ᠨᠠᠷᠢᠨ | ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠪᠡ︔ ︽ᠤᠯᠠᠭᠠᠨᠬᠠᠳᠠ ᠬᠤᠲᠠ ᠶᠢᠨ ᠪᠡᠯᠴᠢᠭᠡᠷᠯᠡᠭᠦᠯᠬᠦ ᠶᠢ | ᠬᠤᠷᠢᠭᠯᠠᠵᠤ ᠰᠡᠯᠭᠦᠨ ᠮᠠᠯᠵᠢᠬᠤ ᠪᠠ ᠡᠪᠡᠰᠦ ᠮᠠᠯ ᠤᠨ ᠲᠡᠩᠴᠡᠭᠦᠷᠢ ᠶᠢ ᠪᠠᠲᠤᠯᠠᠬᠤ ᠲᠣᠭᠲᠠᠭᠠᠯ︾ ᠢ ᠴᠢᠩᠭ᠎ᠠ | ᠬᠡᠷᠡᠭᠵᠢᠭᠦᠯᠵᠦ᠂ ᠪᠦᠬᠦ ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠭᠯᠠᠵᠤ ᠰᠡᠯᠭᠦᠨ ᠮᠠᠯᠵᠢᠬᠤ ᠦᠷ᠎ᠡ ᠪᠦᠲᠦᠮᠵᠢ ᠶᠢ | ᠦᠨᠡᠨᠬᠦ ᠶᠢ ᠲᠣᠭᠲᠠᠪᠦᠷᠢᠵᠢᠭᠤᠯᠤᠨᠠ︔ ︽ᠭᠤᠣᠯ ᠮᠦᠷᠡᠨ ︵ᠨᠠᠭᠤᠷ︶ ᠤ ᠳᠠᠷᠤᠭ᠎ᠠ ᠶᠢᠨ ᠳᠦᠷᠢᠮ︾ ᠢ ᠪᠦᠬᠦ | ᠲᠠᠯ᠎ᠠ ᠪᠠᠷ ᠨᠠᠶᠢᠳᠠᠪᠦᠷᠢᠵᠢᠭᠤᠯᠵᠤ᠂ ᠭᠤᠣᠯ ᠪᠠ ᠨᠠᠭᠤᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠲᠤᠰᠬᠠᠢ | ᠴᠡᠭᠴᠡᠯᠡᠬᠦ ᠠᠵᠢᠯᠯᠠᠭᠠᠨ ᠦᠷᠨᠢᠭᠦᠯᠦᠨ᠂ ᠬᠡᠯᠬᠢᠶᠡᠵᠢᠭᠰᠡᠨ ᠴᠡᠭᠴᠡᠯᠡᠯᠲᠡ ᠪᠠ ᠬᠠᠮᠢᠶᠠᠷᠤᠯᠲᠠ ᠶᠢ ᠪᠠᠲᠤᠯᠠᠨ᠎ᠠ︔ | ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ᠂ ᠪᠠᠶᠢᠭᠠᠯᠢ ᠶᠢᠨ ᠣᠢ ᠶᠢ ᠬᠠᠮᠠᠭᠠᠯᠠᠬᠤ ᠵᠢᠴᠢ ᠲᠠᠷᠢᠶᠠᠯᠠᠬᠤ | ᠶᠢ ᠵᠣᠭᠰᠤᠭᠠᠵᠤ ᠣᠶᠢᠵᠢᠭᠤᠯᠬᠤ ᠵᠡᠷᠭᠡ ᠠᠮᠢ ᠠᠬᠤᠢ ᠶᠢᠨ ᠢᠨᠵᠧᠨᠧᠷᠢᠩ ᠢ ᠪᠠᠶᠢᠭᠤᠯᠵᠤ᠂ 20.5 ᠲᠦᠮᠡᠨ ᠮᠤ᠋ | ᠣᠶᠢᠵᠢᠭᠤᠯᠤᠨ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠶᠢ 39% ᠠᠴᠠ ᠳᠡᠭᠡᠭᠰᠢ ᠪᠠᠶᠢᠯᠭᠠᠨ᠎ᠠ︔ | ᠤᠯᠠᠭᠠᠨᠳᠠᠪᠠᠭ᠎ᠠ ᠣᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠨᠢᠭᠡᠳᠦᠭᠡᠷ ᠬᠤᠭᠤᠴᠠᠭᠠᠨ ᠤ | ᠪᠠᠷᠢᠯᠭ᠎ᠠ ᠪᠣᠯᠤᠨ ᠦᠯᠵᠡᠶᠢᠮᠦ᠋ᠷᠡᠨ ᠭᠤᠣᠯ ᠤᠨ ᠤᠯᠤᠰ ᠤᠨ ᠨᠠᠮᠤᠭᠲᠤ ᠴᠡᠴᠡᠷᠯᠢᠭ ︵ᠲᠤᠷᠰᠢᠯᠲᠠ ᠶᠢᠨ ᠴᠡᠭ︶ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳᠣᠯᠤᠭᠠᠨ ᠲᠣᠭᠤᠭ᠎ᠠ ᠠᠭᠤᠯᠠ ᠶᠢᠨ ᠭᠠᠵᠠᠷ ᠰᠢᠨᠵᠢᠯᠡᠭᠡᠨ ᠤ | ᠴᠡᠴᠡᠷᠯᠢᠭ ᠢ ᠤᠯᠤᠰ ᠤᠨ ᠳᠡᠰ ᠤᠨ ᠬᠢ ᠪᠣᠯᠭᠠᠨ ᠳᠡᠪᠰᠢᠭᠦᠯᠦᠨ᠎ᠡ᠃ | ︵ᠬᠤᠶᠠᠷ︶ ᠲᠦᠷᠦᠯ ᠵᠦᠢᠯ ᠢᠶᠠᠷ ᠳᠠᠭᠠᠭᠤᠯᠤᠨ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠭᠵᠢᠯᠲᠡ ᠶᠢᠨ | ᠰᠠᠭᠤᠷᠢ ᠶᠢ ᠪᠠᠲᠤᠳᠬᠠᠨ᠎ᠠ᠃ | ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ | ᠃ ᠥᠩᠭᠡᠲᠦ ᠲᠡᠮᠦᠷᠯᠢᠭ ᠤᠨ ᠠᠭᠤᠷᠬᠠᠢ ᠶᠢᠨ ᠬᠠᠳᠠᠭᠠᠯᠠᠭᠳᠠᠴᠠ ᠶᠢ 3 ᠳ᠋ᠦᠩᠰᠢᠭᠤᠷ ᠳᠤᠨ ᠢ ᠳᠠᠪᠠᠭᠤᠯᠵᠤ᠂ 5 | ᠲᠦᠮᠡᠨ ᠤᠷᠲᠤᠳᠬᠠᠯ ᠮᠧᠲᠷ ᠤᠷᠲᠤᠳᠬᠠᠨ᠂ ᠠᠭᠤᠷᠬᠠᠢ ᠦᠢᠯᠡᠰ ᠤᠨ ᠡᠮᠬᠢ ᠲᠢᠭᠯᠢᠮ ᠢ ᠴᠡᠭᠴᠡᠯᠡᠵᠦ᠂ ᠠᠭᠤᠷᠬᠠᠢ | ᠶᠢᠨ ᠠᠵᠤ ᠦᠢᠯᠡᠰ ᠤᠨ ᠡᠬᠢ ᠰᠣᠷᠪᠤᠯᠵᠢ ᠶᠢ ᠨᠢᠭᠡᠲᠦᠯᠵᠢᠭᠦᠯᠦᠨᠡ︔ ︽ᠭᠤᠷᠪᠠᠨ ᠶᠡᠭᠡ ᠠᠭᠤᠷᠬᠠᠢ ᠶᠢᠨ ᠣᠷᠣᠨ︾ | ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠢᠦᠢ ᠪᠠᠩ ᠠᠭᠤᠷᠬᠠᠢ ᠶᠢᠨ ᠡᠳᠦᠷ ᠪᠦᠷᠢ 5000 ᠳᠣᠨ | ᠰᠢᠯᠢᠵᠦ ᠦᠷᠭᠡᠳᠬᠡᠨ ᠪᠠᠶᠢᠭᠤᠯᠬᠤ ᠲᠦᠷᠦᠯ ᠵᠦᠢᠯ ᠢ ᠠᠬᠢᠭᠤᠯᠵᠤ᠂ ᠱᠠᠨ ᠶᠢᠨ ᠬᠤᠩ ᠯᠢᠩ ᠤᠨ ᠡᠳᠦᠷ ᠪᠦᠷᠢ | 7000 ᠳᠣᠨ ᠪᠠ ᠳᠤᠮᠳᠠᠳᠤ ᠶᠢᠨ ᠥᠩᠭᠡᠲᠦ ᠲᠡᠮᠦᠷᠯᠢᠭ ᠤᠨ ᠠᠭᠤᠷᠬᠠᠢ ᠶᠢᠨ ᠡᠳᠦᠷ ᠪᠦᠷᠢ 5000 ᠳᠣᠨ | ᠰᠢᠯᠢᠵᠦ ᠦᠷᠭᠡᠳᠬᠡᠨ ᠪᠠᠶᠢᠭᠤᠯᠬᠤ ᠲᠦᠷᠦᠯ ᠵᠦᠢᠯ ᠢ ᠲᠦᠯᠦᠪᠯᠡᠨ᠂ ᠰᠠᠨ ᠰᠢᠨ ᠠᠭᠤᠷᠬᠠᠢ ᠶᠢᠨ ᠡᠳᠦᠷ ᠪᠦᠷᠢ | 1000 ᠳᠣᠨ ᠰᠢᠯᠢᠬᠦ ᠲᠦᠷᠦᠯ ᠵᠦᠢᠯ ᠢ ᠪᠠᠶᠢᠭᠤᠯᠵᠤ ᠡᠵᠡᠩᠨᠡᠭᠦᠯᠦᠨ᠎ᠡ︔ ᠥᠩᠭᠡᠲᠦ ᠲᠡᠮᠦᠷᠯᠢᠭ ᠤᠨ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢᠨ ᠲᠣᠭᠤᠷᠢᠨ ᠳᠤ ᠢᠦᠢ ᠪᠠᠩ ᠮᠦᠩᠭᠦ ᠴᠠᠶᠢᠷ ᠣᠯᠠᠨ ᠲᠡᠮᠦᠷᠯᠢᠭ ᠢ | ᠬᠠᠶᠢᠯᠤᠭᠤᠯᠬᠤ ᠪᠠ ᠴᠠᠶᠢᠷ ᠬᠠᠶᠢᠯᠤᠭᠤᠯᠬᠤ ᠭᠠᠵᠠᠷ ᠢ ᠰᠢᠯᠵᠢᠭᠦᠯᠦᠨ ᠪᠠᠶᠢᠭᠤᠯᠬᠤ ᠲᠦᠷᠦᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠢᠳᠡᠪᠬᠢᠲᠡᠢ ᠠᠬᠢᠭᠤᠯᠵᠤ᠂ ᠢᠦᠢ ᠪᠠᠩ ᠠᠭᠤᠷᠬᠠᠢ ᠶᠢᠨ ᠴᠠᠭᠠᠨ ᠮᠦᠩᠭᠦᠨ ᠤ ᠠᠵᠤ | ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠢ ᠡᠬᠢᠯᠡᠭᠦᠯᠦᠨ᠎ᠡ︔ ᠴᠣᠬᠤᠢ ᠶᠢᠨ ᠴᠢᠯᠠᠭᠤ ᠵᠡᠷᠭᠡ ᠲᠡᠮᠦᠷᠯᠢᠭ | ᠪᠣᠰᠤ ᠡᠬᠢ ᠰᠤᠷᠪᠤᠯᠵᠢ ᠶᠢ ᠵᠣᠬᠢᠰᠲᠠᠢ ᠨᠡᠭᠡᠭᠡᠨ ᠠᠰᠢᠭᠯᠠᠬᠤ ᠶᠢᠨ ᠲᠣᠭᠤᠷᠢᠨ ᠳᠤ᠂ ᠹᠦ᠋ ᠯᠢᠩ ᠪᠠᠷᠢᠯᠭ᠎ᠠ ᠶᠢᠨ | ᠮᠠᠲ᠋ᠧᠷᠢᠶᠠᠯ ᠤᠨ ᠭᠠᠵᠠᠷ ᠤᠨ ᠵᠢᠯ ᠪᠣᠯᠭᠠᠨ 200 ᠲᠦᠮᠡᠨ ᠳᠣᠨ ᠤ ᠴᠣᠬᠤᠢ ᠶᠢᠨ ᠴᠢᠯᠠᠭᠤᠨ ᠨᠣᠨᠳᠠᠭ ᠢ ᠨᠠᠷᠢᠯᠢᠭ | ᠪᠣᠯᠪᠠᠰᠤᠷᠠᠭᠤᠯᠬᠤ ᠲᠦᠷᠦᠯ ᠵᠦᠢᠯ ᠢ ᠵᠢᠯ ᠤᠨ ᠳᠣᠲᠤᠷ᠎ᠠ ᠠᠰᠢᠭᠯᠠᠯᠲᠠ ᠳᠤ ᠣᠷᠤᠭᠤᠯᠤᠨ ᠦᠷ᠎ᠡ ᠪᠦᠲᠦᠮᠵᠢ | ᠭᠠᠷᠭᠠᠨ᠎ᠠ︔ ᠪᠣᠬᠢᠷᠳᠤᠯ ᠦᠭᠡᠢ ᠪᠦᠭᠡᠳ ᠬᠦᠳᠡᠯᠮᠦᠷᠢ ᠬᠦᠴᠦ ᠲᠦᠪᠯᠡᠷᠡᠭᠰᠡᠨ ᠬᠡᠯᠪᠡᠷᠢ ᠶᠢᠨ ᠠᠵᠤ ᠦᠢᠯᠡᠰ ᠢ | ᠬᠦᠭᠵᠢᠭᠦᠯᠦᠨ ᠪᠣᠵᠠᠭᠠᠶᠢᠷᠠᠭᠤᠯᠬᠤ ᠶᠢᠨ ᠲᠣᠭᠤᠷᠢᠨ ᠳᠤ᠂ ᠯᠦ ᠮᠧᠩ ᠱᠦᠢᠨᠢ ᠶᠢᠨ ᠦᠢᠯᠡᠳᠪᠦᠷᠢ ᠲᠠᠢ ᠬᠠᠮᠲᠤᠷᠠᠨ | ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠪᠠ 6 ᠲᠦᠮᠡᠨ ᠺᠢᠯᠦᠸᠣᠯᠲ ᠤᠨ ᠴᠠᠬᠢᠯᠭᠠᠨ ᠭᠠᠷᠭᠠᠬᠤ | ᠲᠦᠷᠦᠯ ᠵᠦᠢᠯ ᠢ ᠲᠦᠷᠭᠡᠨ ᠪᠠᠶᠢᠭᠤᠯᠤᠨ᠎ᠠ︔ ᠳᠤᠮᠳᠠ ᠵᠢᠵᠢᠭ ᠠᠵᠤ ᠠᠬᠤᠶᠢᠯᠠᠯ ᠤᠨ ᠰᠠᠭᠤᠷᠢᠰᠢᠯ ᠢ ᠠᠬᠢᠭᠤᠯᠬᠤ | ᠶᠢᠨ ᠲᠣᠭᠤᠷᠢᠨ ᠳᠤ᠂ ᠶᠸᠦ ᠪᠠᠩ ᠬᠡᠪᠯᠡᠨ ᠳᠠᠷᠤᠮᠠᠯᠯᠠᠬᠤ ᠭᠠᠵᠠᠷ ᠤᠨ ᠵᠢᠯ ᠳᠤ 2000 ᠲᠦᠮᠡᠨ ᠬᠤᠪᠢ ᠴᠠᠭᠠᠰᠤᠨ | ᠬᠠᠶᠢᠷᠴᠠᠭ ᠦᠢᠯᠡᠳᠪᠦᠷᠢᠯᠡᠬᠦ ᠪᠠ ᠢ ᠯᠦᠩ ᠠᠷᠠᠯᠵᠢᠶ᠎ᠠ ᠬᠤᠳᠠᠯᠳᠤᠭ᠎ᠠ ᠶᠢᠨ ᠬᠤᠭᠤᠯᠠᠢ ᠮᠠᠲ᠋ᠧᠷᠢᠶᠠᠯ | ᠪᠣᠯᠪᠠᠰᠤᠷᠠᠭᠤᠯᠬᠤ ᠲᠦᠷᠦᠯ ᠵᠦᠢᠯ ᠢ ᠪᠦᠬᠦ ᠬᠦᠴᠦᠨ ᠢᠶᠠᠷ ᠪᠡᠶᠡᠯᠡᠭᠦᠯᠦᠨ᠎ᠡ᠃ | ᠠᠵᠤ ᠦᠢᠯᠡᠳᠪᠦᠷᠢ ᠶᠢᠨ ᠲᠣᠭᠤᠷᠢᠭ ᠤᠨ ᠲᠠᠪᠴᠠᠩ ᠢ ᠪᠦᠬᠦ ᠬᠦᠴᠦᠨ ᠢᠶᠠᠷ ᠡᠭᠦᠳᠦᠨ᠎ᠡ᠃ ᠠᠵᠤ | ᠦᠢᠯᠡᠳᠪᠦᠷᠢ ᠶᠢᠨ ᠲᠣᠭᠤᠷᠢᠭ ᠤᠨ ᠠᠵᠤ ᠦᠢᠯᠡᠰ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠡᠮᠦᠨ᠎ᠡ | ᠰᠣᠪᠤᠷᠭ᠎ᠠ ᠠᠵᠤ ᠦᠢᠯᠡᠳᠪᠦᠷᠢ ᠶᠢᠨ ᠲᠣᠭᠤᠷᠢᠭ ᠤᠨ ᠣᠳᠣ ᠶᠢᠨ ᠪᠠᠶᠢᠭ᠎ᠠ ᠠᠵᠤ ᠠᠬᠤᠶᠢᠯᠠᠯ ᠢ ᠨᠡᠭᠦᠯᠭᠡᠨ | ᠰᠢᠯᠵᠢᠭᠦᠯᠬᠦ ᠠᠵᠢᠯ ᠢ ᠠᠬᠢᠭᠤᠯᠤᠨ᠎ᠠ︔ ᠠᠵᠤ ᠦᠢᠯᠡᠳᠪᠦᠷᠢ ᠶᠢᠨ ᠲᠣᠭᠤᠷᠢᠭ ᠤᠨ ᠶᠡᠷᠦᠩᠬᠡᠶᠢᠯᠡᠭᠰᠡᠨ ᠠᠴᠢᠶᠠᠯᠠᠬᠤ | ᠴᠢᠳᠠᠪᠦᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠹᠧᠩ ᠬᠤᠸᠠᠩ ᠱᠠᠨ ᠠᠵᠤ ᠦᠢᠯᠡᠳᠪᠦᠷᠢ ᠶᠢᠨ ᠲᠣᠭᠤᠷᠢᠭ ᠤᠨ | ᠬᠤᠣᠷ ᠬᠦᠨᠦᠭᠡᠯ ᠲᠠᠢ ᠬᠠᠶᠠᠭᠳᠠᠮᠠᠯ ᠪᠤᠳᠠᠰ ᠪᠠ ᠰᠢᠭᠠᠷᠠᠤ ᠶᠢ ᠰᠢᠢᠳᠪᠦᠷᠢᠯᠡᠬᠦ ᠲᠠᠯᠠᠪᠤᠷ ᠤᠨ ᠲᠦᠷᠦᠯ ᠵᠦᠢᠯ ᠢ | ᠪᠡᠶᠡᠯᠡᠭᠦᠯᠦᠨ᠂ ᠱᠠᠩ ᠵᠢᠩ ᠠᠵᠤ ᠦᠢᠯᠡᠳᠪᠦᠷᠢ ᠶᠢᠨ ᠲᠣᠭᠤᠷᠢᠭ ᠤᠨ ᠵᠠᠮ ᠬᠠᠷᠢᠯᠴᠠᠭ᠎ᠠ᠂ ᠹᠧᠩ ᠬᠤᠸᠠᠩ ᠱᠠᠨ | ᠠᠵᠤ ᠦᠢᠯᠡᠳᠪᠦᠷᠢ ᠶᠢᠨ ᠲᠣᠭᠤᠷᠢᠭ ᠤᠨ ᠵᠠᠮ ᠬᠠᠷᠢᠯᠴᠠᠭ᠎ᠠ ᠵᠢᠴᠢ ᠠᠮᠢᠳᠤᠷᠠᠯ ᠳᠤ ᠬᠡᠷᠡᠭᠯᠡᠬᠦ ᠲᠦᠭᠡᠭᠡᠯ ᠤᠰᠤᠨ ᠤ | ᠢᠨᠵᠧᠨᠧᠷᠢᠩ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠦᠨ᠎ᠡ︔ | ᠲᠣᠭᠤᠷᠢᠭ ᠤᠨ ᠣᠳᠣ ᠶᠢᠨ ᠨᠦᠭᠡᠴᠡ ᠡᠭᠢ ᠰᠤᠷᠪᠤᠯᠵᠢ ᠶᠢ ᠴᠢᠯᠦᠭᠡᠲᠡᠢ ᠪᠣᠯᠭᠠᠵᠤ᠂ ᠵᠢᠯ ᠪᠣᠯᠭᠠᠨ | ᠤᠰᠤᠳᠦ᠋ᠷᠦᠭᠴᠢ ᠹᠯᠤᠷ ᠬᠦᠴᠢᠯ 6 ᠳᠣᠨ ᠪᠠ ᠰᠢᠨ ᠰᠢᠨ ᠠᠭᠤᠷᠬᠠᠢ ᠶᠢᠨ ᠵᠢᠯ ᠪᠣᠯᠭᠠᠨ 10 ᠲᠦᠮᠡᠨ ᠳᠣᠨ | ᠦᠭᠡᠬᠦᠨ ᠴᠢᠯᠠᠭᠤ ᠶᠢᠨ ᠬᠡᠳᠦ ᠪᠢᠴᠢᠯ ᠨᠣᠨᠳᠠᠭ ᠤᠨ ᠲᠦᠷᠦᠯ ᠵᠦᠢᠯ ᠢ ᠪᠦᠲᠦᠭᠡᠨ ᠪᠠᠶᠢᠭᠤᠯᠬᠤ ᠠᠯᠬᠤᠮ ᠢᠶᠠᠨ | ᠲᠦᠷᠭᠡᠳᠬᠡᠵᠦ᠂ ᠨᠠᠷᠢᠯᠢᠭ ᠬᠢᠮᠢ ᠶᠢᠨ ᠦᠢᠯᠡᠳᠪᠦᠷᠢ ᠪᠠ ᠲᠡᠮᠦᠷᠯᠢᠭ ᠪᠣᠰᠤ ᠶᠢ ᠨᠠᠷᠢᠯᠢᠭ ᠪᠣᠯᠪᠠᠰᠤᠷᠠᠭᠤᠯᠬᠤ ᠵᠡᠷᠭᠡ | ᠲᠦᠷᠦᠯ ᠵᠦᠢᠯ ᠤᠨ ᠲᠠᠯ᠎ᠠ ᠪᠠᠷ ᠰᠢᠨ᠎ᠡ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ︔ ᠪᠠᠭᠠᠷᠢᠨ ᠵᠡᠭᠦᠨ | ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠢ ᠥᠪᠡᠷᠲᠡᠭᠡᠨ ᠵᠠᠰᠠᠬᠤ ᠣᠷᠤᠨ ᠤ ᠳᠡᠰ ᠤᠨ ᠨᠡᠭᠡᠭᠡᠨ | ᠬᠦᠭᠵᠢᠭᠦᠯᠬᠦ ᠲᠣᠭᠤᠷᠢᠭ ᠪᠣᠯᠭᠠᠬᠤ ᠪᠠᠷ ᠮᠡᠳᠡᠭᠦᠯᠬᠦ ᠠᠵᠢᠯ ᠢ ᠢᠳᠡᠪᠬᠢᠲᠡᠢ ᠬᠢᠵᠦ᠂ ᠵᠢᠯ ᠤᠨ ᠳᠣᠲᠤᠷ᠎ᠠ ᠪᠣᠳᠠᠲᠤ | ᠴᠢᠨᠠᠷᠲᠠᠢ ᠠᠬᠢᠬᠤ ᠶᠢ ᠪᠠᠲᠤᠯᠠᠨ᠎ᠠ᠃ | ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠪᠠᠶᠢᠭᠤᠯᠤᠨ᠎ᠠ᠃ | ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠠᠯᠬᠤᠮ ᠳᠠᠷᠠᠭ᠎ᠠ ᠪᠠᠨ ᠳᠦᠷᠢᠮᠵᠢᠭᠦᠯᠦᠨ᠂ | ᠦᠢᠯᠡᠴᠢᠯᠡᠭᠡᠨ ᠤ ᠪᠠᠷᠢᠮᠵᠢᠶ᠎ᠠ ᠪᠠᠨ ᠴᠢᠩᠭ᠎ᠠ ᠪᠣᠯᠭᠠᠵᠤ᠂ ᠡᠯ᠎ᠡ ᠵᠦᠢᠯ ᠤᠨ ᠨᠢᠭᠤᠭᠳᠠᠮᠠᠯ ᠴᠢᠨᠠᠷᠲᠠᠢ ᠬᠠᠷᠰᠢ ᠰᠠᠭᠠᠳ | ᠢ ᠠᠷᠢᠯᠭᠠᠵᠤ᠂ ᠠᠵᠤ ᠠᠬᠤᠶᠢᠯᠠᠯ ᠤᠨ ᠬᠠᠤᠯᠢ ᠶᠣᠰᠤᠨ ᠤ ᠡᠷᠬᠡ ᠠᠰᠢᠭ ᠢ ᠬᠤᠬᠢᠷᠠᠭᠤᠯᠤᠭᠰᠠᠨ ᠠᠵᠢᠯᠯᠠᠭ᠎ᠠ ᠶᠢ | ᠡᠷᠡᠰ ᠴᠠᠭᠠᠵᠠᠯᠠᠨ᠎ᠠ︔ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠦᠢᠯᠡᠳᠪᠦᠷᠢᠯᠡᠯ | ᠤᠨ ᠭᠠᠳᠠᠭᠠᠳᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠠᠬᠤᠶᠢᠯᠠᠯ ᠳᠤ | ᠬᠤᠯᠪᠤᠭᠳᠠᠭᠰᠠᠨ ᠦᠢᠯᠡᠴᠢᠯᠡᠭᠡᠨ ᠤ ︽ᠰᠠᠭᠠᠳ ᠦᠭᠡᠢ ᠵᠠᠮ︾ ᠢ ᠲᠡᠭᠦᠯᠳᠡᠷᠵᠢᠭᠦᠯᠦᠨ᠂ ︽ᠲᠣᠳᠤᠨᠤ︾ ᠪᠦᠭᠡᠳ | ︽ᠴᠢᠭᠡᠴᠢ︾ ᠰᠢᠨ᠎ᠡ ᠮᠠᠶ᠋ᠢᠭ ᠤᠨ ᠵᠠᠰᠠᠭ ᠤᠨ ᠣᠷᠳᠣᠨ ᠪᠠ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠤᠨ᠎ᠠ︔ | ︽ᠰᠤᠯᠠᠯᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ︽ᠢᠨᠲ᠋ᠧᠷᠨᠧᠲ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠂ ︽ᠬᠤᠣᠰ ᠲᠠᠰᠢᠷᠠᠮ ᠳᠠᠭᠠᠤ ᠨᠢᠭᠡ ᠢᠯᠡ ᠪᠣᠯᠭᠠᠬᠤ︾ | ᠬᠢᠨᠠᠨ ᠬᠠᠮᠢᠶᠠᠷᠤᠯᠲᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ︽ᠨᠢᠭᠡ ᠦᠢᠯᠡᠴᠢᠯᠡᠭᠡᠨ ᠤ | ᠴᠣᠩᠬᠤ᠂ ᠲᠦᠪᠯᠡᠷᠡᠩᠭᠦᠢ ᠦᠢᠯᠡᠴᠢᠯᠡᠭᠡ︾ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠭᠤᠣᠯᠳᠠᠯᠭ᠎ᠠ ᠲᠠᠢ ᠲᠦᠷᠦᠯ | ᠵᠦᠢᠯ ᠢ ᠬᠢᠨᠠᠨ ᠵᠦᠪᠰᠢᠶᠡᠷᠡᠬᠦ ᠲᠤᠰᠬᠠᠢ ᠳᠤᠭᠤᠶᠢᠯᠠᠩ ᠤᠨ ︽ᠤᠳᠤᠷᠢᠳᠬᠤ ᠠᠯᠪᠠᠨ ᠭᠡᠷ︾ ᠤᠨ ᠠᠵᠢᠯ ᠤᠨ | ᠳᠦᠷᠢᠮ ᠢ ᠬᠡᠷᠡᠭᠵᠢᠭᠦᠯᠵᠦ᠂ ᠬᠢᠨᠠᠨ ᠵᠦᠪᠰᠢᠶᠡᠷᠡᠬᠦ ᠶᠠᠪᠤᠳᠠᠯ ᠪᠠᠭ᠎ᠠ᠂ ᠠᠵᠢᠯ ᠤᠨ ᠦᠷ᠎ᠡ ᠪᠦᠲᠦᠮᠵᠢ ᠦᠨᠳᠦᠷ᠂ | ᠦᠢᠯᠡᠴᠢᠯᠡᠭᠡᠨ ᠤ ᠴᠢᠨᠠᠷ ᠴᠢᠨᠰᠠᠭ᠎ᠠ ᠰᠠᠶᠢᠨ ᠪᠠᠶᠢᠬᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠷᠮᠠᠶᠢᠨ | ᠡᠭᠦᠳᠦᠨ᠎ᠡ᠃ |